ᠮᠠᠨ ᠤ ᠤᠷᠤᠨ ᠪᠡᠭᠡᠵᠢᠩ ᠳᠤ 18 ᠴᠢᠳᠠᠪᠤᠷᠢᠳᠠᠨ ᠤ ᠲᠦᠷᠦᠯ ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠳᠤᠬᠳᠠᠪᠠ

  ᠽᠧᠩ ᠢ ᠴᠦᠨ ᠶᠠᠷᠢᠶ᠎ᠠ ᠳᠡᠯᠪᠢᠵᠤ ᠪᠠᠢ ᠰᠢᠶᠠᠩ ᠴᠢᠶᠦ᠋ᠨ ᠲᠠᠩ ᠬᠤᠸᠠ ᠵᠢᠶᠦ᠋ᠨ ᠵᠦᠪᠯᠡᠯᠴᠡᠭᠡᠷ ᠳᠤᠬᠳᠠᠬᠤ ᠶᠤᠰᠤᠯᠠᠯ ᠳᠤ ᠤᠷᠤᠯᠴᠠᠪᠠ

 

  9 ᠰᠠᠷ᠎ᠠ ᠶᠢᠨ 21᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠲᠦᠷᠦ ᠶᠢᠨ ᠪᠤᠳᠤᠯᠭ᠎ᠠ ᠶᠢ ᠳᠠᠨᠢᠯᠴᠠᠭᠤᠯᠬᠤ ᠬᠤᠷᠠᠯ ᠵᠢᠴᠢ ᠴᠢᠳᠠᠪᠤᠷᠢᠳᠠᠨ ᠤ ᠲᠦᠷᠦᠯ ᠵᠦᠢᠯ ᠤᠨ ᠵᠦᠪᠯᠡᠯᠴᠡᠭᠡᠷ ᠳᠤᠬᠳᠠᠬᠤ ᠶᠤᠰᠤᠯᠠᠯ ᠪᠡᠭᠡᠵᠢᠩ ᠳᠤ ᠶᠠᠪᠤᠬᠳᠠᠪᠠ᠃ ᠲᠤᠰ ᠡᠳᠦᠷ᠂ ᠮᠠᠨ ᠤ ᠤᠷᠤᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠴᠢᠩᠬᠤᠸᠠ ᠶᠡᠭᠡ ᠰᠤᠷᠭᠠᠭᠤᠯᠢ ᠵᠡᠷᠭᠡ ᠪᠠᠶᠢᠭᠤᠯᠤᠯᠭ᠎ᠠ ᠲᠠᠢ 18 ᠴᠢᠳᠠᠪᠤᠷᠢᠳᠠᠨ ᠤ ᠲᠦᠷᠦᠯ ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠳᠤᠬᠳᠠᠪᠠ᠃

  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠽᠧᠩ ᠢ ᠴᠦᠨ ᠶᠤᠰᠤᠯᠠᠯ ᠳᠤ ᠤᠷᠤᠯᠴᠠᠵᠤ ᠶᠠᠷᠢᠶ᠎ᠠ ᠳᠡᠯᠪᠢᠪᠠ᠃ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠠᠢ ᠰᠢᠶᠠᠩ ᠴᠢᠶᠦ᠋ᠨ᠂ ᠬᠦᠳᠡᠭᠡ ᠠᠵᠦ ᠠᠬᠤᠢ ᠶᠢᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠭᠡᠰᠢᠭᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠢᠨᠵᠧᠨᠧᠷ ᠤᠨ ᠬᠦᠷᠢᠶᠡᠯᠡᠩ ᠤᠨ ᠠᠺᠳᠧᠮᠢᠴᠢ ᠲᠠᠩ ᠬᠤᠸᠠ ᠵᠢᠶᠦ᠋ᠨ ᠳᠠᠨᠢᠯᠴᠠᠭᠤᠯᠬᠤ ᠬᠤᠷᠠᠯ ᠵᠢᠴᠢ ᠵᠦᠪᠯᠡᠯᠴᠡᠭᠡᠷ ᠳᠤᠬᠳᠠᠬᠤ ᠶᠤᠰᠤᠯᠠᠯ ᠳᠤ ᠤᠷᠤᠯᠴᠠᠵᠠᠢ᠃

  ᠳᠠᠨᠢᠯᠴᠠᠭᠤᠯᠬᠤ ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠠᠵᠢᠯ ᠤᠨ ᠤᠬᠠᠭᠤᠯᠭ᠎ᠠ ᠶᠢᠨ ᠹᠢᠯᠢᠮ ᠢ ᠨᠡᠪᠳᠡᠷᠡᠭᠦᠯᠦᠨ ᠦᠵᠡᠭᠦᠯᠵᠤ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠴᠢᠳᠠᠪᠤᠷᠢᠳᠠᠨ ᠤ ᠲᠦᠷᠦ ᠶᠢᠨ ᠪᠤᠳᠤᠯᠭ᠎ᠠ ᠶᠢᠨ ᠳᠠᠨᠢᠯᠴᠠᠭᠤᠯᠭ᠎ᠠ ᠬᠢᠪᠠ᠃

  ᠽᠧᠩ ᠢ ᠴᠦᠨ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠢᠳᠠᠪᠤᠷᠢᠳᠠᠨ ᠤ ᠠᠵᠢᠯ ᠢ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠴᠢᠳᠠᠪᠤᠷᠢᠳᠠᠨ ᠢ ᠨᠢᠭᠡᠳᠦᠭᠡᠷ ᠡᠬᠢ ᠪᠠᠶᠠᠯᠢᠭ ᠪᠤᠯᠭᠠᠬᠤ ᠶᠢ ᠪᠠᠷᠢᠮᠳᠠᠯᠠᠵᠤ᠂ ᠶᠡᠭᠡ ᠬᠦᠴᠦᠨ ᠢᠶᠠᠷ ᠴᠢᠳᠠᠪᠤᠷᠢᠳᠠᠨ ᠤ ᠬᠦᠴᠦᠷᠬᠡᠭ ᠤᠷᠤᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠪᠤᠯᠤᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠭᠡᠷ ᠢᠷᠡᠵᠠᠢ᠃ ᠤᠢᠢᠷ᠎ᠠ ᠶᠢᠨ ᠬᠡᠳᠦᠨ ᠵᠢᠯ ᠠᠴᠠ ᠤᠷᠢᠳ ᠬᠤᠵᠢᠳ ᠨᠢᠭᠡ ᠰᠢᠷᠢᠰ ᠴᠢᠬᠤᠯᠠ ᠮᠠᠲ᠋ᠧᠷᠢᠶᠠᠯ ᠪᠠ ᠰᠢᠷᠢᠰ ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ ᠭᠠᠷᠭᠠᠵᠤ᠂ ᠪᠦᠬᠦ ᠤᠷᠤᠨ ᠳᠤ ᠨᠢᠭᠡᠨᠳᠡ ᠠᠭᠤᠷ ᠠᠮᠢᠰᠬᠤᠯ ᠢᠶᠠᠷ ᠦᠳᠭᠡᠨ᠂ ᠳᠤᠬᠳᠠᠯᠴᠠᠭ᠎ᠠ ᠲᠡᠭᠦᠯᠳᠡᠷᠵᠢᠭᠰᠡᠨ᠂ ᠦᠷᠢᠰᠦᠯᠳᠦᠨ ᠤᠷᠤᠬᠰᠢᠯᠠᠵᠤ᠂ ᠦᠷᠨᠢᠨ ᠬᠦᠭᠵᠢᠭᠰᠡᠨ ᠴᠢᠳᠠᠪᠤᠷᠢᠳᠠᠨ ᠤ ᠠᠵᠢᠯ ᠤᠨ ᠬᠦᠭᠵᠢᠶᠡᠨᠳᠦ ᠪᠠᠶᠢᠳᠠᠯ ᠪᠦᠷᠢᠯᠳᠦᠵᠠᠢ᠃ ᠬᠤᠶᠢᠰᠢᠳᠠ᠂ ᠪᠢᠳᠡ ᠨᠡᠩ ᠶᠡᠭᠡ ᠬᠦᠴᠦᠨ ᠢᠶᠠᠷ ᠡᠯ᠎ᠡ ᠲᠦᠷᠦᠯ ᠤᠨ ᠴᠢᠳᠠᠪᠤᠷᠢᠳᠠᠨ ᠤ ᠦᠪᠦᠷ ᠮᠤᠩᠭᠤᠯ ᠳᠤ ᠬᠦᠭᠵᠢᠬᠦ ᠤᠷᠴᠢᠨ ᠲᠤᠭᠤᠷᠢᠨ ᠢ ᠡᠭᠦᠳᠴᠦ᠂ ᠳᠠᠪᠴᠠᠩ ᠬᠠᠩᠭᠠᠨ᠎ᠠ ᠭᠡᠪᠡ᠃

 

  ᠽᠧᠩ ᠢ ᠴᠦᠨ ᠴᠢᠬᠤᠯᠠᠴᠢᠯᠠᠬᠰᠠᠨ ᠨᠢ᠂ ᠲᠤᠰ ᠤᠳᠠᠭᠠᠨ ᠤ ᠲᠦᠷᠦᠯ ᠵᠦᠢᠯ ᠤᠨ ᠵᠦᠪᠯᠡᠯᠴᠡᠭᠡᠷ ᠳᠤᠬᠳᠠᠬᠰᠠᠠ ᠨᠢ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠤᠨ ᠠᠮᠢᠵᠢᠷᠠᠯ ᠤᠨ ᠬᠦᠴᠦᠨ ᠬᠠᠩᠭᠠᠬᠤ ᠨᠢ ᠯᠠᠪᠳᠠᠢ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠡᠯᠳᠡᠰ ᠪᠤᠯᠤᠨ ᠠᠶᠢᠮᠠᠭ ᠬᠤᠳᠠ ᠴᠠᠭ ᠢ ᠠᠮᠵᠢᠨ ᠵᠦᠪᠯᠡᠯᠴᠡᠭᠡᠷ ᠳᠤᠬᠳᠠᠬᠰᠠᠨ ᠪᠠᠶᠢᠭᠤᠯᠤᠯᠭ᠎ᠠ ᠨᠢᠭᠡᠴᠡ ᠲᠠᠢ ᠨᠡᠪᠳᠡᠷᠡᠯᠴᠡᠨ ᠵᠤᠯᠭᠠᠯᠴᠠᠬᠤ ᠬᠡᠷᠡᠭᠳᠠᠢ᠃ ᠲᠦᠷᠦᠯ ᠵᠦᠢᠯ ᠢ ᠦᠨᠳᠦᠰᠦᠯᠡᠨ ᠠᠭᠤᠯᠭ᠎ᠠ ᠶᠢ ᠨᠠᠷᠢᠯᠢᠬᠵᠢᠭᠤᠯᠬᠤ ᠪᠠᠷ ᠳᠠᠮᠵᠢᠨ ᠪᠤᠳᠠᠳᠤ ᠲᠦᠰᠦᠪ ᠭᠠᠷᠭᠠᠵᠤ᠂ ᠵᠦᠪᠯᠡᠯᠴᠡᠭᠡᠷ ᠳᠤᠬᠳᠠᠬᠰᠠᠨ ᠲᠦᠷᠦᠯ ᠵᠦᠢᠯ ᠢ ᠳᠠᠷᠤᠢ ᠲᠦᠷᠭᠡᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ᠃ ᠵᠦᠪᠯᠡᠯᠴᠡᠭᠡᠷ ᠳᠤᠬᠳᠠᠬᠰᠠᠨ ᠲᠦᠷᠦᠯ ᠵᠦᠢᠯ ᠤᠨ ᠦᠢᠯᠡᠴᠢᠯᠡᠭᠡᠨ ᠤ ᠪᠠᠳᠤᠯᠠᠭ᠎ᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠲᠦᠷᠦ ᠶᠢᠨ ᠪᠤᠳᠤᠯᠭ᠎ᠠ᠂ ᠪᠡᠯᠡ ᠮᠦᠩᠬᠦ᠂ ᠠᠵᠢᠯᠳᠠᠨ ᠵᠡᠷᠭᠡ ᠲᠠᠯ᠎ᠠ ᠶᠢᠨ ᠳᠡᠮᠵᠢᠯᠭᠡ ᠪᠠᠨ ᠴᠢᠩᠭᠠᠷᠠᠭᠤᠯᠵᠤ᠂ ᠬᠠᠮᠳᠤᠷᠠᠯᠴᠠᠭᠠᠨ ᠤ ᠲᠦᠷᠦᠯ ᠵᠦᠢᠯ ᠤᠨ ᠤᠷᠤᠬᠰᠢᠳᠠᠢ ᠶᠠᠪᠤᠬᠳᠠᠬᠤ᠂ ᠬᠠᠮᠳᠤᠪᠡᠷ ᠠᠰᠢᠭ ᠬᠦᠷᠳᠡᠬᠦ ᠶᠢ ᠪᠡᠶᠡᠯᠡᠭᠦᠯᠬᠦ ᠶᠢ ᠪᠠᠳᠤᠯᠠᠬᠤ ᠬᠡᠷᠡᠭᠳᠠᠢ ᠭᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com