《ᠴᠢᠩᠬᠤᠸᠠ ᠶᠢᠨ ᠬᠦᠷᠢᠶᠡᠨ ᠳᠤ ᠤᠷᠤᠬᠤ》 ᠦᠪᠤᠷ ᠮᠤᠩᠭᠤᠯ ᠤᠨ ᠬᠦᠭᠵᠢᠯᠳᠡ ᠶᠢ ᠳᠠᠨᠢᠯᠴᠠᠭᠤᠯᠬᠤ ᠬᠤᠷᠠᠯ ᠵᠢᠴᠢ ᠴᠢᠩᠬᠤᠸᠠ ᠶᠡᠭᠡ ᠰᠤᠷᠭᠠᠭᠤᠯᠢ ᠶᠢᠨ 2018 ᠤᠨ ᠤ ᠲᠡᠭᠦᠰᠬᠦ ᠰᠤᠷᠤᠬᠴᠢ ᠶᠢᠨ ᠠᠩᠬᠠᠨ ᠤ ᠳᠠᠯᠠᠪᠠᠢ ᠤᠷᠢᠨ ᠡᠯᠰᠡᠬᠦ ᠬᠤᠷᠠᠯ ᠶᠠᠪᠤᠬᠳᠠᠵᠠᠢ

  ᠽᠧᠩ ᠢ ᠴᠦᠨ ᠶᠠᠷᠢᠶ᠎ᠠ ᠳᠠᠯᠪᠢᠵᠤ ᠴᠠᠩ ᠵᠢᠶᠦ᠋ᠨ ᠵᠧᠩ ᠡᠷᠬᠢᠯᠡᠪᠡ

  9 ᠰᠠᠷ᠎ᠠ ᠶᠢᠨ 21᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠢᠩᠬᠢᠮ ᠠᠴᠠ ᠭᠤᠤᠯᠯᠠᠨ ᠡᠷᠬᠢᠯᠡᠭᠰᠡᠨ ᠴᠢᠳᠠᠪᠤᠷᠢᠳᠠᠨ ᠢ ᠦᠷᠭᠡᠨ ᠢᠶᠠᠷ ᠤᠷᠢᠨ ᠴᠤᠬᠯᠠᠭᠤᠯᠵᠤ ᠤᠶᠤᠨ ᠪᠢᠯᠢᠭ ᠢ ᠲᠠᠯ᠎ᠠ ᠨᠤᠳᠤᠭ ᠲᠠᠭᠠᠨ ᠬᠤᠷᠢᠶᠠᠮᠤ — ᠴᠢᠩᠬᠤᠸᠠ ᠶᠢᠨ ᠬᠦᠷᠢᠶᠡᠨ ᠳᠤ ᠤᠷᠤᠬᠤ ᠦᠪᠤᠷ ᠮᠤᠩᠭᠤᠯ ᠤᠨ ᠬᠦᠭᠵᠢᠯᠳᠡ ᠶᠢ ᠳᠠᠨᠢᠯᠴᠠᠭᠤᠯᠬᠤ ᠬᠤᠷᠠᠯ ᠵᠢᠴᠢ ᠴᠢᠩᠬᠤᠸᠠ ᠶᠡᠭᠡ ᠰᠤᠷᠭᠠᠭᠤᠯᠢ ᠶᠢᠨ 2018 ᠤᠨ ᠤ ᠲᠡᠭᠦᠰᠬᠦ ᠰᠤᠷᠤᠬᠴᠢ ᠶᠢᠨ ᠠᠩᠬᠠᠨ ᠤ ᠳᠠᠯᠠᠪᠠᠢ ᠤᠷᠢᠨ ᠡᠯᠰᠡᠬᠦ ᠬᠤᠷᠠᠯ ᠴᠢᠩᠬᠤᠸᠠ ᠶᠡᠭᠡ ᠰᠤᠷᠭᠠᠭᠤᠯᠢ ᠳᠤ ᠦᠪᠡᠳᠡᠭᠰᠢ ᠶᠡᠬᠡᠪᠡᠷ ᠶᠠᠪᠤᠬᠳᠠᠪᠠ᠃

  ᠦᠪᠡᠷᠳᠡᠭᠡᠨ ᠵᠠᠰᠠᠬᠤ ᠤᠷᠤᠨ ᠤ ᠨᠠᠮ ᠤ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠽᠧᠩ ᠢ ᠴᠦᠨ ᠳᠠᠨᠢᠯᠴᠠᠭᠤᠯᠬᠤ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠳᠠᠨᠢᠯᠴᠠᠭᠤᠯᠬᠤ ᠬᠤᠷᠠᠯ ᠢ ᠡᠷᠬᠢᠯᠡᠪᠡ᠃

 

  ᠽᠧᠩ ᠢ ᠴᠦᠨ ᠵᠢᠭᠠᠵᠤ ᠭᠠᠷᠭᠠᠬᠰᠠᠨ ᠨᠢ᠂ ᠦᠪᠤᠷ ᠮᠤᠩᠭᠤᠯ ᠪᠠ ᠴᠢᠩᠬᠤᠸᠠ ᠶᠡᠭᠡ ᠰᠤᠷᠭᠠᠭᠤᠯᠢ ᠨᠢ ᠬᠦᠨ ᠵᠤᠵᠠᠭᠠᠨ ᠨᠦᠬᠦᠷᠯᠡᠯ ᠲᠠᠢ᠃ ᠡᠷᠳᠡ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠤ ᠡᠬᠢᠨ ᠤ ᠦᠶ᠎ᠡ ᠳᠤ᠂ ᠡᠨᠡᠬᠦ ᠦᠷᠭᠡᠨ ᠠᠭᠤᠳᠠᠮ ᠨᠤᠳᠤᠭ ᠲᠡᠪᠢᠰᠭᠡᠷ ᠲᠤ ᠴᠢᠩᠬᠤᠸᠠ ᠶᠢᠨ ᠬᠦᠮᠦᠰ ᠤᠨ ᠴᠢᠷᠮᠠᠶᠢᠨ ᠳᠡᠮᠡᠴᠡᠭᠰᠡᠨ ᠤᠯᠠ ᠮᠦᠷ ᠦᠯᠡᠳᠡᠭᠰᠡᠨ ᠶᠤᠮ᠃ ᠦᠨᠦᠳᠤᠷ᠂ ᠮᠦᠨᠬᠦ ᠶᠡᠭᠡ ᠬᠡᠮᠵᠢᠶᠡᠨ ᠤ ᠴᠢᠩᠬᠤᠸᠠ ᠶᠢᠨ ᠤᠶᠤᠳᠡᠳ ᠦᠪᠡᠷ ᠦᠪᠡᠷ ᠤᠨ ᠠᠵᠢᠯ ᠤᠨ ᠪᠠᠶᠢᠷᠢᠨ ᠳᠠᠭᠠᠨ ᠦᠪᠤᠷ ᠮᠤᠩᠭᠤᠯ ᠤᠨ ᠬᠦᠭᠵᠢᠯᠳᠡ ᠶᠢᠨ ᠦᠢᠯᠡᠰ ᠲᠤ ᠬᠠᠷᠠᠮ ᠦᠭᠡᠢ ᠵᠢᠳᠭᠦᠵᠤ ᠪᠠᠶᠢᠨ᠎ᠠ᠃ ᠤᠳᠤᠬᠠᠨ ᠳᠤ᠂ ᠦᠪᠤᠷ ᠮᠤᠩᠭᠤᠯ ᠨᠢ ᠶᠠᠭ ᠰᠠᠶ᠋ᠢᠬᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠱᠠᠳᠤ ᠦᠶ᠎ᠡ ᠳᠤ ᠤᠷᠤᠰᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠳᠤ ᠡᠯ᠎ᠡ ᠲᠦᠷᠦᠯ ᠤᠨ ᠰᠢᠯᠢᠳᠡᠭ ᠴᠢᠳᠠᠪᠤᠷᠢᠳᠠᠨ ᠤ ᠳᠤᠯᠭᠠᠭᠤᠷᠢᠯᠠᠯ ᠳᠠᠶᠢᠴᠢᠯᠠᠯᠳᠠ ᠪᠠ ᠤᠶᠤᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ᠃ ᠤᠯᠠᠨ ᠰᠤᠷᠤᠬᠴᠢᠳ ᠤᠨ ᠦᠪᠤᠷ ᠮᠤᠩᠭᠤᠯ ᠳᠤ ᠬᠦᠷᠴᠤ ᠦᠢᠯᠡᠰ ᠪᠤᠰᠬᠠᠵᠤ᠂ ᠬᠦᠰᠡᠯ ᠵᠡᠭᠦᠳᠤ ᠪᠠᠨ ᠲᠡᠷᠭᠡᠯᠰᠢᠭᠦᠯᠬᠦ ᠶᠢ ᠴᠢᠩ ᠰᠡᠳᠭᠢᠯ ᠠᠴᠠ ᠪᠠᠨ ᠤᠷᠢᠵᠤ ᠪᠠᠶᠢᠨ᠎ᠠ᠃ ᠪᠢᠳᠡ ᠰᠢᠯᠢᠳᠡᠭ ᠰᠠᠶᠢᠨ ᠳᠠᠪᠴᠠᠩ ᠪᠠ ᠨᠡᠩ ᠶᠡᠭᠡ ᠤᠷᠤᠨ ᠵᠠᠢ ᠬᠠᠩᠭᠠᠵᠤ᠂ ᠦᠷᠭᠡᠨ ᠤᠯᠠᠨ ᠰᠤᠷᠤᠬᠴᠢᠳ ᠤᠨ ᠰᠦᠷᠯᠢᠭ ᠦᠵᠡᠮᠵᠢᠳᠤ ᠲᠠᠯ᠎ᠠ ᠨᠤᠳᠤᠭ ᠲᠤ ᠦᠪᠡᠷ ᠤᠨ ᠬᠦᠰᠡᠯᠡᠩ ᠢᠶᠠᠨ ᠪᠡᠶᠡᠯᠡᠬᠦᠯᠬᠦ ᠳᠤ ᠬᠦᠴᠤᠯᠡᠨ ᠴᠢᠷᠮᠠᠶᠢᠨ᠎ᠠ ᠭᠡᠪᠡ᠃

  ᠴᠠᠩ ᠵᠢᠶᠦ᠋ᠨ ᠵᠧᠩ ᠡᠯ᠎ᠡ ᠡᠳᠡᠭᠡᠳ ᠤᠨ ᠴᠢᠳᠠᠪᠤᠷᠢᠳᠠᠳ ᠦᠪᠤᠷ ᠮᠤᠩᠭᠤᠯ ᠢ ᠠᠩᠬᠠᠷᠴᠤ᠂ ᠦᠪᠤᠷ ᠮᠤᠩᠭᠤᠯ ᠢ ᠳᠡᠮᠵᠢᠵᠤ᠂ ᠦᠪᠤᠷ ᠮᠤᠩᠭᠤᠯ ᠤᠨ ᠦᠢᠯᠡᠰ ᠲᠤ ᠪᠡᠶᠡᠴᠢᠯᠡᠨ ᠤᠷᠤᠯᠴᠠᠵᠤ᠂ ᠦᠪᠤᠷ ᠮᠤᠩᠭᠤᠯ ᠢ ᠰᠤᠩᠭᠤᠵᠤ᠂ ᠬᠠᠮᠳᠤᠪᠡᠷ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠶᠢ ᠬᠦᠰᠡᠪᠡ᠃

  ᠳᠠᠨᠢᠯᠴᠠᠭᠤᠯᠬᠤ ᠬᠤᠷᠠᠯ ᠳᠡᠭᠡᠷ᠎ᠡ᠂ ᠴᠢᠩᠬᠤᠸᠠ ᠶᠡᠭᠡ ᠰᠤᠷᠭᠠᠭᠤᠯᠢ ᠶᠢᠨ ᠦᠪᠤᠷ ᠮᠤᠩᠭᠤᠯ ᠤᠨ ᠰᠤᠷᠭᠠᠭᠤᠯᠢ ᠶᠢᠨ ᠨᠠᠶᠢᠵᠢ ᠶᠢᠨ ᠲᠦᠯᠦᠭᠡᠯᠡᠭᠴᠢ ᠠᠴᠠ ᠦᠪᠡᠷ ᠤᠨ ᠦᠰᠦᠨ ᠪᠤᠶᠢᠵᠢᠬᠰᠠᠨ ᠦᠩᠭᠡᠷᠡᠯᠳᠡ ᠪᠠ ᠠᠵᠢᠯ ᠤᠨ ᠤᠢᠢᠯᠠᠭᠠᠯᠳᠠ ᠲᠠᠢ ᠪᠠᠨ ᠤᠶᠠᠯᠳᠤᠭᠤᠯᠤᠨ᠂ ᠴᠢᠩᠬᠤᠸᠠ ᠶᠢᠨ ᠤᠶᠤᠳᠡᠳ ᠦᠪᠤᠷ ᠮᠤᠩᠭᠤᠯ  ᠎ ᠳᠤ ᠬᠦᠷᠴᠤ ᠦᠢᠯᠡᠰ ᠪᠤᠰᠬᠠᠬᠤ ᠶᠢ ᠬᠦᠰᠡᠨ ᠤᠷᠢᠬᠰᠠᠨ ᠪᠠᠶᠢᠨ᠎ᠠ᠃

  ᠴᠢᠩᠬᠤᠸᠠ ᠶᠡᠭᠡ ᠰᠤᠷᠭᠠᠭᠤᠯᠢ ᠶᠢᠨ ᠦᠪᠤᠷ ᠮᠤᠩᠭᠤᠯ ᠤᠨ ᠳᠤᠰᠬᠠᠢ ᠳᠠᠯᠠᠪᠠᠢ ᠤᠷᠢᠨ ᠡᠯᠰᠡᠬᠦ ᠬᠤᠷᠠᠯ ᠳᠡᠭᠡᠷ᠎ᠡ᠂ ᠮᠠᠨ ᠤ ᠤᠷᠤᠨ ᠤ 70 ᠭᠠᠷᠤᠢ ᠪᠠᠶᠢᠭᠤᠯᠤᠯᠭ᠎ᠠ ᠪᠠ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠠᠴᠠ ᠴᠢᠩᠬᠤᠸᠠ ᠶᠢᠨ ᠤᠶᠤᠳᠡᠳ ᠲᠤ ᠨᠡᠶᠢᠳᠡ 1022 ᠠᠵᠢᠯ ᠤᠨ ᠪᠠᠶᠢᠷᠢ ᠬᠠᠩᠭᠠᠵᠤ᠂ 401 ᠬᠦᠮᠦᠨ ᠤᠳᠠᠭ᠎ᠠ ᠶᠢᠨ ᠰᠠᠨᠠᠮᠵᠢ ᠶᠢᠨ ᠭᠡᠷ᠎ᠡ ᠳᠤᠬᠳᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com