ᠰᠢ ᠶᠢᠨ ᠫᠢᠩ᠄ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠥ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠪᠠᠳᠤ ᠡᠵᠡᠮᠳᠡᠨ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ ᠬᠡᠷᠡᠭᠳᠡᠢ

  ᠰᠢᠨᠬᠤᠸᠠ ᠬᠤᠷᠢᠶᠠᠨ ᠤ ᠵᠢᠶᠠᠩᠰᠦ ᠶᠢᠨ ᠰᠢᠦ᠋ᠢᠵᠸᠥ ᠶᠢᠨ 12 ᠰᠠᠷ᠎ᠠ ᠶᠢᠨ 13᠎ ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠵᠢᠶᠠᠩᠰᠦ ᠶᠢᠨ ᠰᠢᠦ᠋ᠢᠵᠸᠥ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠬᠤ ᠪᠤᠯ ᠤᠳᠤᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠬᠡ ᠮᠥᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠤᠢᠢᠯᠠᠭᠠᠨ ᠤᠨᠤᠪᠴᠢᠳᠠᠢ ᠡᠵᠡᠮᠰᠢᠵᠥ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠯᠠᠪᠳᠠᠭᠤᠨ ᠪᠠᠳᠤᠳᠠᠢ ᠲᠤᠤᠱᠯᠠᠭᠤᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠢᠨ᠎ᠡ ᠴᠠᠭ ᠦᠶ᠎ᠠ ᠶᠢᠨ ᠰᠢᠨ᠎ᠡ ᠱᠠᠭᠠᠷᠳᠠᠯᠭ᠎ᠠ ᠶᠢ ᠪᠠᠳᠤ ᠡᠵᠡᠮᠳᠡᠨ᠂ ᠨᠠᠮ ᠪᠤᠯᠤᠨ ᠤᠯᠤᠰ ᠤᠨ ᠡᠯ᠎ᠡ ᠵᠦᠢᠯ ᠤᠨ ᠦᠢᠯᠡᠰ ᠤᠨ ᠲᠠᠰᠤᠷᠠᠯᠳᠡ ᠦᠭᠡᠢ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃

  12 ᠰᠠᠷ᠎ᠠ ᠶᠢᠨ 13᠎ ᠤ ᠡᠳᠦᠷ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠵᠢᠶᠠᠩᠰᠦ ᠶᠢᠨ ᠰᠢᠦ᠋ᠢᠵᠸᠥ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 12᠎ ᠤᠨ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠰᠢᠦ᠋ᠢᠵᠸᠥ ᠶᠢᠨ ᠢᠨᠵᠧᠨᠧᠷᠢᠩ ᠤᠨ ᠮᠠᠰᠢᠨ ᠮᠧᠬᠠᠨᠢᠭ ᠤᠨ ᠪᠦᠯᠥᠭᠯᠡᠯ ᠤᠨ ᠬᠦᠨᠳᠤ ᠬᠡᠯᠪᠡᠷᠢ ᠶᠢᠨ ᠮᠠᠰᠢᠨ ᠮᠧᠬᠠᠨᠢᠭ ᠤᠨ ᠬᠢᠵᠠᠭᠠᠷᠳᠤ ᠺᠤᠮᠫᠠᠨᠢ ᠳᠤ ᠺᠤᠮᠫᠠᠨᠢ ᠶᠢᠨ ᠬᠦᠳᠡᠯᠮᠦᠷᠢ ᠶᠢᠨ ᠵᠢᠱᠢᠶᠡᠴᠢ᠂ ᠮᠡᠷᠭᠡᠵᠢᠯ ᠤᠨ ᠰᠤᠳᠤᠨ ᠬᠦᠮᠦᠰ ᠵᠡᠷᠭᠡ ᠠᠵᠢᠯᠴᠢᠨ ᠠᠵᠢᠯᠳᠠᠨ ᠤ ᠲᠦᠯᠦᠭᠡᠯᠡᠭᠴᠢᠳ ᠲᠠᠢ ᠠᠭᠤᠯᠵᠠᠵᠤ᠂ ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠲᠡᠮᠡᠴᠡᠯ ᠳᠤᠮᠳᠠ ᠬᠦᠮᠦᠨ ᠪᠤᠯᠭᠠᠨ ᠡᠷᠳᠡᠮ ᠴᠢᠳᠠᠪᠤᠷᠢ ᠪᠠᠨ ᠪᠠᠳᠠᠷᠠᠭᠤᠯᠬᠤ ᠪᠠᠷ ᠴᠢᠷᠮᠠᠶᠢᠭᠠᠷᠠᠢ ᠭᠡᠵᠤ ᠵᠤᠷᠢᠭᠵᠢᠭᠤᠯᠪᠠ᠃

  ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠭᠦᠳᠡᠷᠯᠡᠪᠡ

  ᠡᠪᠤᠯ ᠴᠠᠭ ᠤᠨ ᠵᠢᠶᠠᠩᠰᠦ ᠶᠢᠨ ᠬᠤᠶᠢᠳᠤ ᠬᠡᠰᠡᠭ ᠲᠤ᠂ ᠬᠠᠬᠢᠷ ᠬᠦᠢᠳᠡᠨ ᠪᠤᠯᠪᠠᠴᠤ ᠠᠮᠢ ᠠᠮᠢᠵᠢᠷᠠᠯ ᠢᠶᠠᠷ ᠪᠢᠯᠬᠠᠮ᠎ᠠ ᠪᠠᠶᠢᠯ᠎ᠠ᠃ 12 ᠰᠠᠷ᠎ᠠ ᠶᠢᠨ 12᠎ ᠠᠴᠠ 13᠎ ᠤ ᠡᠳᠤᠷ ᠪᠤᠯᠳᠠᠯ᠎ᠠ᠂ ᠰᠢ ᠶᠢᠨ ᠫᠢᠩ ᠵᠢᠶᠠᠩᠰᠦ ᠮᠤᠵᠢ ᠶᠢᠨ ᠨᠠᠮ ᠤᠨ ᠬᠤᠷᠢᠶᠠᠨ ᠤ ᠱᠦᠵᠢ ᠯᠸᠥ ᠴᠢᠨ ᠵᠢᠶᠠᠨ᠂ ᠮᠤᠵᠢ ᠶᠢᠨ ᠲᠠᠷᠤᠭ᠎ᠠ ᠦ᠋ ᠵᠧᠩ ᠯᠥᠩ ᠤᠨ ᠪᠡᠷ᠎ᠡ ᠪᠤᠯᠤᠯᠭ᠎ᠠ ᠲᠠᠢ ᠪᠠᠷ ᠰᠢᠦ᠋ᠢᠵᠸᠥ ᠬᠤᠳᠠ ᠶᠢᠨ ᠠᠵᠥ ᠠᠬᠤᠢᠢᠯᠠᠯ᠂ ᠬᠦᠳᠡᠭᠡ ᠲᠤᠰᠬᠤᠨ᠂ ᠬᠤᠪᠢᠰᠬᠠᠯ ᠤᠨ ᠲᠤᠷᠠᠰᠬᠠᠯ ᠤᠨ ᠤᠷᠳᠤᠨ ᠳᠤ ᠬᠦᠨᠵᠡᠬᠡᠶᠢᠷᠡᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠤᠳᠤᠬᠠᠨ ᠤ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠳᠠᠯ ᠤᠨ ᠲᠤᠬᠠᠢ ᠰᠢᠨᠵᠢᠯᠡᠨ ᠪᠠᠶᠢᠴᠠᠭᠠᠪᠠ᠃

  12᠎ ᠤᠨ ᠡᠳᠤᠷ᠂ ᠰᠢ ᠶᠢᠨ ᠫᠢᠩ ᠪᠡᠭᠡᠵᠢᠩ ᠠᠴᠠ ᠰᠢᠦ᠋ᠢᠵᠸᠥ ᠳᠤ ᠬᠦᠷᠦᠭᠰᠡᠡ ᠤ ᠲᠠᠷᠠᠭ᠎ᠠ᠂ ᠶᠠᠭᠤᠨ ᠤ ᠡᠮᠤᠨ᠎ᠡ ᠰᠢᠦ᠋ᠢᠵᠸᠥ ᠶᠢᠨ ᠢᠨᠵᠧᠨᠧᠷᠢᠩ ᠤᠨ ᠮᠠᠰᠢᠨ ᠮᠧᠬᠠᠨᠢᠭ ᠤᠨ ᠪᠦᠯᠥᠭᠯᠡᠯ ᠤᠨ ᠬᠦᠨᠳᠤ ᠬᠡᠯᠪᠡᠷᠢ ᠶᠢᠨ ᠮᠠᠰᠢᠨ ᠮᠧᠬᠠᠨᠢᠭ ᠤᠨ ᠬᠢᠵᠠᠭᠠᠷᠳᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠰᠢᠦ᠋ᠢᠵᠸᠥ ᠶᠢᠨ ᠢᠨᠵᠧᠨᠧᠷᠢᠩ ᠤᠨ ᠮᠠᠰᠢᠨ ᠮᠧᠬᠠᠨᠢᠭ ᠤᠨ ᠪᠦᠯᠥᠭᠯᠡᠯ ᠪᠤᠯ 1943 ᠤᠨ ᠳᠤ ᠪᠠᠶᠢᠭᠤᠯᠤᠭᠳᠠᠭᠰᠠᠠ ᠨᠠᠢᠮᠠᠳᠤᠭᠠᠷ ᠵᠠᠮ ᠤᠨ ᠴᠡᠷᠢᠭ ᠤᠨ ᠯᠤ᠋ ᠨᠠᠨ ᠨᠠᠢᠮᠠᠳᠤᠭᠠᠷ ᠵᠠᠷ ᠵᠡᠪᠰᠡᠭ ᠤᠨ ᠦᠢᠯᠡᠳᠪᠤᠷᠢ ᠠᠴᠠ ᠬᠦᠭᠵᠢᠵᠥ ᠢᠷᠡᠭᠰᠡᠡ ᠶᠤᠮ᠂ ᠤᠢᠢᠷ᠎ᠡ ᠶᠢᠨ ᠵᠢᠯ ᠠᠴᠠ ᠪᠡᠶ᠎ᠡ ᠪᠠᠨ ᠲᠠᠭᠠᠭᠠᠵᠥ ᠰᠤᠳᠤᠯᠤᠨ ᠡᠭᠦᠳᠦᠭᠰᠡᠨ ᠤᠯᠠᠨ ᠵᠦᠢᠯ ᠤᠨ ᠬᠦᠨᠳᠤ ᠬᠡᠯᠪᠡᠷᠢ ᠶᠢᠨ ᠮᠠᠰᠢᠨ ᠮᠧᠬᠠᠨᠢᠭ ᠤᠨ ᠵᠠᠬ᠎ᠠ ᠲᠡᠯᠬᠡᠬᠦᠷ ᠲᠤ ᠡᠵᠡᠯᠡᠬᠦ ᠨᠤᠷᠮ᠎ᠠ ᠨᠢ ᠴᠦᠮ ᠡᠮᠤᠨ᠎ᠡ ᠡᠩᠨᠡᠬᠡᠨ ᠳᠤ ᠤᠷᠤᠵᠥ᠂ ᠦᠢᠯᠡᠳᠬᠦᠨ ᠨᠢ ᠲᠡᠯᠡᠬᠡᠢ ᠳᠤ ᠪᠤᠷᠤᠯᠠᠭᠤᠯᠤᠭᠳᠠᠵᠥ᠂ ᠤᠯᠤᠰ ᠤᠨ ᠤᠶᠤᠨᠳᠤ ᠦᠢᠯᠡᠳᠬᠡᠯ ᠢ ᠰᠤᠳᠤᠯᠤᠨ ᠨᠡᠬᠡᠬᠡᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠳᠤ ᠤᠷᠤᠯᠴᠠᠬᠤ᠂ ᠨᠢᠬᠡ ᠪᠦᠰᠡ ᠨᠢᠬᠡ ᠵᠠᠮ᠎ ᠤᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠵᠡᠷᠬᠡ ᠲᠡᠯ᠎ᠡ ᠪᠠᠷ ᠴᠢᠬᠤᠯᠠ ᠠᠬᠢᠴᠠ ᠲᠠᠢ᠃ ᠰᠢ ᠶᠢᠨ ᠫᠢᠩ ᠦᠵᠡᠬᠦᠯᠥᠯᠬᠡ ᠶᠢᠨ ᠰᠠᠮᠪᠠᠷ᠎ᠠ ᠲᠠᠢ ᠤᠶᠠᠯᠳᠤᠭᠤᠯᠤᠨ ᠠᠵᠥ ᠠᠬᠤᠢᠢᠯᠠᠯ ᠤᠨ ᠡᠵᠡᠩᠨᠡᠯᠳᠡ ᠬᠦᠭᠵᠢᠯᠲᠠ᠂ ᠪᠡᠶ᠎ᠡ ᠪᠠᠨ ᠲᠠᠭᠠᠭᠠᠵᠥ ᠰᠢᠨ᠎ᠡ ᠶᠢ ᠡᠬᠦᠳᠬᠦ᠂ ᠤᠯᠠᠨ ᠤᠯᠤᠰ ᠤᠨ ᠬᠠᠮᠳᠤᠷᠠᠯᠴᠠᠭ᠎ᠠ᠂ ᠴᠢᠳᠠᠪᠤᠷᠢᠳᠡᠨ ᠬᠦᠮᠥᠵᠢᠬᠦᠯᠬᠦ᠂ ᠨᠠᠮ ᠤᠨ ᠪᠠᠶᠢᠭᠤᠯᠤᠯᠳᠠ ᠵᠡᠷᠬᠡ ᠲᠠᠯ᠎ᠠ ᠶᠢᠨ ᠪᠠᠶᠢᠳᠠᠯ ᠢ ᠨᠠᠷᠢᠨ ᠤᠢᠢᠯᠠᠭᠠᠵᠥ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠴᠠᠭ ᠦᠶ᠎ᠡ ᠶᠢᠨ ᠬᠦᠭᠵᠢᠯᠳᠡ ᠳᠤ ᠵᠤᠬᠢᠴᠠᠬᠤ ᠲᠠᠯ᠎ᠠ ᠪᠠᠷ ᠤᠯᠤᠭᠰᠠᠠ ᠠᠮᠵᠢᠯᠳᠠ ᠶᠢ ᠨᠢ ᠨᠤᠳᠠᠯᠠᠪᠠ᠃ ᠲᠡᠷᠡ᠂ ᠤᠯᠤᠰ ᠤᠨ ᠦᠮᠴᠢᠯᠡᠯ ᠤᠨ ᠠᠵᠥ ᠠᠬᠤᠢᠢᠯᠠᠯ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠴᠢᠬᠤᠯᠠ ᠪᠤᠳᠠᠰ ᠤᠨ ᠰᠠᠭᠤᠷᠢ ᠪᠤᠯᠤᠨ ᠤᠯᠤᠰ ᠲᠦᠷᠦ ᠶᠢᠨ ᠰᠠᠭᠤᠷᠢ ᠪᠤᠯᠤᠨ᠎ᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠵᠥ ᠠᠬᠤᠢ ᠶᠢᠨ ᠨᠢᠷᠤᠭᠤ ᠲᠤᠯᠭᠠᠭᠤᠷᠢ ᠪᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠪᠠᠶᠢᠷᠢᠯᠠᠭᠤᠯᠤᠯᠳᠠ ᠶᠤᠰᠤᠭᠠᠷ ᠤᠯᠤᠰ ᠤᠨ ᠦᠮᠴᠢᠯᠡᠯ ᠤᠨ ᠠᠵᠥ ᠠᠬᠤᠢᠢᠯᠠᠯ ᠤᠨ ᠦᠭᠡᠷᠡᠴᠢᠯᠡᠯᠳᠡ ᠪᠠᠨ ᠬᠦᠨᠵᠡᠬᠡᠶᠢᠷᠡᠬᠦᠯᠵᠥ᠂ ᠡᠵᠡᠩᠨᠡᠯᠳᠠ ᠬᠠᠮᠢᠶᠠᠷᠤᠯᠳᠡ ᠶᠢᠨ ᠲᠦᠪᠰᠢᠨ ᠢᠶᠠᠨ ᠲᠡᠭᠡᠭᠰᠢᠯᠡᠬᠦᠯᠬᠦ ᠶᠢ ᠠᠬᠢᠭᠤᠯᠵᠤ᠂ ᠤᠯᠤᠰ ᠤᠨ ᠦᠮᠴᠢᠯᠡᠯ ᠤᠨ ᠠᠵᠥ ᠠᠬᠤᠢᠢᠯᠠᠯ ᠢ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠲᠤᠤᠱᠯᠠᠭᠤᠯᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢᠨ ᠭᠤᠤᠯ ᠬᠦᠴᠦᠨ ᠪᠤᠯᠭᠠᠵᠥ᠂ ᠮᠠᠨ ᠤ ᠨᠠᠮ ᠤᠨ ᠲᠦᠷᠦ ᠪᠠᠷᠢᠵᠥ ᠤᠯᠤᠰ ᠢᠶᠠᠨ ᠮᠠᠨᠳᠤᠭᠤᠯᠬᠤ ᠴᠢᠬᠤᠯᠠ ᠲᠤᠯᠭᠠᠭᠤᠷᠢ ᠪᠤᠯᠤᠨ ᠨᠠᠶᠢᠳᠠᠪᠤᠷᠢᠳᠡᠢ ᠬᠦᠴᠦᠨ ᠪᠤᠯᠭᠠᠬᠤ ᠬᠡᠷᠡᠭᠳᠡᠢ ᠬᠡᠵᠥ ᠴᠢᠬᠤᠯᠠᠴᠢᠯᠠᠪᠠ᠃

  ᠰᠢ ᠶᠢᠨ ᠫᠢᠩ ᠺᠤᠮᠫᠠᠨᠢ ᠶᠢᠨ ᠡᠷᠭᠦᠭᠦᠯ ᠮᠠᠰᠢᠨ ᠤ ᠰᠠᠭᠤᠷᠢ ᠶᠢ ᠳᠤᠨᠤᠬᠯᠠᠬᠤ ᠦᠢᠯᠡᠳᠪᠦᠷᠢ ᠶᠢᠨ ᠲᠠᠰᠤᠬ ᠲᠤ ᠬᠦᠷᠴᠤ᠂ ᠤᠶᠤᠨᠴᠢ ᠦᠢᠯᠡᠳᠪᠦᠷᠢᠯᠡᠯ ᠤᠨ ᠱᠤᠭᠤᠮ ᠢ ᠪᠠᠶᠢᠴᠠᠭᠠᠨ ᠦᠵᠡᠵᠦ᠂ ᠤᠶᠤᠨᠴᠢ ᠮᠤᠰᠬᠢᠬᠤ ᠰᠢᠰᠲ᠋ᠧᠮ᠂ ᠲᠤᠭᠠᠴᠢᠯᠠᠬᠰᠠᠨ ᠲᠤᠨᠤᠬᠯᠠᠬᠤ ᠤᠷᠠᠯᠠᠯ ᠵᠢᠴᠢ ᠰᠢᠨ᠎ᠡ ᠪᠠᠷ ᠦᠢᠯᠡᠳᠪᠤᠷᠢᠯᠡᠵᠤ ᠭᠠᠷᠠᠭᠠᠭᠰᠠᠨ ᠭᠠᠵᠠᠷ ᠳᠡᠭᠡᠷᠡᠬᠢ ᠡᠷᠭᠦᠭᠦᠯ ᠮᠠᠰᠢᠨ ᠤ ᠪᠦᠲᠦᠭᠡᠭᠳᠡᠭᠦᠨ ᠤ ᠦᠢᠯᠡᠳᠪᠦᠷᠢᠯᠡᠯ ᠤᠨ ᠶᠠᠪᠤᠴᠠ ᠪᠤᠯᠤᠨ ᠮᠡᠷᠭᠡᠵᠢᠯ ᠤᠨ ᠭᠤᠤᠯ ᠠᠨᠢᠰᠤ ᠶᠢ ᠤᠢᠢᠯᠠᠭᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠤᠮᠤ ᠳ᠋ᠠᠶᠢᠲ᠋ᠠ ᠶᠢᠨ ᠲᠠᠪᠴᠠᠩ ᠤᠨ ᠬᠡᠷᠡᠭᠯᠡᠭᠡᠨ ᠤ ᠦᠵᠡᠭᠦᠯᠦᠯᠭᠡ ᠶᠢ ᠦᠵᠡᠵᠦ᠂ ᠠᠵᠤ ᠠᠬᠤᠢᠢᠯᠠᠯ ᠤᠨ ᠦᠢᠯᠡᠳᠬᠦ ᠦᠢᠯᠡᠰ ᠤᠨ ᠦᠢᠯᠡᠴᠢᠯᠡᠭᠡᠵᠢᠯᠳᠠ ᠪᠠ ᠲᠤᠮᠤ ᠳ᠋ᠠᠶᠢᠲ᠋ᠠ ᠶᠢᠨ ᠠᠯᠤᠰ ᠡᠵᠡᠮᠰᠢᠯ ᠤᠨ ᠦᠢᠯᠡᠴᠢᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠤᠬᠠᠢ ᠶᠢᠨ ᠲᠠᠯᠠᠪᠤᠷ ᠤᠨ ᠠᠵᠢᠯᠴᠢᠳ ᠲᠠᠢ ᠲᠤᠲᠤᠨᠤ ᠪᠠᠷ ᠰᠤᠯᠢᠯᠴᠠᠪᠠ᠃ ᠲᠡᠷᠡ ᠪᠠᠰᠠ ᠮᠠᠰᠢ ᠪᠠᠭ᠋ᠠᠳᠠᠢ ᠪᠠᠷ ᠺᠤᠮᠫᠠᠨᠢ ᠶᠢᠨ ᠪᠡᠶ᠎ᠡ ᠪᠠᠨ ᠲᠠᠭᠠᠭᠠᠵᠥ ᠰᠤᠳᠤᠯᠤᠨ ᠡᠭᠦᠳᠦᠭᠰᠡᠨ XCA220 ᠬᠡᠯᠪᠡᠷᠢ ᠶᠢᠨ ᠭᠠᠵᠠᠷ ᠳᠡᠭᠡᠷᠡᠬᠢ ᠬᠦᠷᠳᠦᠳᠦ ᠮᠠᠶ᠋ᠢᠭ ᠤᠨ ᠡᠷᠭᠦᠭᠦᠯ ᠮᠠᠰᠢᠨ ᠤ ᠵᠢᠯᠤᠭᠤᠳᠬᠤ ᠲᠠᠰᠤᠬ ᠲᠤ ᠭᠠᠷᠴᠤ᠂ ᠮᠡᠷᠭᠡᠵᠢᠯ ᠤᠨ ᠠᠵᠢᠯᠲᠠᠨ ᠠᠴᠠ ᠮᠡᠷᠭᠡᠵᠢᠯ ᠤᠨ ᠰᠢᠨ᠎ᠡ ᠶᠢ ᠡᠭᠦᠳᠦᠭᠰᠡᠨ ᠨᠠᠷᠢᠯᠢᠬ ᠵᠦᠢᠯᠡᠰ ᠪᠠ ᠠᠵᠢᠯᠯᠠᠭᠤᠯᠬᠤ ᠶᠠᠪᠤᠴᠠ ᠶᠢ ᠨᠠᠷᠢᠨ ᠯᠠᠪᠯᠠᠨ ᠠᠰᠠᠭᠤᠪᠠ᠃ ᠰᠢ ᠶᠢᠨ ᠫᠢᠩ᠂ ᠪᠤᠲᠠᠲᠤ ᠴᠤᠬᠴᠠ ᠶᠢᠨ ᠠᠵᠤ ᠠᠬᠤᠢ ᠶᠢ ᠬᠦᠭᠵᠢᠭᠦᠯᠦᠨ ᠪᠤᠵᠠᠭᠠᠢᠢᠷᠠᠭᠤᠯᠬᠤ ᠶᠢ ᠡᠷᠬᠡᠪᠰᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠪᠤᠲᠠᠲᠤ ᠴᠤᠬᠴᠠ ᠶᠢᠨ ᠠᠵᠤ ᠠᠬᠤᠢ ᠶᠢ ᠠᠳᠬᠤᠬᠤ ᠳᠤ ᠡᠷᠬᠡᠪᠰᠢ ᠦᠢᠯᠡᠳᠬᠦ ᠦᠢᠯᠡᠰ ᠢ ᠰᠠᠶᠢᠳᠤᠷ ᠠᠳᠬᠤᠬᠤ ᠬᠡᠷᠡᠭᠲᠡᠢ᠃ ᠲᠤᠨᠤᠭ ᠲᠦᠬᠦᠬᠡᠷᠤᠮᠵᠢ ᠦᠢᠯᠡᠳᠬᠦ ᠦᠢᠯᠡᠰ ᠪᠤᠯ ᠦᠢᠯᠡᠳᠬᠦ ᠦᠢᠯᠡᠰ ᠤᠨ ᠨᠢᠷᠤᠭᠤ ᠲᠤᠯᠭᠠᠭᠤᠷᠢ ᠮᠦᠨ᠂ ᠤᠷᠤᠭᠤᠯᠤᠯᠲᠠ ᠪᠠᠨ ᠨᠡᠮᠡᠭᠳᠡᠭᠦᠯᠵᠦ᠂ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠬᠦᠭᠵᠢᠯᠲᠡ ᠶᠢ ᠲᠦᠷᠭᠡᠳᠬᠡᠵᠦ᠂ ᠳᠡᠯᠡᠬᠡᠢ ᠶᠢᠨ ᠠᠰᠢᠬᠲᠠᠢ ᠪᠠᠶᠢᠷᠢ ᠶᠢ ᠡᠵᠡᠯᠡᠵᠦ᠂ ᠮᠡᠷᠭᠡᠵᠢᠯ ᠤᠨ ᠲᠠᠯ᠎ᠠ ᠶᠢᠨ ᠦᠭᠡ ᠬᠡᠯᠡᠬᠦ ᠡᠷᠬᠡ ᠶᠢ ᠴᠢᠷᠮᠠᠶᠢᠨ ᠡᠵᠡᠮᠳᠡᠵᠦ᠂ ᠮᠠᠨ ᠤ ᠤᠯᠤᠰ ᠢ ᠤᠳᠤ ᠦᠶ᠎ᠡ ᠶᠢᠨ ᠲᠤᠨᠤᠭ ᠲᠦᠬᠦᠬᠡᠷᠤᠮᠵᠢ ᠦᠢᠯᠡᠳᠬᠦ ᠲᠤᠮᠤ ᠤᠯᠤᠰ ᠪᠤᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠪᠤᠯ ᠠᠵᠤ ᠠᠬᠤᠢᠢᠯᠠᠯ ᠤᠨ ᠭᠤᠤᠯ ᠦᠷᠢᠰᠦᠯᠳᠦᠬᠦ ᠬᠦᠴᠦᠨ ᠤ ᠡᠬᠢ ᠪᠤᠯᠠᠭ ᠮᠦᠨ᠂ ᠮᠠᠰᠢ ᠤᠯᠠᠨ ᠭᠤᠤᠯᠳᠠᠯᠭ᠎ᠠ ᠲᠠᠢ ᠮᠡᠷᠭᠡᠵᠢᠯ ᠢ ᠪᠤᠯ ᠭᠤᠶᠤᠵᠤ ᠤᠯᠳᠠᠭ ᠦᠭᠡᠢ᠂ ᠬᠤᠳᠠᠯᠳᠤᠨ ᠠᠪᠴᠤ ᠴᠢᠳᠠᠳᠠᠭ ᠦᠭᠡᠢ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠤᠨ ᠬᠤᠪᠢᠰᠤᠯᠳᠠ᠂ ᠦᠷ᠎ᠡ ᠪᠦᠳᠦᠮᠵᠢ ᠶᠢᠨ ᠬᠤᠪᠢᠰᠤᠯᠳᠠ᠂ ᠬᠦᠳᠡᠯᠭᠡᠬᠦ ᠬᠦᠴᠦᠨ ᠤ ᠬᠤᠪᠢᠰᠣᠯᠲᠠ ᠶᠢ ᠠᠬᠢᠭᠤᠯᠬᠤ ᠲᠤᠬᠠᠢ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠦᠢᠯᠡᠳᠭᠡᠯ ᠠᠴᠠ ᠳᠤᠮᠳᠠᠳᠤ ᠤᠯᠤᠰ ᠤᠨ ᠡᠭᠦᠳᠦᠯᠳᠡ ᠪᠤᠯᠵᠥ ᠬᠤᠪᠢᠷᠠᠬᠤ᠂ ᠳᠤᠮᠳᠠᠳᠤ ᠤᠯᠤᠰ ᠤᠨ ᠬᠤᠷᠳᠤᠴᠠ ᠠᠴᠠ ᠳᠤᠮᠳᠠᠳᠤ ᠤᠯᠤᠰ ᠤᠨ ᠶᠠᠰᠤ ᠴᠢᠨᠠᠷ ᠪᠤᠯᠤᠨ ᠬᠤᠪᠢᠷᠠᠬᠤ᠂ ᠳᠤᠮᠳᠠᠳᠤ ᠤᠯᠤᠰ ᠤᠨ ᠦᠢᠯᠡᠳᠬᠦᠨ ᠠᠴᠠ ᠳᠤᠮᠳᠠᠳᠤ ᠤᠯᠤᠰ ᠤᠨ ᠨᠡᠷᠡᠲᠤ ᠲᠡᠮᠳᠡᠭ ᠪᠤᠯᠤᠨ ᠬᠤᠪᠢᠷᠠᠬᠤ ᠶᠢ ᠪᠡᠶᠡᠯᠡᠭᠦᠯᠬᠦ ᠳᠤ ᠡᠷᠬᠡᠪᠰᠢ ᠢᠲᠡᠭᠡᠯ ᠵᠤᠷᠢᠬ ᠲᠠᠢ᠂ ᠳᠡᠰᠪᠤᠷᠢ ᠳᠡᠪᠴᠢᠶᠠᠷᠢ ᠲᠠᠢ᠂ ᠲᠤᠬᠳᠠᠯ ᠬᠦᠴᠦᠨ ᠲᠠᠢ ᠪᠠᠷ ᠪᠡᠶ᠎ᠡ ᠪᠠᠨ ᠳᠠᠭᠠᠵᠤ ᠰᠢᠨ᠎ᠡ ᠶᠢ ᠡᠭᠦᠳᠬᠦ ᠶᠢ ᠰᠠᠶᠢᠳᠤᠷ ᠠᠳᠬᠤᠬᠤ ᠬᠡᠷᠡᠭᠲᠡᠢ᠃ ᠤᠯᠤᠰ ᠤᠨ ᠦᠮᠴᠢᠯᠡᠯ ᠤᠨ ᠠᠵᠤ ᠠᠬᠤᠢᠢᠯᠠᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠡᠯᠡᠳᠬᠡᠯ ᠬᠦᠴᠦᠨ ᠪᠤᠯᠵᠤ᠂ ᠤᠯᠠᠨ ᠤᠯᠤᠰ ᠤᠨ ᠪᠠᠷᠢᠮᠵᠢᠶ᠎ᠠ ᠶᠢ ᠤᠨᠢᠯᠠᠨ ᠬᠦᠭᠵᠢᠯᠲᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠤᠯᠤᠰ ᠤᠨ ᠠᠵᠤ ᠦᠢᠯᠡᠰ ᠤᠨ ᠪᠦᠬᠦ ᠪᠦᠮᠪᠦᠷᠴᠡᠭ ᠤᠨ ᠦᠷᠲᠡᠭ ᠤᠨ ᠬᠡᠯᠬᠢᠶ᠎ᠡ ᠶᠢᠨ ᠳᠤᠮᠳᠠ ᠦᠨᠳᠦᠷ ᠳᠠᠪᠬᠤᠷᠭ᠎ᠠ ᠳᠤ ᠤᠷᠤᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠰᠢᠦ᠋ᠢᠵᠸᠤ ᠶᠢᠨ ᠢᠨᠵᠧᠨᠧᠷᠢᠩ ᠤᠨ ᠮᠠᠰᠢᠨ ᠮᠧᠬᠠᠨᠢᠭ ᠤᠨ ᠪᠦᠯᠥᠭᠯᠡᠯ ᠳᠡᠯᠡᠬᠡᠢ ᠶᠢᠨ ᠬᠤᠰᠢᠭᠤᠴᠢ ᠬᠦᠷᠢᠶ᠎ᠠ ᠳᠤ ᠬᠠᠨᠳᠤᠵᠤ᠂ ᠰᠢᠨ᠎ᠡ ᠶᠢ ᠡᠭᠦᠳᠬᠦ ᠬᠦᠭᠵᠢᠯᠲᠡ ᠶᠢᠨ ᠰᠠᠶᠢᠨ ᠬᠡᠪ ᠵᠠᠭᠪᠤᠷ᠂ ᠰᠠᠶᠢᠨ ᠲᠤᠷᠰᠢᠯᠭ᠎ᠠ ᠶᠢ ᠴᠢᠷᠮᠠᠶᠢᠨ ᠰᠦᠪᠡᠭᠴᠢᠯᠡᠬᠦ ᠬᠡᠷᠡᠭᠳᠠᠢ ᠭᠡᠵᠦ ᠵᠤᠷᠢᠬᠵᠢᠭᠤᠯᠪᠠ᠃

  ᠦᠢᠯᠡᠳᠪᠦᠷᠢ ᠶᠢᠨ ᠲᠠᠰᠤᠬ ᠤᠨ ᠭᠠᠳᠠᠨᠠᠬᠢ ᠠᠭᠤᠳᠠᠮ ᠲᠠᠯᠠᠪᠠᠢ ᠳᠡᠭᠡᠷ᠎ᠡ᠂ ᠺᠤᠮᠫᠠᠨᠢ ᠶᠢᠨ ᠦᠢᠯᠡᠳᠪᠦᠷᠢᠯᠡᠭᠰᠡᠨ ᠡᠷᠭᠦᠭᠦᠯ ᠮᠠᠰᠢᠨ᠂ ᠲᠠᠬᠰᠢᠷᠠᠭᠤᠯᠬᠤ ᠮᠠᠰᠢᠨ᠂ ᠬᠤᠰᠤᠨ ᠵᠦᠭᠡᠭᠡᠪᠦᠷᠢᠯᠡᠬᠦ ᠮᠠᠰᠢᠨ᠂ ᠵᠠᠮ ᠲᠡᠪᠢᠰᠬᠦ ᠮᠠᠰᠢᠨ᠂ ᠪᠣᠯᠠᠭᠠᠷᠢ ᠪᠤᠯᠠᠬᠤ ᠮᠠᠰᠢᠨ ᠵᠡᠷᠭᠡ ᠬᠡᠳᠦᠨ ᠠᠷᠪᠠᠨ ᠢᠨᠵᠧᠨᠧᠷᠢᠩ ᠤᠨ ᠮᠠᠰᠢᠨ ᠮᠧᠬᠠᠨᠢᠭ ᠤᠨ ᠦᠢᠯᠡᠳᠬᠦᠨ ᠡᠮᠬᠢ ᠲᠢᠭᠯᠢᠮ ᠲᠠᠢ ᠵᠢᠭᠰᠠᠵᠤ᠂ ᠠᠭᠤᠯᠠᠷᠬᠠᠬ ᠭᠠᠵᠠᠷ ᠤᠨ ᠮᠠᠯᠳᠠᠭᠤᠷ ᠮᠠᠰᠢᠨ ᠶᠠᠬ ᠠᠵᠢᠯᠯᠠᠬᠤ ᠦᠵᠡᠭᠦᠯᠦᠯᠭᠡ ᠬᠢᠵᠦ ᠪᠠᠶᠢᠵᠠᠢ᠃ ᠰᠢ ᠶᠢᠨ ᠫᠢᠩ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠦᠢᠯᠡᠳᠬᠦᠨ ᠤ ᠴᠢᠳᠠᠪᠬᠢ᠂ ᠬᠡᠷᠡᠭᠴᠡᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠤᠢᠢᠯᠠᠭᠠᠵᠤ᠂ ᠠᠵᠤ ᠠᠬᠤᠢᠢᠯᠠᠯ ᠤᠨ ᠬᠢᠨ ᠮᠡᠷᠭᠡᠵᠢᠯ ᠤᠨ ᠳᠠᠪᠠᠭᠤᠯᠢᠬ ᠢᠶᠠᠨ ᠲᠠᠰᠤᠷᠠᠯᠲᠠ ᠦᠭᠡᠢ ᠦᠷᠭᠡᠳᠬᠡᠵᠦ᠂ ᠨᠡᠩ ᠶᠡᠭᠡ ᠵᠠᠬ᠎ᠠ ᠳᠡᠯᠭᠡᠭᠦᠷ ᠲᠠᠢ ᠪᠤᠯᠵᠤ᠂ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠨᠡᠩ ᠶᠡᠭᠡ ᠦᠷ᠎ᠡ ᠠᠰᠢᠬ ᠡᠭᠦᠳᠬᠦ ᠶᠢ ᠬᠦᠰᠡᠨ ᠨᠠᠶᠢᠳᠠᠪᠠ᠃

  ᠳᠠᠷᠠᠭ᠎ᠠ ᠨᠢ᠂ ᠰᠢ ᠶᠢᠨ ᠫᠢᠩ ᠠᠭᠤᠳᠠᠮ ᠲᠠᠯᠠᠪᠠᠢ ᠳᠡᠭᠡᠷ᠎ᠠ ᠺᠤᠮᠫᠠᠨᠢ ᠶᠢᠨ ᠬᠦᠳᠡᠯᠮᠦᠷᠢ ᠶᠢᠨ ᠵᠢᠱᠢᠶᠡᠴᠢ᠂ ᠮᠡᠷᠭᠡᠵᠢᠯ ᠤᠨ ᠰᠤᠳᠤᠨ ᠬᠦᠮᠦᠰ ᠵᠡᠷᠭᠡ ᠠᠵᠢᠯᠴᠢᠨ ᠠᠵᠢᠯᠳᠠᠨ ᠤ ᠲᠦᠯᠦᠭᠡᠯᠡᠭᠴᠢᠳ ᠲᠠᠢ ᠠᠭᠤᠯᠵᠠᠵᠠᠢ᠃ ᠲᠡᠷᠡ ᠤᠷᠭᠢᠯᠤᠮ᠎ᠠ ᠬᠠᠯᠠᠭᠤᠨ ᠰᠡᠳᠭᠢᠯᠭᠡ ᠪᠠᠷ ᠠᠵᠢᠯᠴᠢᠨ ᠠᠵᠢᠯᠳᠠᠨ ᠳᠤ᠂ ᠰᠢᠦ᠋ᠢᠵᠸᠤ ᠶᠢᠨ ᠢᠨᠵᠧᠨᠧᠷᠢᠩ ᠤᠨ ᠮᠠᠰᠢᠨ ᠮᠧᠬᠠᠨᠢᠭ ᠤᠨ ᠪᠦᠯᠥᠭᠯᠡᠯ ᠭᠡᠷᠡᠯ ᠰᠠᠴᠤᠷᠠᠩᠭᠤᠢ ᠲᠡᠤᠬᠡ ᠲᠠᠢ ᠶᠤᠮ᠂ ᠯᠠᠪᠲᠠᠢ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠤᠮ᠃ ᠮᠠᠨ ᠤ ᠤᠯᠤᠰ ᠤᠨ ᠠᠵᠤ ᠠᠬᠤᠢ ᠳᠡᠭᠡᠳᠦ ᠬᠤᠷᠳᠤᠴᠠᠳᠦ ᠨᠡᠮᠡᠭᠳᠡᠯ ᠠᠴᠠ ᠦᠨᠳᠦᠷ ᠶᠠᠰᠤ ᠴᠢᠨᠠᠷ ᠲᠠᠢ ᠬᠦᠭᠵᠢᠯᠲᠠ ᠲᠡᠰᠢ ᠰᠢᠯᠵᠢᠵᠤ ᠪᠤᠢ᠂ ᠡᠨᠡ ᠪᠤᠯ ᠡᠷᠬᠡᠪᠰᠢ ᠳᠠᠪᠠᠭ᠋ᠤ ᠳᠠᠪᠠᠭ᠎ᠠ ᠪᠤᠯᠤᠨ᠎ᠠ᠂ ᠠᠵᠤ ᠦᠢᠯᠡᠰ ᠪᠤᠯᠭᠠᠨ᠂ ᠠᠵᠤ ᠠᠬᠤᠢᠢᠯᠠᠯ ᠪᠤᠯᠭᠠᠨ ᠡᠨᠡᠬᠦ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠬᠤ ᠬᠡᠷᠡᠭᠲᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠵᠢᠷᠤᠭ ᠲᠦᠰᠦᠪ ᠢ ᠵᠢᠷᠤᠭᠯᠠᠵᠤ᠂ ᠦᠷ᠎ᠠ ᠪᠦᠲᠦᠭᠡᠯ ᠢ ᠨᠢ ᠬᠦᠮᠦᠨ ᠪᠤᠯᠭᠠᠨ ᠡᠳ᠋ᠯᠡᠬᠦ ᠪᠤᠯᠤᠨ᠎ᠠ᠂ ᠬᠠᠷᠢᠭᠤᠴᠠᠯᠭ᠎ᠠ ᠶᠢ ᠨᠢ ᠴᠤ ᠬᠦᠮᠦᠨ ᠪᠤᠯᠭᠠᠨ ᠡᠭᠦᠷᠭᠡᠯᠡᠬᠦ ᠬᠡᠷᠡᠭᠲᠠᠢ᠃ ᠦᠷᠭᠡᠨ ᠤᠯᠠᠨ ᠠᠵᠤ ᠠᠬᠤᠢᠢᠯᠠᠯ ᠤᠨ ᠠᠵᠢᠯᠳᠠᠨ ᠠᠵᠢᠯᠴᠢᠨ ᠰᠢᠨ᠎ᠠ ᠴᠠᠭ ᠦᠶ᠎ᠠ ᠶᠢᠨ ᠠᠵᠢᠯᠴᠢᠨ ᠠᠩᠭᠢ ᠶᠢᠨ ᠤᠮᠤᠭ ᠪᠠᠭ᠋ᠠᠳᠤᠯᠳᠤ ᠰᠡᠳᠭᠢᠯᠭᠡ ᠪᠠ ᠬᠠᠷᠢᠭᠤᠴᠠᠯᠭᠠᠲᠦ ᠰᠡᠳᠭᠢᠯᠭᠡ ᠪᠠᠨ ᠴᠢᠩᠭᠠᠳᠬᠠᠵᠤ᠂ ᠲᠤᠬᠠᠢᠢᠯᠠᠭᠰᠠᠨ ᠠᠵᠢᠯ ᠢᠶᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠤ᠂ ᠰᠢᠷᠭᠠᠭᠤ ᠲᠡᠮᠡᠴᠡᠨ ᠬᠤᠪᠢ ᠨᠡᠮᠡᠷᠢ ᠦᠵᠡᠭᠦᠯᠵᠤ᠂ ᠬᠦᠳᠡᠯᠮᠦᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ ᠪᠤᠯᠤᠨ ᠤᠷᠠᠨ ᠳᠠᠷᠬᠠᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠲᠡᠮᠡᠴᠡᠯ ᠳᠤᠮᠳᠠ ᠬᠦᠮᠦᠨ ᠪᠤᠯᠭᠠᠨ ᠡᠷᠳᠡᠮ ᠴᠢᠳᠠᠪᠤᠷᠢ ᠪᠠᠨ ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠠᠢ ᠭᠡᠵᠤ ᠬᠡᠯᠡᠪᠡ᠃

  ᠰᠢᠦ᠋ᠢᠵᠸᠤ ᠶᠢᠨ ᠢᠨᠵᠧᠨᠧᠷᠢᠩ ᠤᠨ ᠮᠠᠰᠢᠨ ᠮᠧᠬᠠᠨᠢᠭ ᠤᠨ ᠪᠦᠯᠦᠭᠯᠡᠯ ᠠᠴᠠ ᠰᠠᠯᠤᠭᠠᠳ᠂ ᠰᠢ ᠶᠢᠨ ᠫᠢᠩ ᠲᠡᠷᠭᠡ ᠪᠠᠷ ᠰᠢᠦ᠋ᠢᠵᠸᠤ ᠬᠤᠲᠠ ᠶᠢᠨ ᠵᠢᠶᠠ ᠸᠠᠩ ᠲᠤᠭᠤᠷᠢᠭ ᠤᠨ ᠫᠠᠨ ᠠᠨ ᠨᠡᠭᠦᠷᠡᠰᠦᠨ ᠠᠭᠤᠷᠬᠠᠢ ᠶᠢᠨ ᠨᠤᠷᠠᠭᠰᠠᠨ ᠤᠷᠤᠨ ᠢ ᠴᠡᠭᠴᠡᠯᠡᠨ ᠵᠠᠰᠠᠬᠤ ᠢᠨᠵᠧᠨᠧᠷᠢᠩ ᠤᠨ ᠱᠧᠨ ᠨᠦᠩ ᠭᠠᠷᠠᠮ ᠳᠤ ᠬᠦᠷᠴᠤ ᠰᠢᠨᠵᠢᠯᠡᠨ ᠪᠠᠶᠢᠴᠠᠭᠠᠪᠠ᠃ ᠦᠩᠭᠡᠷᠡᠭᠰᠡᠨ ᠤ ᠲᠡᠷᠡᠬᠦ ᠠᠳᠠᠷᠰᠢᠵᠤ ᠬᠤᠪᠠᠭ᠋ᠠᠶᠢᠷᠠᠭᠰᠠᠨ ᠨᠡᠭᠦᠷᠡᠰᠦᠨ ᠠᠭᠤᠷᠬᠠᠢ ᠶᠢᠨ ᠨᠤᠷᠠᠭᠰᠠᠨ ᠤᠷᠤᠨ ᠨᠢ ᠠᠮᠢ ᠠᠬᠤᠢ ᠶᠢ ᠨᠢ ᠰᠡᠯᠪᠢᠨ ᠵᠠᠰᠠᠬᠤ᠂ ᠦᠵᠡᠮᠵᠢ ᠶᠢᠨ ᠤᠷᠤᠨ ᠪᠦᠲᠦᠭᠡᠨ ᠪᠠᠶᠢᠭᠤᠯᠬᠤ ᠪᠠᠷ ᠳᠠᠮᠵᠢᠨ᠂ ᠨᠢᠭᠡᠨᠳᠡ ᠨᠠᠭᠤᠷ ᠤᠨ ᠤᠰᠤ ᠮᠡᠯᠲᠡᠩᠨᠡᠭᠰᠡᠨ᠂ ᠤᠳᠠ ᠤᠯᠢᠶᠠᠰᠤ ᠨᠠᠬᠢᠯᠵᠠᠭᠰᠠᠨ ᠨᠤᠭᠤ ᠭᠠᠵᠠᠷ ᠤᠨ ᠦᠵᠡᠮᠵᠢ ᠶᠢᠨ ᠤᠷᠤᠨ ᠪᠤᠯᠵᠠᠢ᠃ ᠰᠢ ᠶᠢᠨ ᠫᠢᠩ ᠨᠤᠷᠠᠭᠰᠠᠨ ᠤᠷᠤᠨ ᠢ ᠴᠡᠭᠴᠡᠯᠡᠨ ᠵᠠᠰᠠᠭᠰᠠᠨ ᠪᠠ ᠡᠬᠢ ᠪᠠᠶᠠᠯᠢᠭ ᠬᠤᠮᠰᠠᠳᠠᠭᠰᠠᠨ ᠮᠠᠶ᠋ᠢᠭ ᠤᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠵᠦ ᠪᠠᠶᠢᠭ᠎ᠠ ᠪᠠᠶᠢᠳᠠᠯ ᠤᠨ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ᠂ ᠨᠠᠭᠤᠷ ᠤᠨ ᠬᠦᠪᠡᠭᠡᠨ ᠳᠤ ᠠᠯᠬᠤᠨ ᠬᠦᠷᠴᠤ ᠦᠵᠡᠮᠵᠢ ᠶᠢᠨ ᠤᠷᠤᠨ ᠤ ᠰᠢᠨ᠎ᠠ ᠳᠦᠷᠰᠦ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠡᠬᠢ ᠪᠠᠶᠠᠯᠢᠭ ᠬᠤᠮᠰᠠᠳᠠᠭᠰᠠᠨ ᠭᠠᠵᠠᠷ ᠤᠷᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠪᠤᠯ ᠨᠢᠭᠡ ᠲᠤᠮᠤ ᠶᠠᠪᠤᠳᠠᠯ ᠪᠤᠯᠤᠨ᠎ᠠ᠂ ᠦᠢᠯᠡᠳᠦᠯᠭᠡ ᠭᠡᠷᠡᠴᠢᠯᠡᠭᠰᠡᠨ ᠨᠢ᠂ ᠡᠨᠡᠬᠦ ᠲᠤᠮᠤ ᠶᠠᠪᠤᠳᠠᠯ ᠢ ᠰᠠᠶᠢᠨ ᠬᠢᠵᠤ ᠪᠤᠯᠤᠨ᠎ᠠ᠂ ᠵᠠᠩᠭᠢᠯᠠᠭ᠎ᠠ ᠨᠢ ᠰᠢᠨ᠎ᠠ ᠬᠦᠭᠵᠢᠯᠲᠠ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠦᠢᠯᠡᠳᠪᠦᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠪᠤᠯᠪᠠᠰᠤᠨ ᠬᠦᠭᠵᠢᠯᠲᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠠᠢ᠃ ᠨᠡᠭᠦᠷᠡᠰᠦᠨ ᠠᠭᠤᠷᠬᠠᠢ ᠶᠢᠨ ᠨᠤᠷᠠᠭᠰᠠᠨ ᠤᠷᠤᠨ ᠢ ᠴᠡᠭᠴᠡᠯᠡᠨ ᠵᠠᠰᠠᠭᠰᠠᠨ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢ ᠠᠩᠬᠠᠷᠬᠤ ᠬᠡᠷᠡᠭᠲᠠᠢ ᠭᠡᠵᠤ ᠢᠯᠡᠳᠭᠡᠵᠠᠢ᠃

  ᠳᠠᠷᠠᠭ᠎ᠠ ᠨᠢ᠂ ᠰᠢ ᠶᠢᠨ ᠫᠢᠩ ᠪᠠᠰᠠ ᠤᠢᠢᠷᠠᠯᠴᠠᠭ᠎ᠠ ᠪᠠᠶᠢᠭ᠎ᠠ ᠫᠠᠨ ᠠᠨ ᠬᠤ᠋ ᠵᠡᠭᠡᠯᠢ ᠶᠢᠨ ᠮᠠ ᠵᠤᠸᠠᠩ ᠲᠤᠰᠬᠤᠨ ᠳᠤ ᠬᠦᠷᠴᠤ ᠰᠢᠨᠵᠢᠯᠡᠨ ᠪᠠᠶᠢᠴᠠᠭᠠᠪᠠ᠃ ᠲᠤᠰᠬᠤᠨ ᠤ ᠲᠡᠤᠬᠡ ᠶᠢᠨ ᠤᠷᠳᠤᠨ ᠳᠤ᠂ ᠰᠢ ᠶᠢᠨ ᠫᠢᠩ ᠵᠢᠷᠤᠭ ᠰᠡᠭᠦᠳᠡᠷ ᠦᠵᠡᠵᠦ᠂ ᠪᠢᠴᠢᠭ ᠮᠠᠲ᠋ᠧᠷᠢᠶᠠᠯ ᠦᠵᠡᠵᠦ᠂ ᠪᠤᠳᠠᠳᠤ ᠪᠤᠳᠠᠰ ᠢ ᠨᠢ ᠦᠵᠡᠵᠤ᠂ ᠲᠤᠰ ᠲᠤᠰᠬᠤᠨ ᠤ ᠬᠢᠨ ᠭᠠᠭᠴᠠ ᠨᠡᠭᠦᠷᠡᠰᠦ ᠪᠠᠷ ᠭᠤᠤᠯᠯᠠᠵᠤ ᠪᠠᠶᠢᠭᠰᠠᠨ ᠠᠴᠠ ᠪᠠᠨ ᠤᠯᠠᠨ ᠵᠦᠢᠯ ᠤᠨ ᠠᠵᠤ ᠦᠢᠯᠡᠰ ᠢ ᠬᠠᠮᠳᠤ ᠳᠤᠨᠢ ᠬᠦᠭᠵᠢᠭᠦᠯᠬᠦ ᠪᠤᠯᠵᠤ ᠬᠤᠪᠢᠷᠠᠭᠰᠠᠨ ᠲᠤᠷᠰᠢᠯᠭ᠎ᠠ ᠶᠢ ᠨᠤᠳᠠᠯᠠᠵᠤ᠂ ᠤᠨᠴᠠᠯᠢᠭᠲᠤ ᠠᠵᠤ ᠦᠢᠯᠡᠰ᠂ ᠤᠨᠴᠠᠯᠢᠭᠲᠤ ᠠᠵᠤ ᠠᠬᠤᠢ ᠶᠢ ᠬᠦᠭᠵᠢᠭᠦᠯᠬᠦ ᠪᠤᠯ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠭᠠᠵᠠᠷ ᠤᠷᠤᠨ ᠤ ᠪᠠᠶᠢᠳᠠᠯ ᠳᠠᠭᠠᠨ ᠳᠤᠬᠢᠷᠠᠭᠤᠯᠤᠨ ᠰᠠᠶᠢᠳᠦᠷ ᠲᠦᠯᠦᠪᠵᠢᠭᠦᠯᠵᠤ ᠨᠠᠶᠢᠳᠠᠪᠣᠷᠢᠵᠢᠭᠤᠯᠬᠤ ᠬᠡᠷᠡᠭᠲᠠᠢ ᠭᠡᠵᠤ ᠵᠢᠭᠠᠵᠤ ᠭᠠᠷᠭᠠᠵᠠᠢ᠃ ᠨᠠᠮ ᠤᠨ ᠭᠡᠰᠢᠭᠦᠳ ᠤᠨ ᠬᠦᠳᠡᠯᠭᠡᠭᠡᠨ ᠤ ᠲᠠᠰᠤᠭ ᠲᠤ᠂ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠪᠠᠶᠢᠭᠰᠠᠨ ᠨᠠᠮ ᠤᠨ ᠭᠡᠰᠢᠭᠦᠳ ᠤᠨ ᠳᠤᠮᠳᠠ ᠬᠦᠷᠴᠤ᠂ ᠳᠡᠳᠡᠨ ᠤ ᠰᠤᠷᠤᠯᠴᠠᠭᠰᠠᠨ ᠤᠯᠤᠯᠳᠠ ᠲᠦᠷᠦᠭᠳᠡᠯ ᠢ ᠨᠢ ᠰᠤᠨᠤᠰᠴᠤ᠂ ᠳᠡᠳᠡᠨ ᠤ ᠰᠤᠷᠤᠯᠴᠠᠯᠭ᠎ᠠ ᠶᠢᠨ ᠳᠡᠮᠳᠡᠭᠯᠡᠯ ᠢ ᠨᠢ ᠦᠵᠡᠵᠤ᠂ ᠳᠡᠳᠡᠨ ᠤ ᠬᠠᠮᠤᠭ ᠤᠨ ᠭᠦᠨ ᠲᠦᠷᠦᠭᠳᠡᠯ ᠨᠢ ᠶᠠᠭᠤ ᠪᠤᠯᠬᠤ᠂ ᠶᠠᠮᠠᠷ ᠰᠠᠨᠠᠯ ᠪᠠ ᠰᠠᠨᠠᠭᠤᠯᠭ᠎ᠠ ᠪᠠᠶᠢᠬᠤ ᠵᠡᠷᠭᠡ ᠶᠢ ᠠᠰᠠᠭᠤᠵᠤ᠂ ᠲᠡᠳᠡᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠢᠳᠡᠪᠬᠢ ᠦᠢᠯᠡᠳᠦᠯ ᠦᠵᠡᠬᠦᠯᠬᠦ ᠶᠢ ᠬᠦᠰᠡᠪᠡ᠃ ᠲᠡᠷᠡ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯ ᠬᠦᠳᠡᠭᠡ ᠲᠤᠰᠬᠤᠨ ᠤ ᠡᠯ᠎ᠠ ᠵᠤᠬᠢᠶᠠᠨ ᠪᠠᠶᠢᠭᠤᠯᠤᠯᠳᠠ ᠪᠤᠯᠤᠨ ᠡᠯ᠎ᠠ ᠲᠦᠷᠦᠯ ᠤᠨ ᠠᠵᠢᠯ ᠤᠨ ᠤᠳᠤᠷᠢᠳᠬᠤ ᠭᠤᠤᠯᠯᠠᠭᠴᠢ ᠪᠤᠯᠤᠨ᠎ᠠ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠡᠭᠦᠷᠭᠡ ᠴᠢᠳᠠᠪᠬᠢ ᠶᠢ ᠴᠢᠩᠭᠠᠳᠬᠠᠵᠤ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠨᠠᠮ ᠤᠨ ᠵᠤᠷᠢᠯᠳᠠ ᠶᠢ ᠤᠬᠠᠭᠤᠯᠬᠤ᠂ ᠨᠠᠮ ᠤᠨ ᠰᠢᠢᠳᠪᠦᠷᠢ ᠶᠢ ᠲᠤᠤᠱᠯᠠᠭᠤᠯᠬᠤ᠂ ᠦᠨᠳᠦᠰᠦᠨ ᠱᠠᠳᠤᠨ ᠤ ᠵᠠᠰᠠᠯᠲᠠ ᠶᠢ ᠤᠳᠤᠷᠢᠳᠬᠤ᠂ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ ᠦᠭᠡᠷᠡᠴᠢᠯᠡᠯᠲᠡ ᠬᠦᠭᠵᠢᠯᠳᠡ ᠶᠢ ᠠᠬᠢᠭᠤᠯᠬᠤ ᠪᠠᠳᠤ ᠴᠢᠩᠭ᠎ᠠ ᠳᠠᠶᠢᠴᠢᠨ ᠪᠠᠬᠢᠯᠡᠯᠲᠡ ᠪᠤᠯᠭᠠᠬᠤ ᠬᠡᠷᠡᠭᠲᠠᠢ ᠭᠡᠵᠤ ᠵᠢᠭᠠᠵᠤ ᠭᠠᠷᠭᠠᠵᠠᠢ᠃

  ᠲᠤᠰᠬᠤᠨ ᠤ ᠠᠩᠬᠢᠯᠤᠮ᠎ᠠ ᠦᠨᠦᠷ ᠲᠠᠢ ᠬᠠᠳᠬᠤᠮᠠᠯ ᠤᠭᠤᠳᠠ ᠦᠢᠯᠡᠳᠬᠦ ᠲᠠᠰᠤᠭ ᠲᠤ᠂ ᠰᠢ ᠶᠢᠨ ᠫᠢᠩ ᠲᠤᠰᠬᠤᠨ ᠤ ᠠᠷᠠᠳ ᠤᠨ ᠦᠢᠯᠡᠳᠦᠭᠰᠡᠨ ᠡᠯ᠎ᠠ ᠵᠦᠢᠯ ᠤᠨ ᠬᠠᠳᠬᠤᠮᠠᠯ ᠤᠭᠤᠳᠠ ᠶᠢ ᠰᠤᠨᠢᠷᠬᠠᠪᠠ᠃ 80 ᠨᠠᠰᠤᠲᠠᠢ ᠲᠤᠰᠬᠤᠨ ᠤ ᠠᠷᠠᠳ ᠸᠠᠩ ᠰᠢᠤ ᠶᠢᠩ ᠶᠡᠷᠦᠩᠬᠡᠢ ᠱᠦᠵᠢ ᠳᠤ᠂ ᠮᠢᠨᠦ ᠬᠢᠳᠠᠳ ᠡᠮ ᠤᠨ ᠠᠩᠬᠢᠯᠤᠮ᠎ᠠ ᠦᠨᠦᠷ ᠲᠠᠢ ᠬᠠᠳᠬᠤᠮᠠᠯ ᠤᠭᠤᠳᠠ ᠶᠢᠨ ᠪᠤᠷᠤᠯᠠᠭᠤᠯᠭ᠎ᠠ ᠮᠠᠰᠢ ᠰᠠᠶᠢᠨ᠂ ᠵᠢᠯ ᠪᠦᠷᠢ ᠶᠢᠨ ᠴᠡᠪᠡᠷ ᠤᠷᠤᠯᠭ᠎ᠠ 20 ᠭᠠᠷᠤᠢ ᠲᠦᠮᠡᠨ ᠲᠦᠭᠦᠷᠢᠭ ᠲᠤ ᠬᠦᠷᠴᠤ ᠪᠠᠶᠢᠨ᠎ᠠ ᠭᠡᠵᠤ ᠬᠡᠯᠡᠵᠤ ᠦᠭᠪᠡ᠃ ᠰᠢ ᠶᠢᠨ ᠫᠢᠩ ᠬᠠᠳᠬᠤᠮᠠᠯ ᠤᠭᠤᠳᠠ ᠶᠢ ᠨᠢ ᠠᠳᠬᠤᠵᠤ ᠦᠵᠡᠭᠡᠳ ᠲᠡᠭᠦᠨ ᠢ ᠤᠷᠠᠨ ᠭᠠᠷ ᠲᠠᠢ ᠬᠡᠮᠡᠨ ᠮᠠᠭᠳᠠᠭᠰᠠᠨ ᠪᠦᠭᠡᠳ ᠦᠪᠡᠷ ᠢᠶᠠᠨ ᠵᠤᠭᠤᠰ ᠭᠠᠷᠭᠠᠵᠤ ᠨᠢᠭᠡ ᠶᠢ ᠬᠤᠳᠠᠯᠳᠤᠨ ᠠᠪᠴᠤ᠂ ᠪᠢ ᠪᠠᠰᠠ ᠲᠠᠨ ᠤ ᠮᠠᠶᠢᠮᠠᠢ ᠶᠢ ᠳᠡᠮᠵᠢᠶ᠎ᠠ ᠭᠡᠵᠤ ᠢᠨᠢᠶᠡᠨ ᠬᠡᠯᠡᠯ᠎ᠠ᠃

  ᠲᠤᠰᠬᠤᠨ ᠤ ᠶᠠᠷᠤᠩᠬᠡᠶᠢᠯᠡᠭᠰᠡᠨ ᠤᠢᠢᠯᠡᠴᠢᠯᠡᠬᠡᠨ ᠤ ᠲᠠᠰᠤᠬ ᠲᠤ᠂ ᠤᠴᠢᠷ ᠶᠡᠪᠤᠳᠠᠯ ᠪᠦᠳᠤᠬᠡᠬᠦ ᠪᠠᠷ ᠢᠷᠡᠭᠰᠡᠨ ᠤᠯᠠᠨ ᠲᠦᠮᠡᠨ ᠶᠠᠭ ᠮᠡᠳᠡᠭᠡ ᠵᠠᠩᠬᠢ ᠶᠢ ᠢᠯᠠ ᠪᠤᠯᠭᠠᠬᠤ ᠲᠠᠪᠴᠠᠩ ᠢᠶᠠᠷ ᠲᠤᠰᠬᠤᠨ ᠤ ᠶᠠᠪᠤᠳᠠᠯ ᠤᠨ ᠮᠡᠳᠡᠭᠡ ᠵᠠᠩᠬᠢ ᠶᠢ ᠤᠢᠢᠯᠠᠭᠠᠵᠤ ᠪᠠᠶᠢᠪᠠ᠃ ᠰᠢ ᠶᠢᠨ ᠫᠢᠩ ᠲᠡᠳᠡᠨ ᠲᠠᠢ ᠵᠤᠭᠤᠳᠠᠵᠤ᠂ ᠲᠧᠯᠸᠢᠰ ᠤᠨ ᠴᠡᠬᠡᠨ ᠬᠦᠰᠢᠬᠡ ᠪᠠᠷ ᠮᠡᠳᠡᠭᠡ ᠵᠠᠩᠬᠢ ᠶᠢ ᠢᠯᠠ ᠪᠤᠯᠭᠠᠬᠤ ᠰᠤᠷᠢᠯᠳᠠ ᠶᠢ ᠦᠵᠡᠵᠤ᠂ ᠺᠤᠮᠫᠢᠦ᠋ᠲ᠋ᠧᠷ ᠢᠶᠠᠷ ᠲᠤᠰᠬᠤᠨ ᠤ ᠠᠷᠠᠳ ᠤᠨ ᠬᠤᠯᠪᠤᠬᠳᠠᠯ ᠪᠦᠬᠦᠢ ᠶᠠᠪᠤᠳᠠᠯ ᠢ ᠬᠡᠷᠬᠢᠨ ᠯᠠᠪᠯᠠᠬᠤ ᠶᠠᠪᠤᠴᠠ ᠶᠢ ᠤᠢᠢᠯᠠᠭᠠᠵᠤ᠂ ᠲᠤᠬᠠᠢ ᠶᠢᠨ ᠭᠠᠵᠠᠷ ᠤᠨ ᠺᠠᠳ᠋ᠷ ᠢ ᠲᠤᠰᠬᠤᠨ ᠤ ᠶᠠᠪᠤᠳᠠᠯ ᠢ ᠢᠯᠠ ᠪᠤᠯᠭᠠᠬᠤ ᠪᠠ ᠮᠡᠳᠡᠭᠡ ᠵᠠᠩᠬᠢ ᠶᠢᠨ ᠤᠢᠢᠯᠡᠴᠢᠯᠡᠭᠡ ᠶᠢᠨ ᠠᠵᠢᠯ ᠢ ᠡᠷᠬᠡᠪᠰᠢ ᠰᠠᠶᠢᠳᠤᠷ ᠬᠢᠵᠤ᠂ ᠲᠤᠭ᠎ᠠ ᠪᠠᠷᠢᠮᠳᠠ ᠶᠢ ᠢᠯᠡᠬᠦᠤ ᠭᠦᠶᠦᠯᠭᠡᠵᠦ᠂ ᠤᠯᠠᠨ ᠲᠦᠮᠡᠨ ᠢ ᠲᠤᠳᠠᠭᠤ ᠬᠦᠶᠤᠯᠬᠡᠬᠦ ᠶᠢ ᠦᠨᠡᠨᠬᠦ ᠪᠡᠶᠡᠯᠡᠬᠦᠯᠬᠦ ᠭᠡᠷᠡᠭᠳᠠᠢ ᠬᠡᠵᠤ ᠵᠠᠬᠢᠪᠠ᠃ ᠲᠤᠰᠬᠤᠨ ᠤ ᠰᠤᠶᠤᠯ ᠤᠨ ᠶᠤᠰᠤᠯᠠᠯ ᠤᠨ ᠲᠠᠩᠬᠢᠮ ᠳᠤ᠂ ᠰᠢ ᠶᠢᠨ ᠫᠢᠩ ᠲᠤᠰᠬᠤᠨ ᠤ ᠠᠷᠠᠳ ᠤᠨ ᠬᠦᠭᠵᠢᠮ ᠤᠨ ᠪᠦᠯᠬᠦᠮ ᠤᠨ ᠬᠢᠨ ᠤ ᠵᠤᠬᠢᠶᠠᠨ ᠪᠠᠶᠢᠭᠤᠯᠤᠭᠰᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠤᠬᠠᠭᠤᠯᠬᠤ ᠴᠠᠷᠬᠢᠯ ᠬᠤᠯᠪᠤᠭ᠎ᠠ ᠶᠢᠨ ᠲᠤᠬᠯᠠᠯᠳᠠ ᠶᠢ ᠦᠵᠡᠬᠡᠳ᠂ ᠲᠡᠳᠡᠨ ᠢ ᠰᠠᠶᠢᠬᠠᠨ ᠵᠤᠬᠢᠶᠠᠨ ᠪᠦᠳᠦᠭᠡᠵᠥ᠂ ᠰᠠᠶᠢᠬᠠᠨ ᠲᠤᠭᠯᠠᠵᠤ ᠪᠠᠶᠢᠨ᠎ᠠ ᠬᠡᠵᠤ ᠮᠠᠬᠳᠠᠨ ᠰᠠᠶᠢᠰᠢᠶᠠᠵᠤ᠂ ᠲᠡᠳᠡᠨ ᠢ ᠲᠤᠰᠬᠤᠨ ᠤ ᠠᠷᠠᠳ ᠤᠨ ᠰᠤᠶᠤᠯ ᠤᠨ ᠠᠮᠢᠳᠤᠷᠠᠯ ᠢ ᠪᠠᠶᠠᠯᠢᠡᠡᠵᠢᠭᠤᠯᠬᠤ ᠳᠤ ᠨᠡᠩ ᠢᠯᠡᠬᠦᠤ ᠬᠤᠪᠢ ᠨᠡᠮᠡᠷᠢ ᠦᠵᠡᠬᠦᠯᠤᠬᠡᠷᠡᠢ ᠬᠡᠵᠤ ᠵᠤᠷᠢᠬᠵᠢᠭᠤᠯᠪᠠ᠃ ᠰᠢ ᠶᠢᠨ ᠫᠢᠩ᠂ ᠬᠦᠳᠡᠭᠡ ᠲᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠪᠤᠯ ᠮᠠᠰᠢ ᠴᠢᠬᠤᠯᠠ ᠶᠤᠮ᠂ ᠪᠤᠳᠠᠰ ᠨᠢ ᠤᠶᠤᠨ ᠤ ᠬᠢ ᠪᠤᠯᠵᠤ᠂ ᠤᠶᠤᠨ ᠨᠢ ᠪᠤᠳᠠᠰ ᠤᠨ ᠬᠢ ᠪᠤᠯᠬᠤ ᠪᠤᠯ ᠬᠤᠪᠢᠰᠤᠩᠭᠤᠢ ᠠᠷᠭ᠎ᠠ ᠶᠢᠨ ᠦᠵᠡᠯᠳᠡ ᠪᠤᠯᠤᠨ᠎ᠠ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠳᠤ ᠪᠤᠳᠠᠰ ᠤᠨ ᠪᠤᠯᠪᠠᠰᠤᠨ ᠪᠤᠯᠤᠨ ᠤᠶᠤᠨ ᠤ ᠪᠤᠯᠪᠠᠰᠤᠨ ᠢ ᠵᠡᠷᠬᠡᠪᠡᠷ ᠠᠳᠬᠤᠵᠤ᠂ ᠲᠠᠷᠢᠶᠠᠴᠢᠳ ᠤᠨ ᠤᠶᠤᠨ ᠰᠠᠨᠠᠭᠠᠨ ᠤ ᠲᠦᠷᠢ ᠲᠦᠷᠬᠦ ᠶᠢ ᠲᠡᠭᠡᠭᠰᠢᠯᠡᠬᠦᠯᠬᠦ ᠶᠢ ᠤᠨᠴᠠᠭᠠᠢᠢᠯᠠᠨ ᠴᠢᠬᠤᠯᠠᠴᠢᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃

  ᠮᠠ ᠵᠤᠸᠠᠩ ᠲᠤᠰᠬᠤᠨ ᠠᠴᠠ ᠰᠠᠯᠬᠤ ᠦᠶ᠎ᠡ ᠳᠤ᠂ ᠴᠢᠮᠡᠭᠡ ᠤᠯᠵᠤ ᠬᠦᠷᠤᠯᠴᠡᠨ ᠢᠷᠡᠭᠰᠡᠨ ᠲᠤᠰᠬᠤᠨ ᠤ ᠠᠷᠠᠳ ᠲᠠᠭᠤᠨ ᠨᠢᠬᠡᠳᠠᠢ ᠪᠠᠷ ᠶᠠᠷᠤᠩᠬᠡᠢ ᠱᠦᠵᠢ ᠶᠢᠨ ᠠᠮᠤᠷ ᠢ ᠠᠰᠠᠭᠤᠬᠤ ᠳᠤ᠂ ᠰᠢ ᠶᠢᠨ ᠫᠢᠩ ᠤᠯᠠᠨ ᠲᠠᠢ ᠭᠠᠷ ᠠᠳᠬᠤᠵᠤ᠂ ᠲᠠᠶᠠᠭᠠᠷ ᠤᠨ ᠡᠷᠡᠬᠦᠯ ᠮᠡᠨᠳᠦ ᠵᠤᠯ ᠵᠢᠷᠭᠠᠯ ᠲᠠᠢ᠂ ᠠᠮᠢᠳᠤᠷᠠᠯ ᠨᠢ ᠡᠳᠤᠷ ᠠᠴᠠ ᠡᠳᠦᠷ ᠦᠭᠡᠳᠡᠯᠡᠬᠦ ᠶᠢ ᠢᠷᠦᠭᠡᠨ ᠵᠦᠩᠨᠡᠪᠡ᠃ ᠠᠯᠠᠭ᠎ᠠ ᠲᠠᠰᠢᠯᠳᠠ᠂ ᠢᠨᠢᠶᠡᠬᠦ ᠲᠠᠭᠤᠨ᠂ ᠪᠠᠶᠠᠷᠯᠠᠯᠳᠤᠨ ᠬᠠᠰᠬᠢᠷᠬᠤ ᠲᠠᠭᠤᠨ ᠤᠳᠠᠳᠠᠯ᠎ᠠ ᠦᠷᠬᠦᠯᠵᠢᠯᠡᠪᠡ᠃

  13᠎ ᠤ ᠦᠳᠡ ᠶᠢᠨ ᠬᠤᠶᠢᠨ᠎ᠠ᠂ ᠰᠢ ᠶᠢᠨ ᠫᠢᠩ ᠰᠢᠦ᠋ᠢᠵᠸᠤ ᠶᠢᠨ ᠭᠠᠷᠤᠳᠢ ᠠᠭᠤᠯᠠ ᠶᠢᠨ ᠵᠡᠬᠦᠨ ᠬᠤᠷᠮᠤᠢ ᠳᠤ ᠬᠦᠷᠴᠤ᠂ ᠬᠤᠸᠠᠢ ᠬᠠᠢ ᠶᠢᠨ ᠲᠠᠶᠢᠯᠠᠯᠳᠤᠭᠠᠨ ᠳᠤ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠰᠤᠪᠤᠷᠭ᠎ᠠ ᠶᠢ ᠪᠠᠷᠠᠳᠠᠵᠤ᠂ ᠬᠤᠸᠠᠢ ᠬᠠᠢ ᠶᠢᠨ ᠲᠠᠶᠢᠯᠠᠯᠳᠤᠭᠠᠨ ᠤ ᠲᠤᠷᠠᠰᠬᠠᠯ ᠤᠨ ᠤᠷᠳᠤᠨ ᠢᠶᠠᠷ ᠲᠤᠭᠤᠷᠢᠨ ᠦᠵᠡᠪᠡ᠃ ᠬᠤᠸᠠᠢ ᠬᠠᠢ ᠶᠢᠨ ᠲᠠᠶᠢᠯᠠᠯᠳᠤᠭᠠᠨ ᠪᠤᠯ ᠳᠤᠮᠳᠠᠳᠤ ᠤᠯᠤᠰ ᠤᠨ ᠠᠷᠠᠳ ᠤᠨ ᠴᠢᠯᠤᠬᠡᠯᠡᠬᠦ ᠲᠠᠶᠢᠨ ᠤ ᠰᠢᠢᠳᠪᠤᠷᠢᠯᠡᠬᠦ ᠠᠴᠢ ᠬᠤᠯᠪᠤᠬᠳᠠᠯ ᠪᠦᠬᠦᠢ ᠴᠢᠬᠤᠯᠠ ᠲᠠᠶᠢᠯᠠᠯᠳᠤᠭᠠᠨ ᠪᠤᠯᠤᠨ᠎ᠠ᠂ ᠪᠦᠬᠦ ᠳᠤᠮᠳᠠᠳᠤ ᠤᠯᠤᠰ ᠢ ᠴᠢᠯᠤᠬᠡᠯᠡᠬᠦ ᠳᠤ ᠴᠢᠬᠤᠯᠠ ᠤᠢᠢᠯᠡᠳᠤᠯ ᠦᠵᠡᠬᠦᠯᠪᠠ᠃ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠰᠤᠪᠤᠷᠭ᠎ᠠ ᠶᠢᠨ ᠡᠮᠤᠨ᠎ᠠ᠂ ᠰᠢ ᠶᠢᠨ ᠫᠢᠩ ᠬᠤᠸᠠᠢ ᠬᠠᠢ ᠶᠢᠨ ᠲᠠᠶᠢᠯᠠᠯᠳᠤᠭᠠᠨ ᠤ ᠦᠷᠡᠭᠳᠡᠭᠰᠡᠨ ᠪᠠᠭᠠᠳᠤᠷᠴᠤᠳ ᠲᠤ ᠰᠠᠬᠰᠤ ᠲᠠᠢ ᠴᠡᠴᠡᠭ ᠬᠦᠷᠬᠡᠵᠤ᠂ ᠭᠤᠷᠪᠠᠨᠳᠠ ᠶᠤᠰᠤᠯᠠᠪᠠ᠃ ᠲᠤᠷᠠᠰᠬᠠᠯ ᠤᠨ ᠤᠷᠳᠤᠨ ᠳᠤ᠂ ᠰᠢ ᠶᠢᠨ ᠫᠢᠩ ᠲᠠᠶᠢᠨ ᠤ ᠡᠮᠤᠨᠡᠬᠢ ᠪᠠᠶᠢᠳᠠᠯ᠂ ᠲᠠᠶᠢᠨ ᠬᠢᠭᠰᠡᠨ᠂ ᠠᠷᠠᠳ ᠲᠦᠮᠡᠨ ᠡᠮᠤᠨ᠎ᠠ ᠹᠷᠤᠨᠲ ᠢ ᠲᠤᠰᠠᠯᠠᠬᠰᠠᠨ ᠵᠡᠷᠬᠡ ᠬᠡᠰᠡᠭ ᠢ ᠭᠤᠤᠯᠳᠠᠯᠭ᠎ᠠ ᠲᠠᠢ ᠲᠤᠭᠤᠷᠢᠨ ᠦᠵᠡᠵᠤ᠂ ᠲᠠᠶᠢᠯᠪᠤᠷᠢᠯᠠᠭᠴᠢ ᠶᠢᠨ ᠲᠠᠶᠢᠯᠪᠤᠷᠢᠯᠠᠬᠤ ᠶᠢ ᠰᠤᠨᠤᠰᠬᠤ ᠶᠢᠨ ᠲᠠᠭᠠᠤ ᠵᠠᠷᠢᠮ ᠨᠠᠷᠢᠨ ᠵᠦᠢᠯᠡᠰ ᠢ ᠠᠰᠠᠭᠤᠨ ᠯᠠᠪᠯᠠᠵᠤ᠂ ᠪᠠᠶᠢᠨ ᠳᠠᠬᠢᠨ ᠵᠤᠭᠰᠤᠵᠤ ᠨᠠᠷᠢᠨ ᠠᠵᠢᠬᠯᠠᠵᠤ᠂ ᠭᠦᠨ᠎ᠠ ᠪᠤᠳᠤᠯᠬᠢᠯᠠᠨ᠎ᠠ᠃ ᠲᠡᠷᠡ᠂ ᠪᠢᠳᠠ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠢᠶᠠᠨ ᠲᠤᠷᠠᠰᠤᠨ ᠰᠠᠨᠠᠭᠠᠯᠵᠠᠵᠤ ᠪᠠᠶᠢᠭ᠎ᠠ ᠨᠢ ᠲᠡᠳᠡᠨ ᠤ ᠦᠯᠡᠳᠡᠭᠡᠭᠰᠡᠨ ᠬᠡᠷᠢᠶᠡᠰ ᠢ ᠵᠠᠯᠭᠠᠮᠵᠢᠯᠠᠵᠤ᠂ ᠲᠡᠳᠡᠨ ᠤ ᠵᠤᠷᠢᠬ ᠰᠠᠨᠠᠭ᠎ᠠ ᠶᠢ ᠪᠠᠳᠠᠷᠠᠭᠤᠯᠵᠤ᠂ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠲᠡᠳᠡᠨ ᠤ ᠬᠠᠯᠠᠭᠤᠨ ᠠᠮᠢ ᠪᠦᠯᠢᠶᠠᠨ ᠴᠢᠰᠤ ᠪᠠᠷ ᠢᠶᠠᠨ ᠨᠡᠬᠡᠬᠡᠭᠰᠡᠨ ᠵᠠᠮ ᠢᠶᠠᠷ ᠨᠢ ᠴᠦᠬᠦᠷᠡᠰᠢ ᠦᠬᠡᠢ ᠲᠡᠮᠡᠴᠡᠵᠤ᠂ ᠡᠭᠦᠷᠢᠳᠡ ᠲᠡᠮᠡᠴᠡᠬᠦ ᠶᠢᠨ ᠲᠦᠯᠤᠬᠡ ᠶᠤᠮ ᠬᠡᠵᠤ ᠴᠢᠬᠤᠯᠠᠴᠢᠯᠠᠪᠠ᠃ ᠰᠢ ᠶᠢᠨ ᠫᠢᠩ᠂ ᠬᠤᠸᠠᠢ ᠬᠠᠢ ᠶᠢᠨ ᠲᠠᠶᠢᠯᠠᠯᠳᠤᠭᠠᠨ ᠪᠢᠳᠡᠨ ᠳᠤ ᠲᠠᠶᠢᠨ ᠤ ᠢᠯᠠᠵᠤ ᠢᠯᠠᠬᠳᠠᠬᠤ ᠨᠢ ᠯᠠᠪᠳᠠᠢ ᠵᠡᠷ ᠵᠡᠪᠰᠡᠭ ᠪᠤᠯᠤᠨ ᠴᠡᠷᠢᠭ ᠤᠨ ᠬᠦᠴᠤᠨ ᠢᠶᠠᠷ ᠳᠤᠭᠳᠠᠭᠠᠭᠳᠠᠬᠤ ᠪᠢᠰᠢ᠂ ᠴᠡᠷᠢᠭ ᠠᠩᠬᠢ ᠶᠢᠨ ᠪᠠᠶᠢᠯᠳᠤᠬᠤ ᠪᠤᠳᠤᠯᠭ᠎ᠠ ᠪᠠᠶᠢᠯᠳᠤᠬᠤ ᠠᠷᠭ᠎ᠠ ᠶᠢᠨ ᠬᠡᠷᠡᠭᠵᠢᠭᠦᠯᠤᠯᠳᠡ᠂ ᠳᠠᠷᠤᠭ᠎ᠠ ᠪᠠᠶᠢᠯᠳᠤᠭᠴᠢᠳ ᠤᠨ ᠢᠳᠡᠬᠡᠯ ᠵᠤᠷᠢᠭ ᠪᠤᠯᠤᠨ ᠰᠦᠰᠤ ᠵᠤᠷᠢᠬ᠂ ᠠᠷᠠᠳ ᠲᠦᠮᠡᠨ ᠤ ᠲᠡᠮᠵᠢᠯᠬᠡ ᠪᠤᠯᠤᠨ ᠬᠠᠪᠰᠤᠷᠤᠯᠭ᠎ᠠ ᠶᠡᠷᠦᠨᠢ ᠨᠡᠩ ᠴᠢᠬᠤᠯᠠ ᠬᠦᠴᠦᠨ ᠵᠦᠢᠯ ᠪᠤᠯᠳᠠᠭ ᠢ ᠬᠦᠨ ᠰᠡᠩᠬᠡᠷᠡᠭᠦᠯᠵᠦ ᠪᠤᠢ᠃ ᠪᠢᠳᠠ ᠠᠷᠠᠳ ᠤᠨ ᠴᠡᠷᠢᠭ ᠠᠩᠬᠢ ᠶᠢᠨ ᠬᠤᠪᠢᠰᠬᠠᠯᠳᠤ ᠤᠳᠤᠮᠰᠢᠯ ᠢ ᠰᠠᠶᠢᠳᠤᠷ ᠤᠯᠠᠮᠵᠢᠯᠠᠨ ᠵᠠᠯᠭᠠᠮᠵᠢᠯᠠᠵᠥ᠂ ᠰᠦᠭ ᠰᠦᠨᠡᠰᠤ ᠲᠠᠢ᠂ ᠮᠡᠳᠡᠯᠬᠡ ᠴᠢᠳᠠᠪᠤᠷᠢ ᠲᠠᠢ᠂ ᠰᠦᠰᠤ ᠵᠤᠷᠢᠬ ᠲᠠᠢ᠂ ᠮᠤᠷᠠᠯ ᠲᠠᠢ ᠰᠢᠨ᠎ᠠ ᠴᠠᠬ ᠦᠶ᠎ᠠ ᠶᠢᠨ ᠬᠤᠪᠢᠰᠬᠠᠯᠳᠤ ᠴᠡᠷᠢᠭ ᠢ ᠴᠢᠷᠮᠠᠶᠢᠨ ᠬᠦᠮᠤᠵᠢᠬᠦᠯᠵᠤ᠂ ᠠᠷᠠᠳ ᠤᠨ ᠴᠡᠷᠢᠭ ᠠᠩᠬᠢ ᠶᠢᠨ ᠰᠢᠨᠵᠢ ᠴᠢᠨᠠᠷ᠂ ᠵᠤᠷᠢᠯᠳᠠ᠂ ᠤᠭ ᠴᠢᠨᠠᠷ ᠢ ᠦᠨᠢᠳᠠ ᠪᠠᠳᠤᠯᠠᠬᠤ ᠭᠡᠷᠡᠭᠳᠠᠢ᠃ ᠮᠠᠨ ᠤ ᠨᠠᠮ ᠪᠤᠯᠤᠨ ᠠᠷᠠᠳ ᠤᠨ ᠴᠡᠷᠢᠭ ᠠᠩᠬᠢ ᠶᠢᠨ ᠢᠷᠠᠭᠤ ᠠᠯᠳᠠᠷᠳᠤ ᠤᠯᠠᠮᠵᠢᠯᠠᠯ ᠪᠤᠯᠤᠨ ᠲᠡᠤᠬᠡ ᠶᠢᠨ ᠲᠤᠷᠰᠢᠯᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠵᠠᠮ ᠢᠶᠠᠷ ᠦᠷᠬᠦᠯᠵᠢᠯᠠᠨ ᠤᠷᠤᠬᠰᠢᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃

  ᠳ᠋ᠢᠩ ᠰᠢᠤᠸᠠᠢ ᠰᠢᠶᠠᠩ᠂ ᠯᠢᠦ ᠡᡁᠧ᠂ ᠰᠢᠤᠢ ᠴᠢ ᠯᠢᠶᠠᠩ ᠪᠤᠯᠤᠨ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠵᠤ ᠰᠢᠨᠵᠢᠯᠠᠨ ᠪᠠᠶᠢᠴᠠᠭᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com