ᠽᠧᠩ ᠢ ᠴᠦᠨ᠄ ᠠᠩᠬᠠᠷᠤᠯ ᠢᠶᠠᠨ ᠲᠦᠪᠯᠡᠷᠡᠭᠦᠯᠦᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ᠎ ᠤ ᠢᠯᠡᠯᠳᠡ ᠶᠢ ᠤᠯᠵᠤ ᠦᠨᠳᠤᠰᠤᠨ ᠱᠠᠳᠤᠨ᠎ ᠤ ᠨᠠᠮ ᠤᠨ ᠪᠠᠶᠢᠭᠤᠯᠤᠯᠳᠡ ᠶᠢᠨ ᠲᠦᠪᠰᠢᠨ ᠢ ᠪᠦᠭᠦ ᠲᠠᠯ᠎ᠡ ᠪᠠᠷ ᠲᠡᠭᠡᠭᠰᠢᠯᠡᠭᠦᠯᠭᠦ ᠭᠡᠷᠡᠭᠲᠠᠢ

  5 ᠰᠠᠷ᠎ᠡ ᠶᠢᠨ 11᠎ ᠤ ᠡᠳᠤᠷ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶᠡᠨ᠎ ᠤ ᠪᠠᠶᠢᠩᠭᠤ ᠶᠢᠨ ᠬᠡᠰᠢᠭᠦᠨ᠂ ᠵᠤᠬᠢᠶᠡᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠭᠦᠭᠡᠬᠤᠳᠡ ᠶᠢᠨ ᠴᠢᠩ ᠱᠦᠢ ᠾᠧ ᠰᠢᠶᠠᠨ ᠳᠤ ᠭᠦᠨᠵᠡᠭᠡᠶᠢᠷᠡᠵᠤ ᠦᠨᠳᠤᠰᠤᠨ ᠱᠠᠳᠤᠨ᠎ ᠤ ᠨᠠᠮ ᠤᠨ ᠪᠠᠶᠢᠭᠤᠯᠤᠯᠳᠡ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠡ ᠬᠢᠵᠤ᠂ ᠲᠤᠰᠬᠤᠨ ᠳᠤ ᠰᠠᠭᠤᠭ᠎ᠠ ᠠᠵᠢᠯᠯᠠᠬᠤ ᠳᠤᠭᠤᠢᠢᠯᠠᠩ ᠤᠨ ᠲᠠᠷᠤᠭ᠎ᠠ᠂ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠲᠠᠢ ᠭᠦᠨᠵᠡᠭᠡᠢ ᠶᠠᠷᠢᠯᠴᠠᠨ ᠰᠤᠯᠢᠯᠴᠠᠵᠡᠢ᠃ ᠲᠡᠷᠡ᠂ ᠪᠦᠭᠦ ᠤᠯᠤᠰ᠂ ᠪᠦᠭᠦ ᠤᠷᠤᠨ᠎ ᠤ ᠦᠨᠳᠤᠰᠤᠨ ᠱᠠᠳᠤᠨ᠎ ᠤ ᠨᠠᠮ ᠤᠨ ᠪᠠᠶᠢᠭᠤᠯᠤᠯᠳᠡ ᠶᠢᠨ ᠭᠤᠤᠯᠳᠠᠯᠭ᠎ᠠ ᠲᠠᠢ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠩᠬᠠᠷᠤᠯ ᠭᠦᠴᠤᠨ ᠢᠶᠠᠨ ᠲᠦᠪᠯᠡᠷᠡᠭᠦᠯᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ᠎ ᠤ ᠢᠯᠡᠯᠳᠡ ᠶᠢ ᠤᠯᠵᠤ᠂ ᠭᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠭᠡᠷᠡᠭᠵᠢᠭᠦᠯᠵᠤ᠂ ᠪᠠᠶᠢᠭᠤᠯᠤᠯᠭ᠎ᠠ ᠪᠡ ᠭᠦᠳᠡᠭᠡ ᠲᠤᠰᠬᠤᠨ᠎ ᠤ ᠨᠠᠮ ᠤᠨ ᠪᠠᠶᠢᠭᠤᠯᠤᠯᠳᠡ ᠶᠢᠨ ᠠᠭᠤᠰᠤᠯᠴᠠᠬᠤ ᠵᠠᠬᠪᠤᠷ ᠢ ᠡᠷᠢᠯᠬᠢᠯᠡᠵᠤ᠂ ᠭᠠᠴᠠᠭ᠎ᠠ ᠲᠤᠰᠬᠤᠨ᠎ ᠤ ᠨᠠᠮ ᠤᠨ ᠡᠭᠦᠷ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠪᠠᠷ ᠠᠵᠠ ᠲᠤᠬᠢᠶᠠᠯ ᠪᠤᠯᠭᠠᠵᠦ᠂ ᠨᠠᠮ ᠤᠨ ᠡᠭᠦᠷ ᠠᠷᠠᠳ ᠤᠨ ᠵᠦᠪᠯᠡᠯ ᠤᠨ ᠪᠠᠭ ᠤᠨ ᠡᠩᠨᠡᠭᠡᠨ᠎ ᠤ ᠪᠠᠶᠢᠭᠤᠯᠤᠯᠳᠡ ᠶᠢ ᠰᠠᠶᠢᠳᠤᠷ ᠠᠳᠬᠤᠵᠤ᠂ ᠦᠨᠳᠤᠰᠤᠨ ᠱᠠᠳᠤᠨ᠎ ᠤ ᠨᠠᠮ ᠤᠨ ᠪᠠᠶᠢᠭᠤᠯᠤᠯᠳᠡ ᠶᠢᠨ ᠲᠦᠪᠰᠢᠨ ᠢ ᠪᠦᠭᠦ ᠲᠠᠯ᠎ᠡ ᠪᠠᠷ ᠲᠡᠭᠡᠭᠰᠢᠯᠡᠭᠦᠯᠭᠦ ᠭᠡᠷᠡᠭᠲᠠᠢ ᠭᠡᠵᠤ ᠴᠢᠬᠤᠯᠡᠴᠢᠯᠡᠪᠡ᠃

  ᠽᠧᠩ ᠢ ᠴᠦᠨ᠂ ᠶᠠᠳᠠᠭᠤ ᠭᠦᠴᠢᠷᠳᠡᠯᠳᠡᠢ ᠠᠮᠢᠳᠤᠷᠠᠯ ᠢ ᠦᠭᠡᠷᠡᠴᠢᠯᠡᠭᠦ ᠳᠤ᠂ ᠭᠦᠷᠢᠶ᠎ᠡ ᠬᠠᠰᠢᠶ᠎ᠡ ᠠᠴᠠ ᠡᠬᠢᠯᠡᠭᠦ ᠭᠡᠷᠡᠭᠲᠠᠢ ᠭᠡᠵᠤ ᠵᠢᠭᠠᠵᠤ ᠭᠠᠷᠭᠠᠪᠡ᠃ ᠲᠡᠷᠡ᠂ ᠨᠠᠮᠴᠢ ᠴᠢᠨᠠᠷ ᠤᠨ ᠬᠦᠮᠦᠵᠢᠯ ᠤᠨ ᠰᠠᠭᠤᠷᠢᠨ ᠤ ᠬᠢᠨ ᠬᠠᠮᠳᠤᠪᠡᠷ ᠪᠠᠶᠢᠭᠤᠯᠵᠦ ᠬᠠᠮᠳᠤᠪᠠᠷ ᠡᠳ᠋ᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠨᠠᠮᠴᠢ ᠴᠢᠨᠠᠷ ᠤᠨ ᠬᠦᠮᠦᠵᠢᠯ ᠤᠨ ᠰᠠᠭᠤᠷᠢᠨ᠎ ᠤ ᠴᠢᠳᠠᠪᠬᠢ ᠶᠢ ᠠᠭᠤᠳᠠᠯᠯᠠᠬᠤ ᠭᠡᠷᠡᠭᠲᠠᠢ᠃ ᠯᠤᠤ ᠨᠢᠦ ᠫᠦᠸᠧ ᠲᠤᠰᠬᠤᠨ ᠨᠢ ᠨᠠᠮᠴᠢ ᠴᠢᠨᠠᠷ ᠤᠨ ᠬᠦᠮᠦᠵᠢᠯ ᠤᠨ ᠰᠠᠭᠤᠷᠢᠨ ᠪᠤᠯᠤᠬᠰᠡᠨ᠎ ᠤ ᠬᠤᠪᠢ ᠳᠤ᠂ ᠦᠨᠳᠤᠰᠤᠨ ᠱᠠᠳᠤᠨ᠎ ᠤ ᠨᠠᠮ ᠤᠨ ᠪᠠᠶᠢᠭᠤᠯᠤᠯᠳᠡ ᠪᠠᠷ ᠵᠢᠯᠤᠭᠤᠳᠤᠮᠵᠢ ᠪᠤᠯᠭᠠᠵᠤ᠂ ᠢᠷᠠᠭᠤ ᠠᠯᠳᠠᠷᠳᠤ ᠬᠤᠪᠢᠰᠬᠠᠯᠳᠤ ᠤᠯᠠᠮᠵᠢᠯᠠᠯ ᠢ ᠪᠠᠳᠤ ᠴᠡᠭᠡᠵᠢᠯᠡᠵᠤ᠂ ᠬᠤᠪᠢᠰᠬᠠᠯ ᠤᠨ ᠭᠧᠨ ᠢ ᠲᠠᠰᠤᠷᠠᠯᠳᠡ ᠦᠭᠡᠢ ᠵᠠᠯᠭᠠᠮᠵᠢᠯᠠᠵᠦ᠂ ᠭᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ᠂ ᠭᠠᠴᠠᠭ᠎ᠠ ᠲᠤᠰᠬᠤᠨ᠎ ᠤ ᠨᠠᠮ ᠤᠨ ᠡᠭᠦᠷ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ᠂ ᠲᠤᠰᠬᠤᠨ᠎ ᠤ ᠱᠠᠳᠤᠨ᠎ ᠤ ᠬᠠᠮᠳᠤ ᠶᠢᠨ ᠠᠵᠤ ᠠᠬᠤᠢ ᠶᠢ ᠭᠦᠭᠵᠢᠭᠦᠯᠭᠦ᠂ ᠭᠦᠳᠡᠭᠡ ᠲᠤᠰᠬᠤᠨ ᠢ ᠵᠠᠰᠠᠬᠤ ᠵᠡᠷᠭᠡ ᠡᠯ᠎ᠡ ᠵᠦᠢᠯ ᠤᠨ ᠠᠵᠢᠯ ᠳᠤᠮᠳᠠ ᠵᠢᠱᠢᠶ᠎ᠡ ᠦᠵᠡᠭᠦᠯᠵᠤ ᠲᠠᠭᠤᠷᠢᠶᠠᠯ ᠪᠤᠯᠵᠤ᠂ ᠲᠦᠪ ᠤᠨ ᠡᠯ᠎ᠡ ᠵᠦᠢᠯ ᠤᠨ ᠱᠠᠭᠠᠷᠳᠠᠯᠭ᠎ᠠ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶᠡᠨ᠎ ᠤ ᠡᠯ᠎ᠡ ᠵᠦᠢᠯ ᠤᠨ ᠪᠠᠶᠢᠷᠢᠯᠠᠭᠤᠯᠤᠯᠳᠡ ᠶᠢ ᠪᠤᠳᠠᠳᠠᠢ ᠳᠤ ᠨᠠᠶᠢᠳᠠᠪᠦᠷᠢᠵᠢᠭᠤᠯᠵᠤ᠂ ᠠᠶᠢᠯ ᠡᠷᠤᠭᠡ ᠪᠤᠯᠭᠠᠨ ᠳᠤ ᠨᠠᠶᠢᠳᠠᠪᠦᠷᠢᠵᠢᠭᠤᠯᠬᠤ ᠭᠡᠷᠡᠭᠲᠠᠢ ᠭᠡᠵᠤ ᠴᠢᠬᠤᠯᠡᠴᠢᠯᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com