ᠽᠧᠩ ᠢ ᠴᠦᠨ ᠬᠢᠨᠭ᠍ᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠩᠬᠠᠷᠤᠯ ᠬᠦᠴᠦᠨ ᠢᠶᠠᠨ ᠲᠦᠪᠯᠡᠷᠡᠭᠦᠯᠵᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠠᠭᠤᠷᠢ ᠶᠢ ᠪᠡᠲᠤᠳᠬᠠᠬᠤ ᠬᠡᠷᠡᠭᠲᠡᠢ

  5 ᠳ᠋ᠤᠭᠠᠷ ᠰᠠᠷ᠎ᠠ ᠶᠢᠨ 6᠎᠎ ᠤ ᠡᠳᠦᠷ ᠠᠴᠠ 8᠎᠎ ᠤ ᠡᠳᠦᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ᠎ ᠤ ᠨᠠᠮ ᠎ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ 5 ᠬᠤᠰᠢᠭᠤ ᠰᠢᠶᠠᠨ ᠬᠤᠳᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ᠎ ᠤ ᠵᠢᠷᠭᠤᠳᠤᠭᠠᠷ ᠪᠦᠬᠦᠳᠡ ᠬᠤᠷᠠᠯ ᠪᠤᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠩᠬᠠᠷᠤᠯ ᠬᠦᠴᠦᠨ ᠢᠶᠠᠨ ᠲᠦᠪᠯᠡᠷᠡᠭᠦᠯᠵᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠵᠠᠰᠠᠭ ᠤᠨ ᠤᠷᠳᠤᠨ᠎ ᠤ ᠴᠢᠨᠠᠷᠲᠠᠢ ᠦᠷᠢ ᠦᠭᠴᠡᠭᠡ ᠶᠢ ᠠᠷᠢᠯᠭᠠᠵᠤ᠂ ᠭᠠᠴᠠᠭ᠎ᠠ ᠲᠤᠰᠬᠤᠨ (ᠨᠡᠶᠢᠭᠡᠮ ᠲᠤᠭᠤᠷᠢᠭ)᠎᠎ ᠤ ᠨᠠᠮ ᠤᠨ ᠡᠭᠦᠷ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠠᠭᠤᠷᠢ ᠶᠢ ᠪᠠᠳᠤᠳᠬᠠᠬᠤ ᠬᠡᠷᠡᠭᠲᠡᠢ ᠬᠡᠪᠠ᠃

  ᠽᠧᠩ ᠢ ᠴᠦᠨ ᠵᠢᠭᠠᠵᠤ ᠭᠠᠷᠭᠠᠭᠰᠠᠨ ᠨᠢ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠬᠦᠲᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠪᠡᠶᠡᠴᠢ ᠴᠢᠳᠠᠮᠠᠭᠠᠢ ᠴᠢᠨᠠᠷ ᠢ ᠬᠦᠭᠵᠢᠭᠡᠵᠦ᠂ ᠳᠠᠪᠠᠭᠤᠯᠢᠭ ᠤᠨᠴᠠᠯᠢᠬᠲᠦ ᠲᠠᠷᠢᠵᠦ ᠲᠡᠵᠢᠭᠡᠬᠦ ᠦᠢᠯᠡᠰ ᠢ ᠪᠦᠬᠦ ᠬᠦᠴᠦᠨ ᠢᠶᠠᠷ ᠭᠦᠭᠵᠢᠭᠦᠯᠵᠦ᠂ ᠠᠵᠦ ᠦᠢᠯᠡᠰ ᠤᠨ ᠵᠤᠬᠢᠶᠠᠨ ᠪᠠᠶᠢᠭᠤᠯᠤᠯᠳᠠᠵᠢᠯᠳᠡ᠂ ᠡᠷᠴᠢᠮᠵᠢᠭᠦᠯᠦᠯᠳᠡ᠂ ᠲᠦᠷᠦᠯ ᠳᠡᠮᠲᠡᠭᠵᠢᠭᠦᠯᠦᠯᠳᠡ᠂ ᠪᠠᠷᠢᠮᠵᠢᠶᠠᠵᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠎ ᠢᠶᠠᠷ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠭᠠᠴᠠᠭ᠎ᠠ ᠲᠤᠰᠬᠤᠨ᠎ ᠤ ᠬᠠᠮᠲᠦ ᠶᠢᠨ ᠠᠵᠦ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠵᠦ᠂ ᠬᠦᠳᠡᠭᠡ ᠲᠤᠰᠬᠤᠨ᠎ ᠤ ᠤᠷᠴᠢᠨ ᠲᠤᠭᠤᠷᠢᠨ᠎ ᠤ ᠴᠡᠭᠴᠡᠯᠡᠨ ᠵᠠᠰᠠᠯᠲᠠ ᠶᠢ ᠬᠦᠴᠦᠯᠡᠨ ᠴᠢᠩᠭᠠᠳᠬᠠᠵᠦ᠂ ᠦᠨᠳᠦᠰᠦᠨ ᠱᠠᠲᠤᠨ᠎ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ᠎ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠦ᠂ ᠳᠠᠷᠢᠶᠠᠯᠠᠩ ᠬᠦᠴᠦᠷᠬᠡᠭᠵᠢᠬᠦ᠂ ᠲᠤᠰᠬᠤᠨ ᠭᠤᠶᠤᠵᠢᠬᠤ᠂ ᠲᠠᠷᠢᠶᠠᠴᠢᠨ ᠪᠠᠶᠠᠵᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠠᠴᠠ ᠲᠤᠮᠢᠯᠠᠭᠰᠠᠨ ᠬᠤᠰᠢᠭᠤ ᠰᠢᠶᠠᠨ ᠳᠤ ᠰᠠᠭᠤᠬᠤ ᠠᠵᠢᠯ ᠎ ᠤᠨ ᠶᠡᠷᠦᠩᠬᠡᠢ ᠳᠤᠭᠤᠶᠢᠯᠠᠩ ᠪᠤᠯᠤᠨ ᠲᠤᠰᠬᠤᠨ ᠳᠤ ᠰᠠᠭᠤᠬᠤ ᠠᠵᠢᠯ ᠤᠨ ᠲᠤᠭᠤᠶᠢᠯᠠᠩ ᠨᠢᠭᠡᠳᠦᠭᠡᠷ ᠹᠷᠤᠨᠲ ᠳᠤ ᠭᠦᠨᠵᠡᠭᠡᠶᠢᠷᠡᠵᠦ᠂ ᠤᠯᠠᠨ ᠲᠦᠮᠡᠨ ᠲᠠᠢ ᠬᠠᠮᠲᠦ ᠢᠳᠡᠵᠦ ᠬᠤᠨᠤᠵᠥ ᠬᠦᠳᠡᠯᠮᠦᠷᠢᠯᠡᠵᠦ᠂ ᠲᠦᠢᠯ ᠤᠨ ᠣᠨᠤᠪᠴᠢᠲᠠᠢ ᠪᠠᠷ ᠶᠠᠳᠠᠭᠤ ᠶᠢ ᠳᠡᠳᠬᠦᠬᠦ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠶᠢ ᠠᠬᠢᠭᠤᠯᠬᠤ ᠲᠠᠯ᠎ᠠ ᠪᠠᠷ ᠪᠤᠲᠠᠲᠠᠢ ᠠᠷᠭ᠎ᠠ ᠬᠡᠮᠵᠢᠶ᠎ᠡ ᠠᠪᠴᠤ ᠪᠤᠲᠠᠲᠠᠢ ᠠᠵᠢᠯ ᠬᠢᠵᠦ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠠ᠃

  ᠽᠧᠩ ᠢ ᠴᠦᠨ ᠴᠢᠬᠤᠯᠠᠴᠢᠯᠠᠭᠰᠠᠨ ᠨᠢ᠂ ᠭᠠᠴᠠᠭ᠎ᠠ ᠲᠤᠰᠬᠤᠨ (ᠨᠡᠶᠢᠭᠡᠮ ᠲᠤᠭᠤᠷᠢᠭ)᠎᠎ ᠤ ᠨᠠᠮ ᠤᠨ ᠡᠭᠦᠷ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠨᠠᠷᠢᠯᠢᠭ ᠵᠤᠬᠢᠶᠠᠨ ᠪᠠᠶᠢᠭᠤᠯᠵᠦ᠂ ᠰᠢᠯᠢᠳᠡᠭ ᠰᠠᠶᠢᠨ ᠪᠠᠭ ᠢ ᠰᠤᠩᠭᠤᠵᠦ᠂ ᠬᠦᠴᠦᠷᠬᠡᠭ ᠰᠠᠶᠢᠨ ᠡᠩᠨᠡᠭᠡ ᠶᠢ ᠲᠤᠬᠢᠷᠠᠭᠤᠯᠵᠦ᠂ ᠰᠠᠶᠢᠨ ᠪᠠᠶᠢᠳᠠᠯ᠂ ᠰᠠᠶᠢᠨ ᠬᠡᠪ ᠰᠤᠷᠲᠠᠯ ᠢ ᠪᠦᠷᠢᠯᠳᠦᠭᠦᠯᠵᠦ᠂ ᠲᠤᠭᠲᠠᠴᠠ ᠶᠢ ᠰᠠᠶᠢᠲᠤᠷ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠤᠷᠳᠤᠨ᠎ ᠤ ᠴᠢᠨᠠᠷᠲᠠᠢ ᠦᠷᠢ ᠦᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com