ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ

  ᠰᠢ ᠶᠢᠨ ᠫᠢᠩ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠵᠠᠢ ᠵᠠᠩ ᠭᠤᠤ ᠯᠢ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠬᠤᠷᠠᠯ ᠳᠤ ᠤᠷᠤᠯᠴᠠᠪᠠ

 

  ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 20᠎ ᠤ ᠴᠠᠬᠢᠯᠭᠠᠨ ᠮᠡᠳᠡᠭᠡ ᠲᠦᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 18᠎ ᠠᠴᠠ 20᠎ ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠤᠤ ᠯᠢ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠤᠷᠤᠯᠴᠠᠪᠠ᠃

 

  ᠰᠢ ᠶᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠶᠠᠪᠤᠴᠠ ᠶᠢ ᠳ᠋ᠦᠩᠨᠡᠵᠦ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ 2018 ᠤᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠯᠢ ᠺᠧ ᠴᠢᠶᠠᠩ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠭᠰᠡᠨ ᠪᠦᠭᠡᠳ ᠳ᠋ᠦᠩᠨᠡᠯᠳᠡ ᠶᠢᠨ ᠶᠠᠷᠢᠶ᠎ᠠ ᠲᠠᠯᠪᠢᠵᠠᠢ᠃

  12 ᠰᠠᠷ᠎ᠠ ᠶᠢᠨ 18᠎ ᠠᠴᠠ 20᠎ ᠤ ᠡᠳᠦᠷ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠡᠷᠢᠶ᠎ᠠ ᠲᠠᠯᠪᠢᠵᠠᠢ᠃

  ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ

 

  ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠲᠡᠦᠬᠡᠳᠦ ᠴᠢᠨᠠᠷᠳᠠᠢ ᠠᠮᠵᠢᠯᠳᠠ ᠤᠯᠵᠤ᠂ ᠲᠡᠦᠬᠡᠳᠦ ᠴᠢᠨᠠᠷᠳᠠᠢ ᠬᠤᠪᠢᠰᠤᠯᠳᠠ ᠭᠠᠷᠴᠤ᠂ ᠪᠤᠰᠤᠳ ᠬᠦᠷᠢᠶᠡᠨ ᠤ ᠦᠭᠡᠷᠡᠴᠢᠯᠡᠯᠳᠡ ᠬᠦᠭᠵᠢᠯᠳᠡ ᠳᠤ ᠴᠢᠬᠤᠯᠠ ᠪᠦᠬᠦᠢ ᠪᠤᠳᠠᠰ ᠤᠨ ᠨᠦᠬᠦᠴᠡᠯ ᠬᠠᠩᠭᠠᠪᠠ᠃ ᠠᠵᠤ ᠠᠬᠤᠢ ᠶᠢᠨ ᠪᠤᠳᠠᠳᠤ ᠬᠦᠴᠦᠨ ᠳᠠᠬᠢᠨ ᠰᠢᠨ᠎ᠠ ᠳᠡᠭᠳᠡᠷ ᠲᠤ ᠭᠠᠷᠴᠤ᠂ ᠠᠵᠤ ᠠᠬᠤᠢ ᠵᠢᠯ ᠳᠤᠮᠳᠠᠴᠢ ᠪᠠᠷ 7.1%᠎ ᠢᠶᠠᠷ ᠨᠡᠮᠡᠭᠳᠡᠨ ᠪᠦᠬᠦ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠤᠯ ᠬᠦᠳᠡᠯᠭᠡᠬᠦ ᠬᠦᠴᠦᠨ ᠪᠠ ᠳᠤᠭᠳᠠᠭᠤᠨ ᠬᠦᠴᠦᠨ ᠪᠤᠯᠪᠠ᠃ ᠠᠵᠤ ᠠᠬᠤᠢ ᠶᠢᠨ ᠪᠦᠲᠦᠴᠡ ᠳᠤ ᠴᠢᠬᠤᠯᠠ ᠶᠡᠭᠡ ᠬᠤᠪᠢᠰᠤᠯᠳᠠ ᠭᠠᠷᠴᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠤᠨ ᠬᠠᠩᠭᠠᠯᠭ᠎ᠠ ᠬᠡᠷᠡᠭᠴᠡᠭᠡᠨ ᠤ ᠲᠡᠩᠴᠡᠭᠦᠷᠢ ᠶᠢ ᠠᠬᠢᠭᠤᠯᠪᠠ᠃ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠦᠷᠭᠦᠯᠵᠢᠯᠡᠨ ᠠᠬᠢᠵᠤ᠂ ᠠᠵᠤ ᠠᠬᠤᠢ ᠨᠡᠩ ᠢᠯᠡᠭᠦᠦ ᠠᠮᠢᠵᠢᠷᠠᠯ ᠤᠨ ᠬᠦᠴᠦᠨ ᠪᠠ ᠳᠠᠭᠠᠭᠠᠮᠠᠭᠠᠢ ᠴᠢᠨᠠᠷᠳᠠᠢ ᠪᠤᠯᠵᠠᠢ᠃ ᠭᠠᠳᠠᠭᠠᠳᠦ ᠨᠡᠭᠡᠭᠡᠯᠳᠡ ᠭᠦᠨᠵᠡᠭᠡᠶᠢᠷᠡᠨ ᠬᠦᠭᠵᠢᠵᠦ᠂ ᠨᠢᠭᠡ ᠪᠦᠰᠡ ᠨᠢᠭᠡ ᠵᠠᠮ᠎ ᠤᠨ ᠰᠠᠨᠠᠭᠠᠴᠢᠯᠠᠭ᠎ᠠ ᠶᠢ ᠳᠤᠷᠠᠳᠤᠭᠰᠠᠨ ᠪᠦᠭᠡᠳ ᠲᠦᠯᠬᠢᠨ ᠠᠬᠢᠭᠤᠯᠵᠤ᠂ ᠠᠵᠤ ᠠᠬᠤᠢ ᠶᠢᠨ ᠳᠡᠯᠡᠬᠡᠶᠢᠵᠢᠯᠳᠠ ᠶᠢᠨ ᠵᠦᠪ ᠴᠢᠭᠯᠡᠯ ᠢᠶᠠᠷ ᠬᠦᠭᠵᠢᠬᠦ ᠶᠢ ᠢᠳᠡᠪᠬᠢᠳᠠᠢ ᠳᠠᠭᠠᠭᠤᠯᠪᠠ᠃ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠮᠡᠳᠡᠭᠳᠡᠮ᠎ᠠ ᠨᠡᠮᠡᠭᠳᠡᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢᠳᠪᠤᠷᠢᠳᠦ ᠴᠢᠨᠠᠷᠳᠠᠢ ᠠᠬᠢᠯᠳᠠ ᠤᠯᠵᠤ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠲᠡᠩᠴᠡᠭᠦᠷᠢᠰᠢᠬᠦ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ ᠳᠡᠯᠡᠬᠡᠢ ᠳᠡᠭᠡᠷᠡᠬᠢ ᠬᠦᠮᠦᠨ ᠠᠮᠠ ᠪᠠᠷ ᠬᠠᠮᠤᠭ ᠤᠨ ᠤᠯᠠᠨ ᠳᠤᠮᠳᠠ ᠵᠡᠷᠭᠡ ᠶᠢᠨ ᠤᠷᠤᠯᠭ᠎ᠠ ᠲᠠᠢ ᠬᠦᠮᠦᠰ ᠤᠨ ᠴᠤᠭᠴᠠ ᠶᠢ ᠪᠦᠷᠢᠯᠳᠦᠭᠦᠯᠪᠡ᠃ ᠠᠮᠢ ᠠᠬᠤᠢ ᠶᠢᠨ ᠤᠷᠴᠢᠨ ᠲᠤᠭᠤᠷᠢᠨ ᠤ ᠤᠬᠠᠮᠰᠠᠷ ᠮᠡᠳᠡᠭᠳᠡᠮ᠎ᠠ ᠰᠠᠶᠢᠵᠢᠷᠠᠵᠤ᠂ ᠠᠮᠢ ᠠᠬᠤᠢ ᠶᠢᠨ ᠪᠤᠯᠪᠠᠰᠤᠨ ᠢ ᠠᠬᠢᠭᠤᠯᠬᠤ ᠡᠷᠴᠢ ᠵᠤᠷᠢᠭ ᠤᠨ ᠶᠡᠭᠡ᠂ ᠬᠦᠴᠦᠯᠡᠴᠡ ᠶᠢᠨ ᠶᠡᠭᠡ᠂ ᠠᠮᠵᠢᠯᠳᠠ ᠪᠦᠲᠦᠮᠵᠢ ᠶᠢᠨ ᠶᠡᠭᠡ ᠪᠠᠷ ᠴᠦᠮ ᠤᠷᠢᠳᠤ ᠡᠮᠦᠨ᠎ᠠ ᠭᠠᠷᠤᠭ᠎ᠠ ᠦᠭᠡᠢ ᠪᠠᠶᠢᠵᠤ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯᠯᠠᠭ᠎ᠠ ᠢᠯᠡᠳᠳᠡ ᠠᠮᠵᠢᠯᠳᠠ ᠪᠦᠲᠦᠮᠵᠢ ᠤᠯᠵᠠᠢ ᠭᠡᠪᠡ᠃

  ᠬᠤᠷᠠᠯ ᠠᠴᠠ᠂ 5 ᠵᠢᠯ ᠤᠨ ᠲᠤᠷᠰᠢ᠂ ᠪᠢᠳᠡ ᠶᠡᠭᠡ ᠪᠠᠶᠢᠳᠠᠯ ᠢ ᠠᠵᠢᠬᠤ᠂ ᠪᠦᠬᠦ ᠲᠠᠯ᠎ᠠ ᠶᠢ ᠲᠦᠯᠦᠪᠯᠡᠬᠦ᠂ ᠪᠤᠳᠠᠳᠤ ᠶᠠᠪᠤᠳᠠᠯ ᠬᠢᠬᠦ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠶᠡᠭᠡ ᠲᠠᠯ᠎ᠠ ᠶᠢ ᠠᠮᠵᠢᠯᠳᠠ ᠲᠠᠢ ᠡᠵᠡᠮᠳᠡᠨ᠂ ᠦᠢᠯᠡᠳᠦᠯᠭᠡ ᠳᠤᠮᠳᠠ ᠪᠠᠨ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢᠶᠠᠷ ᠭᠤᠤᠯ ᠠᠭᠤᠯᠭ᠎ᠠ ᠪᠤᠯᠭᠠᠭᠰᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠤᠢ ᠪᠤᠯᠭᠠᠪᠠ᠃ ᠪᠢᠳᠡ ᠨᠠᠮ ᠤᠨ ᠠᠵᠤ ᠠᠬᠤᠢ ᠶᠢᠨ ᠠᠵᠢᠯ ᠳᠠᠬᠢ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠵᠦᠪ ᠴᠢᠭᠯᠡᠯ ᠢᠶᠠᠷ ᠬᠦᠭᠵᠢᠬᠦ ᠶᠢ ᠪᠠᠳᠤᠯᠠᠨ᠎ᠠ︔ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠲᠠᠪᠤ ᠶᠢ ᠨᠢᠭᠡ ᠴᠤᠭᠴᠠᠵᠢᠭᠤᠯᠬᠤ ᠶᠡᠷᠦᠩᠬᠡᠢ ᠪᠠᠶᠢᠷᠢᠰᠢᠭᠤᠯᠤᠯᠳᠠ ᠪᠤᠯᠤᠨ ᠳᠦᠷᠪᠡᠨ ᠪᠦᠬᠦ ᠲᠠᠯ᠎ᠠ᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠨᠢᠭᠡᠳᠤᠯᠳᠠᠢ ᠲᠦᠯᠦᠪᠵᠢᠭᠦᠯᠦᠨ ᠠᠬᠢᠭᠤᠯᠬᠤ ᠳᠤ ᠠᠭᠤᠰᠬᠠᠨ ᠲᠤᠤᠱᠯᠠᠭᠤᠯᠤᠨ᠎ᠠ︔ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠵᠤᠬᠢᠴᠠᠬᠤ ᠪᠦᠭᠡᠳ ᠲᠡᠭᠦᠨ ᠢ ᠡᠵᠡᠮᠳᠡᠨ ᠳᠠᠭᠠᠭᠤᠯᠬᠤ ᠶᠢ ᠪᠠᠷᠢᠮᠳᠠᠯᠠᠵᠤ᠂ ᠶᠡᠭᠡ ᠪᠠᠶᠢᠳᠠᠯ ᠳᠤ ᠵᠤᠭᠰᠤᠨ ᠵᠢᠮ᠎ᠠ ᠬᠠᠤᠯᠢ ᠢ ᠨᠢ ᠡᠵᠡᠮᠳᠡᠨ᠎ᠠ︔ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠬᠤᠪᠢᠶᠠᠷᠢᠯᠠᠯᠳᠠ ᠳᠤ ᠰᠢᠢᠳᠪᠤᠷᠢᠳᠦ ᠴᠢᠨᠠᠷᠲᠠᠢ ᠦᠢᠯᠡᠳᠦᠯ ᠢᠶᠠᠨ ᠪᠠᠳᠠᠷᠠᠭᠤᠯᠬᠤ ᠶᠢ ᠪᠠᠷᠢᠮᠳᠠᠯᠠᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠤᠨ ᠠᠵᠤ ᠠᠬᠤᠢ ᠶᠢᠨ ᠬᠦᠭᠵᠢᠯᠳᠡ ᠶᠢᠨ ᠪᠠᠶᠢᠭᠤᠯᠤᠮᠵᠢ ᠳᠤᠭᠳᠠᠴᠠ ᠶᠢᠨ ᠬᠠᠷᠰᠢ ᠰᠠᠭᠠᠳ ᠢ ᠡᠷᠡᠰ ᠠᠷᠢᠯᠭᠠᠨ᠎ᠠ︔ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠭᠤᠤᠯ ᠵᠦᠷᠢᠴᠡᠯ ᠤᠨ ᠬᠤᠪᠢᠷᠠᠯᠳᠠ ᠳᠤ ᠵᠤᠬᠢᠴᠠᠨ ᠬᠤᠷᠸ᠎ᠠ ᠡᠵᠡᠮᠰᠢᠯ ᠳᠤᠬᠢᠷᠠᠭᠤᠯᠭ᠎ᠠ ᠪᠠᠨ ᠲᠡᠭᠦᠯᠳᠡᠷᠵᠢᠭᠦᠯᠬᠦ ᠶᠢ ᠪᠠᠷᠢᠮᠳᠠᠯᠠᠵᠤ᠂ ᠠᠵᠠ ᠳᠤᠬᠢᠶᠠᠯ ᠢ ᠦᠵᠡᠨ ᠰᠤᠩᠭᠤᠯᠳᠠ ᠬᠢᠵᠦ ᠵᠦᠪ ᠤᠨᠤᠪᠴᠢᠳᠠᠢ ᠵᠤᠷ ᠭᠠᠷᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠶᠢ ᠠᠵᠤ ᠠᠬᠤᠢ ᠶᠢᠨ ᠠᠵᠢᠯ ᠤᠨ ᠭᠤᠤᠯ ᠱᠤᠭᠤᠮ ᠢᠶᠠᠨ ᠪᠤᠯᠭᠠᠨ᠎ᠠ︔ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠯᠳᠤᠬᠤ ᠪᠤᠳᠤᠯᠭ᠎ᠠ ᠪᠠᠨ ᠪᠠᠶᠢᠷᠢᠯᠠᠭᠤᠯᠬᠤ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠤᠪᠢᠰᠤᠯᠳᠠ ᠳᠤ ᠭᠦᠨ ᠬᠦᠨᠵᠡᠭᠡᠢ ᠠᠯᠤᠰ ᠬᠡᠳᠦ ᠶᠢᠨ ᠨᠦᠯᠦᠭᠡ ᠦᠵᠡᠭᠦᠯᠦᠨ᠎ᠠ︔ ᠵᠦᠪ ᠤᠨᠤᠪᠴᠢᠳᠠᠢ ᠠᠵᠢᠯ ᠤᠨ ᠠᠷᠭ᠎ᠠ ᠪᠤᠳᠤᠯᠭ᠎ᠠ ᠪᠤᠯᠤᠨ ᠠᠷᠭ᠎ᠠ ᠬᠡᠯᠪᠡᠷᠢ ᠶᠢ ᠪᠠᠷᠢᠮᠳᠠᠯᠠᠵᠤ᠂ ᠳᠤᠭᠳᠠᠭᠤᠨ ᠤ ᠳᠤᠮᠳᠠ ᠤᠷᠤᠭᠰᠢᠯᠠᠨ ᠳᠠᠪᠰᠢᠵᠤ ᠪᠠᠶᠢᠯᠳᠤᠬᠤ ᠪᠤᠳᠤᠯᠭ᠎ᠠ ᠶᠢᠨ ᠳᠤᠭᠳᠠᠯ ᠬᠦᠴᠦᠨ ᠢᠶᠠᠨ ᠪᠠᠳᠤᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠤ ᠨᠢᠭᠡ ᠨᠢᠭᠡ ᠠᠯᠬᠤᠮ ᠢᠶᠠᠷ ᠯᠠᠪᠳᠠᠭᠤᠨ ᠪᠠᠳᠤᠳᠠᠢ ᠤᠷᠤᠭᠰᠢᠯᠠᠨ ᠳᠠᠪᠰᠢᠨ᠎ᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠵᠤ ᠠᠬᠤᠢ ᠶᠢᠨ ᠦᠵᠡᠯ ᠰᠠᠨᠠᠭ᠎ᠠ ᠪᠤᠯ 5 ᠵᠢᠯ ᠤᠨ ᠲᠤᠷᠰᠢᠬᠢ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠦᠢᠯᠡᠳᠦᠯᠭᠡ ᠶᠢ ᠠᠬᠢᠭᠤᠯᠤᠭᠰᠠᠨ ᠤᠨᠤᠯ ᠤᠨ ᠤᠬᠢ ᠳᠠᠯᠠᠰᠳᠤ ᠮᠦᠨ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠬᠠᠮᠤᠭ ᠤᠨ ᠰᠢᠨ᠎ᠠ ᠦᠷ᠎ᠠ ᠪᠦᠲᠦᠭᠡᠯ ᠮᠦᠨ᠂ ᠨᠠᠮ ᠪᠠ ᠤᠯᠤᠰ ᠤᠨ ᠲᠦᠢᠯ ᠤᠨ ᠬᠤᠪᠤᠷ ᠨᠠᠨᠳᠢᠨ ᠤᠶᠤᠨ ᠰᠠᠨᠠᠭᠠᠨ ᠤ ᠦᠪ ᠬᠦᠷᠦᠩᠭᠡ ᠮᠦᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠵᠤ ᠲᠠᠰᠤᠷᠠᠯᠳᠠ ᠦᠭᠡᠢ ᠪᠠᠶᠠᠯᠢᠭᠵᠢᠭᠤᠯᠬᠤ ᠬᠡᠷᠡᠭᠳᠠᠢ ᠭᠡᠵᠦ ᠵᠢᠭᠠᠵᠤ ᠭᠠᠷᠭᠠᠪᠠ᠃

  ᠬᠤᠷᠠᠯ ᠠᠴᠠ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠰᠢᠨ᠎ᠠ ᠴᠠᠬ ᠦᠶ᠎ᠠ ᠳᠤ ᠤᠷᠤᠵᠦ᠂ ᠮᠠᠨ ᠤ ᠤᠯᠤᠰ ᠤᠨ ᠠᠵᠦ ᠠᠬᠤᠢ ᠶᠢᠨ ᠬᠦᠭᠵᠢᠯᠳᠡ ᠴᠤ ᠰᠢᠨ᠎ᠠ ᠴᠠᠬ ᠦᠶ᠎ᠠ ᠳᠤ ᠤᠷᠤᠵᠠᠢ᠂ ᠦᠨᠳᠦᠰᠦᠨ ᠤᠨᠴᠠᠯᠢᠬ ᠨᠢ ᠬᠡᠪᠡᠯ᠂ ᠮᠠᠨ ᠤ ᠤᠯᠤᠰ ᠤᠨ ᠠᠵᠤ ᠠᠬᠤᠢ ᠨᠢᠬᠡᠨᠳᠡ ᠳᠡᠭᠡᠳᠦ ᠬᠤᠷᠳᠤᠴᠠ ᠪᠠᠷ ᠨᠡᠮᠡᠭᠳᠡᠵᠦ ᠪᠠᠶᠢᠬᠰᠡᠨ ᠱᠠᠳᠤᠨ ᠠᠴᠠ ᠪᠠᠨ ᠴᠢᠨᠠᠷ ᠰᠠᠶᠢᠳᠠᠢ ᠬᠦᠭᠵᠢᠬᠦ ᠱᠠᠳᠤᠨ ᠳᠤ ᠰᠢᠯᠵᠢᠨ ᠤᠷᠤᠪᠠ᠃ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠤᠯ ᠠᠵᠦ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠳᠤᠯᠠᠬᠤ ᠵᠠᠶᠢᠯᠠᠰᠢ ᠦᠬᠡᠢ ᠱᠠᠭᠠᠷᠳᠠᠯᠭ᠎ᠠ ᠮᠦᠨ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠳᠤ ᠵᠤᠬᠢᠴᠠᠬᠤ ᠪᠠ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠶᠢᠨ ᠵᠠᠶᠢᠯᠠᠰᠢ ᠦᠬᠡᠢ ᠱᠠᠭᠠᠷᠳᠠᠯᠭ᠎ᠠ ᠮᠦᠨ᠂ ᠠᠵᠤ ᠠᠬᠤᠢ ᠶᠢᠨ ᠵᠢᠮ᠎ᠠ ᠶᠤᠰᠤ ᠶᠢ ᠵᠢᠷᠤᠮᠯᠠᠨ ᠬᠦᠭᠵᠢᠬᠦ ᠶᠢᠨ ᠵᠠᠶᠢᠯᠠᠰᠢ ᠦᠬᠡᠢ ᠱᠠᠭᠠᠷᠳᠠᠯᠭ᠎ᠠ ᠮᠦᠨ᠃ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠨᠢ ᠤᠳᠤᠬᠠᠨ ᠤ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠬᠦᠭᠵᠢᠯᠳᠡ ᠶᠢᠨ ᠰᠡᠳᠬᠢᠮᠵᠢ ᠶᠢ ᠳᠤᠬᠳᠠᠭᠠᠬᠤ᠂ ᠠᠵᠦ ᠠᠬᠤᠢ ᠶᠢᠨ ᠳᠦᠷᠦ ᠶᠢᠨ ᠪᠤᠳᠤᠯᠭ᠎ᠠ ᠶᠢ ᠳᠤᠬᠳᠠᠭᠠᠬᠤ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢ ᠬᠡᠷᠡᠭᠵᠢᠬᠦᠯᠬᠦ ᠶᠢᠨ ᠦᠨᠳᠦᠰᠦᠨ ᠱᠠᠭᠠᠷᠳᠠᠯᠭ᠎ᠠ ᠪᠤᠯᠬᠤ ᠤᠴᠢᠷ ᠠᠴᠠ ᠡᠷᠬᠡᠪᠰᠢ ᠴᠢᠨᠠᠷ ᠰᠠᠶᠢᠳᠠᠢ ᠬᠦᠭᠵᠢᠯᠳᠡ ᠶᠢᠨ ᠵᠢᠭᠠᠯᠳᠠ ᠳᠤᠭᠠᠨ ᠤ ᠰᠢᠰᠲ᠋ᠧᠮ᠂ ᠳᠦᠷᠦ ᠶᠢᠨ ᠪᠤᠳᠤᠯᠭ᠎ᠠ ᠶᠢᠨ ᠰᠢᠰᠲ᠋ᠧᠮ᠂ ᠪᠠᠷᠢᠮᠵᠢᠶᠠᠨ ᠤ ᠰᠢᠰᠲ᠋ᠧᠮ᠂ ᠳᠤᠭ᠎ᠠ ᠪᠦᠷᠢᠳᠬᠡᠯ ᠤᠨ ᠰᠢᠰᠲ᠋ᠧᠮ᠂ ᠠᠵᠢᠯ ᠤᠨ ᠠᠮᠵᠢᠯᠳᠠ ᠪᠦᠳᠦᠮᠵᠢ ᠶᠢᠨ ᠰᠢᠰᠲ᠋ᠧᠮ᠂ ᠤᠯᠤᠰ ᠳᠦᠷᠦ ᠶᠢᠨ ᠠᠮᠵᠢᠯᠳᠠ ᠪᠦᠳᠦᠮᠵᠢ ᠶᠢᠨ ᠬᠢᠨᠠᠨ ᠰᠢᠯᠭᠠᠯᠳᠠ ᠶᠢ ᠳᠠᠷᠤᠢ ᠳᠦᠷᠬᠡᠨ ᠪᠦᠷᠢᠯᠳᠤᠬᠦᠯᠤᠨ ᠠᠬᠢᠭᠤᠯᠵᠦ᠂ ᠳᠦᠷᠢᠮ ᠤᠨ ᠤᠷᠴᠢᠨ ᠳᠤᠭᠤᠷᠢᠨ ᠢ ᠪᠠᠶᠢᠭᠤᠯᠤᠨ ᠳᠡᠬᠦᠯᠳᠡᠷᠵᠢᠬᠦᠯᠵᠦ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠠᠯ᠎ᠠ ᠪᠠᠷ ᠳᠠᠰᠤᠷᠠᠯᠳᠠ ᠦᠬᠡᠢ ᠰᠢᠨ᠎ᠠ ᠠᠬᠢᠯᠳᠠ ᠤᠯᠬᠤ ᠶᠢ ᠠᠬᠢᠭᠤᠯᠬᠤ ᠬᠡᠷᠡᠭᠳᠡᠢ ᠭᠡᠪᠡ᠃

  ᠬᠤᠷᠠᠯ ᠠᠴᠠ᠂ 2018 ᠤᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠳᠤᠤᠱᠯᠠᠭᠤᠯᠬᠤ ᠡᠬᠢᠨ ᠤ ᠵᠢᠯ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠠᠷᠪᠠᠨ ᠭᠤᠷᠪᠠᠳᠤᠭᠠᠷ ᠳᠠᠪᠤᠨ ᠵᠢᠯ᠎ ᠤᠨ ᠳᠦᠯᠦᠪᠵᠢᠬᠦᠯᠬᠡ ᠶᠢ ᠬᠡᠷᠡᠭᠵᠢᠬᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠡᠮ ᠨᠡᠬᠡᠬᠡᠬᠦ ᠵᠠᠩᠬᠢᠯᠠᠭ᠎ᠠ ᠶᠢᠨ ᠨᠢᠬᠡ ᠵᠢᠯ ᠮᠦᠨ᠃ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ ᠡᠷᠬᠡᠪᠰᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠦ᠂ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠦ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢ ᠪᠠᠳᠤ ᠡᠵᠡᠮᠰᠢᠵᠦ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ ᠳᠠᠪᠤ ᠶᠢ ᠨᠢᠬᠡ ᠴᠤᠬᠴᠠᠵᠢᠭᠤᠯᠬᠤ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ ᠳᠦᠷᠪᠡᠨ ᠪᠦᠬᠦ ᠳᠠᠯ᠎ᠠ᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠢᠶᠠᠨ ᠪᠤᠯᠭᠠᠵᠦ᠂ ᠨᠡᠮᠡᠭᠳᠡᠯ ᠢ ᠳᠤᠭᠳᠠᠭᠤᠨ ᠪᠤᠯᠭᠠᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠬᠡᠶᠢᠯᠡᠬᠦ ᠵᠡᠷᠬᠡ ᠡᠯ᠎ᠠ ᠳᠦᠷᠦᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ᠦᠬᠡᠷᠡᠴᠢᠯᠡᠯᠳᠡ ᠨᠡᠬᠡᠬᠡᠯᠳᠡ ᠶᠢ ᠬᠦᠴᠦᠯᠡᠨ ᠠᠬᠢᠭᠤᠯᠵᠦ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢ ᠰᠢᠨᠡᠴᠢᠯᠡᠨ ᠳᠡᠬᠦᠯᠳᠡᠷᠵᠢᠬᠦᠯᠵᠦ᠂ ᠶᠠᠰᠤ ᠴᠢᠨᠠᠷ ᠤᠨ ᠬᠤᠪᠢᠰᠤᠯ᠂ ᠦᠷ᠎ᠠ ᠪᠦᠲᠦᠮᠵᠢ ᠶᠢᠨ

  ᠬᠤᠪᠢᠰᠤᠯ᠂ ᠬᠦᠳᠡᠯᠬᠡᠬᠦ ᠬᠦᠴᠦᠨ ᠤ ᠬᠤᠪᠢᠰᠦᠯ ᠢ ᠠᠬᠢᠭᠤᠯᠵᠦ᠂ ᠬᠦᠨᠳᠦ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠬᠦ᠂ ᠤᠨᠢᠨ ᠳᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠵᠡᠷᠬᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠳᠠᠯ᠎ᠠ ᠪᠠᠷ ᠯᠠᠪᠳᠠᠭᠤᠨ ᠪᠠᠳᠤᠳᠠᠢ ᠠᠬᠢᠯᠳᠠ ᠲᠠᠢ ᠪᠤᠯᠵᠦ᠂ ᠵᠢᠱᠢᠯᠳᠠ ᠶᠢ ᠵᠢᠯᠤᠭᠤᠳᠤᠨ ᠳᠤᠬᠳᠠᠪᠤᠷᠢᠵᠢᠭᠤᠯᠵᠦ᠂ ᠠᠷᠠᠳ ᠤᠨ ᠠᠮᠢᠳᠤᠷᠠᠯ ᠢ ᠴᠢᠩᠭᠠᠳᠬᠠᠨ ᠰᠠᠶᠢᠵᠢᠷᠠᠭᠤᠯᠵᠦ᠂ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃

  ᠬᠤᠷᠠᠯ ᠠᠴᠠ᠂ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠪᠤᠯ ᠳᠦᠷᠦ ᠶᠢ ᠵᠠᠰᠠᠵᠦ ᠵᠠᠰᠠᠬ ᠢ ᠡᠷᠬᠢᠯᠡᠬᠦ ᠴᠢᠬᠤᠯᠠ ᠵᠠᠷᠴᠢᠮ ᠪᠤᠯᠤᠨ᠎ᠠ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠬᠡᠷᠡᠭᠳᠡᠢ᠃ ᠳᠤᠬᠳᠠᠭᠤᠨ ᠪᠠᠶᠢᠯᠭᠠᠬᠤ ᠪᠡ ᠤᠷᠤᠬᠰᠢᠯᠠᠨ ᠳᠠᠪᠰᠢᠬᠤ᠎ ᠨᠢ ᠬᠤᠪᠢᠰᠤᠩᠭᠤᠢ ᠨᠢᠬᠡᠳᠦᠮᠡᠯ ᠴᠢᠨᠠᠷᠳᠠᠢ ᠶᠤᠮ᠂ ᠡᠷᠬᠡᠪᠰᠢ ᠨᠢᠬᠡ ᠪᠦᠬᠦᠯᠢ ᠴᠤᠬᠴᠠ ᠪᠤᠯᠭᠠᠨ ᠠᠳᠬᠤᠵᠦ᠂ ᠠᠵᠢᠯ ᠤᠨ ᠠᠶᠢᠵᠠᠮ ᠪᠤᠯᠤᠨ ᠡᠷᠴᠢᠮ ᠢ ᠰᠠᠶᠢᠳᠤᠷ ᠡᠵᠡᠮᠳᠡᠬᠦ ᠬᠡᠷᠡᠭᠳᠡᠢ᠃ ᠡᠯ᠎ᠠ ᠳᠦᠷᠦᠯ ᠤᠨ ᠳᠦᠷᠦ ᠶᠢᠨ ᠪᠤᠳᠤᠯᠭ᠎ᠠ ᠶᠢ ᠨᠢᠬᠡᠳᠦᠯᠳᠡᠢ ᠳᠦᠯᠦᠪᠵᠢᠬᠦᠯᠵᠦ ᠳᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠᠨ ᠴᠢᠩᠭᠠᠳᠬᠠᠬᠤ ᠬᠡᠷᠡᠭᠳᠡᠢ᠃ ᠢᠳᠡᠪᠬᠢᠳᠡᠢ ᠡᠳ᠋ ᠤᠨ ᠵᠠᠰᠠᠭ ᠤᠨ ᠳᠦᠷᠦ ᠶᠢᠨ ᠪᠤᠳᠤᠯᠭ᠎ᠠ ᠶᠢᠨ ᠬᠠᠨᠳᠤᠰᠢ ᠶᠢ ᠬᠤᠪᠢᠷᠠᠭᠤᠯᠬᠤ ᠦᠬᠡᠢ ᠪᠠᠶᠢᠵᠤ᠂ ᠡᠳ᠋ ᠤᠨ ᠵᠠᠰᠠᠬ ᠤᠨ ᠵᠠᠷᠤᠯᠭ᠎ᠠ ᠶᠢᠨ ᠪᠦᠳᠦᠴᠡ ᠶᠢ ᠳᠤᠬᠢᠷᠠᠭᠤᠯᠤᠨ ᠰᠢᠯᠢᠳᠡᠭᠵᠢᠬᠦᠯᠵᠦ᠂ ᠭᠤᠤᠯᠳᠠᠯᠭ᠎ᠠ ᠲᠠᠢ ᠬᠦᠷᠢᠶ᠎ᠠ ᠪᠤᠯᠤᠨ ᠳᠦᠷᠦᠯ ᠵᠦᠢᠯ ᠢ ᠳᠡᠮᠵᠢᠬᠦ ᠡᠷᠴᠢᠮ ᠢᠶᠠᠨ ᠦᠨᠡᠨᠬᠦ ᠪᠠᠳᠤᠯᠠᠵᠦ᠂ ᠡᠩ ᠤᠨ ᠵᠠᠷᠤᠯᠭ᠎ᠠ ᠶᠢ ᠪᠠᠭᠠᠰᠬᠠᠨ ᠤᠷᠤᠨ ᠨᠤᠳᠤᠬ ᠤᠨ ᠵᠠᠰᠠᠬ ᠤᠨ ᠤᠷᠳᠤᠨ ᠤ ᠦᠷᠢ ᠦᠭᠴᠡᠬᠡᠨ ᠤ ᠬᠠᠮᠢᠶᠠᠷᠤᠯᠳᠠ ᠶᠢ ᠦᠨᠡᠨᠬᠦ ᠴᠢᠩᠭᠠᠳᠬᠠᠬᠤ ᠬᠡᠷᠡᠭᠳᠡᠢ᠃ ᠯᠠᠪᠳᠠᠭᠤᠨ ᠳᠤᠭᠳᠠᠭᠤᠨ ᠵᠤᠭᠤᠰᠤᠨ ᠤ ᠲᠦᠷᠦ ᠶᠢᠨ ᠪᠤᠳᠤᠯᠭ᠎ᠠ ᠳᠤ ᠬᠡᠪ ᠲᠤᠮᠳᠠ ᠶᠢ ᠪᠠᠳᠤᠯᠠᠨ ᠵᠤᠭᠤᠰᠤᠨ ᠤ ᠬᠠᠩᠭᠠᠯᠭ᠎ᠠ ᠶᠢᠨ ᠶᠡᠷᠦᠩᠬᠡᠢ ᠬᠠᠭᠠᠯᠳᠠ ᠶᠢ ᠪᠠᠳᠤ ᠬᠠᠮᠢᠶᠠᠷᠴᠦ᠂ ᠵᠤᠭᠤᠰ ᠮᠦᠩᠭᠦᠨ ᠤ ᠢᠳᠡᠭᠡᠮᠵᠢᠳᠤ ᠵᠢᠭᠡᠯᠡᠯᠭᠡ ᠪᠡ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ ᠶᠢᠨ ᠵᠦᠢ ᠵᠤᠬᠢᠰᠳᠠᠢ ᠨᠡᠮᠡᠭᠳᠡᠭᠦ ᠶᠢ ᠪᠠᠳᠤᠯᠠᠵᠤ᠂ ᠠᠷᠠᠳ ᠤᠨ ᠵᠤᠭᠤᠰᠤᠨ ᠤ ᠭᠤᠪᠢᠭᠤᠯᠤᠮᠵᠢ ᠵᠦᠢ ᠵᠤᠬᠢᠰᠳᠠᠢ ᠲᠡᠩᠴᠡᠭᠦᠷᠢᠳᠡᠢ ᠲᠦᠪᠰᠢᠨ ᠳᠡᠭᠡᠷ᠎ᠡ ᠦᠨᠳᠤᠰᠤᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠵᠤ᠂ ᠤᠯᠠᠨ ᠲᠡᠰ ᠲᠠᠪᠬᠤᠷᠭ᠎ᠠ ᠪᠦᠭᠦᠢ ᠭᠦᠷᠦᠩᠭᠡ ᠶᠢᠨ ᠵᠠᠬ᠎ᠠ ᠲᠡᠯᠭᠡᠭᠦᠷ ᠤᠨ ᠡᠷᠡᠭᠦᠯ ᠢᠶᠠᠷ ᠭᠦᠭᠵᠢᠭᠦ ᠶᠢ ᠠᠬᠢᠭᠤᠯᠤᠨ ᠪᠤᠳᠠᠳᠤ ᠴᠤᠭᠴᠠ ᠶᠢᠨ ᠠᠵᠤ ᠠᠬᠤᠢ ᠳᠤ ᠨᠡᠩ ᠰᠠᠶᠢᠳᠦᠷ ᠦᠢᠯᠡᠴᠢᠯᠡᠵᠤ᠂ ᠰᠢᠰᠲᠧᠮ ᠤᠨ ᠴᠢᠨᠠᠷᠳᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠭᠦ ᠦᠭᠡᠢ ᠬᠤᠷᠢᠭ᠎ᠠ ᠱᠤᠭᠤᠮ ᠢ ᠪᠠᠳᠤ ᠰᠠᠬᠢᠨ᠎ᠡ᠃ ᠪᠦᠳᠤᠴᠡ ᠶᠢᠨ ᠴᠢᠨᠠᠷᠳᠠᠢ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠨᠡᠩ ᠶᠡᠬᠡᠪᠡᠷ ᠪᠠᠳᠠᠷᠠᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠲᠠᠳᠠᠬᠤ ᠭᠦᠴᠤᠨ ᠪᠡ ᠦᠷᠢᠰᠦᠯᠳᠦᠭᠦ ᠭᠦᠴᠤᠨ ᠢ ᠴᠢᠩᠭᠠᠳᠬᠠᠨ ᠨᠦᠭᠡᠴᠡ ᠡᠬᠢ ᠪᠠᠶᠠᠯᠢᠭ ᠤᠨ ᠲᠤᠬᠢᠷᠠᠭᠤᠯᠭ᠎ᠠ ᠶᠢ ᠰᠢᠯᠢᠳᠡᠭᠵᠢᠭᠦᠯᠵᠤ᠂ ᠰᠢᠨ᠎ᠡ ᠶᠢ ᠡᠭᠦᠳᠭᠦ ᠪᠠᠷ ᠭᠦᠳᠡᠯᠭᠡᠭᠦᠷ ᠪᠤᠯᠭᠠᠬᠤ ᠶᠢ ᠴᠢᠩᠭᠠᠳᠬᠠᠨ ᠭᠡᠷᠡᠭᠯᠡᠭᠡ ᠶᠢᠨ ᠰᠠᠭᠤᠷᠢ ᠴᠢᠨᠠᠷᠳᠠᠢ ᠦᠢᠯᠡᠳᠦᠯ ᠢ ᠰᠠᠶᠢᠳᠤᠷ ᠪᠠᠳᠠᠷᠠᠭᠤᠯᠵᠤ᠂ ᠪᠦᠳᠦᠮᠵᠢᠳᠠᠢ ᠪᠡᠯᠡ ᠤᠷᠤᠭᠤᠯᠤᠯᠳᠡ ᠤᠨᠴᠠᠭᠠᠢᠢᠯᠡᠨ ᠠᠷᠠᠳ ᠤᠨ ᠪᠡᠯᠡ ᠤᠷᠤᠭᠤᠯᠤᠯᠳᠡ ᠶᠢᠨ ᠵᠦᠢ ᠵᠤᠬᠢᠰᠳᠠᠢ ᠨᠡᠮᠡᠭᠳᠡᠯ ᠢ ᠠᠬᠢᠭᠤᠯᠤᠨ᠎ᠡ᠃ ᠨᠡᠶᠢᠭᠡᠮ ᠤᠨ ᠲᠦᠷᠦ ᠶᠢᠨ ᠪᠤᠳᠤᠯᠭ᠎ᠠ ᠳᠤ ᠠᠷᠠᠳ ᠤᠨ ᠠᠮᠢᠳᠤᠷᠠᠯ ᠤᠨ ᠲᠤᠪᠤᠶᠢᠮ᠎ᠡ ᠠᠰᠠᠭᠤᠳᠠᠯ ᠢ ᠰᠢᠢᠳᠪᠦᠷᠢᠯᠡᠭᠦ ᠶᠢ ᠴᠢᠬᠤᠯᠠᠴᠢᠯᠠᠵᠤ᠂ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠳᠡᠢ ᠬᠠᠷᠢᠭᠤᠯᠳᠡ ᠦᠭᠴᠤ᠂ ᠦᠨᠳᠤᠰᠤᠨ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠨ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢ ᠴᠢᠩᠭᠠᠳᠬᠠᠵᠤ᠂ ᠨᠡᠶᠢᠭᠡᠮ ᠤᠨ ᠵᠦᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠦᠭᠡᠷᠡᠴᠢᠯᠡᠯᠳᠡ ᠨᠡᠭᠡᠭᠡᠯᠳᠡ ᠬᠢᠬᠦ ᠡᠷᠴᠢᠮ ᠢᠶᠠᠨ ᠴᠢᠩᠭᠠᠷᠠᠭᠤᠯᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠬᠢᠭᠦ ᠠᠯᠬᠤᠮ ᠢᠶᠠᠨ ᠲᠦᠷᠭᠡᠳᠭᠡᠵᠤ᠂ ᠦᠮᠴᠢᠯᠡᠯ ᠤᠨ ᠡᠷᠭᠡ ᠶᠢᠨ ᠲᠦᠷᠢᠮ ᠪᠤᠯᠤᠨ ᠴᠢᠬᠤᠯᠡ ᠡᠯᠧᠮᠧᠨᠲ ᠤᠨ ᠵᠠᠬ᠎ᠠ ᠲᠡᠯᠭᠡᠭᠦᠷᠴᠢᠯᠡᠭᠰᠡᠨ ᠲᠤᠬᠢᠷᠠᠭᠤᠯᠭ᠎ᠠ ᠶᠢ ᠲᠡᠭᠦᠯᠳᠡᠷᠵᠢᠭᠦᠯᠬᠦ ᠪᠠᠷ ᠭᠤᠤᠯᠳᠠᠯᠭ᠎ᠠ ᠪᠤᠯᠭᠠᠵᠤ᠂ ᠰᠠᠭᠤᠷᠢ ᠴᠢᠨᠠᠷᠳᠠᠢ ᠵᠠᠩᠬᠢᠯᠠᠭ᠎ᠠ ᠶᠢᠨ ᠬᠦᠷᠢᠶᠡᠨ ᠤ ᠦᠭᠡᠷᠡᠴᠢᠯᠡᠯᠳᠡ ᠳᠤ ᠰᠢᠨ᠎ᠠ ᠰᠢᠪᠳᠤᠯᠤᠯᠳᠠ ᠤᠯᠬᠤ ᠶᠢ ᠠᠬᠢᠭᠤᠯᠤᠨ᠎ᠠ᠃ ᠭᠠᠳᠠᠭᠠᠳᠤ ᠨᠡᠭᠡᠭᠡᠯᠳᠡ ᠶᠢ ᠦᠷᠭᠡᠳᠭᠡᠨ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ ᠢ ᠤᠯᠠᠮ ᠴᠢᠯᠦᠭᠡᠳᠠᠢ ᠪᠤᠯᠭᠠᠵᠤ᠂ ᠪᠦᠭᠦ ᠲᠠᠯ᠎ᠠ ᠪᠠᠷ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠲᠦᠷᠭᠡᠳᠬᠡᠨ ᠪᠤᠢ ᠪᠤᠯᠭᠠᠨ᠎ᠡ ᠭᠡᠵᠦ ᠴᠢᠬᠤᠯᠠᠴᠢᠯᠠᠪᠠ᠃

  ᠬᠤᠷᠠᠯ ᠠᠴᠠ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠱᠠᠭᠠᠷᠳᠠᠯᠭ᠎ᠠ ᠪᠠᠷ ᠢᠷᠡᠬᠦ 3 ᠵᠢᠯ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠭᠦᠯᠭᠦ ᠰᠢᠢᠳᠪᠦᠷᠢᠳᠤ ᠢᠯᠡᠯᠳᠡ ᠶᠢ ᠲᠡᠮᠡᠴᠡᠨ ᠤᠯᠬᠤ ᠶᠠᠪᠤᠴᠠ ᠶᠢᠨ ᠭᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠬᠦ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠭᠡᠶᠢᠯᠡᠨ ᠵᠠᠰᠠᠬᠤ ᠭᠤᠷᠪᠡᠨ ᠶᠡᠭᠡ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠠᠢ᠃ ᠭᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠬᠦ ᠪᠤᠭᠤᠮᠳᠡ ᠰᠢᠪᠳᠤᠯᠬᠤ ᠲᠠᠶᠢᠯᠡᠯᠳᠤᠭᠠᠨ ᠢ ᠰᠠᠶᠢᠳᠤᠷ ᠬᠢᠬᠦ ᠳᠤ᠂ ᠭᠤᠤᠯᠳᠠᠯᠭ᠎ᠠ ᠨᠢ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠡ ᠡᠵᠡᠮᠳᠠᠵᠤ᠂ ᠬᠠᠩᠭᠠᠯᠭ᠎ᠠ ᠶᠢᠨ ᠲᠠᠯ᠎ᠡ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠭᠡᠬᠦ ᠡᠨᠡᠬᠦ ᠭᠤᠤᠯ ᠱᠤᠭᠤᠮ ᠳᠤ ᠦᠢᠯᠡᠴᠢᠯᠡᠨ ᠮᠦᠩᠭᠦᠨ ᠭᠦᠢᠯᠭᠡᠭᠡᠨ ᠪᠡ ᠪᠤᠳᠠᠳᠤ ᠴᠤᠭᠴᠠ ᠶᠢᠨ ᠠᠵᠤ ᠠᠬᠤᠢ᠂ ᠮᠦᠩᠭᠦᠨ ᠭᠦᠢᠯᠭᠡᠭᠡᠨ ᠪᠡ ᠭᠡᠷ ᠭᠠᠵᠠᠷ ᠤᠨ ᠭᠦᠷᠦᠩᠭᠡ᠂ ᠮᠦᠩᠭᠦᠨ ᠭᠦᠢᠯᠭᠡᠭᠡᠨ ᠤ ᠰᠢᠰᠲ᠋ᠧᠮ ᠤᠨ ᠲᠤᠳᠤᠷᠠᠬᠢ ᠰᠠᠶᠢᠨ ᠰᠠᠶᠢᠬᠠᠨ ᠤᠷᠴᠢᠯ ᠢ ᠪᠦᠷᠢᠯᠳᠦᠭᠦᠯᠦᠨ ᠠᠬᠢᠭᠤᠯᠵᠤ᠂ ᠭᠤᠤᠯᠳᠠᠯᠭ᠎ᠠ ᠲᠠᠢ ᠭᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠭᠦ ᠪᠡ ᠰᠢᠢᠳᠪᠦᠷᠢᠯᠡᠭᠦ ᠠᠵᠢᠯ ᠢ ᠰᠠᠶᠢᠳᠤᠷ ᠬᠢᠵᠤ᠂ ᠬᠠᠤᠯᠢ ᠠᠴᠠ ᠵᠦᠷᠢᠴᠡᠬᠦ ᠲᠤᠭᠳᠠᠭᠠᠯ ᠠᠴᠠ ᠵᠦᠷᠢᠴᠡᠭᠦ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠡ ᠦᠭᠴᠤ᠂ ᠪᠠᠭᠤᠷᠠᠢ ᠭᠤᠭᠴᠤᠭ᠎ᠠ ᠶᠢᠨ ᠬᠢᠨᠡᠯᠳᠡ ᠬᠠᠮᠢᠶᠠᠷᠤᠯᠳᠡ ᠶᠢᠨ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠨ᠎ᠡ᠃

  ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠡᠯᠳᠤᠭᠠᠨ ᠢ ᠰᠠᠶᠢᠳᠤᠷ ᠬᠢᠬᠦ ᠳᠤ᠂ ᠤᠳᠤᠬᠠᠨ ᠤ ᠭᠡᠷᠡᠭᠵᠢᠭᠦᠯᠵᠤ ᠪᠠᠶᠢᠭ᠎ᠠ ᠪᠠᠷᠢᠮᠵᠢᠶ᠎ᠠ ᠲᠤᠳᠤᠷᠠᠬᠢ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠶᠢ ᠪᠠᠳᠤᠯᠠᠵᠤ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ ᠪᠦᠭᠡᠳ ᠰᠠᠨᠠᠭᠠᠷᠬᠠᠯ ᠢᠶᠠᠨ ᠴᠦ ᠲᠠᠬᠡᠭᠰᠢᠯᠡᠬᠦᠯᠬᠦ ᠦᠭᠡᠢ᠂ ᠤᠨᠴᠠ ᠶᠠᠳᠠᠭᠤ ᠭᠦᠴᠢᠷᠳᠡᠯᠳᠡᠢ ᠤᠯᠠᠨ ᠲᠦᠮᠡᠨ ᠳᠤ ᠬᠠᠨᠳᠤᠭᠤᠯᠤᠨ ᠤᠨᠢᠨ ᠳᠡᠭᠡᠷ᠎ᠡ ᠨᠢ ᠬᠠᠪᠰᠤᠷᠤᠨ ᠲᠡᠳᠭᠦᠵᠤ᠂ ᠲᠦᠢᠯ ᠤᠨ ᠶᠠᠳᠠᠭᠤ ᠭᠦᠴᠢᠷᠳᠡᠯᠳᠡᠢ ᠭᠠᠵᠠᠷ ᠤᠷᠤᠨ ᠳᠤ ᠲᠦᠪᠯᠡᠷᠡᠭᠦᠯᠦᠨ ᠭᠦᠴᠦᠯᠡᠵᠤ᠂ ᠶᠠᠳᠠᠭᠤ ᠭᠦᠴᠢᠷᠳᠡᠯᠳᠡᠢ ᠬᠦᠮᠤᠨ ᠠᠮᠠ ᠶᠢᠨ ᠶᠠᠳᠠᠭᠤ ᠠᠴᠠ ᠠᠩᠬᠢᠵᠢᠷᠠᠬᠤ ᠲᠤᠳᠤᠭᠠᠳᠤ ᠭᠦᠳᠡᠯᠭᠡᠭᠦ ᠭᠦᠴᠤᠨ ᠢ ᠨᠢ ᠪᠠᠳᠠᠷᠠᠭᠤᠯᠵᠤ᠂ ᠬᠢᠨᠡᠨ ᠰᠢᠯᠭᠠᠵᠤ ᠬᠢᠨᠡᠯᠳᠡ ᠲᠠᠯᠪᠢᠬᠤ ᠪᠠᠨ ᠴᠢᠩᠭᠠᠳᠬᠠᠨ᠎ᠡ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠦ᠂ ᠭᠤᠤᠯ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠭᠡᠪᠡᠷ ᠪᠠᠭᠠᠰᠬᠠᠨ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠪᠦᠭᠦ ᠲᠠᠯ᠎ᠡ ᠪᠠᠷ ᠰᠠᠶᠢᠵᠢᠷᠠᠭᠤᠯᠤᠨ᠎ᠠ᠂ ᠭᠤᠤᠯᠳᠠᠯᠭ᠎ᠠ ᠨᠢ ᠭᠦᠭᠡ ᠤᠭᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠡᠯᠳᠡ ᠶᠢ ᠤᠯᠵᠤ᠂ ᠠᠵᠤ ᠦᠢᠯᠡᠰ ᠤᠨ ᠪᠦᠳᠤᠴᠡ ᠶᠢ ᠲᠤᠬᠢᠷᠠᠭᠤᠯᠤᠨ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠦᠷᠢ ᠶᠢ ᠳᠠᠶᠠᠭᠳᠠᠭᠤᠯᠵᠤ᠂ ᠡᠨᠧᠷᠬᠢ ᠶᠢᠨ ᠪᠦᠳᠦᠴᠡ ᠳᠤ ᠳᠤᠬᠢᠷᠠᠭᠤᠯᠤᠯᠳᠠ ᠬᠢᠵᠦ ᠡᠨᠧᠷᠬᠢ ᠶᠢ ᠠᠷᠪᠢᠯᠠᠬᠤ ᠡᠷᠴᠢᠮ ᠪᠡ ᠬᠢᠨᠡᠨ ᠰᠢᠯᠭᠠᠬᠤ ᠪᠠᠨ ᠴᠢᠩᠭᠠᠳᠬᠠᠵᠤ᠂ ᠳᠡᠭᠡᠭᠡᠪᠤᠷᠢ ᠶᠢᠨ ᠪᠦᠳᠤᠴᠡ ᠳᠤ ᠲᠤᠭᠢᠷᠠᠭᠤᠯᠤᠯᠳᠠ ᠬᠢᠨ᠎ᠠ ᠭᠡᠵᠦ ᠳᠤᠭᠳᠠᠭᠠᠵᠠᠢ᠃

  ᠬᠤᠷᠠᠯ ᠠᠴᠠ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠪᠠᠷ ᠭᠤᠤᠯᠲᠠᠭᠤᠯᠤᠨ 8 ᠵᠦᠢᠯ ᠤᠨ ᠭᠤᠤᠯᠲᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃

  ᠨᠢᠭᠡ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠠᠬᠢᠭᠤᠯᠤᠨ᠎ᠠ᠃ ᠲᠤᠮᠲᠠᠲᠤ ᠤᠯᠤᠰ ᠤᠨ ᠦᠢᠯᠡᠳᠭᠡᠯ ᠠᠴᠠ ᠲᠤᠮᠲᠠᠲᠤ ᠤᠯᠤᠰ ᠤᠨ ᠡᠭᠦᠳᠦᠯᠳᠡ ᠪᠤᠯᠵᠤ ᠬᠤᠪᠢᠷᠠᠬᠤ᠂ ᠲᠤᠮᠲᠠᠲᠤ ᠤᠯᠤᠰ ᠤᠨ ᠬᠤᠷᠲᠤᠴᠠ ᠠᠴᠠ ᠲᠤᠮᠲᠠᠲᠤ ᠤᠯᠤᠰ ᠤᠨ ᠶᠠᠰᠤ ᠴᠢᠨᠠᠷ ᠪᠤᠯᠵᠤ ᠬᠤᠪᠢᠷᠠᠬᠤ᠂ ᠦᠢᠯᠡᠳᠭᠦ ᠦᠢᠯᠡᠰ ᠤᠨ ᠲᠤᠮᠤ ᠤᠯᠤᠰ ᠠᠴᠠ ᠦᠢᠯᠡᠳᠭᠦ ᠦᠢᠯᠡᠰ ᠤᠨ ᠬᠦᠴᠦᠷᠭᠡᠭ ᠤᠯᠤᠰ ᠪᠤᠯᠵᠤ ᠬᠤᠪᠢᠷᠠᠬᠤ ᠶᠢ ᠠᠬᠢᠭᠤᠯᠬᠤ ᠬᠡᠷᠡᠭᠳᠠᠢ᠃ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷ ᠢᠶᠠᠷ ᠬᠤᠪᠢᠶᠠᠷᠢᠯᠠᠨ ᠳᠤᠬᠢᠷᠠᠭᠤᠯᠬᠤ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠦᠭᠡᠶᠢᠰᠭᠡᠬᠦ᠂ ᠪᠠᠶᠢᠭᠤᠯᠬᠤ᠂ᠪᠠᠭᠤᠷᠠᠭᠤᠯᠬᠤ ᠲᠡᠭᠡᠷ᠎ᠠ ᠭᠤᠤᠯᠳᠠᠯᠭ᠎ᠠ ᠲᠠᠢ ᠬᠦᠴᠤ ᠲᠠᠯᠪᠢᠬᠤ ᠬᠡᠷᠡᠭᠲᠡᠢ᠃ ᠪᠦᠲᠦᠮᠵᠢ ᠦᠭᠡᠢ ᠬᠠᠩᠭᠠᠯᠭ᠎ᠠ ᠶᠢ ᠴᠢᠷᠮᠠᠶᠢᠨ ᠦᠭᠡᠶᠢᠰᠭᠡᠵᠦ᠂ ᠦᠭᠦᠰᠢᠷᠡᠮᠡᠯ ᠠᠵᠦ ᠠᠬᠤᠢᠢᠯᠠᠯ᠎ ᠢ ᠰᠢᠢᠳᠪᠦᠷᠢᠯᠡᠬᠦ ᠪᠠᠷ ᠴᠢᠬᠤᠯᠠ ᠭᠠᠷᠳᠠᠴᠠ ᠪᠤᠯᠭᠠᠨ ᠦᠯᠡᠭᠦᠲᠡᠭᠰᠡᠡ ᠦᠢᠯᠡᠳᠪᠦᠷᠢᠯᠡᠯ ᠤᠨ ᠴᠢᠲᠠᠪᠤᠷᠢ ᠶᠢ ᠪᠠᠭᠠᠰᠬᠠᠬᠤ ᠶᠢ ᠠᠬᠢᠭᠤᠯᠬᠤ ᠬᠡᠷᠡᠭᠲᠡᠢ︔ ᠰᠢᠨ᠎ᠠ ᠬᠦᠲᠡᠯᠭᠡᠬᠦ ᠴᠢᠳᠠᠪᠤᠷᠢ ᠶᠢ ᠪᠤᠶᠢᠵᠢᠭᠤᠯᠬᠤ ᠪᠠᠷ ᠬᠦᠴᠦᠯᠡᠨ ᠴᠢᠷᠮᠠᠶᠢᠵᠤ᠂ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠶᠢ ᠴᠢᠩᠭᠠᠳᠬᠠᠠ ᠤᠯᠠᠮᠵᠢᠯᠠᠯᠲᠦ ᠠᠵᠦ ᠦᠢᠯᠡᠰ ᠢ ᠰᠢᠯᠢᠳᠡᠭᠵᠢᠭᠦᠯᠵᠦ ᠲᠡᠰ ᠲᠡᠪᠰᠢᠭᠦᠯᠬᠦ ᠶᠢ ᠠᠬᠢᠭᠤᠯᠵᠦ᠂ ᠨᠢᠭᠡ ᠪᠦᠯᠦᠭ ᠰᠢᠨ᠎ᠠ ᠶᠢ ᠡᠭᠦᠳᠬᠦ ᠴᠢᠲᠠᠪᠤᠷᠢ ᠪᠦᠬᠦᠢ ᠬᠤᠰᠢᠭᠤᠴᠢ ᠳᠠᠭᠠᠭᠤᠯᠤᠭᠴᠢ ᠠᠵᠦ ᠠᠬᠤᠢᠢᠯᠠᠯ ᠢ ᠪᠤᠶᠢᠵᠢᠭᠤᠯᠵᠦ᠂ ᠴᠡᠷᠢᠭ ᠠᠷᠠᠳ ᠤᠨ ᠬᠡᠷᠡᠭᠯᠡᠭᠡ ᠶᠢᠨ ᠭᠦᠨᠵᠡᠭᠡᠢ ᠠᠭᠤᠰᠤᠯᠴᠠᠨ ᠬᠦᠭᠵᠢᠬᠦ ᠶᠢ ᠢᠲᠡᠪᠬᠢᠲᠠᠢ ᠠᠬᠢᠭᠤᠯᠬᠤ ᠬᠡᠷᠡᠭᠲᠡᠢ︔ ᠪᠤᠲᠠᠲᠤ ᠴᠤᠭᠴᠠ ᠶᠢᠨ ᠠᠵᠦ ᠠᠬᠤᠢ ᠶᠢᠨ ᠦᠪᠡᠷ ᠤᠨ ᠦᠷᠲᠡᠭ ᠢ ᠬᠦᠴᠦᠯᠡᠨ ᠪᠠᠭᠤᠷᠠᠭᠤᠯᠵᠦ᠂ ᠲᠦᠷᠢᠮ ᠤᠨ ᠴᠢᠨᠠᠷᠲᠠᠢ ᠠᠷᠠᠯᠵᠢᠶᠠᠠ ᠤ ᠦᠪᠡᠷ ᠤᠨ ᠦᠷᠲᠡᠭ ᠢ ᠨᠢ ᠪᠠᠭᠤᠷᠠᠭᠤᠯᠵᠦ᠂ ᠠᠵᠦ ᠠᠬᠤᠢᠢᠯᠠᠯ ᠳᠤ ᠬᠤᠯᠪᠤᠭᠲᠠᠬᠤ ᠰᠦᠢᠳᠭᠡᠯ ᠬᠤᠷᠢᠶᠠᠯᠳᠠ ᠶᠢ ᠦᠷᠭᠦᠯᠵᠢᠯᠡᠡ ᠴᠡᠭᠴᠡᠯᠡᠨ ᠦᠭᠡᠶᠢᠰᠭᠡᠵᠦ᠂ ᠲᠤᠷ᠎ᠠ ᠪᠠᠷ ᠢᠶᠠᠨ ᠰᠦᠢᠳᠭᠡᠯ ᠬᠤᠷᠢᠶᠠᠬᠤ ᠵᠠᠪᠤᠳᠠᠯ ᠢ ᠪᠠᠶᠢᠴᠠᠭᠠᠠ ᠰᠢᠢᠳᠪᠦᠷᠢᠯᠡᠬᠦ ᠪᠠ ᠴᠡᠭᠴᠡᠯᠡᠡ ᠵᠠᠰᠠᠬᠤ ᠡᠷᠴᠢᠮ ᠢᠶᠠᠨ ᠴᠢᠩᠭᠠᠷᠠᠭᠤᠯᠵᠦ᠂ ᠴᠠᠬᠢᠯᠭᠠᠠ ᠬᠦᠴᠤ᠂ ᠴᠢᠯᠠᠭᠤᠨ ᠲᠤᠰᠤ ᠪᠠ ᠪᠠᠶᠢᠭᠠᠯᠢ ᠶᠢᠨ ᠰᠢᠲᠠᠮᠠᠬᠠᠢ ᠭᠡᠢ᠂ ᠲᠡᠮᠦᠷ ᠵᠠᠮ ᠵᠡᠷᠭᠡ ᠠᠵᠢᠯ ᠲᠦᠷᠦᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠨᠧᠷᠬᠢ ᠶᠢᠨ ᠬᠡᠷᠡᠭᠯᠡᠭᠡ᠂ ᠪᠠᠷᠠᠭᠠᠠ ᠤ ᠬᠦᠢᠯᠭᠡᠭᠡ ᠶᠢᠨ ᠦᠪᠡᠷ ᠤᠨ ᠦᠷᠲᠡᠭ ᠢ ᠪᠠᠭᠤᠷᠠᠭᠤᠯᠤᠨ᠎ᠠ᠃

  ᠬᠤᠶᠠᠷ ᠲᠤ᠂ ᠡᠯ᠎ᠠ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠤᠨ᠎ᠠ᠃ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠦᠴᠦᠷᠭᠡᠭᠵᠢᠭᠦᠯᠵᠦ ᠰᠢᠯᠢᠲᠡᠭᠵᠢᠭᠦᠯᠵᠦ ᠪᠤᠵᠠᠭᠠᠢᠢᠷᠠᠭᠤᠯᠬᠤ ᠶᠢ ᠠᠬᠢᠭᠤᠯᠵᠦ᠂ ᠤᠯᠤᠰ ᠤᠨ ᠦᠮᠴᠢᠯᠡᠯ ᠤᠨ ᠠᠵᠦ ᠠᠬᠤᠢᠢᠯᠠᠯ ᠪᠤᠯᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠦᠭᠡᠷᠡᠴᠢᠯᠡᠯᠲᠡ ᠶᠢᠨ ᠲᠦᠰᠦᠯ ᠢ ᠲᠡᠭᠦᠯᠲᠡᠷᠵᠢᠭᠦᠯᠵᠦ᠂ ᠡᠳ᠋ ᠬᠦᠷᠦᠩᠭᠡ ᠶᠢᠨ ᠬᠠᠮᠢᠶᠠᠷᠤᠯᠳᠠ ᠪᠠᠷ ᠭᠤᠤᠯ ᠪᠤᠯᠭᠠᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠴᠢᠲᠠᠪᠬᠢ ᠶᠢᠨ ᠬᠤᠪᠢᠷᠠᠯᠳᠠ ᠶᠢ ᠲᠦᠷᠭᠡᠳᠭᠡᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠡᠷᠬᠡ ᠤᠯᠭᠤᠯᠳᠠ ᠪᠠᠷ ᠡᠵᠡᠩᠨᠡᠬᠦ ᠪᠠᠶᠢᠭᠤᠯᠤᠮᠵᠢ ᠳᠤ ᠦᠭᠡᠷᠡᠴᠢᠯᠡᠯᠲᠡ ᠬᠢᠨ᠎ᠠ᠃ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ ᠨᠠᠮ ᠤᠨ ᠤᠲᠤᠷᠢᠲᠤᠯᠭ᠎ᠠ ᠪᠤᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ ᠤᠲᠤ ᠦᠶ᠎ᠠ ᠶᠢᠨ ᠠᠵᠦ ᠠᠬᠤᠢᠢᠯᠠᠯ ᠤᠨ ᠲᠦᠷᠢᠮ ᠢ ᠲᠡᠭᠦᠯᠲᠡᠷᠵᠢᠭᠦᠯᠵᠤ᠂ ᠺᠤᠮᠫᠠᠨᠢ ᠶᠢᠨ ᠬᠠᠤᠯᠢ ᠶᠢᠨ ᠡᠷᠭᠡᠲᠡᠡ ᠤ ᠵᠠᠰᠠᠯᠲᠠ ᠶᠢᠨ ᠪᠦᠲᠦᠴᠡ ᠶᠢ ᠲᠡᠭᠦᠯᠲᠡᠷᠵᠢᠭᠦᠯᠬᠦ ᠶᠢ ᠠᠬᠢᠭᠤᠯᠬᠤ ᠬᠡᠷᠡᠭᠳᠠᠢ᠃ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠤᠨ ᠬᠦᠭᠵᠢᠯᠲᠠ ᠶᠢ ᠲᠡᠮᠵᠢᠵᠦ᠂ ᠦᠮᠴᠢᠯᠡᠬᠦ ᠡᠷᠭᠡ ᠶᠢ ᠬᠠᠮᠠᠭᠠᠯᠠᠬᠤ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠵᠦ᠂ ᠨᠡᠶᠢᠭᠡᠮ ᠳᠡᠭᠡᠷ᠎ᠠ ᠴᠢᠩᠭ᠎ᠠ ᠲᠤᠰᠬᠠᠯ ᠲᠠᠢ ᠦᠮᠴᠢᠯᠡᠬᠦ ᠡᠷᠭᠡ ᠶᠢᠨ ᠵᠢᠭᠤᠷᠠᠯᠲᠤᠭᠠᠠ ᠤ ᠬᠡᠷᠡᠭ ᠢ ᠬᠠᠤᠯᠢ ᠶᠤᠰᠤᠭᠠᠷ ᠰᠠᠶᠢᠳᠦᠷ ᠰᠢᠭᠦᠨ ᠲᠤᠳᠤᠯᠠᠵᠤ ᠵᠠᠯᠠᠷᠠᠭᠤᠯᠬᠤ ᠬᠡᠷᠡᠭᠲᠡᠢ᠃ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠭᠦᠯᠬᠦ ᠪᠦᠭᠡᠳ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠭᠠᠳᠠᠭᠤᠷᠴᠢᠯᠠᠬᠤ ᠴᠢᠨᠠᠷ ᠲᠠᠢ ᠬᠢᠵᠠᠭᠠᠷᠯᠠᠯ ᠪᠠ ᠡᠯ᠎ᠠ ᠵᠦᠢᠯ ᠤᠨ ᠲᠠᠯᠲᠠ ᠴᠢᠨᠠᠷ ᠲᠠᠢ ᠬᠠᠷᠰᠢ ᠰᠠᠭᠠᠳ ᠢ ᠠᠷᠢᠯᠭᠠᠵᠦ᠂ ᠲᠤᠳᠤᠨᠤ ᠪᠦᠭᠡᠳ ᠲᠤᠲᠤᠷᠬᠠᠢ ᠰᠢᠨ᠎ᠠ ᠬᠡᠯᠪᠡᠷᠢ ᠶᠢᠨ ᠵᠠᠰᠠᠭ ᠪᠠ ᠠᠷᠠᠯᠵᠢᠶᠠᠴᠢᠨ ᠤ ᠬᠠᠷᠢᠴᠠᠭ᠎ᠠ ᠶᠢ ᠲᠦᠷᠭᠡᠳᠬᠡᠡ ᠪᠠᠶᠢᠭᠤᠯᠤᠨ᠎ᠠ᠃

  ᠭᠤᠷᠪᠠ ᠳᠤ᠂ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠦᠨ᠎ᠠ᠃ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠠᠴᠢ ᠪᠠᠷ ᠲᠤᠭᠲᠠᠭᠠᠬᠤ ᠭᠡᠷᠡᠭᠲᠡᠢ᠃ ᠬᠤᠲᠠ ᠬᠦᠲᠡᠭᠡ ᠶᠢ ᠠᠭᠤᠰᠤᠯᠴᠠᠭᠤᠯᠤᠠ ᠬᠦᠭᠵᠢᠭᠦᠯᠬᠦ ᠪᠠᠶᠢᠭᠤᠯᠤᠮᠵᠢ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠦᠲᠡᠭᠡ ᠲᠤᠰᠬᠤᠨ ᠤ ᠬᠦᠭᠵᠢᠯᠳᠡ ᠶᠢ ᠬᠠᠷᠰᠢᠯᠠᠬᠤ ᠡᠯ᠎ᠠ ᠵᠦᠢᠯ ᠤᠨ ᠬᠦᠴᠦᠨ ᠵᠦᠢᠯ ᠤᠨ ᠬᠦᠳᠡᠭᠡ ᠳᠤ ᠪᠠᠭᠤᠬᠤ ᠶᠢ ᠦᠭᠡᠶᠢᠰᠭᠡᠬᠦ ᠭᠡᠷᠡᠭᠲᠡᠢ᠃ ᠬᠦᠲᠡᠭᠡ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠵᠦ᠂ ᠶᠠᠰᠤ ᠴᠢᠨᠠᠷ ᠢᠶᠠᠷ ᠬᠦᠲᠡᠭᠡ ᠠᠵᠦ ᠠᠬᠤᠢ ᠶᠢ ᠮᠠᠠᠲᠤᠭᠤᠯᠬᠤ᠂ ᠪᠤᠬᠢᠷᠲᠤᠯ ᠦᠭᠡᠢ ᠪᠠᠷ ᠬᠦᠲᠡᠭᠡ ᠠᠵᠦ ᠠᠬᠤᠢ ᠶᠢ ᠮᠠᠠᠲᠤᠭᠤᠯᠬᠤ ᠶᠢ ᠪᠠᠷᠢᠮᠲᠠᠯᠠᠵᠦ᠂ ᠬᠦᠲᠡᠭᠡ ᠠᠵᠦ ᠠᠬᠤᠢ ᠶᠢᠨ ᠲᠦᠷᠦ ᠶᠢᠨ ᠪᠤᠲᠤᠯᠭ᠎ᠠ ᠶᠢ ᠤᠷᠤᠯᠭ᠎ᠠ ᠶᠢ ᠨᠡᠮᠡᠭᠲᠡᠭᠦᠯᠬᠦ ᠵᠢᠯᠤᠭᠤᠲᠤᠮᠵᠢ ᠠᠴᠠ ᠶᠠᠰᠤ ᠴᠢᠨᠠᠷ ᠢ ᠰᠠᠶᠢᠵᠢᠷᠠᠭᠤᠯᠬᠤ ᠵᠢᠯᠤᠭᠤᠲᠤᠮᠵᠢ ᠲᠡᠰᠢ ᠬᠤᠪᠢᠷᠠᠭᠤᠯᠬᠤ ᠬᠡᠷᠡᠭᠲᠡᠢ᠃ ᠠᠮᠤ ᠪᠤᠲᠠᠭ᠎ᠠ ᠶᠢ ᠬᠤᠳᠠᠯᠳᠤᠨ ᠠᠪᠴᠤ ᠨᠦᠭᠡᠴᠡᠯᠡᠵᠦ ᠬᠠᠲᠠᠭᠠᠯᠠᠬᠤ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠠ᠂ ᠬᠤᠳᠠᠯᠳᠤᠨ ᠠᠪᠴᠤ ᠨᠦᠭᠡᠴᠡᠯᠡᠬᠦ ᠦᠨ᠎ᠠ ᠬᠠᠩᠰᠢ ᠪᠠᠷ ᠵᠠᠬ᠎ᠠ ᠲᠡᠯᠭᠡᠭᠦᠷ ᠤᠨ ᠬᠠᠩᠭᠠᠯᠭ᠎ᠠ ᠭᠡᠷᠡᠭᠴᠡᠭᠡ ᠶᠢᠨ ᠪᠠᠶᠢᠳᠠᠯ ᠢ ᠨᠡᠩ ᠰᠠᠶᠢᠨ ᠲᠤᠰᠬᠠᠵᠦ᠂ ᠰᠡᠯᠭᠦᠨ ᠲᠠᠷᠢᠬᠤ ᠪᠠ ᠲᠠᠷᠢᠶᠠᠯᠠᠬᠤ ᠪᠠᠨ ᠵᠤᠭᠰᠤᠬᠤ ᠲᠦᠷᠢᠮ ᠤᠨ ᠲᠤᠷᠰᠢᠯᠲᠠ ᠶᠢᠨ ᠴᠢᠭ᠋ ᠢ ᠦᠷᠭᠡᠳᠭᠡᠨ᠎ᠠ᠃

  ᠲᠦᠷᠪᠡ ᠳᠤ᠂ ᠤᠷᠤᠠ ᠪᠦᠰᠡ ᠶᠢ ᠵᠤᠬᠢᠴᠠᠭᠤᠯᠤᠨ ᠬᠦᠭᠵᠢᠭᠦᠯᠬᠦ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠦᠨ᠎ᠠ᠃ ᠦᠨᠲᠦᠰᠦᠨ ᠤᠯᠠᠠ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠲᠠᠢ ᠪᠤᠯᠭᠠᠬᠤ ᠶᠢ ᠪᠡᠶᠡᠯᠡᠭᠦᠯᠵᠦ᠂ ᠰᠠᠭᠤᠷᠢ ᠲᠤᠨᠤᠭ ᠲᠦᠬᠦᠭᠡᠷᠦᠮᠵᠢ ᠶᠢ ᠪᠦᠷᠬᠦᠬᠦᠯᠦᠭᠰᠡᠨ ᠬᠡᠮᠵᠢᠶ᠎ᠠ ᠶᠢ ᠨᠡᠯᠢᠶᠡᠳ ᠲᠡᠩᠴᠡᠬᠦᠷᠢ ᠲᠠᠢ ᠪᠤᠯᠭᠠᠵᠦ᠂ ᠠᠷᠠᠳ ᠲᠦᠮᠡᠡ ᠤ ᠠᠮᠢᠲᠤᠷᠠᠯ ᠤᠨ ᠲᠦᠪᠰᠢᠨ ᠢ ᠶᠡᠷᠦᠩᠭᠡᠢ ᠳᠡᠭᠡᠨ ᠠᠲᠠᠯᠢᠪᠲᠤᠷ ᠪᠤᠯᠭᠠᠬᠤ ᠬᠡᠷᠡᠭᠲᠡᠢ᠃ ᠪᠡᠭᠡᠵᠢᠩ ᠲᠢᠶᠠᠠᠵᠢᠨ ᠡᡁᠧᠪᠸᠢ ᠶᠢᠨ ᠬᠠᠮᠵᠢᠯᠴᠠᠨ ᠬᠦᠭᠵᠢᠬᠦ ᠶᠢ ᠠᠬᠢᠭᠤᠯᠬᠤ ᠳᠤ ᠪᠡᠭᠡᠵᠢᠩ ᠤᠨ ᠨᠡᠶᠢᠰᠯᠡᠯ ᠤᠨ ᠪᠤᠰᠤ ᠴᠢᠲᠠᠪᠬᠢ ᠶᠢ ᠲᠠᠷᠬᠠᠭᠠᠬᠤ ᠪᠠᠷ ᠭᠤᠤᠯᠲᠠᠯᠭ᠎ᠠ ᠪᠤᠯᠭᠠᠠ᠂ ᠵᠦᠢ ᠵᠤᠬᠢᠰᠲᠠᠢ ᠲᠤᠬᠠᠢᠢᠯᠠᠭᠰᠠᠠ ᠠᠵᠢᠯ ᠤᠨ ᠪᠦᠲᠦᠴᠡ ᠶᠢ ᠬᠠᠮᠠᠭᠠᠯᠠᠵᠦ᠂ ᠦᠨᠲᠦᠷ ᠭᠠᠷᠤᠭ᠎ᠠ ᠲᠠᠢ ᠪᠠᠷ ᠰᠢᠶᠦ᠋ᠩ ᠠᠠ ᠰᠢᠨ᠎ᠠ ᠲᠤᠭᠤᠷᠢᠭ ᠤᠨ ᠲᠦᠯᠦᠪᠵᠢᠭᠦᠯᠭᠡ ᠶᠢ ᠴᠢᠨᠠᠷ ᠰᠠᠶᠢᠳᠠᠢ ᠨᠠᠶᠢᠷᠠᠭᠤᠯᠤᠨ ᠳᠤᠭᠳᠠᠭᠠᠬᠤ ᠭᠡᠷᠡᠭᠲᠡᠢ᠃ ᠬᠦᠭᠡᠮᠦ᠋ᠷᠡᠡ ᠤ ᠠᠵᠦ ᠠᠬᠤᠢ ᠶᠢᠨ ᠪᠦᠰᠡ ᠶᠢᠨ ᠬᠦᠭᠵᠢᠯᠲᠠ ᠶᠢ ᠠᠬᠢᠭᠤᠯᠬᠤ ᠳᠤ ᠠᠮᠢ ᠠᠬᠤᠢ ᠶᠢ ᠡᠩ ᠲᠡᠷᠢᠭᠦᠨ ᠳᠤ ᠲᠠᠯᠪᠢᠨ ᠪᠤᠬᠢᠷᠲᠤᠯ ᠦᠭᠡᠢ ᠬᠦᠭᠵᠢᠯᠳᠠ ᠪᠠᠷ ᠲᠠᠭᠠᠭᠤᠯᠬᠤ ᠭᠡᠷᠡᠭᠲᠡᠢ᠃ ᠨᠢᠭᠡ ᠪᠦᠰᠡ ᠨᠢᠭᠡ ᠵᠠᠮ᠎ ᠤᠨ ᠪᠦᠲᠦᠭᠡᠡ ᠪᠠᠶᠢᠭᠤᠯᠤᠯᠲᠠ ᠪᠠᠷ ᠭᠤᠤᠯᠲᠠᠭᠤᠯᠤᠨ ᠭᠠᠲᠠᠭᠠᠲᠤ ᠳᠠᠬᠢ ᠪᠡᠯᠡ ᠤᠷᠤᠭᠤᠯᠤᠯᠲᠠ ᠶᠢᠨ ᠠᠷᠭ᠎ᠠ ᠬᠡᠯᠪᠡᠷᠢ ᠪᠠᠨ ᠰᠢᠨᠡᠴᠢᠯᠠᠵᠦ᠂ ᠪᠡᠯᠡ ᠤᠷᠤᠭᠤᠯᠤᠯᠲᠠ ᠪᠠᠷ ᠠᠷᠠᠯᠵᠢᠶᠠᠠ ᠤ ᠬᠦᠭᠵᠢᠯᠲᠠ᠂ ᠠᠵᠦ ᠦᠢᠯᠡᠰ ᠤᠨ ᠬᠦᠭᠵᠢᠯᠲᠠ ᠶᠢ ᠳᠠᠶᠢᠴᠢᠯᠠᠬᠤ ᠭᠡᠷᠡᠭᠲᠡᠢ᠃ ᠬᠤᠪᠢᠰᠬᠠᠯ ᠤᠨ ᠡᠷᠲᠡ ᠴᠢᠯᠦᠭᠡᠯᠡᠭᠲᠡᠭᠰᠡᠡ ᠤᠷᠤᠨ᠂ ᠦᠨᠲᠦᠰᠦᠲᠡᠡ ᠤ ᠤᠷᠤᠨ᠂ ᠬᠢᠯᠢ ᠬᠢᠵᠠᠭᠠᠷ ᠤᠷᠤᠨ᠂ ᠶᠠᠲᠠᠭᠤ ᠬᠦᠴᠢᠷᠲᠠᠯᠲᠠᠢ ᠤᠷᠤᠨ ᠤ ᠦᠢᠯᠡᠳᠪᠦᠷᠢᠯᠡᠯ ᠠᠮᠢᠲᠤᠷᠠᠯ ᠤᠨ ᠨᠦᠬᠦᠴᠡᠯ ᠢᠶᠠᠨ ᠰᠠᠶᠢᠵᠢᠷᠠᠭᠤᠯᠬᠤ ᠶᠢ ᠲᠡᠮᠵᠢᠨ᠎ᠠ᠃ ᠪᠠᠷᠠᠭᠤᠨ ᠤᠷᠤᠨ ᠢ ᠶᠡᠬᠡᠪᠡᠷ ᠨᠡᠭᠡᠭᠡᠡ ᠬᠦᠭᠵᠢᠭᠦᠯᠬᠦ ᠶᠢ ᠠᠬᠢᠭᠤᠯᠵᠦ᠂ ᠵᠡᠭᠦᠨ ᠬᠤᠶᠢᠲᠦ ᠤᠷᠤᠨ ᠵᠡᠷᠭᠡ ᠠᠵᠦ ᠦᠢᠯᠡᠳᠪᠦᠷᠢ ᠶᠢᠨ ᠬᠠᠭᠤᠴᠢᠨ ᠰᠠᠭᠤᠷᠢᠨ ᠢ ᠬᠦᠭᠵᠢᠬᠦᠯᠦᠨ ᠮᠠᠨᠳᠤᠭᠤᠯᠬᠤ ᠶᠢ ᠲᠦᠷᠭᠡᠳᠭᠡᠵᠦ᠂ ᠲᠤᠮᠲᠠ ᠤᠷᠤᠨ ᠤ ᠬᠦᠭᠵᠢᠯ ᠮᠠᠨᠳᠤᠯ  ᠎ ᠢ ᠠᠬᠢᠭᠤᠯᠤᠨ ᠵᠡᠭᠦᠨ ᠤᠷᠤᠨ ᠤ ᠴᠢᠨᠠᠷ ᠰᠠᠶᠢᠲᠠᠢ ᠬᠦᠭᠵᠢᠯᠳᠡ ᠶᠢ ᠤᠷᠢᠳᠠᠪᠡᠷ ᠠᠬᠢᠭᠤᠯᠬᠤ ᠶᠢ ᠲᠡᠮᠵᠢᠬᠦ ᠬᠡᠷᠡᠭᠲᠡᠢ᠃ ᠭᠤᠸᠠᠩᠳᠦ᠋ᠩ ᠰᠢᠶᠠᠩᠭᠠᠩ ᠤᠤᠮᠸᠠ ᠤ ᠶᠡᠭᠡ ᠪᠤᠯᠤᠩ ᠤᠨ ᠤᠷᠤᠨ ᠤ ᠪᠦᠲᠦᠭᠡᠡ ᠪᠠᠶᠢᠭᠤᠯᠤᠯᠲᠠ ᠶᠢ ᠰᠢᠨᠵᠢᠯᠡᠬᠦ ᠤᠬᠠᠭᠠᠠᠴᠢ ᠪᠠᠷ ᠲᠦᠯᠦᠪᠵᠢᠭᠦᠯᠬᠦ ᠬᠡᠷᠡᠭᠲᠡᠢ᠃ ᠬᠤᠲᠠ ᠶᠢᠨ ᠰᠦᠷᠦᠭᠵᠢᠯ ᠤᠨ ᠶᠠᠰᠤ ᠴᠢᠨᠠᠷ ᠢ ᠲᠡᠭᠡᠭᠰᠢᠯᠡᠭᠦᠯᠤᠨ ᠲᠤᠮᠤ ᠳᠤᠮᠳᠠ ᠪᠠᠭ᠎ᠠ ᠬᠤᠲᠠ ᠶᠢᠨ ᠲᠤᠤᠷᠵᠢᠭᠰᠠᠨ ᠪᠠᠶᠢᠭᠤᠯᠤᠯᠳᠠ ᠶᠢ ᠠᠬᠢᠭᠤᠯᠵᠦ᠂ ᠬᠦᠲᠡᠭᠡ ᠠᠵᠦ ᠠᠬᠤᠢ ᠠᠴᠠ ᠰᠢᠯᠵᠢᠭᠰᠡᠨ ᠬᠦᠮᠦᠨ ᠠᠮᠠ ᠶᠢ ᠳᠠᠳᠠᠬᠤ ᠪᠠ ᠬᠦᠯᠢᠶᠡᠨ ᠠᠪᠬᠤ ᠴᠢᠲᠠᠪᠤᠷᠢ ᠶᠢ ᠨᠢ ᠴᠢᠩᠭᠠᠳᠬᠠᠠ᠂ ᠡᠷᠦᠭᠡ ᠠᠮᠠ ᠶᠢᠨ ᠲᠠᠩᠰᠠ ᠶᠢᠨ ᠲᠦᠷᠢᠮ ᠤᠨ ᠦᠭᠡᠷᠡᠴᠢᠯᠡᠯᠳᠡ ᠶᠢ ᠨᠠᠶᠢᠲᠠᠪᠤᠷᠢᠵᠢᠭᠤᠯᠬᠤ ᠠᠬᠢᠴᠠ ᠪᠠᠨ ᠲᠦᠷᠭᠡᠳᠭᠡᠨ᠎ᠠ᠃ ᠤᠨᠴᠠᠯᠢᠭ ᠲᠠᠢ ᠵᠢᠵᠢᠭ ᠪᠠᠯᠭᠠᠰᠤᠨ ᠤ ᠡᠷᠡᠭᠦᠯ ᠢᠶᠠᠷ ᠬᠦᠭᠵᠢᠬᠦ ᠶᠢ ᠲᠠᠭᠠᠭᠤᠯᠤᠨ᠎ᠠ᠃

  ᠲᠠᠪᠤ ᠳᠤ᠂ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠠ ᠪᠠᠶᠢᠷᠢᠰᠢᠯ ᠢ ᠪᠦᠷᠢᠯᠲᠦᠭᠦᠯᠬᠦ ᠶᠢ ᠠᠬᠢᠭᠤᠯᠤᠨ᠎ᠠ᠃ ᠨᠡᠭᠡᠭᠡᠯᠲᠡ ᠬᠢᠬᠦ ᠬᠦᠷᠢᠶ᠎ᠠ ᠬᠡᠪᠴᠢᠶ᠎ᠠ ᠪᠤᠯᠤᠨ ᠲᠡᠰ ᠲᠠᠪᠬᠤᠷᠭ᠎ᠠ ᠪᠠᠨ ᠴᠢᠨᠠᠭᠰᠢᠲᠠ ᠦᠷᠭᠡᠳᠭᠡᠬᠦ ᠪᠦᠭᠡᠳ ᠦᠵᠡᠯ ᠰᠠᠨᠠᠭ᠎ᠠ ᠤᠢᠢᠯᠠᠭᠠᠭᠲᠠᠬᠤᠠ᠂ ᠪᠦᠲᠦᠴᠡ ᠶᠢᠨ ᠪᠠᠶᠢᠷᠢᠰᠢᠯ᠂ ᠪᠠᠶᠢᠭᠤᠯᠤᠮᠵᠢ ᠲᠤᠭᠲᠠᠴᠠ ᠶᠢᠨ ᠲᠠᠯ᠎ᠠ ᠪᠠᠷ ᠬᠢ ᠨᠡᠭᠡᠭᠡᠯᠳᠡ ᠪᠠᠨ ᠴᠢᠨᠠᠭᠰᠢᠲᠠ ᠦᠷᠭᠡᠳᠭᠡᠬᠦ ᠬᠡᠷᠡᠭᠲᠡᠢ᠃ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ ᠢ ᠠᠯᠬᠤᠮ ᠳᠠᠷᠠᠭ᠎ᠠ ᠲᠠᠢ ᠪᠠᠷ ᠴᠢᠯᠦᠭᠡᠳᠠᠢ ᠪᠤᠯᠭᠠᠵᠦ᠂ ᠵᠠᠬ᠎ᠠ ᠲᠡᠯᠭᠡᠭᠦᠷ ᠲᠤ ᠤᠷᠤᠬᠤ ᠠᠴᠠ ᠡᠮᠦᠨᠡᠬᠢ ᠤᠯᠤᠰ ᠠᠷᠠᠳ ᠤᠨ ᠬᠦᠷᠲᠡᠭᠡᠮᠵᠢ ᠪᠤᠯᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠭᠡᠷᠡᠭᠵᠢᠭᠦᠯᠵᠦ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠦᠷᠭᠦᠯᠵᠢᠯᠡᠡ ᠴᠤᠮᠬᠠᠳᠬᠠᠵᠦ᠂ ᠭᠠᠲᠠᠭᠠᠲᠤ ᠪᠡᠯᠡ ᠲᠠᠢ ᠬᠤᠯᠪᠤᠭᠲᠠᠯ ᠪᠦᠬᠦᠢ ᠬᠠᠤᠯᠢ ᠴᠠᠭᠠᠵᠠ ᠶᠢ ᠱᠠᠯᠠᠪᠲᠠᠠ ᠲᠡᠭᠦᠯᠲᠡᠷᠵᠢᠭᠦᠯᠵᠦ᠂ ᠮᠡᠲᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠲᠠ ᠶᠢ ᠴᠢᠩᠭᠠᠳᠬᠠᠬᠤ ᠭᠡᠷᠡᠭᠲᠡᠢ᠃ ᠠᠷᠠᠯᠵᠢᠶᠠᠠ ᠤ ᠲᠡᠩᠴᠡᠬᠦᠷᠢ ᠲᠠᠢ ᠪᠠᠶᠢᠬᠤ ᠶᠢ ᠠᠬᠢᠭᠤᠯᠵᠦ᠂ ᠭᠠᠲᠠᠭᠠᠲᠤ ᠭᠠᠷᠭᠠᠯᠲᠠ ᠶᠢᠨ ᠶᠠᠰᠤ ᠴᠢᠨᠠᠷ ᠪᠤᠯᠤᠨ ᠨᠡᠮᠡᠯᠲᠡ ᠦᠷᠲᠡᠭ ᠢ ᠲᠡᠭᠡᠭᠰᠢᠯᠡᠭᠦᠯᠬᠦ ᠶᠢ ᠨᠡᠩ ᠢᠯᠡᠭᠦᠦ ᠴᠢᠬᠤᠯᠠᠴᠢᠯᠠᠵᠦ᠂ ᠭᠠᠲᠠᠭᠠᠲᠤ ᠤᠷᠤᠭᠤᠯᠤᠯᠲᠠ ᠶᠢ ᠢᠲᠡᠪᠬᠢᠲᠠᠢ ᠦᠷᠭᠡᠳᠭᠡᠵᠦ᠂ ᠵᠠᠷᠢᠮ ᠦᠢᠯᠡᠳᠭᠦᠨ ᠤ ᠭᠠᠲᠠᠭᠠᠲᠤ ᠠᠴᠠ ᠤᠷᠤᠭᠤᠯᠬᠤ ᠪᠤᠭᠤᠮᠲᠠ ᠶᠢᠨ ᠭᠠᠶᠢᠯᠢ ᠶᠢ ᠨᠢ ᠪᠠᠭᠤᠷᠠᠭᠤᠯᠤᠨ᠎ᠠ᠃ ᠦᠢᠯᠡᠴᠢᠯᠡᠭᠡᠡ ᠤ ᠠᠷᠠᠯᠵᠢᠶ᠎ᠠ ᠶᠢ ᠶᠡᠬᠡᠪᠠᠷ ᠬᠦᠭᠵᠢᠭᠦᠯᠤᠨ᠎ᠠ᠃ ᠴᠢᠯᠦᠭᠡᠲᠦ ᠠᠷᠠᠯᠵᠢᠶᠠᠠ ᠤ ᠲᠤᠷᠰᠢᠯᠲᠠ ᠶᠢᠨ ᠤᠷᠤᠨ ᠤ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠦᠷᠭᠦᠯᠵᠢᠯᠡᠡ ᠠᠬᠢᠭᠤᠯᠤᠨ᠎ᠠ᠃ ᠭᠠᠲᠠᠭᠠᠲᠤ ᠳᠠᠬᠢ ᠪᠡᠯᠡ ᠤᠷᠤᠭᠤᠯᠤᠯᠲᠠ ᠶᠢ ᠪᠦᠲᠦᠮᠵᠢᠲᠠᠢ ᠲᠠᠭᠠᠭᠤᠯᠵᠦ ᠲᠡᠮᠵᠢᠨ᠎ᠠ᠃

  ᠵᠢᠷᠭᠤᠭ᠎ᠠ ᠳᠤ᠂ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢᠶᠠᠨ ᠲᠡᠭᠡᠭᠰᠢᠯᠡᠭᠦᠯᠤᠨ᠎ᠠ᠃ ᠠᠷᠠᠳ ᠤᠯᠠᠠ ᠤ ᠠᠩᠬᠠᠷᠤᠯ ᠲᠠᠯᠪᠢᠵᠦ ᠪᠠᠶᠢᠭ᠎ᠠ ᠠᠰᠠᠭᠤᠲᠠᠯ ᠳᠤ ᠴᠢᠭᠯᠡᠭᠦᠯᠦᠨ ᠲᠦᠷᠦ ᠶᠢᠨ ᠪᠤᠲᠤᠯᠭ᠎ᠠ ᠪᠠᠨ ᠤᠨᠤᠪᠴᠢᠲᠠᠢ ᠭᠡᠷᠡᠭᠵᠢᠭᠦᠯᠵᠦ᠂ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠲᠠᠭᠤᠷᠬᠢ ᠲᠠᠷᠤᠭᠠᠰᠤ ᠬᠦᠨᠳᠦ᠂ ᠰᠤᠷᠭᠠᠭᠤᠯᠢ ᠰᠢᠯᠢᠬᠦ ᠬᠠᠯᠠᠮᠰᠢᠯ᠂ ᠤᠯᠠᠠ ᠰᠤᠷᠤᠭᠴᠢ ᠲᠠᠢ ᠠᠩᠭᠢ ᠵᠡᠷᠭᠡ ᠲᠤᠪᠤᠶᠢᠮ᠎ᠠ ᠠᠰᠠᠭᠤᠲᠠᠯ ᠢ ᠴᠢᠷᠮᠠᠶᠢᠨ ᠰᠢᠢᠳᠪᠦᠷᠢᠯᠡᠵᠦ᠂ ᠨᠢᠯᠬ᠎ᠠ ᠬᠡᠤᠭᠡᠳ ᠢ ᠠᠰᠠᠷᠠᠠ ᠬᠠᠷᠠᠭᠠᠯᠵᠠᠬᠤ ᠪᠤᠯᠤᠨ ᠬᠡᠤᠬᠡᠳ ᠤᠨ ᠴᠡᠴᠡᠷᠯᠢᠭ ᠤᠨ ᠬᠦᠮᠦᠵᠢᠯ ᠤᠨ ᠦᠢᠯᠡᠴᠢᠯᠡᠭᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠠᠵᠢᠯ ᠤᠯᠭᠤᠯᠲᠠ ᠶᠢᠨ ᠵᠦᠷᠢᠴᠡᠯ ᠢ ᠴᠢᠬᠤᠯᠠᠴᠢᠯᠠᠠ ᠰᠢᠢᠳᠪᠦᠷᠢᠯᠡᠵᠦ᠂ ᠬᠦᠢᠰᠦ ᠢᠯᠭᠠᠯ ᠤᠨ ᠭᠠᠲᠠᠭᠤᠷᠴᠢᠯᠠᠯ᠂ ᠪᠡᠶ᠎ᠠ ᠶᠢᠨ ᠭᠠᠷᠤᠯ ᠤᠨ ᠭᠠᠲᠠᠭᠤᠷᠴᠢᠯᠠᠯ ᠤᠨ ᠠᠰᠠᠭᠤᠲᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠦᠨᠲᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ ᠳᠤ ᠦᠭᠡᠷᠡᠴᠢᠯᠡᠯᠲᠡ ᠬᠢᠵᠦ ᠲᠡᠭᠦᠯᠲᠡᠷᠵᠢᠭᠦᠯᠦᠨ᠂ ᠨᠠᠰᠤᠵᠢᠯ ᠤᠨ ᠲᠠᠭᠠᠳᠬᠠᠯ ᠢ ᠪᠦᠬᠦ ᠤᠯᠤᠰ ᠲᠤ ᠨᠢᠭᠡᠲᠦᠯᠲᠠᠢ ᠲᠦᠯᠦᠪᠵᠢᠭᠦᠯᠬᠦ ᠶᠢ ᠲᠦᠷᠭᠡᠳᠬᠡᠨ ᠪᠡᠶᠡᠯᠡᠭᠦᠯᠤᠨ᠎ᠠ᠃ ᠡᠪᠡᠳᠴᠢᠨ ᠢᠶᠠᠨ ᠦᠵᠡᠬᠦᠯᠬᠦ ᠳᠤ ᠬᠦᠴᠢᠷ᠂ ᠡᠪᠡᠳᠴᠢᠨ ᠢᠶᠠᠨ ᠦᠵᠡᠬᠦᠯᠬᠦ ᠦᠨ᠎ᠠ ᠲᠠᠢ ᠠᠰᠠᠭᠤᠳᠠᠯ ᠢ ᠦᠷᠬᠦᠯᠵᠢᠯᠡᠨ ᠰᠠᠶᠢᠳᠤᠷ ᠰᠢᠢᠳᠪᠤᠷᠢᠯᠡᠵᠦ᠂ ᠨᠡᠶᠢᠭᠡᠮ ᠤᠨ ᠪᠡᠯᠡ ᠮᠦᠩᠬᠦ ᠶᠢᠨ ᠨᠠᠰᠤᠵᠢᠯ᠂ ᠡᠮ ᠡᠮᠴᠢᠯᠡᠭᠡ ᠵᠡᠷᠭᠡ ᠬᠦᠷᠢᠶᠡᠨ ᠳᠤ ᠤᠷᠤᠬᠤ ᠶᠢ ᠵᠤᠷᠢᠬᠵᠢᠭᠤᠯᠤᠨ᠎ᠠ᠃ ᠰᠦᠯᠵᠢᠶᠡᠨ ᠳᠡᠭᠡᠷᠡᠬᠢ ᠬᠤᠳᠠᠯ ᠬᠠᠭᠤᠷᠮᠠᠭ ᠮᠡᠳᠡᠭᠡ ᠵᠠᠩᠬᠢ ᠶᠢᠨ ᠮᠡᠭᠡᠯᠡᠯ᠂ ᠬᠤᠪᠢ ᠬᠦᠮᠦᠨ ᠤ ᠮᠡᠳᠡᠭᠡ ᠵᠠᠩᠬᠢ ᠶᠢ ᠰᠠᠷᠢᠭᠠᠯᠠᠨ ᠬᠤᠳᠠᠯᠳᠤᠬᠤ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠳᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ ᠴᠢᠳᠠᠯ ᠤᠨ ᠢᠶᠠᠨ ᠬᠢᠷᠢ ᠪᠠᠷ ᠬᠦᠴᠦᠯᠡᠨ ᠴᠢᠷᠮᠠᠶᠢᠵᠦ᠂ ᠲᠤᠪᠤᠶᠢᠮ᠎ᠠ ᠠᠰᠠᠭᠤᠳᠠᠯ ᠵᠢᠴᠢ ᠳᠠᠯᠳᠠ ᠭᠡᠮ ᠢ ᠨᠢ ᠤᠨᠤᠪᠴᠢᠳᠠᠢ ᠤᠯᠵᠤ᠂ ᠨᠢᠬᠳᠠ ᠲᠦᠰᠦᠪᠯᠡᠨ ᠨᠢᠮᠪᠠᠢ ᠠᠵᠢᠯᠯᠠᠬᠤ ᠭᠡᠷᠡᠭᠲᠡᠢ᠃

  ᠲᠤᠯᠤᠭ᠎ᠠ ᠳᠤ᠂ ᠤᠯᠠᠨ ᠭᠤᠤᠯ ᠴᠤᠭᠴᠠ ᠶᠢᠨ ᠬᠠᠩᠭᠠᠯᠭ᠎ᠠ ᠲᠠᠢ᠂ ᠤᠯᠠᠨ ᠠᠷᠭ᠎ᠠ ᠵᠠᠮ ᠤᠨ ᠪᠠᠳᠤᠯᠠᠭ᠎ᠠ ᠲᠠᠢ᠂ ᠲᠦᠷᠢᠶᠡᠰᠦᠯᠡᠬᠦ ᠬᠤᠳᠠᠯᠳᠤᠬᠤ ᠶᠢ ᠵᠡᠷᠭᠡᠪᠡᠷ ᠶᠠᠪᠤᠬᠳᠠᠭᠤᠯᠬᠤ ᠤᠷᠤᠨ ᠰᠠᠭᠤᠴᠠ ᠶᠢᠨ ᠲᠦᠷᠢᠮ ᠢ ᠲᠦᠷᠭᠡᠳᠭᠡᠨ ᠪᠠᠶᠢᠭᠤᠯᠤᠨ᠎ᠠ᠃ ᠤᠷᠤᠨ ᠰᠠᠭᠤᠴᠠ ᠳᠦᠷᠢᠶᠡᠰᠦᠯᠡᠬᠦ ᠵᠠᠬ᠎ᠠ ᠳᠡᠯᠭᠡᠬᠦᠷ ᠢᠯᠠᠩᠭᠤᠶ᠎ᠠ ᠤᠷᠳᠤ ᠬᠤᠭᠤᠴᠠᠭ᠎ᠠ ᠪᠠᠷ ᠳᠦᠷᠢᠶᠡᠰᠦᠯᠡᠬᠦ ᠵᠠᠬ᠎ᠠ ᠳᠡᠯᠭᠡᠭᠦᠷ ᠢ ᠬᠦᠭᠵᠢᠬᠦᠯᠵᠦ᠂ ᠤᠷᠤᠨ ᠰᠠᠭᠤᠴᠠ ᠲᠦᠷᠢᠶᠡᠰᠦᠯᠡᠬᠦ ᠲᠠᠢ ᠬᠤᠯᠪᠤᠭᠳᠠᠯ ᠪᠦᠬᠦᠢ ᠠᠰᠢᠭ ᠲᠤᠰᠠ ᠶᠢᠨ ᠲᠠᠯ᠎ᠠ ᠶᠢᠨ ᠬᠠᠤᠯᠢ ᠶᠤᠰᠤᠨ ᠤ ᠡᠷᠭᠡ ᠠᠰᠢᠬ ᠢ ᠬᠠᠮᠠᠭᠠᠯᠠᠵᠦ᠂ ᠲᠤᠰᠬᠠᠢᠢᠵᠢᠬᠰᠠᠨ᠂ ᠪᠠᠶᠢᠭᠤᠯᠤᠮᠵᠢᠬᠰᠠᠨ ᠤᠷᠤᠨ ᠰᠠᠭᠤᠴᠠ ᠲᠦᠷᠢᠶᠡᠰᠦᠯᠡᠬᠦ ᠠᠵᠤ ᠠᠬᠤᠢᠢᠯᠠᠯ ᠤᠨ ᠬᠦᠭᠵᠢᠯᠳᠠ ᠶᠢ ᠳᠡᠮᠵᠢᠨ᠎ᠠ᠃ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠬᠦᠷ ᠤᠨ ᠲᠤᠭᠳᠠᠭᠤᠨ ᠢᠶᠠᠷ ᠡᠷᠡᠬᠦᠯ ᠢᠶᠠᠷ ᠬᠦᠭᠵᠢᠬᠦ ᠶᠢ ᠠᠬᠢᠭᠤᠯᠬᠤ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠬᠦᠷ ᠢ ᠡᠵᠡᠮᠰᠢᠨ ᠳᠤᠬᠢᠷᠠᠭᠤᠯᠬᠤ ᠲᠦᠷᠦ ᠶᠢᠨ ᠪᠤᠳᠤᠯᠭ᠎ᠠ ᠶᠢᠨ ᠦᠷᠬᠦᠯᠵᠢᠯᠡᠬᠦ ᠴᠢᠨᠠᠷ ᠪᠠ ᠲᠤᠭᠳᠠᠭᠤᠨ ᠴᠢᠨᠠᠷ ᠢ ᠪᠠᠳᠤᠯᠠᠵᠦ᠂ ᠲᠦᠪ ᠤᠨ ᠪᠠ ᠤᠷᠤᠨ ᠨᠤᠳᠤᠭ ᠤᠨ ᠶᠠᠪᠤᠳᠠᠯ ᠡᠷᠭᠡ ᠶᠢ ᠢᠯᠭᠠᠨ ᠰᠠᠯᠭᠠᠵᠦ᠂ ᠠᠳᠠᠯᠢ ᠪᠤᠰᠤ ᠡᠵᠡᠮᠰᠢᠯ ᠲᠤᠬᠢᠷᠠᠭᠤᠯᠭ᠎ᠠ ᠶᠢ ᠭᠡᠷᠡᠭᠵᠢᠬᠦᠯᠤᠨ᠎ᠠ᠃

  ᠨᠠᠢᠮᠠ ᠳᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ ᠭᠠᠭᠴᠠᠬᠦ ᠬᠦᠭᠡᠮᠳᠦᠭ ᠨᠤᠭᠤᠭᠠᠨ ᠠᠭᠤᠯᠠ ᠤᠰᠤ ᠶᠢ ᠰᠡᠷᠬᠦᠭᠡᠪᠡᠯ ᠰᠠᠢᠢ ᠬᠦᠭᠡᠮᠳᠦᠭ ᠨᠤᠭᠤᠭᠠᠨ ᠠᠭᠤᠯᠠ ᠤᠰᠤ ᠶᠢ ᠠᠯᠳᠠ ᠮᠦᠩᠬᠦᠨ ᠠᠭᠤᠯᠠ ᠪᠤᠯᠭᠠᠵᠦ ᠴᠢᠳᠠᠨ᠎ᠠ᠃ ᠠᠷᠪᠡᠨ ᠭᠤᠷᠪᠠᠳᠤᠭᠠᠷ ᠲᠠᠪᠤᠨ ᠵᠢᠯ᠎ ᠤᠨ ᠲᠦᠯᠦᠪᠵᠢᠬᠦᠯᠭᠡ ᠳᠤ ᠲᠤᠭᠳᠠᠭᠠᠭᠰᠠᠨ ᠠᠮᠢ ᠠᠬᠤᠢ ᠶᠢ ᠬᠠᠮᠠᠭᠠᠯᠠᠨ ᠰᠡᠷᠬᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠳᠤᠷ ᠭᠡᠷᠡᠭᠵᠢᠬᠦᠯᠤᠨ᠎ᠠ᠃ ᠶᠡᠭᠡ ᠬᠡᠪᠴᠢᠶᠠᠨ ᠤ ᠤᠯᠤᠰ ᠤᠨ ᠨᠤᠳᠤᠭ ᠲᠡᠪᠢᠰᠭᠡᠷ ᠢ ᠨᠤᠭᠤᠭᠠᠷᠠᠭᠤᠯᠬᠤ ᠠᠵᠢᠯᠯᠠᠭ᠎ᠠ ᠶᠢ ᠡᠬᠢᠯᠡᠬᠦᠯᠵᠦ᠂ ᠤᠯᠤᠰ ᠤᠨ ᠦᠮᠴᠢᠯᠡᠯ ᠤᠨ ᠠᠵᠤ ᠠᠬᠤᠢᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ᠂ ᠭᠠᠳᠠᠭᠠᠳᠦ ᠶᠢᠨ ᠠᠵᠤ ᠠᠬᠤᠢᠢᠯᠠᠯ᠂ ᠬᠠᠮᠳᠦ ᠨᠢᠭᠡᠴᠡ᠂ ᠬᠤᠪᠢ ᠬᠦᠮᠦᠨ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠵᠡᠷᠭᠡ ᠡᠯ᠎ᠠ ᠲᠠᠯ᠎ᠠ ᠶᠢᠨ ᠪᠡᠯᠡ ᠮᠦᠩᠬᠦᠨ ᠤ ᠤᠷᠤᠭᠤᠯᠤᠯᠳᠠ ᠶᠢ ᠳᠠᠭᠠᠭᠤᠯᠵᠦ᠂ ᠲᠤᠰᠬᠠᠢᠢᠯᠠᠨ ᠠᠮᠢ ᠠᠬᠤᠢ ᠶᠢ ᠬᠠᠮᠠᠭᠠᠯᠠᠵᠤ ᠰᠡᠷᠬᠦᠭᠡᠬᠦ ᠦᠢᠯᠡᠰ ᠢ ᠡᠷᠬᠢᠯᠡᠳᠡᠭ ᠨᠢᠭᠡ ᠪᠦᠯᠦᠭ ᠲᠤᠰᠬᠠᠢᠢᠵᠢᠬᠰᠠᠨ ᠠᠵᠤ ᠠᠬᠤᠢᠢᠯᠠᠯ ᠢ ᠪᠤᠶᠢᠵᠢᠭᠤᠯᠤᠨ᠎ᠠ᠃ ᠤᠰᠤᠨ ᠤ ᠠᠷᠪᠡᠨ ᠵᠤᠷᠪᠤᠰ᠎ ᠢ ᠬᠦᠨᠵᠡᠭᠡᠢ ᠭᠡᠷᠡᠭᠵᠢᠬᠦᠯᠵᠦ᠂ ᠬᠦᠷᠦᠰᠦᠨ ᠤ ᠠᠷᠪᠠᠨ ᠵᠤᠷᠪᠤᠰ᠎ ᠢ ᠪᠦᠬᠦ ᠲᠠᠯ᠎ᠠ ᠪᠠᠷ ᠭᠡᠷᠡᠭᠵᠢᠬᠦᠯᠬᠦ ᠭᠡᠷᠡᠭᠲᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠲᠦᠷᠭᠡᠳᠭᠡᠵᠦ᠂ ᠪᠠᠶᠢᠭᠠᠯᠢ ᠶᠢᠨ ᠡᠭᠢ ᠪᠠᠶᠠᠯᠢᠭ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢᠨ ᠲᠦᠷᠢᠮ ᠢ ᠪᠦᠷᠢᠨᠰᠢᠬᠦᠯᠤᠨ ᠵᠠᠬ᠎ᠠ ᠳᠡᠯᠭᠡᠬᠦᠷᠴᠢᠯᠡᠭᠰᠡᠨ᠂ ᠤᠯᠠᠨ ᠡᠰᠢᠵᠢᠭᠰᠡᠨ ᠠᠮᠢ ᠠᠬᠤᠢ ᠶᠢᠨ ᠨᠦᠬᠦᠪᠦᠷᠢ ᠶᠢᠨ ᠲᠤᠭᠳᠠᠴᠠ ᠶᠢ ᠰᠤᠳᠤᠯᠤᠨ ᠪᠠᠶᠢᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠳᠤ ᠦᠭᠡᠷᠡᠴᠢᠯᠡᠯᠳᠡ ᠬᠢᠨ᠎ᠡ᠃

  ᠬᠤᠷᠠᠯ ᠠᠴᠠ᠂ ᠡᠯ᠎ᠠ ᠲᠠᠯ᠎ᠠ ᠶᠢᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠬᠦᠢᠴᠡᠳ ᠲᠠᠶᠢᠴᠢᠯᠠᠵᠦ᠂ ᠠᠵᠤ ᠠᠬᠤᠢ ᠶᠢᠨ ᠠᠵᠢᠯ ᠢ ᠡᠷᠴᠢᠮ ᠲᠠᠢ ᠡᠮᠬᠢ ᠴᠡᠭᠴᠡ ᠲᠠᠢ ᠰᠠᠶᠢᠳᠤᠷ ᠬᠢᠬᠦ ᠭᠡᠷᠡᠭᠲᠡᠢ᠃ ᠬᠤᠷᠸ᠎ᠠ ᠡᠵᠡᠮᠰᠢᠯ ᠲᠤᠬᠢᠷᠠᠭᠤᠯᠭ᠎ᠠ ᠪᠠᠨ ᠰᠢᠨᠡᠴᠢᠯᠡᠨ ᠳᠡᠬᠦᠯᠳᠡᠷᠵᠢᠬᠦᠯᠵᠦ᠂ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠲᠤᠭᠳᠠᠭᠤᠨ ᠵᠤᠭᠤᠰᠤᠨ ᠤ ᠲᠦᠷᠦ ᠶᠢᠨ ᠪᠤᠳᠤᠯᠭ᠎ᠠ ᠶᠢ ᠰᠠᠶᠢᠳᠤᠷ ᠭᠡᠷᠡᠭᠵᠢᠬᠦᠯᠵᠦ᠂ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠶᠢᠨ ᠲᠤᠭᠳᠠᠴᠠ ᠶᠢ ᠪᠦᠷᠢᠨᠰᠢᠬᠦᠯᠵᠦ᠂ ᠠᠵᠤ ᠠᠬᠤᠢ ᠶᠢᠨ ᠤᠷᠴᠢᠯ ᠤᠨ ᠵᠦᠢ ᠵᠤᠬᠢᠰᠳᠠᠢ ᠭᠡᠪᠴᠢᠶᠠᠨ ᠳᠤ ᠪᠠᠶᠢᠬᠤ ᠶᠢ ᠪᠠᠳᠤᠯᠠᠬᠤ ᠭᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠯᠠᠪᠳᠠᠭᠤᠨ ᠠᠬᠢᠭᠤᠯᠵᠦ᠂ ᠰᠢᠨ᠎ᠠ ᠬᠦᠳᠡᠯᠭᠡᠬᠦ ᠴᠢᠳᠠᠪᠤᠷᠢ ᠶᠢᠨ ᠦᠷᠬᠦᠯᠵᠢᠯᠡᠨ ᠲᠦᠷᠭᠡᠨ ᠢᠶᠠᠷ ᠳᠡᠭᠡᠭᠰᠢᠯᠡᠬᠦ ᠶᠢ ᠠᠬᠢᠭᠤᠯᠵᠦ᠂ ᠦᠢᠯᠡᠳᠬᠦ ᠦᠢᠯᠡᠰ ᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠦᠷᠭᠡᠳᠭᠡᠵᠦ᠂ ᠭᠤᠷᠪᠠ ᠶᠢ ᠪᠠᠭᠠᠰᠬᠠᠵᠦ ᠨᠢᠭᠡ ᠶᠢ ᠪᠠᠭᠤᠷᠠᠭᠤᠯᠵᠦ ᠨᠢᠭᠡ ᠶᠢ ᠨᠦᠬᠦᠪᠦᠷᠢᠯᠡᠬᠦ ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠭᠡᠷᠡᠭᠲᠡᠢ᠃ ᠰᠢᠨ᠎ᠠ ᠶᠢ ᠡᠬᠦᠳᠬᠦ ᠬᠡᠯᠪᠡᠷᠢ ᠶᠢᠨ ᠤᠯᠤᠰ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠡᠬᠦᠳᠦᠯᠳᠠ ᠳᠤ ᠰᠢᠨ᠎ᠠ ᠠᠬᠢᠯᠳᠠ ᠤᠯᠬᠤ ᠶᠢ ᠠᠬᠢᠭᠤᠯᠵᠦ᠂ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢᠨ ᠰᠢᠨ᠎ᠠ ᠲᠦᠪᠰᠢᠨ ᠳᠤ ᠬᠦᠷᠬᠦ ᠶᠢ ᠠᠬᠢᠭᠤᠯᠬᠤ ᠭᠡᠷᠡᠭᠲᠡᠢ᠃ ᠴᠢᠬᠤᠯᠠ ᠬᠦᠷᠢᠶ᠎ᠠ ᠪᠠ ᠵᠠᠩᠬᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠳᠠ ᠶᠢᠨ ᠬᠦᠴᠦᠯᠡᠴᠡ ᠶᠢ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠭᠵᠢᠯᠳᠠ ᠶᠢ ᠳᠡᠮᠵᠢᠬᠦ ᠰᠠᠶᠢᠨ ᠰᠠᠶᠢᠬᠠᠨ ᠤᠷᠴᠢᠨ ᠢ ᠪᠤᠢ ᠪᠤᠯᠭᠠᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠯᠤᠰ ᠤᠨ ᠦᠮᠴᠢᠯᠡᠯ ᠤᠨ ᠡᠳ᠋ ᠬᠦᠷᠦᠩᠭᠡ᠂ ᠡᠳ᠋ ᠤᠨ ᠵᠠᠰᠠᠭ ᠮᠦᠩᠬᠦᠨ ᠬᠦᠢᠯᠭᠡᠭᠡᠨ ᠵᠡᠷᠭᠡ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠭᠡᠷᠡᠭᠲᠡᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠦ᠂ ᠤᠷᠤᠨ ᠪᠦᠰᠡ ᠶᠢᠨ ᠬᠦᠭᠵᠢᠯᠳᠠ ᠶᠢᠨ ᠰᠢᠨ᠎ᠠ ᠠᠮᠢᠵᠢᠷᠠᠯ ᠤᠨ ᠬᠦᠴᠦᠨ ᠢ ᠬᠦᠭᠵᠢᠭᠡᠬᠦ ᠭᠡᠷᠡᠭᠲᠡᠢ᠃ ᠴᠢᠬᠤᠯᠠ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠰᠢᠢᠳᠪᠤᠷᠢᠯᠡᠬᠦ ᠲᠠᠯ᠎ᠠ ᠪᠠᠷ ᠢᠯᠠᠳᠳᠡ ᠠᠬᠢᠯᠳᠠ ᠤᠯᠬᠤ ᠶᠢ ᠪᠠᠳᠤᠯᠠᠵᠦ᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠬᠦᠴᠦᠯᠡᠴᠡ ᠶᠢ ᠨᠡᠮᠡᠭᠳᠡᠬᠦᠯᠵᠦ᠂ ᠪᠤᠬᠢᠷᠳᠤᠯ ᠢ ᠰᠡᠷᠭᠡᠶᠢᠯᠡᠬᠦ ᠲᠠᠯ᠎ᠠ ᠪᠠᠷ ᠨᠡᠩ ᠶᠡᠭᠡ ᠠᠮᠵᠢᠯᠳᠠ ᠪᠦᠳᠦᠮᠵᠢ ᠤᠯᠬᠤ ᠪᠠᠷ ᠴᠢᠷᠮᠠᠶᠢᠬᠤ ᠬᠡᠷᠡᠭᠳᠠᠢ᠃ ᠭᠡᠷᠡᠭᠯᠡᠭᠡ ᠶᠢᠨ ᠠᠵᠤ ᠠᠬᠤᠢ ᠶᠢᠨ ᠬᠦᠭᠵᠢᠯᠳᠠ ᠳᠤ ᠦᠵᠡᠭᠦᠯᠬᠦ ᠰᠠᠭᠤᠷᠢ ᠴᠢᠨᠠᠷᠳᠠᠢ ᠦᠢᠯᠡᠳᠦᠯ ᠢ ᠴᠢᠩᠭᠠᠳᠬᠠᠵᠤ᠂ ᠪᠡᠯᠡ ᠤᠷᠤᠭᠤᠯᠤᠯᠳᠠ ᠶᠢᠨ ᠬᠠᠩᠭᠠᠯᠭ᠎ᠠ ᠶᠢᠨ ᠪᠦᠳᠦᠴᠡ ᠶᠢ ᠰᠢᠯᠢᠳᠡᠭᠵᠢᠬᠦᠯᠬᠦ ᠳᠤ ᠦᠵᠡᠭᠦᠯᠬᠦ ᠵᠠᠩᠬᠢᠯᠠᠭ᠎ᠠ ᠶᠢᠨ ᠴᠢᠨᠠᠷᠳᠠᠢ ᠦᠢᠯᠡᠳᠦᠯ ᠢ ᠪᠠᠳᠠᠷᠠᠭᠤᠯᠬᠤ ᠭᠡᠷᠡᠭᠲᠡᠢ᠃ ᠪᠦᠬᠦ ᠲᠠᠯ᠎ᠠ ᠪᠠᠷ ᠨᠡᠭᠡᠭᠡᠯᠳᠠ ᠬᠢᠬᠦ ᠰᠢᠨ᠎ᠠ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠭᠡᠷᠡᠭᠲᠡᠢ᠃ ᠬᠦᠭᠵᠢᠯᠳᠠ ᠶᠢᠨ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃

  ᠬᠤᠷᠠᠯ ᠠᠴᠠ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠎ ᠤᠨ ᠤᠷᠳᠤᠨ ᠲᠦᠷᠪᠡᠨ ᠤᠬᠠᠮᠰᠠᠷ᠎ ᠢ ᠴᠢᠩᠭᠠᠳᠬᠠᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠳᠡᠭᠡᠷ᠎ᠠ ᠨᠢᠭᠡᠳᠭᠡᠵᠦ᠂ ᠨᠠᠮ ᠤᠨ ᠲᠦᠪ ᠬᠤᠷᠢᠶᠠᠨ ᠤ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠲᠠᠯ᠎ᠠ ᠪᠠᠷ ᠬᠢ ᠪᠠᠶᠢᠷᠢᠯᠠᠭᠤᠯᠤᠯᠳᠠ ᠳᠡᠭᠡᠷ᠎ᠠ ᠨᠢᠭᠡᠳᠭᠡᠬᠦ ᠭᠡᠷᠡᠭᠲᠡᠢ᠃ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠭᠡᠷᠡᠭᠵᠢᠬᠦᠯᠬᠦ᠂ ᠬᠢᠨᠠᠯᠳᠠ ᠲᠠᠯᠪᠢᠬᠤ᠂ ᠰᠢᠯᠭᠠᠨ ᠦᠨᠡᠯᠡᠬᠦ᠂ ᠱᠠᠩᠨᠠᠨ ᠵᠠᠯᠬᠠᠭᠠᠬᠤ ᠵᠡᠷᠭᠡ ᠠᠵᠢᠯ ᠤᠨ ᠲᠤᠭᠳᠠᠴᠠ ᠶᠢ ᠳᠡᠬᠦᠯᠳᠡᠷᠵᠢᠬᠦᠯᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠵᠠᠷᠯᠢᠭ ᠴᠠᠭᠠᠵᠠ ᠶᠢ ᠶᠤᠰᠤᠴᠢᠯᠠᠨ ᠪᠡᠶᠡᠯᠡᠬᠦᠯᠬᠦ ᠶᠢ ᠪᠠᠳᠤᠯᠠᠬᠤ ᠭᠡᠷᠡᠭᠲᠡᠢ᠃ ᠰᠤᠷᠤᠯᠴᠠᠯᠭ᠎ᠠ ᠪᠠ ᠦᠢᠯᠡᠳᠦᠯᠭᠡ ᠪᠠᠨ ᠴᠢᠩᠭᠠᠳᠬᠠᠵᠦ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠬᠦᠮᠦᠵᠢᠬᠦᠯᠤᠨ ᠲᠤᠰᠬᠠᠢ ᠮᠡᠷᠭᠡᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠭᠡᠷᠡᠭᠲᠡᠢ᠃ ᠪᠠᠶᠢᠴᠠᠭᠠᠨ ᠰᠤᠳᠤᠯᠤᠯᠳᠠ ᠶᠢᠨ ᠰᠤᠷᠳᠠᠯ ᠢ ᠶᠡᠭᠡᠪᠡᠷ ᠬᠦᠭᠵᠢᠬᠡᠨ ᠲᠤᠳᠠᠭᠤᠳᠠᠯ ᠪᠠᠭᠤᠷᠠᠢ ᠲᠠᠯ᠎ᠠ ᠪᠠᠨ ᠤᠨᠤᠪᠴᠢᠳᠠᠢ ᠡᠷᠢᠵᠦ᠂ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠭᠡᠷᠡᠭᠲᠡᠢ᠃ ᠺᠠᠳ᠋ᠷ ᠢ ᠬᠢᠨᠡᠨ ᠰᠢᠯᠭᠠᠵᠦ ᠦᠨᠡᠯᠡᠬᠦ ᠲᠤᠭᠳᠠᠴᠠ ᠶᠢ ᠳᠡᠬᠦᠯᠳᠡᠷᠵᠢᠬᠦᠯᠵᠦ᠂ ᠺᠠᠳ᠋ᠷ ᠤᠨ ᠵᠤᠷᠢᠬ ᠲᠠᠢ ᠪᠠᠷ ᠰᠢᠨ᠎ᠠ ᠶᠢ ᠡᠬᠦᠳᠬᠦ ᠬᠠᠶᠢᠨ ᠰᠦᠪᠡᠭᠴᠢᠯᠡᠯᠳᠡ ᠬᠢᠬᠦ ᠳᠤ ᠦᠮᠦᠭ ᠲᠦᠰᠢᠭ ᠪᠤᠯᠵᠦ ᠵᠤᠷᠢᠬᠵᠢᠭᠤᠯᠬᠤ ᠭᠡᠷᠡᠭᠲᠡᠢ᠃ ᠬᠤᠭᠤᠴᠠᠭ᠎ᠠ ᠰᠤᠯᠢᠬᠤ ᠠᠵᠢᠯ ᠤᠨ ᠲᠤᠭᠳᠠᠭᠤᠨ ᠡᠮᠬᠢ ᠴᠡᠭᠴᠡ ᠲᠠᠢ᠂ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠪᠠᠳᠤᠯᠠᠵᠦ᠂ ᠦᠷᠭᠡᠨ ᠤᠯᠠᠨ ᠺᠠᠳ᠋ᠷ ᠢ ᠲᠠᠭᠠᠭᠤᠯᠤᠨ ᠵᠦᠪ ᠤᠨᠤᠪᠴᠢᠳᠠᠢ ᠤᠯᠤᠰ ᠲᠦᠷᠦ ᠶᠢᠨ ᠠᠮᠵᠢᠯᠳᠠ ᠶᠢᠨ ᠦᠵᠡᠯᠳᠠ ᠶᠢ ᠴᠤᠭᠴᠠᠯᠠᠬᠤ ᠭᠡᠷᠡᠭᠲᠡᠢ ᠭᠡᠵᠦ ᠱᠠᠭᠠᠷᠳᠠᠵᠠᠢ᠃

  ᠬᠤᠷᠠᠯ ᠠᠴᠠ᠂ ᠪᠦᠬᠦ ᠨᠠᠮ ᠪᠦᠬᠦ ᠤᠯᠤᠰ ᠢᠶᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠ ᠪᠦᠯᠬᠦᠮᠳᠡᠵᠦ᠂ ᠡᠷᠡᠮᠡᠭᠡᠶᠢᠯᠡᠨ ᠤᠷᠤᠬᠰᠢᠯᠠᠵᠦ ᠰᠢᠷᠭᠠᠭᠤ ᠬᠠᠳᠠᠭᠤᠵᠢᠯᠳᠠᠢ ᠠᠵᠢᠯᠯᠠᠵᠦ᠂ ᠡᠯ᠎ᠠ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠰᠠᠶᠢᠨ ᠰᠠᠶᠢᠬᠠᠨ ᠢᠶᠠᠷ ᠡᠬᠢᠯᠡᠬᠦ ᠶᠢ ᠡᠷᠡᠰ ᠪᠠᠳᠤᠯᠠᠰᠤᠭᠠᠢ ᠭᠡᠵᠦ ᠤᠷᠢᠶᠠᠯᠠᠪᠠ᠃

  ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠦᠬᠦᠳ᠂ ᠠᠷᠠᠳ ᠤᠨ ᠳᠡᠭᠡᠳᠦ ᠰᠢᠬᠦᠬᠦ ᠬᠤᠷᠢᠶᠡᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠵᠢᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠬᠦᠨ ᠨᠠᠷ ᠬᠤᠷᠠᠯ ᠳᠤ ᠤᠷᠤᠯᠴᠠᠵᠠᠢ᠃

  ᠡᠯ᠎ᠠ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠪᠠ ᠲᠦᠯᠦᠪᠯᠡᠭᠡ ᠳᠤ ᠲᠤᠰᠠᠭᠠᠷ ᠵᠢᠬᠰᠠᠭᠠᠭᠰᠠᠨ ᠬᠤᠳᠠ᠂ ᠰᠢᠨᠵᠢᠶᠠᠩ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠳᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠳ᠂ ᠲᠦᠪ ᠤᠨ ᠪᠠ ᠤᠯᠤᠰ ᠤᠨ ᠪᠠᠶᠢᠭᠤᠯᠤᠯᠭ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ᠂ ᠲᠦᠪ ᠠᠴᠠ ᠬᠠᠮᠢᠶᠠᠷᠴᠦ ᠪᠠᠶᠢᠭ᠎ᠠ ᠭᠡᠰᠡᠭ ᠠᠵᠤ ᠠᠬᠤᠢᠢᠯᠠᠯ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠳ᠂ ᠴᠡᠷᠢᠭ ᠠᠩᠬᠢ ᠵᠢᠴᠢ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com