ᠽᠧᠩ ᠢ ᠴᠦᠨ    ᠨᠠᠮ ᠤᠨ ᠡᠭᠦᠷ ᠤᠨ 《7 · 1》᠎  ᠨᠠᠮ ᠤᠨ ᠡᠳᠦᠷ ᠤᠨ ᠠᠵᠢᠯᠯᠠᠭ᠎ᠠ ᠳᠤ 

   

  7 · 1᠎ ᠤ ᠡᠮᠦᠨᠡᠬᠡᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠦᠪᠦᠷ ᠮᠤᠩᠭᠤᠯ ᠤᠨ ᠶᠦᠩ ᠽᠧ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠳᠤ ᠬᠦᠷᠴᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠺᠤᠮᠫᠠᠨᠢ ᠶᠢᠨ ᠨᠠᠮ ᠤᠨ ᠡᠭᠦᠷ ᠤᠨ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ — ᠨᠠᠮ ᠤᠨ ᠪᠠᠶᠢᠭᠤᠯᠤᠯᠲᠠ ᠪᠠᠷ ᠰᠢᠨ᠎ᠡ ᠶᠢ ᠡᠭᠦᠳᠬᠦ ᠬᠦᠭᠵᠢᠯᠲᠡ ᠶᠢ ᠬᠦᠲᠦᠯᠦᠨ ᠳᠠᠭᠠᠭᠤᠯᠵᠤ᠂ ᠨᠠᠮ ᠤᠨ ᠪᠠᠶᠢᠭᠤᠯᠤᠯᠲᠠ ᠪᠠᠷ ᠢᠲᠡᠭᠡᠯ ᠪᠢᠰᠢᠷᠡᠯ ᠤᠨ ᠪᠠᠬᠢᠯᠡᠯᠲᠡ ᠶᠢ ᠪᠠᠶᠢᠭᠤᠯᠤᠨ᠎ᠠ ᠭᠡᠬᠦ ᠭᠤᠤᠯ ᠰᠡᠳᠦᠪᠲᠤ ᠨᠠᠮ ᠤᠨ ᠡᠳᠦᠷ ᠤᠨ ᠠᠵᠢᠯᠯᠠᠭ᠎ᠠ ᠳᠤ ᠤᠷᠤᠯᠴᠠᠵᠤ᠂ ᠺᠤᠮᠫᠠᠨᠢ ᠶᠢᠨ ᠨᠠᠮ ᠤᠨ ᠭᠡᠰᠢᠭᠦᠳ ᠲᠠᠢ ᠨᠠᠮ ᠳᠠᠭᠠᠨ ᠳᠠᠬᠢᠨᠲᠠ ᠲᠠᠩᠭᠠᠷᠢᠬ ᠡᠷᠭᠦᠵᠦ᠂ ᠤᠬ ᠰᠠᠨᠠᠭ᠎ᠠ ᠶᠢ ᠤᠬᠠᠵᠤ᠂ ᠡᠭᠦᠷᠭᠡ ᠬᠠᠷᠢᠭᠤᠴᠠᠯᠭ᠎ᠠ ᠶᠢ ᠶᠠᠷᠢᠯᠴᠠᠵᠤ᠂ ᠡᠭᠦᠷᠭᠡᠯᠡᠯ ᠢ ᠶᠠᠷᠢᠵᠤ᠂ ᠬᠦᠭᠵᠢᠯᠲᠡ ᠶᠢ ᠪᠤᠳᠤᠯᠬᠢᠯᠠᠵᠤ᠂ ᠨᠠᠮ ᠪᠠᠶᠢᠭᠤᠯᠤᠬᠳᠠᠬᠰᠠᠨ 97 ᠵᠢᠯ ᠤᠨ ᠤᠢ ᠶᠢ ᠬᠠᠮᠲᠤᠪᠡᠷ ᠪᠡᠯᠭᠡᠯᠡᠪᠡ᠃

  

  ᠺᠤᠮᠫᠠᠨᠢ ᠶᠢᠨ ᠨᠠᠮ ᠤᠨ ᠭᠡᠰᠢᠭᠦᠳ ᠲᠠᠢ ᠶᠠᠷᠢᠯᠴᠠᠨ ᠰᠤᠯᠢᠯᠴᠠᠬᠤ ᠳᠠᠭᠠᠨ᠂ ᠽᠧᠩ ᠢ ᠴᠦᠨ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠦᠷᠬᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠬᠠᠮᠰᠠᠷ ᠠᠴᠠ ᠪᠠᠨ ᠲᠠᠷᠢᠬᠢ ᠲᠤᠯᠤᠭᠠᠢ ᠪᠠᠨ ᠵᠡᠪᠰᠡᠭᠯᠡᠵᠦ᠂ ᠪᠤᠲᠠᠲᠤ ᠦᠢᠯᠡᠳᠦᠯᠭᠡ ᠶᠢ ᠵᠢᠯᠤᠭᠤᠳᠴᠤ᠂ ᠠᠵᠢᠯ ᠢ ᠠᠬᠢᠭᠤᠯᠬᠤ ᠬᠡᠷᠡᠭᠲᠡᠢ᠃ ᠦᠷᠭᠡᠨ ᠤᠯᠠᠨ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠵᠤᠬᠢᠶᠠᠨ ᠪᠠᠶᠢᠭᠤᠯᠤᠯᠲᠠ ᠤᠮᠠᠷᠠᠲᠤ ᠶᠢᠨ ᠬᠤᠰᠢᠭᠤᠴᠢ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠡᠳᠬᠢᠯ ᠬᠤᠯᠪᠤᠬᠰᠠᠨ ᠨᠠᠮ ᠤᠨ ᠪᠠᠶᠢᠭᠤᠯᠤᠯᠲᠠ ᠶᠢᠨ ᠭᠤᠤᠯ ᠰᠡᠳᠦᠪ ᠲᠠᠢ ᠨᠢᠬᠲᠠ ᠤᠶᠠᠯᠳᠤᠭᠤᠯᠵᠤ᠂ ᠨᠠᠮ ᠤᠨ ᠠᠵᠢᠯ ᠢ ᠦᠢᠯᠡᠳᠪᠦᠷᠢᠯᠡᠯ ᠡᠵᠡᠩᠨᠡᠯᠲᠡ ᠪᠤᠯᠤᠨ ᠺᠤᠮᠫᠠᠨᠢ ᠶᠢᠨ ᠬᠦᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠤᠯᠤᠰ ᠲᠦᠷᠦ ᠶᠢᠨ ᠳᠠᠶᠢᠴᠢᠯᠠᠯᠲᠠ ᠪᠤᠯᠤᠨ ᠤᠯᠤᠰ ᠲᠦᠷᠦ ᠶᠢᠨ ᠭᠤᠤᠯᠯᠠᠬᠴᠢ ᠦᠢᠯᠡᠳᠦᠯ ᠢ ᠪᠠᠳᠠᠷᠠᠭᠤᠯᠵᠤ᠂ ᠡᠭᠦᠷᠢᠲᠡ ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

  

  ᠽᠧᠩ ᠢ ᠴᠦᠨ᠂ ᠡᠯ᠎ᠡ ᠲᠦᠷᠦᠯ ᠤᠨ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠵᠤᠷᠢᠯᠲᠡ ᠶᠢ ᠳᠠᠮᠵᠢᠭᠤᠯᠵᠤ᠂ ᠨᠠᠮ ᠤᠨ ᠲᠤᠬᠲᠠᠭᠠᠯ ᠢ ᠲᠤᠤᠱᠯᠠᠭᠤᠯᠵᠤ᠂ ᠦᠨᠳᠦᠰᠦᠨ ᠱᠠᠲᠤᠨ᠎ ᠤ ᠵᠠᠰᠠᠯᠲᠠ ᠶᠢ ᠤᠳᠤᠷᠢᠳᠴᠤ᠂ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠦᠭᠡᠷᠡᠴᠢᠯᠡᠯᠲᠡ ᠬᠦᠭᠵᠢᠯᠲᠡ ᠶᠢ ᠠᠬᠢᠭᠤᠯᠬᠤ ᠬᠡᠷᠡᠭᠲᠡᠢ᠃ ᠦᠷᠭᠡᠨ ᠤᠯᠠᠨ ᠨᠠᠮ ᠤᠨ ᠭᠡᠰᠢᠭᠦᠨ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠤᠷᠢᠬᠲᠡᠢ ᠪᠠᠷ ᠬᠠᠷᠢᠭᠤᠴᠠᠯᠭ᠎ᠠ ᠡᠭᠦᠷᠭᠡᠯᠡᠵᠦ ᠵᠤᠷᠢᠬᠲᠠᠢ ᠪᠠᠷ ᠵᠤᠷᠢᠭᠤᠯᠵᠤ᠂  ᠦᠵᠡᠰᠬᠦᠯᠡᠩᠲᠤ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠡᠷ ᠲᠡᠷᠭᠡᠯᠰᠢᠭᠦᠯᠬᠦ ᠠᠶᠠᠯᠠᠯ ᠳᠤᠮᠳᠠ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠬᠤᠰᠢᠭᠤᠴᠢ ᠦᠯᠢᠭᠡᠷ ᠳᠠᠭᠤᠷᠢᠶᠡᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ᠎ ᠤ ᠪᠠᠶᠢᠩᠭᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶᠠᠨ ᠤ ᠱᠦᠵᠢ ᠶᠦᠨ ᠭᠤᠸᠠᠩ ᠵᠦᠩ ᠬᠠᠮᠲᠤ ᠤᠷᠤᠯᠴᠠᠪᠠ᠃

  

  

  

 

 
  
ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com