ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 13 ᠤ ᠡᠳᠤᠷ 71 ᠳ᠋ᠤᠬᠡᠷ ᠨᠢᠬᠡᠳᠬᠡᠯ ᠠᠷᠮᠢ ᠳᠤ ᠬᠦᠷᠴᠦ ᠠᠵᠢᠯ ᠪᠠᠶᠢᠴᠠᠭᠠᠪᠠ᠃ ᠲᠡᠷᠡ᠂ ᠪᠦᠬᠦ ᠴᠡᠷᠢᠭ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠥ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠥ᠂ ᠰᠢᠨ᠎ᠡ ᠪᠠᠶᠢᠳᠠᠯ ᠲᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠲᠤᠤᠱᠯᠠᠭᠤᠯᠵᠥ᠂ ᠤᠯᠤᠰ ᠲᠦᠷᠦ ᠪᠠᠷ ᠴᠡᠷᠢᠭ ᠪᠠᠶᠢᠭᠤᠯᠬᠤ᠂ ᠦᠭᠡᠷᠡᠴᠢᠯᠡᠯᠳᠡ ᠪᠠᠷ ᠴᠡᠷᠢᠭ ᠢ ᠬᠦᠴᠦᠷᠭᠡᠭᠵᠢᠬᠦᠯᠬᠦ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠴᠡᠷᠢᠭ ᠢ ᠮᠠᠨᠳᠤᠭᠤᠯᠬᠤ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠳᠠᠯᠠᠵᠥ᠂ ᠲᠠᠶᠢᠨ ᠳᠤ ᠪᠡᠯᠡᠳᠬᠡᠬᠦ ᠲᠠᠶᠢᠨ ᠬᠢᠬᠦ ᠪᠠᠷ ᠭᠤᠤᠯᠳᠠᠭᠤᠯᠵᠥ᠂ ᠨᠢᠬᠡᠳᠬᠡᠯ ᠠᠷᠮᠢ ᠶᠢᠨ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠪᠤᠯᠤᠨ ᠪᠠᠶᠢᠯᠳᠤᠬᠤ ᠤᠨᠴᠠᠯᠢᠭ ᠵᠢᠮ᠎ᠡ ᠶᠤᠰᠤ ᠶᠢ ᠡᠵᠡᠮᠰᠢᠵᠥ᠂ ᠬᠡᠯᠪᠡᠷᠢ ᠪᠠᠨ ᠬᠤᠪᠢᠷᠠᠭᠤᠯᠬᠤ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠥ᠂ ᠢᠯᠠᠯᠳᠡ ᠤᠯᠬᠤ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠵᠥ᠂ ᠨᠠᠮ ᠪᠤᠯᠤᠨ ᠠᠷᠠᠳ ᠲᠦᠮᠡᠨ ᠤ ᠲᠠᠭᠠᠭᠠᠯᠭᠠᠭᠰᠠᠠ ᠰᠢᠨ᠎ᠡ ᠴᠠᠭ ᠦᠶ᠎ᠠ ᠶᠢᠨ ᠡᠬᠦᠷᠬᠡ ᠪᠠᠨ ᠰᠠᠶᠢᠳᠤᠷ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
12 ᠰᠠᠷ᠎ᠠ ᠶᠢᠨ 13 ᠤ ᠡᠳᠦᠷ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 71 ᠳ᠋ᠤᠬᠡᠷ ᠨᠢᠬᠡᠳᠬᠡᠯ ᠠᠷᠮᠢ ᠳᠤ ᠬᠦᠷᠴᠦ ᠠᠵᠢᠯ ᠪᠠᠶᠢᠴᠠᠭᠠᠪᠠ᠃ ᠵᠢᠷᠤᠭ ᠪᠤᠯ ᠰᠢ ᠶᠢᠨ ᠫᠢᠩ ᠨᠢᠭᠡᠳᠭᠡᠯ ᠠᠷᠮᠢ ᠶᠢᠨ ᠪᠠᠶᠢᠭᠤᠯᠤᠯᠭ᠎ᠠ ᠶᠢᠨ ᠪᠦᠬᠦ ᠺᠠᠳ᠋ᠷ ᠪᠤᠯᠤᠨ ᠬᠠᠷᠢᠶ᠎ᠠ ᠴᠡᠷᠢᠭ ᠠᠩᠭᠢ ᠶᠢᠨ ᠬᠤᠷᠢᠶ᠎ᠠ ᠶᠢᠨ ᠳᠡᠰ ᠠᠴᠠ ᠳᠡᠭᠡᠭᠰᠢᠬᠢ ᠺᠠᠳ᠋ᠷ ᠨᠠᠷ ᠲᠠᠢ ᠳᠤᠳᠤᠨᠤ ᠪᠠᠷ ᠠᠭᠤᠯᠵᠠᠵᠦ ᠪᠠᠶᠢᠭ᠎ᠠ ᠨᠢ᠃
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ
ᠡᠪᠤᠯ ᠤᠨ ᠡᠬᠢᠨ ᠤ ᠬᠤᠸᠠᠢ ᠬᠠᠢ ᠶᠢᠨ ᠡᠬᠡ ᠭᠠᠵᠠᠷ ᠲᠤ᠂ ᠦᠩ ᠰᠢᠮᠡᠯᠢᠭ ᠨᠤᠲᠤᠭ ᠴᠡᠯᠡᠶᠢᠵᠥ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ 71 ᠳ᠋ᠤᠬᠡᠷ ᠨᠢᠬᠡᠳᠬᠡᠯ ᠠᠷᠮᠢ ᠳᠤ ᠢᠷᠡᠵᠥ᠂ ᠡᠩ ᠲᠡᠷᠢᠬᠦᠨ ᠳᠤ ᠸᠠᠩ ᠵᠢᠶᠧ ᠨᠦᠬᠦᠷ ᠤᠨ ᠠᠮᠢᠳᠤ ᠰᠡᠷᠡᠬᠦᠨ ᠪᠠᠶᠢᠬᠤ ᠳᠠᠭᠠᠨ ᠠᠵᠢᠯᠯᠠᠵᠥ ᠪᠠᠶᠢᠭᠰᠠᠠ ᠰᠤᠮᠤᠨ ᠤ ᠲᠠᠷᠤᠭ᠎ᠠ ᠪᠠᠶᠢᠯᠳᠤᠭᠴᠢᠳ ᠢ ᠡᠷᠬᠢᠨ ᠦᠵᠡᠪᠡ᠃ ᠸᠠᠩ ᠵᠢᠶᠧ ᠪᠤᠯ ᠲᠡᠭᠡᠷ᠎ᠡ ᠵᠠᠭᠤᠨ ᠤ ᠵᠢᠷᠠᠭᠠᠳ ᠤᠨ ᠳᠤ ᠴᠤᠯᠭᠤᠷᠠᠨ ᠭᠠᠷᠤᠭᠰᠠᠠ ᠠᠭᠤᠤ ᠶᠡᠭᠡ ᠡᠪ ᠬᠠᠮᠳᠤ ᠶᠤᠰᠤᠨ ᠤ ᠪᠠᠶᠢᠯᠳᠤᠭᠴᠢ ᠶᠤᠮ᠂ ᠲᠡᠷᠡ ᠲᠡᠷᠭᠡᠳᠡ ᠨᠢ ᠪᠠᠶᠢᠭᠰᠠᠠ 12 ᠡᠷᠦᠬᠡ ᠶᠢᠨ ᠴᠡᠷᠢᠭ ᠪᠤᠯᠤᠨ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠺᠠᠳ᠋ᠷ ᠤᠨ ᠠᠮᠢ ᠨᠠᠰᠤ ᠶᠢ ᠬᠠᠮᠠᠭᠠᠯᠠᠬᠤ ᠶᠢᠨ ᠲᠦᠯᠥᠬᠡ ᠦᠩᠬᠡ ᠬᠡᠷᠡᠯᠳᠡᠢ ᠪᠠᠷ ᠪᠡᠶ᠎ᠡ ᠦᠷᠡᠭᠳᠡᠵᠥ᠂ ᠪᠦᠬᠦ ᠨᠠᠮ ᠪᠦᠬᠦ ᠴᠡᠷᠢᠭ ᠪᠦᠬᠦ ᠨᠡᠶᠢᠬᠡᠮ ᠤᠨ ᠰᠤᠷᠤᠯᠴᠠᠬᠤ ᠦᠯᠢᠬᠡᠷ ᠲᠠᠭᠤᠷᠢᠶᠠᠯ ᠪᠤᠯᠤᠭᠰᠠᠠ ᠪᠠᠶᠢᠨ᠎ᠠ᠃ ᠰᠢ ᠶᠢᠨ ᠫᠢᠩ ᠸᠠᠩ ᠵᠢᠶᠧ ᠶᠢᠨ ᠠᠮᠢᠳᠤ ᠰᠡᠷᠡᠬᠦᠨ ᠪᠠᠶᠢᠬᠤ ᠦᠶ᠎ᠡ ᠶᠢᠨ ᠰᠤᠮᠤᠨ ᠤ ᠢᠷᠠᠭᠤ ᠠᠯᠳᠠᠷ ᠤᠨ ᠲᠠᠰᠤᠭ ᠢᠶᠠᠷ ᠲᠤᠭᠤᠷᠢᠨ ᠦᠵᠡᠪᠡ᠃ ᠬᠡᠷᠡᠯ ᠵᠢᠷᠤᠭ ᠤᠳ ᠨᠢ ᠸᠠᠩ ᠵᠢᠶᠧ ᠶᠢᠨ ᠦᠰᠦᠨ ᠪᠤᠶᠢᠵᠢᠭᠰᠠᠠ ᠦᠩᠬᠡᠷᠡᠯᠳᠡ ᠶᠢ ᠲᠡᠮᠳᠡᠭᠯᠡᠵᠥ᠂ ᠡᠳᠤᠷ ᠤᠨ ᠲᠡᠮᠳᠡᠭᠯᠡᠯ ᠤᠳ ᠨᠢ ᠪᠠᠭᠠᠳᠤᠷ ᠤᠨ ᠡᠷᠬᠢᠮ ᠲᠡᠬᠡᠳᠤ ᠵᠤᠷᠢᠭ ᠰᠠᠨᠠᠭ᠎ᠠ ᠶᠢ ᠲᠤᠰᠬᠠᠵᠥ᠂ ᠬᠡᠮᠡᠷᠯᠢᠭ ᠲᠤᠭ ᠤᠳ ᠨᠢ ᠨᠠᠮ ᠪᠤᠯᠤᠨ ᠠᠷᠠᠳ ᠲᠦᠮᠡᠨ ᠤ ᠪᠠᠭᠠᠳᠤᠷ ᠲᠠᠭᠠᠨ ᠤᠯᠭᠤᠭᠰᠠᠠ ᠢᠷᠠᠭᠤ ᠠᠯᠳᠠᠷ ᠢ ᠦᠵᠡᠬᠦᠯᠥᠨ᠎ᠡ᠃ ᠰᠢ ᠶᠢᠨ ᠫᠢᠩ ᠮᠠᠰᠢ ᠨᠠᠷᠢᠨ ᠨᠢᠮᠪᠠᠢ ᠦᠵᠡᠵᠥ᠂ ᠪᠠᠶᠢᠨ ᠪᠠᠶᠢᠨ ᠵᠤᠭᠰᠤᠵᠥ ᠠᠰᠠᠭᠤᠨ ᠯᠠᠪᠯᠠᠵᠤ ᠪᠠᠶᠢᠯ᠎ᠠ᠃ ᠸᠠᠩ ᠵᠢᠶᠧ ᠶᠢᠨ ᠦᠩᠬᠡ ᠬᠡᠷᠡᠯ ᠪᠤᠯᠤᠨ ᠲᠠᠪᠰᠢᠯᠳᠠ ᠳᠤ ᠵᠦᠪ ᠢᠶᠠᠷ ᠬᠠᠨᠳᠤᠳᠠᠭ ᠢ ᠲᠠᠨᠢᠯᠴᠠᠭᠤᠯᠤᠭᠰᠠᠠ ᠦᠵᠡᠬᠦᠯᠥᠯᠬᠡ ᠶᠢᠨ ᠰᠡᠮᠪᠡᠷᠡ ᠶᠢᠨ ᠡᠮᠤᠨ᠎ᠡ᠂ ᠰᠢ ᠶᠢᠨ ᠫᠢᠩ ᠬᠦᠨ ᠰᠡᠳᠬᠢᠭᠳᠡᠯ ᠲᠠᠢ ᠪᠠᠷ᠂ ᠸᠠᠩ ᠵᠢᠶᠧ ᠢᠷᠠᠭᠤ ᠠᠯᠳᠠᠷ ᠤᠨ ᠲᠦᠯᠦᠭᠡ ᠭᠠᠷ ᠰᠠᠷᠪᠠᠶᠢᠳᠠᠭ ᠦᠭᠡᠢ᠂ ᠬᠦᠷᠳᠡᠮᠵᠢ ᠤᠯᠭᠤᠮᠵᠢ ᠶᠢᠨ ᠲᠦᠯᠦᠭᠡ ᠭᠠᠷ ᠰᠠᠷᠪᠠᠶᠢᠳᠠᠭ ᠦᠭᠡᠢ᠂ ᠪᠤᠳᠠᠰ ᠤᠨ ᠲᠦᠯᠦᠭᠡ ᠭᠠᠷ ᠰᠠᠷᠪᠠᠶᠢᠳᠠᠭ ᠦᠭᠡᠢ᠂ ᠡᠶᠢᠨᠬᠦ ᠭᠤᠷᠪᠠᠨ ᠭᠠᠷ ᠰᠠᠷᠪᠠᠶᠢᠳᠠᠭ ᠦᠭᠡᠢ ᠨᠢ ᠪᠢᠳᠡᠨ ᠤ ᠡᠮᠦᠨᠡᠬᠢ ᠲᠤᠯᠢ ᠪᠤᠯᠤᠨ᠎ᠠ᠂ ᠡᠪ ᠬᠠᠮᠳᠤ ᠨᠠᠮ ᠤᠨ ᠬᠡᠰᠢᠬᠦᠨ ᠨᠢᠭᠡᠪᠤᠷᠢ ᠡᠨᠡᠬᠦ ᠲᠤᠯᠢᠨ ᠳᠤ ᠰᠠᠶᠢᠳᠤᠷ ᠲᠤᠯᠢᠳᠠᠬᠤ ᠬᠡᠷᠡᠭᠳᠡᠢ ᠬᠡᠵᠥ ᠬᠡᠯᠡᠪᠡ᠃ ᠰᠢ ᠶᠢᠨ ᠫᠢᠩ ᠸᠠᠩ ᠵᠢᠶᠧ ᠶᠢᠨ ᠨᠢᠬᠡ ᠳᠤ ᠬᠦᠴᠢᠷ ᠠᠴᠠ ᠠᠶᠤᠬᠤ ᠦᠭᠡᠢ᠂ ᠬᠤᠶᠠᠷ ᠲᠤ ᠦᠬᠦᠬᠦ ᠠᠴᠠ ᠠᠶᠤᠬᠤ ᠦᠭᠡᠢ ᠪᠠᠶᠢᠳᠠᠭ ᠦᠢᠯᠡ ᠠᠵᠢᠯᠯᠠᠭ᠎ᠠ ᠶᠢ ᠨᠢ ᠨᠠᠷᠢᠨ ᠤᠢᠢᠯᠠᠭᠠᠵᠥ᠂ ᠨᠢᠬᠡ ᠳᠤ ᠬᠦᠴᠢᠷ ᠠᠴᠠ ᠠᠶᠤᠬᠤ ᠦᠭᠡᠢ᠂ ᠬᠤᠶᠠᠷ ᠲᠤ ᠦᠬᠦᠬᠦ ᠠᠴᠠ ᠠᠶᠤᠬᠤ ᠦᠭᠡᠢ ᠪᠤᠯ ᠰᠦᠰᠦ ᠵᠤᠷᠢᠭ ᠤᠨ ᠠᠮᠢᠳᠤ ᠳᠦᠷᠰᠦᠯᠡᠯ ᠮᠦᠨ᠂ ᠬᠤᠪᠢᠰᠬᠠᠯᠳᠤ ᠴᠡᠷᠢᠭ ᠤᠨ ᠬᠦᠮᠦᠨ ᠤ ᠬᠢᠴᠢᠶᠡᠰᠦ ᠪᠤᠯᠬᠤ ᠶᠤᠰᠤᠳᠠᠢ ᠬᠡᠵᠥ ᠬᠦᠨ ᠰᠡᠳᠬᠢᠯᠭᠡ ᠲᠠᠢ ᠪᠠᠷ ᠬᠡᠯᠡᠪᠡ᠃ ᠰᠢ ᠶᠢᠨ ᠫᠢᠩ᠂ ᠸᠠᠩ ᠵᠢᠶᠧ ᠶᠢᠨ ᠵᠤᠷᠢᠭ ᠰᠠᠨᠠᠭ᠎ᠠ ᠪᠤᠯ ᠪᠢᠳᠡᠨ ᠤ ᠦᠩᠬᠡᠷᠡᠭᠰᠡᠡ ᠤ᠂ ᠤᠳᠤ ᠶᠢᠨ᠂ ᠢᠷᠡᠬᠡᠳᠤᠢ ᠶᠢᠨ ᠦᠨᠢ ᠡᠭᠦᠷᠢᠳᠡ ᠶᠢᠨ ᠡᠷᠬᠢᠮ ᠨᠠᠨᠳᠢᠨ ᠤᠶᠤᠨ ᠰᠠᠨᠠᠭᠠᠨ ᠤ ᠦᠪ ᠬᠦᠷᠦᠩᠬᠡ ᠪᠤᠯᠬᠤ ᠶᠤᠮ᠂ ᠸᠠᠩ ᠵᠢᠶᠧ ᠶᠢᠨ ᠵᠤᠷᠢᠭ ᠰᠠᠨᠠᠭ᠎ᠠ ᠶᠢ ᠰᠤᠷᠤᠯᠴᠠᠨ ᠦᠢᠯᠡᠳᠦᠯᠬᠡᠵᠢᠬᠦᠯᠵᠥ᠂ ᠸᠠᠩ ᠵᠢᠶᠧ ᠶᠢᠨ ᠵᠤᠷᠢᠭ ᠰᠠᠨᠠᠭ᠎ᠠ ᠶᠢᠨ ᠰᠢᠨ᠎ᠡ ᠴᠠᠭ ᠦᠶ᠎ᠠ ᠶᠢᠨ ᠬᠡᠷᠡᠯ ᠬᠢᠯᠪᠠᠭ᠎ᠠ ᠶᠢ ᠰᠠᠴᠤᠷᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
ᠰᠤᠮᠤᠨ ᠤ ᠢᠷᠠᠭᠤ ᠠᠯᠳᠠᠷ ᠤᠨ ᠲᠠᠰᠤᠬ ᠠᠴᠠ ᠭᠠᠷᠴᠤ ᠢᠷᠡᠭᠰᠡᠨ ᠤ ᠳᠠᠷᠠᠭ᠎ᠠ᠂ ᠰᠢ ᠶᠢᠨ ᠫᠢᠩ ᠸᠠᠩ ᠵᠢᠶᠧ ᠶᠢᠨ ᠲᠠᠰᠤᠭ ᠲᠤ ᠬᠦᠷᠪᠡ᠃ ᠲᠠᠰᠤᠭ ᠤᠨ ᠪᠦᠬᠦ ᠪᠠᠶᠢᠯᠳᠤᠬᠴᠢᠳ ᠵᠢᠬᠰᠠᠭᠠᠯ ᠵᠢᠬᠰᠠᠨ ᠪᠠᠶᠠᠷᠯᠠᠨ ᠤᠬᠲᠤᠵᠤ᠂ ᠰᠢ ᠶᠢᠨ ᠫᠢᠩ ᠢᠨᠢᠶᠡᠮᠰᠦᠭᠯᠡᠨ ᠲᠡᠳᠡᠨ ᠲᠠᠢ ᠭᠠᠷ ᠠᠳᠬᠤᠯᠴᠠᠪᠠ᠃ ᠤᠳᠤ ᠶᠢᠨ ᠲᠠᠰᠤᠭ ᠤᠨ ᠳᠠᠷᠤᠭ᠎ᠠ ᠸᠠᠩ ᠳ᠋ᠠ ᠮᠤᠤ ᠰᠢ ᠶᠢᠨ ᠫᠢᠩ ᠳᠤ ᠪᠠᠶᠢᠯᠳᠤᠬᠴᠢᠳ ᠸᠠᠩ ᠵᠢᠶᠧ ᠶᠢᠨ ᠤᠯᠠᠮᠵᠢᠯᠠᠬᠴᠢ ᠪᠤᠯᠬᠤ ᠪᠠᠷ ᠴᠢᠷᠮᠠᠶᠢᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠃ 50 ᠭᠠᠷᠤᠢ ᠵᠢᠯ ᠤᠨ ᠲᠤᠷᠰᠢ᠂ ᠳᠡᠳᠡᠨᠠᠶᠢᠬᠢᠨ ᠡᠳᠦᠷ ᠪᠦᠷᠢ ᠨᠡᠷ᠎ᠡ ᠪᠦᠷᠢᠳᠬᠡᠬᠦ ᠳᠡᠭᠡᠨ ᠡᠩ ᠲᠡᠷᠢᠭᠦᠨ ᠳᠤ ᠸᠠᠩ ᠵᠢᠶᠧ ᠶᠢᠨ ᠨᠡᠷ᠎ᠡ ᠶᠢ ᠳᠠᠭᠤᠳᠠᠳᠠᠭ ᠪᠠᠶᠢᠯ᠎ᠠ᠃ ᠸᠠᠩ ᠵᠢᠶᠧ ᠶᠢᠨ ᠵᠤᠷᠢᠬ ᠰᠠᠨᠠᠭ᠎ᠠ ᠴᠡᠷᠢᠭ ᠠᠩᠬᠢ ᠳᠤ ᠮᠠᠰᠢ ᠰᠠᠶᠢᠨ ᠤᠯᠠᠮᠵᠢᠯᠠᠬᠳᠠᠵᠤ᠂ ᠪᠠᠭᠠᠳᠤᠷ ᠢ ᠬᠦᠨᠳᠦᠳᠬᠡᠬᠦ᠂ ᠪᠠᠭᠠᠲᠤᠷ ᠠᠴᠠ ᠰᠤᠷᠤᠯᠴᠠᠬᠤ ᠠᠭᠤᠷ ᠠᠮᠢᠰᠬᠤᠯ ᠡᠶᠢᠨᠬᠦ ᠭᠦᠨ ᠵᠤᠵᠠᠭᠠᠨ ᠪᠠᠶᠢᠬᠤ ᠶᠢ ᠬᠠᠷᠠᠭᠠᠳ ᠰᠢ ᠶᠢᠨ ᠫᠢᠩ ᠮᠠᠰᠢ ᠪᠠᠶᠠᠰᠤᠨ ᠳᠠᠶᠢᠳᠬᠤᠷᠠᠪᠠ᠃ ᠲᠡᠷᠡ ᠪᠠᠶᠢᠯᠳᠤᠬᠴᠢᠳ ᠢ ᠳᠠᠭᠤᠳᠠᠨ ᠲᠤᠭᠤᠢᠢᠯᠠᠨ ᠰᠠᠭᠤᠵᠤ᠂ ᠤᠯᠠᠨ ᠤ ᠰᠤᠷᠤᠯᠴᠠᠯᠭ᠎ᠠ᠂ ᠪᠤᠯᠪᠠᠰᠤᠷᠠᠯ᠂ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠤᠯᠠᠨ ᠢ ᠴᠤᠴᠠᠯᠲᠡ ᠦᠭᠡᠢ ᠴᠢᠷᠮᠠᠶᠢᠵᠤ᠂ ᠤᠯᠠᠨ ᠢ ᠳᠠᠭᠠᠭᠤᠯᠤᠨ ᠰᠢᠨ᠎ᠡ ᠴᠠᠬ ᠦᠶ᠎ᠡ ᠶᠢᠨ ᠸᠠᠩ ᠵᠢᠶᠧ ᠮᠠᠶ᠋ᠢᠭ ᠤᠨ ᠰᠠᠶᠢᠨ ᠪᠠᠶᠢᠯᠳᠤᠬᠴᠢ ᠪᠤᠯᠬᠤ ᠶᠢ ᠵᠤᠷᠢᠬᠵᠢᠭᠤᠯᠪᠠ᠃ ᠰᠤᠮᠤᠨ ᠠᠴᠠ ᠰᠠᠯᠬᠤ ᠦᠶᠡᠰ ᠲᠤ᠂ ᠰᠢ ᠶᠢᠨ ᠫᠢᠩ ᠪᠦᠬᠦ ᠰᠤᠮᠤᠨ ᠤ ᠳᠠᠷᠤᠭ᠎ᠠ ᠪᠠᠶᠢᠯᠳᠤᠬᠴᠢᠳ ᠲᠠᠢ ᠬᠠᠮᠳᠤ ᠬᠡᠷᠡᠯ ᠵᠢᠷᠤᠭ ᠲᠠᠳᠠᠭᠤᠯᠵᠥ ᠲᠤᠷᠠᠰᠬᠠᠯ ᠦᠯᠡᠳᠡᠬᠡᠪᠠ᠂ ᠵᠢᠯᠤᠭᠤᠳᠤᠬᠴᠢ ᠪᠠᠶᠢᠯᠳᠤᠬᠴᠢᠳ ᠰᠢ ᠶᠢᠨ ᠫᠢᠩ ᠢ ᠬᠦᠷᠢᠶᠡᠯᠡᠨ ᠵᠤᠬᠰᠤᠵᠤ᠂ ᠵᠤᠯ ᠵᠢᠷᠭᠠᠯ ᠪᠠ ᠪᠠᠶᠠᠷ ᠪᠠᠶᠠᠰᠤᠯ ᠢᠶᠠᠷ ᠪᠢᠯᠬᠠᠮ᠎ᠠ ᠪᠠᠶᠢᠯ᠎ᠠ᠃ ᠪᠦᠬᠦ ᠰᠤᠮᠤᠨ ᠤ ᠳᠠᠷᠤᠭ᠎ᠠ ᠪᠠᠶᠢᠯᠳᠤᠬᠴᠢᠳ ᠬᠠᠮᠲᠤ ᠳᠠᠭᠠᠨ ᠰᠤᠮᠤᠨ ᠤ ᠪᠠᠨ ᠳᠠᠭᠤᠤ ᠸᠠᠩ ᠵᠢᠶᠧ ᠶᠢᠨ ᠫᠤᠤ ᠶᠢ ᠪᠢᠳᠠ ᠡᠭᠦᠷᠦᠨ᠎ᠡ ᠶᠢ ᠳᠠᠭᠤᠯᠠᠵᠤ᠂ ᠦᠷᠭᠡᠨ ᠤᠯᠠᠨ ᠳᠠᠷᠤᠭ᠎ᠠ ᠪᠠᠶᠢᠯᠳᠤᠬᠴᠢ ᠶᠢᠨ ᠲᠡᠷᠢᠭᠦᠯᠡᠭᠴᠢ ᠰᠢ ᠶᠢᠨ ᠫᠢᠩ ᠤᠨ ᠦᠭᠡ ᠶᠢ ᠡᠷᠡᠰ ᠳᠠᠭᠠᠵᠤ᠂ ᠤᠬᠠᠮᠰᠠᠷ ᠠᠴᠠ ᠪᠠᠨ ᠪᠠᠭᠠᠲᠤᠷ ᠤᠨ ᠵᠠᠯᠭᠠᠮᠵᠢᠯᠠᠭᠴᠢ ᠪᠤᠯᠬᠤ ᠪᠠᠳᠤ ᠵᠤᠷᠢᠬ ᠢᠶᠠᠨ ᠢᠯᠡᠳᠬᠡᠪᠡ᠃
ᠳᠠᠷᠠᠭ᠎ᠠ ᠨᠢ᠂ ᠰᠢ ᠶᠢᠨ ᠫᠢᠩ ᠨᠢᠭᠡᠳᠭᠡᠯ ᠠᠷᠮᠢ ᠶᠢᠨ ᠪᠠᠶᠢᠭᠤᠯᠤᠯᠭ᠎ᠠ ᠳᠤ ᠬᠦᠷᠴᠤ᠂ ᠪᠠᠶᠢᠭᠤᠯᠤᠯᠭ᠎ᠠ ᠶᠢᠨ ᠪᠦᠬᠦ ᠺᠠᠳ᠋ᠷ ᠪᠤᠯᠤᠨ ᠬᠠᠷᠢᠶ᠎ᠠ ᠴᠡᠷᠢᠭ ᠠᠩᠭᠢ ᠶᠢᠨ ᠬᠤᠷᠢᠶ᠎ᠠ ᠶᠢᠨ ᠳᠡᠰ ᠠᠴᠠ ᠳᠡᠭᠡᠭᠰᠢᠬᠢ ᠺᠠᠳ᠋ᠷ ᠨᠠᠷ ᠲᠠᠢ ᠳᠤᠳᠤᠨᠤ ᠪᠠᠷ ᠠᠭᠤᠯᠵᠠᠪᠠ᠃ ᠰᠢ ᠶᠢᠨ ᠫᠢᠩ ᠨᠢᠭᠡᠳᠭᠡᠯ ᠠᠷᠮᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠢ ᠰᠠᠶᠢᠲᠤᠷ ᠠᠳᠬᠤᠵᠤ᠂ ᠴᠠᠭ ᠦᠶ᠎ᠠ ᠶᠢᠨ ᠬᠦᠭᠵᠢᠯᠲᠠ ᠲᠠᠢ ᠨᠢᠭᠳᠠ ᠤᠶᠠᠯᠳᠤᠨ᠂ ᠡᠭᠦᠷᠭᠡ ᠬᠠᠷᠢᠭᠤᠴᠠᠯᠭ᠎ᠠ ᠲᠠᠢ ᠪᠠᠨ ᠨᠢᠭᠳᠠ ᠤᠶᠠᠯᠳᠤᠨ᠂ ᠳᠠᠷᠤᠭ᠎ᠠ ᠪᠠᠶᠢᠯᠳᠤᠭᠴᠢᠳ ᠤᠨ ᠪᠤᠳᠠᠳᠤ ᠪᠠᠶᠢᠳᠠᠯ ᠲᠠᠢ ᠨᠢᠭᠳᠠᠨ ᠤᠶᠠᠯᠳᠤᠨ᠂ ᠬᠠᠨᠳᠤᠯᠭᠠᠳᠦ ᠴᠢᠨᠠᠷ ᠪᠤᠯᠤᠨ ᠦᠷ᠎ᠠ ᠪᠦᠲᠦᠮᠵᠢᠳᠦ ᠴᠢᠨᠠᠷ ᠢ ᠳᠡᠭᠡᠭᠰᠢᠯᠡᠭᠦᠯᠵᠤ᠂ ᠰᠤᠷᠤᠯᠴᠠᠨ ᠮᠡᠳᠡᠵᠦ ᠨᠡᠪᠲᠡᠷᠡᠳᠡᠯ᠎ᠠ ᠤᠢᠢᠯᠠᠭᠠᠵᠤ ᠪᠤᠳᠠᠳᠠᠶᠢᠵᠢᠭᠤᠯᠬᠤ ᠳᠡᠭᠡᠷ᠎ᠠ ᠦᠨᠡᠨᠬᠦ ᠬᠦᠴᠤ ᠤᠷᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠴᠡᠷᠢᠭ ᠠᠩᠭᠢ ᠳᠤ ᠲᠤᠤᠱᠯᠠᠭᠤᠯᠤᠨ ᠨᠠᠶᠢᠳᠠᠪᠤᠷᠵᠢᠭᠤᠯᠬᠤ ᠶᠢ ᠪᠠᠳᠤᠯᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠬᠦᠴᠦᠷᠬᠡᠭ ᠶᠡᠭᠡ ᠬᠦᠴᠦᠨ ᠪᠤᠯᠭᠠᠨ ᠬᠤᠪᠢᠷᠠᠭᠤᠯᠬᠤ ᠬᠡᠷᠡᠭᠲᠠᠢ ᠭᠡᠵᠤ ᠴᠢᠬᠤᠯᠠᠴᠢᠯᠠᠵᠠᠢ᠃
ᠰᠢ ᠶᠢᠨ ᠫᠢᠩ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠴᠡᠷᠢᠭ ᠠᠩᠭᠢ ᠶᠢ ᠪᠠᠶᠢᠭᠤᠯᠬᠤ ᠪᠠ ᠡᠵᠡᠮᠳᠡᠬᠦ ᠶᠢ ᠪᠠᠷᠢᠮᠳᠠᠯᠠᠨ᠂ ᠬᠦ᠋ ᠲᠢᠶᠠᠨ ᠳᠠᠬᠢ ᠪᠦᠬᠦ ᠴᠡᠷᠢᠭ ᠠᠩᠭᠢ ᠶᠢᠨ ᠤᠯᠤᠰ ᠲᠦᠷᠦ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠤᠰᠤᠭᠠᠷ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠲᠠ ᠶᠢ ᠴᠢᠩᠭᠠᠳᠬᠠᠵᠤ᠂ ᠳᠠᠷᠤᠭ᠎ᠠ ᠪᠠᠶᠢᠯᠳᠤᠭᠴᠢᠳ ᠤᠨ ᠳᠦᠷᠪᠡᠨ ᠤᠬᠠᠮᠰᠠᠷ ᠢᠶᠠᠨ ᠴᠢᠩᠭᠠᠳᠬᠠᠬᠤ ᠶᠢ ᠵᠢᠭᠠᠨ ᠵᠢᠯᠤᠭᠤᠳᠴᠤ᠂ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠢᠯᠤᠭᠤᠳᠤᠯᠭ᠎ᠠ ᠶᠢ ᠡᠷᠡᠰ ᠳᠠᠭᠠᠬᠤ ᠬᠡᠷᠡᠭᠲᠠᠢ᠃ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠳᠦᠷᠢᠮ ᠢ ᠴᠢᠩᠳᠠᠯᠠᠵᠤ᠂ ᠰᠤᠷᠳᠠᠯ ᠤᠨ ᠪᠠᠶᠢᠭᠤᠯᠤᠯᠳᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠦᠬᠦᠷᠡᠰᠢ ᠦᠭᠡᠢ ᠠᠬᠢᠭᠤᠯᠵᠤ᠂ ᠴᠡᠷᠢᠭ ᠠᠩᠭᠢ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠬᠡᠷᠡᠭᠲᠠᠢ᠃ ᠢᠷᠠᠭᠤ ᠠᠯᠳᠠᠷᠳᠤ ᠤᠯᠠᠮᠵᠢᠯᠠᠯ ᠪᠤᠯᠤᠨ ᠰᠢᠯᠢᠳᠡᠭ ᠰᠤᠷᠳᠠᠯ ᠢᠶᠠᠨ ᠪᠠᠳᠠᠷᠠᠭᠤᠯᠵᠤ᠂ ᠬᠤᠪᠢᠰᠬᠠᠯᠳᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠴᠡᠷᠢᠭ ᠢ ᠬᠦᠴᠦᠷᠭᠡᠭᠵᠢᠬᠦᠯᠬᠦ ᠬᠦᠨᠳᠤ ᠡᠬᠦᠷᠬᠡ ᠶᠢ ᠵᠤᠷᠢᠬᠳᠠᠢ ᠡᠬᠦᠷᠬᠡᠯᠠᠶᠠ ᠬᠡᠬᠦ ᠭᠤᠤᠯ ᠰᠡᠳᠤᠪᠳᠤ ᠬᠦᠮᠤᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠬᠤᠪᠢᠰᠬᠠᠯᠳᠤ ᠤᠳᠤᠮᠰᠢᠯ ᠢ ᠦᠶ᠎ᠠ ᠶᠢᠨ ᠦᠶ᠎ᠠ ᠪᠠᠷ ᠤᠯᠠᠮᠵᠢᠯᠠᠬᠤ ᠭᠡᠷᠡᠭᠳᠠᠢ᠃ ᠰᠢᠨ᠎ᠠ ᠴᠠᠬ ᠦᠶ᠎ᠠ ᠶᠢᠨ ᠨᠠᠮ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠪᠠᠷ ᠴᠡᠷᠢᠭ ᠠᠩᠬᠢ ᠶᠢ ᠪᠠᠶᠢᠭᠤᠯᠵᠤ ᠴᠡᠷᠢᠭ ᠢ ᠬᠦᠮᠤᠵᠢᠬᠦᠯᠵᠤ᠂ ᠦᠨᠳᠤᠰᠤᠨ ᠱᠠᠳᠤ ᠶᠢ ᠠᠳᠬᠤᠵᠤ ᠰᠠᠭᠤᠷᠢ ᠲᠠᠯᠪᠢᠬᠤ ᠠᠵᠢᠯ ᠢ ᠰᠠᠶᠢᠳᠤᠷ ᠬᠢᠵᠤ᠂ ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠰᠦᠰᠦ ᠵᠤᠷᠢᠭ ᠲᠠᠢ᠂ ᠶᠤᠰᠤ ᠮᠤᠷᠠᠯ ᠲᠠᠢ ᠬᠤᠪᠢᠰᠬᠠᠯᠳᠤ ᠴᠡᠷᠢᠭ ᠢ ᠬᠦᠮᠤᠵᠢᠬᠦᠯᠵᠤ᠂ ᠲᠡᠮᠦᠷ ᠮᠡᠳᠦ ᠪᠠᠳᠤ ᠪᠠᠬᠢ ᠢᠳᠡᠭᠡᠯ ᠪᠢᠰᠢᠷᠡᠯ ᠲᠠᠢ᠂ ᠢᠳᠡᠭᠡᠯ ᠵᠤᠷᠢᠭ ᠲᠠᠢ᠂ ᠰᠠᠬᠢᠯᠭ᠎ᠠ ᠪᠠᠳᠤ ᠲᠠᠢ᠂ ᠡᠭᠦᠷᠭᠡᠯᠡᠯ ᠲᠠᠢ ᠴᠡᠷᠢᠭ ᠠᠩᠬᠢ ᠶᠢ ᠪᠠᠶᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃
ᠰᠢ ᠶᠢᠨ ᠫᠢᠩ᠂ ᠴᠡᠷᠢᠭ ᠠᠩᠬᠢ ᠶᠢᠨ ᠡᠯ᠎ᠠ ᠱᠠᠳᠤᠨ ᠤ ᠬᠢᠨ ᠰᠠᠨᠠᠭ᠎ᠠ ᠰᠡᠳᠬᠢᠯ ᠢᠶᠠᠨ ᠲᠦᠪᠯᠡᠷᠡᠬᠦᠯᠵᠤ ᠪᠠᠶᠢᠭᠠᠳ ᠴᠡᠷᠢᠭ ᠢᠶᠠᠨ ᠪᠤᠯᠪᠠᠰᠤᠷᠠᠭᠤᠯᠤᠨ ᠲᠠᠶᠢᠨ ᠳᠤ ᠪᠡᠯᠡᠳᠬᠡᠯ ᠬᠢᠵᠤ᠂ ᠲᠠᠶᠢᠴᠢᠨ ᠬᠦᠴᠤᠨ ᠤ ᠪᠠᠷᠢᠮᠵᠢᠶ᠎ᠠ ᠪᠠᠨ ᠳᠤᠭᠳᠠᠭᠠᠵᠤ᠂ ᠢᠯᠭᠤᠬᠰᠠᠨ ᠲᠠᠶᠢᠨ ᠬᠢᠬᠦ ᠴᠢᠳᠠᠪᠤᠷᠢ ᠪᠠᠨ ᠴᠢᠩᠭᠠᠳᠬᠠᠬᠤ ᠭᠡᠷᠡᠭᠳᠠᠢ᠃ ᠦᠬᠡᠷᠡᠴᠢᠯᠠᠯᠳᠠ ᠶᠢᠨ ᠲᠠᠷᠠᠭᠠᠬᠢ ᠰᠢᠨ᠎ᠠ ᠪᠠᠶᠢᠭᠤᠯᠤᠮᠵᠢ᠂ ᠰᠢᠨ᠎ᠠ ᠪᠠᠶᠢᠭᠤᠯᠤᠯ ᠳᠤ ᠵᠤᠬᠢᠴᠠᠵᠤ᠂ ᠬᠠᠭᠤᠷᠢ ᠵᠠᠮ ᠤᠨ ᠴᠡᠷᠢᠭ ᠤᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ ᠪᠦᠳᠤᠬᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠲᠤᠤᠱᠯᠠᠭᠤᠯᠵᠤ᠂ ᠨᠢᠬᠡᠳᠬᠡᠯ ᠠᠷᠮᠢ ᠶᠢᠨ ᠪᠦᠳᠤᠬᠡᠨ ᠪᠠᠶᠢᠭᠤᠯᠤᠯᠳᠠ ᠬᠠᠮᠢᠶᠠᠷᠤᠯᠳᠠ ᠪᠤᠯᠤᠨ ᠪᠠᠶᠢᠯᠳᠤᠬᠤ ᠠᠷᠭ᠎ᠠ ᠶᠢ ᠰᠢᠨᠠᠴᠢᠯᠠᠵᠤ᠂ ᠬᠦᠳᠡᠯᠦᠩᠭᠦᠢ ᠲᠠᠶᠢᠨ ᠬᠢᠬᠦ᠂ ᠱᠤ ᠰᠡᠷᠭᠡᠶᠢᠯᠡᠯᠳᠡ ᠳᠠᠭᠠᠷᠢᠯᠳᠠ ᠶᠢᠨ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠪᠤᠳᠠᠳᠤ ᠲᠠᠶᠢᠨ ᠤ ᠪᠤᠯᠪᠠᠰᠤᠷᠠᠯ ᠬᠢᠬᠦ᠂ ᠬᠠᠮᠳᠤᠷᠠᠭᠰᠠᠨ ᠳᠠᠶᠢᠨ ᠤ ᠪᠤᠯᠪᠠᠰᠤᠷᠠᠯ ᠬᠢᠬᠦ ᠶᠢ ᠪᠠᠷᠢᠮᠳᠠᠯᠠᠵᠤ᠂ ᠪᠤᠯᠪᠠᠰᠤᠷᠠᠯ ᠬᠢᠬᠦ ᠤᠢᠢᠯᠠᠭᠠᠬᠳᠠᠬᠤᠨ ᠪᠤᠯᠤᠨ ᠠᠷᠭ᠎ᠠ ᠪᠠᠷᠢᠯ ᠢᠶᠠᠨ ᠰᠢᠨᠡᠴᠢᠯᠠᠵᠤ᠂ ᠪᠤᠳᠠᠳᠤ ᠳᠠᠶᠢᠨᠴᠢᠯᠠᠭᠰᠠᠨ ᠴᠡᠷᠢᠭ ᠤᠨ ᠶᠠᠪᠤᠳᠠᠯ ᠤᠨ ᠪᠤᠯᠪᠠᠰᠤᠷᠠᠯ ᠢ ᠶᠡᠬᠡᠪᠡᠷ ᠠᠳᠬᠤᠬᠤ ᠭᠡᠷᠡᠭᠳᠠᠢ᠃ ᠲᠠᠶᠢᠴᠢᠨ ᠵᠤᠷᠢᠬ ᠰᠠᠨᠠᠭᠠᠨ ᠤ ᠬᠦᠮᠤᠵᠢᠯ ᠪᠤᠯᠤᠨ ᠲᠠᠶᠢᠨ ᠤ ᠰᠤᠷᠳᠠᠯ ᠤᠨ ᠪᠤᠯᠪᠠᠰᠤᠷᠠᠯ ᠢ ᠴᠢᠩᠭᠠᠳᠬᠠᠵᠤ᠂ ᠴᠡᠷᠢᠭ ᠠᠩᠬᠢ ᠪᠠᠨ ᠰᠦᠷ ᠬᠦᠴᠤᠨᠳᠤ ᠴᠡᠷᠢᠭ ᠪᠤᠯᠭᠠᠨ ᠪᠦᠲᠦᠭᠡᠨ ᠪᠠᠶᠢᠭᠤᠯᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠤᠳᠤᠷᠢᠳᠬᠤ ᠺᠠᠳ᠋ᠷ ᠬᠠᠷᠢᠭᠤᠴᠠᠯᠭ᠎ᠠ ᠡᠬᠦᠷᠬᠡᠯᠡᠯ ᠢᠶᠠᠨ ᠴᠢᠩᠭᠠᠳᠬᠠᠵᠤ᠂ ᠴᠡᠷᠢᠭ ᠠᠩᠬᠢ ᠪᠠᠨ ᠲᠠᠭᠠᠭᠤᠯᠤᠨ ᠴᠡᠷᠢᠭ ᠢᠶᠠᠨ ᠪᠤᠯᠪᠠᠰᠤᠷᠠᠭᠤᠯᠵᠤ ᠲᠠᠶᠢᠨ ᠤ ᠪᠡᠯᠡᠳᠭᠡᠯ ᠬᠢᠬᠦ ᠡᠯ᠎ᠠ ᠵᠦᠢᠯ ᠤᠨ ᠡᠬᠦᠷᠬᠡ ᠪᠠᠨ ᠰᠠᠶᠢᠳᠦᠷ ᠪᠡᠶᠡᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
ᠰᠢᠤᠢ ᠴᠢ ᠯᠢᠶᠠᠩ ᠨᠠᠷ ᠳᠡᠭᠡᠷᠡᠬᠢ ᠠᠵᠢᠯᠯᠠᠭ᠎ᠠ ᠳᠤ ᠤᠷᠤᠯᠴᠠᠪᠠ᠃
ᠰᠢᠨᠬᠤᠸᠠ ᠬᠤᠷᠢᠶᠠᠨ ᠤ ᠵᠢᠶᠠᠩᠰᠦ ᠶᠢᠨ ᠰᠢᠦ᠋ᠢᠵᠸᠥ ᠶᠢᠨ 12 ᠰᠠᠷ᠎ᠠ ᠶᠢᠨ 14 ᠤ ᠴᠠᠭᠢᠯᠭᠠᠨ ᠮᠡᠳᠡᠭᠡ