ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ

  ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠤ ᠴᠢᠬᠤᠯᠠ ᠶᠠᠷᠢᠶ᠎ᠠ ᠲᠠᠯᠪᠢᠪᠠ

  ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 26᠎ ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 12 ᠰᠠᠷ᠎ᠠ ᠶᠢᠨ 25᠎ ᠠᠴᠠ 26᠎ ᠤ ᠡᠳᠦᠷ ᠪᠤᠯᠳᠠᠯ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠡᠯ᠎ᠠ ᠵᠦᠢᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠢᠶᠠᠷ ᠭᠤᠤᠯ ᠰᠡᠳᠦᠪ ᠪᠤᠯᠭᠠᠨ᠂ ᠨᠠᠮ ᠤᠨ ᠲᠦᠪ ᠬᠤᠷᠢᠶᠠᠨ ᠤ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠤᠭᠳᠠᠭᠠᠯ ᠤᠳ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠦᠪ ᠤᠨ ᠨᠠᠢᠮᠠᠨ ᠲᠤᠭᠳᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ ᠭᠡᠷᠡᠭᠵᠢᠬᠦᠯᠬᠦ ᠨᠠᠷᠢᠨ ᠲᠦᠷᠢᠮ᠎ ᠯᠦᠭᠡ ᠭᠤᠤᠯᠳᠠᠯᠭ᠎ᠠ ᠲᠠᠢ ᠬᠠᠷᠢᠴᠠᠭᠤᠯᠵᠤ᠂ ᠲᠦᠪ ᠤᠨ ᠤᠯᠤᠰ ᠲᠦᠷᠦ ᠶᠢᠨ ᠲᠤᠪᠴᠢᠶᠠᠨ ᠤ ᠠᠵᠢᠯ ᠲᠠᠢ ᠤᠶᠠᠯᠳᠤᠭᠤᠯᠵᠤ᠂ ᠲᠦᠪ ᠤᠨ ᠨᠠᠢᠮᠠᠨ ᠲᠤᠭᠳᠠᠭᠠᠯ ᠢ ᠲᠦᠷᠦᠬᠦᠯᠡᠨ ᠭᠡᠷᠡᠭᠵᠢᠬᠦᠯᠦᠭᠰᠡᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠴᠦᠳᠠᠢ ᠠᠳᠬᠤᠭᠰᠠᠨ ᠪᠤᠳᠠᠳᠤ ᠪᠠᠶᠢᠳᠠᠯ ᠲᠠᠢ ᠤᠶᠠᠯᠳᠤᠭᠤᠯᠵᠦ᠂ ᠲᠤᠰ ᠪᠡᠶ᠎ᠠ ᠶᠢᠨ ᠪᠠᠶᠢᠴᠠᠭᠠᠯᠳᠠ ᠪᠠ ᠨᠠᠮᠴᠢ ᠴᠢᠨᠠᠷ ᠤᠨ ᠵᠠᠳᠠᠯᠤᠯᠳᠠ ᠬᠢᠵᠦ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠬᠢᠵᠡᠢ᠃

  ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠤ ᠴᠢᠬᠤᠯᠠ ᠶᠠᠷᠢᠶ᠎ᠠ ᠲᠠᠯᠪᠢᠪᠠ᠃

  

  

  12 ᠰᠠᠷ᠎ᠠ ᠶᠢᠨ 25᠎ ᠠᠴᠠ 26᠎ ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠤ ᠴᠢᠬᠤᠯᠠ ᠶᠠᠷᠢᠶ᠎ᠠ ᠲᠠᠯᠪᠢᠪᠠ᠃

  ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ

  ᠬᠤᠷᠠᠯ ᠠᠴᠠ ᠡᠮᠦᠨ᠎ᠠ᠂ ᠬᠤᠯᠪᠤᠭᠳᠠᠯ ᠪᠦᠬᠦᠢ ᠲᠠᠯ᠎ᠠ ᠶᠢᠨ ᠬᠢᠨ ᠰᠠᠶᠢᠳᠤᠷ ᠪᠡᠯᠡᠳᠭᠡᠯ ᠬᠢᠪᠡ᠃ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠦᠬᠦᠳ ᠬᠠᠮᠢᠶ᠎ᠠ ᠪᠦᠬᠦᠢ ᠬᠠᠷᠢᠭᠤᠴᠠᠯᠭᠠᠳᠡᠨ ᠨᠦᠬᠦᠳ ᠲᠠᠢ ᠰᠡᠳᠬᠢᠯ ᠢᠶᠠᠨ ᠶᠠᠷᠢᠯᠴᠠᠵᠦ᠂ ᠭᠤᠤᠯ ᠰᠡᠳᠦᠪ ᠤᠨ ᠲᠤᠭᠤᠷᠢᠨ ᠳᠤ ᠠᠰᠠᠭᠤᠳᠠᠯ ᠢ ᠪᠠᠶᠢᠴᠠᠭᠠᠨ ᠢᠯᠡᠷᠡᠬᠦᠯᠵᠦ ᠴᠡᠭᠴᠡᠯᠡᠨ ᠵᠠᠰᠠᠵᠦ᠂ ᠶᠠᠷᠢᠶᠠᠨ ᠤ ᠪᠢᠴᠢᠭ ᠮᠠᠲᠧᠷᠢᠶᠠᠯ ᠢᠶᠠᠨ ᠲᠤᠭᠤᠷᠪᠢᠵᠠᠢ᠃ ᠬᠤᠷᠠᠯ ᠳᠡᠭᠡᠷ᠎ᠠ᠂ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠦᠬᠦᠳ ᠪᠦᠷ ᠶᠠᠷᠢᠶ᠎ᠠ ᠲᠠᠯᠪᠢᠵᠦ᠂ ᠱᠠᠭᠠᠷᠳᠠᠯᠭ᠎ᠠ ᠶᠤᠰᠤᠭᠠᠷ ᠬᠠᠷᠢᠴᠠᠭᠤᠯᠤᠨ ᠪᠠᠶᠢᠴᠠᠭᠠᠪᠠ᠃ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠦᠬᠦᠳ ᠤᠨ ᠶᠠᠷᠢᠶᠠᠨ ᠤ ᠲᠠᠨᠢᠯᠳᠠ ᠬᠦᠨᠵᠡᠭᠡᠢ᠂ ᠤᠯᠤᠯᠳᠠ ᠪᠤᠳᠠᠳᠠᠢ᠂ ᠪᠠᠶᠢᠴᠠᠭᠠᠨ ᠢᠯᠡᠷᠡᠬᠦᠯᠵᠦ ᠴᠡᠭᠴᠡᠯᠡᠨ ᠵᠠᠰᠠᠬᠰᠠᠨ ᠨᠢ ᠲᠦᠪ ᠴᠢᠩᠭ᠎ᠠ᠂ ᠰᠠᠨᠠᠯ ᠨᠢ ᠦᠨᠡᠨᠴᠢ ᠪᠠᠶᠢᠵᠤ᠂ ᠦᠵᠡᠯ ᠰᠠᠨᠠᠭ᠎ᠠ ᠪᠠᠨ ᠨᠢᠭᠡᠳᠭᠡᠬᠦ᠂ ᠴᠢᠭᠯᠡᠯ ᠢ ᠳᠤᠳᠤᠷᠬᠠᠢᠢᠯᠠᠬᠤ᠂ ᠬᠦᠴᠦᠨ ᠢ ᠨᠢᠬᠳᠠᠷᠠᠭᠤᠯᠬᠤ ᠬᠠᠷᠠᠯᠳᠠ ᠳᠤ ᠬᠦᠷᠴᠦ᠂ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠢᠬᠳᠠᠷᠠᠭᠤᠯᠬᠤ ᠬᠦᠴᠦᠨ᠂ ᠲᠠᠶᠢᠴᠢᠨ ᠬᠦᠴᠦᠨ ᠪᠠ ᠲᠦᠪᠯᠡᠷᠡᠩᠬᠦᠢ ᠬᠦᠴᠦᠨ ᠢ ᠴᠢᠩᠭᠠᠳᠬᠠᠬᠰᠠᠨ ᠪᠠᠶᠢᠨ᠎ᠠ᠃

  ᠲᠦᠪ ᠤᠨ ᠤᠯᠤᠰ ᠲᠦᠷᠦ ᠶᠢᠨ ᠲᠤᠪᠴᠢᠶᠠᠨ ᠤ ᠨᠦᠬᠦᠳ ᠤᠨ ᠶᠠᠷᠢᠶ᠎ᠠ ᠨᠢ 4 ᠭᠤᠤᠯᠳᠠᠯᠭ᠎ᠠ ᠶᠢ ᠡᠵᠡᠮᠳᠡᠨ ᠢᠯᠡᠷᠡᠬᠦᠯᠪᠡ᠃ ᠨᠢᠭᠡ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠦᠷᠦᠬᠦᠯᠡᠨ ᠰᠤᠷᠤᠯᠴᠠᠵᠦ ᠲᠤᠤᠱᠯᠠᠭᠤᠯᠤᠬᠰᠠᠨ ᠪᠠᠶᠢᠳᠠᠯ ᠳᠤ᠂ ᠦᠨᠡᠨᠬᠦ ᠰᠤᠷᠤᠯᠴᠠᠨ ᠤᠢᠢᠯᠠᠭᠠᠵᠦ ᠨᠡᠪᠳᠡᠷᠡᠳᠡᠯ᠎ᠠ ᠡᠵᠡᠮᠰᠢᠨ ᠪᠤᠳᠠᠳᠠᠶᠢᠵᠢᠭᠤᠯᠵᠤ᠂ ᠤᠬᠠᠮᠰᠡᠷ ᠠᠴᠠ ᠪᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠡᠨ ᠦᠢᠯᠡᠳᠦᠯᠭᠡ ᠪᠠᠨ ᠵᠢᠯᠤᠭᠤᠳᠤᠭᠤᠯᠵᠦ ᠠᠵᠢᠯ ᠢᠶᠠᠨ ᠠᠬᠢᠭᠤᠯᠪᠠ᠃ ᠬᠤᠶᠠᠷ ᠲᠤ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠬᠴᠢ᠂ ᠪᠦᠬᠦ ᠨᠠᠮ ᠤᠨ ᠭᠤᠤᠯᠯᠠᠬᠴᠢ ᠪᠤᠯᠬᠤ ᠪᠠᠶᠢᠷᠢ ᠰᠠᠭᠤᠷᠢ ᠶᠢ ᠲᠦᠷᠦᠬᠦᠯᠡᠨ ᠬᠠᠮᠠᠭᠠᠯᠠᠭᠰᠠᠨ ᠪᠠᠶᠢᠳᠠᠯ  ᠎ ᠳᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠬᠠᠮᠠᠭᠠᠯᠠᠵᠤ᠂ ᠨᠠᠮ ᠳᠠᠭᠠᠨ ᠰᠢᠳᠤᠷᠭᠤ ᠰᠡᠳᠭᠢᠯ ᠴᠠᠭᠠᠪᠤᠷ ᠪᠠᠶᠢᠬᠤ ᠶᠢ ᠦᠨᠡᠨᠬᠦ ᠪᠡᠶᠡᠯᠡᠬᠦᠯᠵᠦ᠂ ᠰᠠᠬᠢᠯᠭ᠎ᠠ ᠪᠠᠳᠤ ᠶᠢ ᠰᠠᠬᠢᠵᠦ ᠶᠤᠰᠤ ᠲᠦᠷᠢᠮ ᠢ ᠵᠢᠷᠤᠮᠯᠠᠨ᠂ ᠤᠬᠠᠮᠰᠡᠷ ᠠᠴᠠ ᠪᠠᠨ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠪᠠ᠃ ᠭᠤᠷᠪᠠ ᠳᠤ᠂ ᠲᠦᠪ ᠤᠨ ᠨᠠᠢᠮᠠᠨ ᠲᠤᠭᠳᠠᠭᠠᠯ ᠵᠢᠴᠢ ᠭᠡᠷᠡᠭᠵᠢᠬᠦᠯᠬᠦ ᠨᠠᠷᠢᠨ ᠲᠦᠷᠢᠮ ᠢ ᠲᠦᠷᠦᠬᠦᠯᠡᠨ ᠵᠢᠷᠤᠮᠯᠠᠵᠤ ᠭᠡᠷᠡᠭᠵᠢᠬᠦᠯᠦᠭᠰᠠᠡ ᠪᠠᠶᠢᠳᠠᠯ ᠳᠤ᠂ ᠪᠠᠶᠢᠴᠠᠭᠠᠨ ᠰᠤᠳᠤᠯᠬᠤ ᠠᠵᠢᠯ ᠢ ᠰᠠᠶᠢᠵᠢᠷᠠᠭᠤᠯᠬᠤ᠂ ᠬᠤᠷᠠᠯ ᠴᠤᠬᠯᠠᠭ᠎ᠠ ᠶᠢ ᠴᠦᠬᠡᠳᠭᠡᠬᠦ᠂ ᠪᠢᠴᠢᠭ ᠮᠠᠲᠧᠷᠢᠶᠠᠯ ᠲᠤᠪᠴᠢ ᠰᠤᠨᠢᠨ ᠢ ᠴᠦᠬᠡᠳᠭᠡᠬᠦ᠂ ᠭᠠᠳᠠᠭᠰᠢ ᠠᠶᠢᠯᠴᠢᠯᠠᠬᠤ ᠠᠵᠢᠯᠯᠠᠭ᠎ᠠ ᠶᠢ ᠵᠢᠷᠤᠮᠵᠢᠭᠤᠯᠬᠤ᠂ ᠰᠤᠨᠢᠨ ᠮᠡᠳᠡᠭᠡᠯᠡᠯ ᠢ ᠰᠠᠶᠢᠵᠢᠷᠠᠭᠤᠯᠬᠤ᠂ ᠠᠷᠪᠢᠴᠢ ᠭᠠᠮᠳᠠᠢ ᠪᠠᠶᠢᠬᠤ ᠶᠢ ᠪᠡᠶᠡᠯᠡᠬᠦᠯᠵᠦ᠂ ᠤᠬᠠᠮᠰᠡᠷ ᠠᠴᠠ ᠪᠠᠨ ᠤᠨᠴᠠ ᠡᠷᠭᠡ ᠶᠢ ᠡᠰᠡᠷᠬᠦᠴᠡᠵᠦ᠂ ᠤᠨᠴᠠ ᠡᠷᠭᠡ ᠶᠢ ᠦᠯᠦ ᠭᠡᠷᠡᠭᠵᠢᠬᠦᠯᠪᠡ᠃ ᠲᠦᠷᠪᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠦᠷᠦᠬᠦᠯᠡᠨ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ᠂ ᠦᠨᠡᠨ ᠪᠤᠳᠠᠳᠠᠢ ᠠᠷᠭ᠎ᠠ ᠭᠡᠮᠵᠢᠶ᠎ᠠ ᠠᠪᠬᠤ ᠶᠢ ᠦᠨᠡᠨᠬᠦ ᠪᠡᠶᠡᠯᠡᠬᠦᠯᠵᠦ᠂ ᠦᠨᠡᠨᠬᠦ ᠠᠳᠬᠤᠨ ᠪᠤᠳᠠᠳᠠᠢ ᠠᠵᠢᠯᠯᠠᠵᠦ᠂ ᠰᠢᠷᠭᠠᠭᠤ ᠬᠠᠳᠠᠭᠤᠵᠢᠯᠳᠠᠢ ᠴᠢᠷᠮᠠᠶᠢᠵᠦ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠤᠬᠠᠮᠰᠡᠷ ᠠᠴᠠ ᠪᠠᠨ ᠴᠢᠩᠭ᠎ᠠ ᠠᠳᠬᠤᠨ ᠪᠤᠳᠠᠳᠠᠢ ᠠᠳᠬᠤᠵᠦ᠂ ᠦᠷ᠎ᠠ ᠪᠦᠳᠦᠮᠵᠢ ᠭᠠᠷᠳᠠᠯ᠎ᠠ ᠠᠳᠬᠤᠵᠠᠢ᠃

  ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠶᠡᠭᠡ ᠪᠤᠳᠤᠯᠭ᠎ᠠ ᠴᠢᠭᠯᠡᠯᠳᠠ ᠶᠢ ᠳᠤᠳᠤᠷᠬᠠᠢᠢᠯᠠᠨ ᠦᠬᠦᠯᠡᠵᠤ᠂ ᠨᠠᠮ ᠪᠤᠯᠤᠨ ᠤᠯᠤᠰ ᠤᠨ ᠡᠯ᠎ᠠ ᠲᠠᠯ᠎ᠠ ᠶᠢᠨ ᠠᠵᠢᠯ ᠢ ᠠᠬᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠬᠢᠵᠠᠢ᠃ ᠡᠨᠡ ᠪᠤᠯ ᠮᠠᠨ ᠤ ᠨᠠᠮ ᠤᠨ ᠰᠢᠨ᠎ᠠ ᠴᠠᠭ ᠦᠶ᠎ᠠ ᠳᠤ ᠰᠢᠨ᠎ᠠ ᠠᠶᠠᠨ ᠵᠠᠮ ᠢ ᠡᠬᠢᠯᠡᠬᠦᠯᠬᠦ᠂ ᠰᠢᠨ᠎ᠠ ᠬᠠᠭᠤᠳᠠᠰᠤ ᠶᠢ ᠦᠷᠬᠦᠯᠵᠢᠯᠡᠨ ᠪᠢᠴᠢᠭᠯᠡᠬᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠦᠳᠦᠯᠪᠤᠷᠢ ᠮᠦᠨ᠃ ᠲᠦᠪ ᠤᠨ ᠤᠯᠤᠰ ᠲᠦᠷᠦ ᠶᠢᠨ ᠲᠤᠪᠴᠢᠶᠠᠠ ᠤ ᠨᠦᠭᠦᠳ ᠲᠦᠷᠦᠬᠦᠯᠡᠨ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠵᠦ᠂ ᠤᠬᠠᠮᠰᠠᠷ ᠠᠴᠠ ᠪᠠᠨ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ ᠦᠢᠯᠡᠲᠦᠯᠭᠡ ᠪᠠᠨ ᠵᠢᠯᠤᠭᠤᠲᠤᠭᠤᠯᠵᠤ ᠠᠵᠢᠯ ᠢᠶᠠᠨ ᠠᠬᠢᠭᠤᠯᠵᠦ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠡ ᠪᠤᠲᠠᠲᠠᠢ ᠨᠠᠶᠢᠲᠠᠪᠤᠷᠢᠵᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃

  ᠬᠤᠷᠠᠯ ᠠᠴᠠ᠂ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠢ ᠪᠦᠯᠬᠦᠮᠳᠡᠬᠦᠯᠦᠨ ᠳᠠᠭᠠᠭᠤᠯᠵᠦ᠂ ᠬᠦᠴᠢᠷ ᠢ ᠰᠦᠷᠤᠠ ᠤᠷᠤᠭᠰᠢᠯᠠᠵᠦ᠂ ᠵᠠᠮ ᠨᠡᠭᠡᠭᠡᠡ ᠤᠷᠤᠭᠰᠢᠯᠠᠵᠦ᠂ ᠨᠠᠮ ᠪᠠ ᠤᠯᠤᠰ ᠤᠨ ᠡᠯ᠎ᠠ ᠵᠦᠢᠯ ᠤᠨ ᠠᠵᠢᠯ ᠦᠢᠯᠡᠰ ᠲᠡᠤᠬᠡᠲᠦ ᠴᠢᠨᠠᠷᠲᠠᠢ ᠠᠮᠵᠢᠯᠲᠠ ᠤᠯᠵᠦ᠂ ᠲᠡᠤᠭᠡᠲᠦ ᠴᠢᠨᠠᠷᠲᠠᠢ ᠬᠤᠪᠢᠰᠤᠯᠲᠠ ᠭᠠᠷᠴᠠᠢ᠃ ᠶᠡᠷᠦᠩᠭᠡᠢ ᠱᠦᠵᠢ ᠰᠢ ᠶᠢᠨ ᠫᠢᠩ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠲᠠ ᠶᠢ ᠤᠲᠤᠷᠢᠳᠬᠤ᠂ ᠮᠠᠰᠢ ᠤᠯᠠᠠ ᠰᠢᠨ᠎ᠠ ᠲᠡᠤᠬᠡᠲᠦ ᠤᠨᠴᠠᠯᠢᠭ ᠲᠠᠢ ᠠᠭᠤᠤ ᠶᠡᠭᠡ ᠲᠡᠮᠡᠴᠡᠯ ᠢ ᠤᠲᠤᠷᠢᠲᠤᠨ ᠦᠷᠨᠢᠭᠦᠯᠬᠦ ᠶᠠᠪᠤᠴᠠ ᠳᠠᠭᠠᠨ ᠪᠠᠲᠤ ᠴᠢᠩᠭ᠎ᠠ ᠢᠲᠡᠭᠡᠯ ᠪᠢᠰᠢᠷᠡᠯ᠂ ᠢᠯᠡ ᠲᠤᠲᠤ ᠤᠯᠠᠠ ᠲᠦᠮᠡᠡ ᠤ ᠵᠤᠭᠰᠤᠯᠲᠠ᠂ ᠶᠡᠷᠦ ᠪᠤᠰᠤ ᠶᠢᠨ ᠤᠯᠤᠰ ᠲᠦᠷᠦ ᠶᠢᠨ ᠤᠶᠤᠨ ᠤᠬᠠᠭᠠᠠ᠂ ᠬᠠᠳᠠᠨ ᠪᠠᠲᠤ ᠵᠤᠷᠢᠬ ᠰᠠᠨᠠᠭ᠎ᠠ ᠵᠠᠩ ᠴᠢᠨᠠᠷ᠂ ᠮᠠᠰᠢ ᠴᠢᠩᠭ᠎ᠠ ᠲᠡᠤᠭᠡᠲᠦ ᠡᠬᠦᠷᠭᠡᠯᠡᠯ᠂ ᠤᠯᠠᠠ ᠠᠴᠠ ᠭᠡᠲᠦ᠋ᠢᠲᠦᠭᠰᠡᠡ ᠤᠯᠤᠰ ᠲᠦᠷᠦ ᠶᠢᠨ ᠤᠷ᠎ᠠ ᠠᠪᠢᠶᠠᠰ ᠢᠶᠠᠨ ᠢᠯᠡᠷᠡᠭᠦᠯᠪᠠ᠂ ᠶᠡᠷᠦᠩᠭᠡᠢ ᠱᠦᠵᠢ ᠰᠢ ᠶᠢᠨ ᠫᠢᠩ ᠢᠶᠠᠷ ᠨᠠᠮ ᠤᠨ ᠲᠦᠪ ᠬᠤᠷᠢᠶᠠᠠ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠤᠯᠭᠠᠭᠰᠠᠠ ᠶᠠᠪᠤᠳᠠᠯ ᠪᠤᠯ ᠨᠠᠮ ᠤᠨ ᠰᠡᠳᠭᠢᠯ ᠤᠨ ᠬᠠᠨᠲᠤᠰᠢ᠂ ᠠᠷᠠᠳ ᠤᠨ ᠰᠡᠳᠭᠢᠯ ᠤᠨ ᠬᠠᠨᠲᠤᠰᠢ ᠮᠦᠨ᠃ ᠲᠦᠪ ᠤᠨ ᠤᠯᠤᠰ ᠲᠦᠷᠦ ᠶᠢᠨ ᠲᠤᠪᠴᠢᠶᠠᠠ ᠤ ᠨᠦᠬᠦᠳ ᠲᠦᠷᠦᠭᠦᠯᠡᠨ ᠲᠦᠷᠪᠡᠡ ᠤᠬᠠᠮᠰᠠᠷ᠎ ᠢᠶᠠᠨ ᠴᠢᠩᠭᠠᠳᠬᠠᠨ ᠲᠦᠷᠪᠡᠡ ᠢᠲᠡᠭᠡᠯ᠎ ᠢᠶᠠᠨ ᠪᠠᠲᠤᠳᠬᠠᠵᠦ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠨᠠᠮ ᠤᠨ ᠭᠤᠤᠯᠯᠠᠭᠴᠢ᠂ ᠨᠠᠮ ᠤᠨ ᠲᠦᠪ ᠬᠤᠷᠢᠶᠠᠠ ᠤ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠬᠠᠮᠠᠭᠠᠯᠠᠬᠤ ᠦᠵᠡᠯ ᠰᠠᠨᠠᠭᠠᠠ ᠤ ᠤᠬᠠᠮᠰᠠᠷ ᠪᠤᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠡᠢ ᠤᠲᠤᠷᠢᠲᠤᠯᠭ᠎ᠠ ᠶᠢ ᠡᠷᠡᠰ ᠬᠠᠮᠠᠭᠠᠯᠠᠵᠦ᠂ ᠤᠬᠠᠮᠰᠠᠷ ᠠᠴᠠ ᠪᠠᠨ ᠦᠵᠡᠯ ᠰᠠᠨᠠᠭᠠᠠ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠵᠦ᠂ ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠳᠤ ᠨᠠᠶᠢᠲᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

  ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠠ ᠤ ᠨᠠᠮ ᠤᠨ ᠤᠨᠤᠯ ᠤᠨ ᠰᠢᠨ᠎ᠡ ᠡᠭᠦᠳᠦᠯᠳᠡ ᠶᠢᠨ ᠬᠠᠮᠤᠭ ᠤᠨ ᠰᠢᠨ᠎ᠠ ᠦᠷ᠎ᠡ ᠪᠦᠳᠦᠭᠡᠯ ᠮᠦᠨ᠂ ᠤᠲᠤ ᠦᠶ᠎ᠠ ᠶᠢᠨ ᠲᠤᠮᠲᠠᠲᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠮᠦᠨ᠃ ᠰᠢ ᠶᠢᠨ ᠫᠢᠩ ᠤᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠤᠷᠲᠤ ᠬᠤᠭᠤᠴᠠᠭ᠎ᠠ ᠪᠠᠷ ᠡᠷᠬᠡᠪᠰᠢ ᠪᠠᠷᠢᠮᠲᠠᠯᠠᠬᠤ ᠵᠢᠯᠤᠭᠤᠳᠬᠤ ᠦᠵᠡᠯ ᠰᠠᠨᠠᠭ᠎ᠠ ᠪᠤᠯᠭᠠᠬᠤ ᠨᠢ ᠰᠢᠨ᠎ᠠ ᠲᠡᠤᠬᠡ ᠶᠢᠨ ᠭᠠᠷᠤᠭ᠎ᠠ ᠠᠴᠠ ᠠᠭᠤᠤ ᠶᠡᠭᠡ ᠲᠡᠮᠡᠴᠡᠯ ᠬᠢᠬᠦ᠂ ᠠᠭᠤᠤ ᠶᠡᠭᠡ ᠢᠨᠵᠧᠨᠧᠷᠢᠩ ᠢ ᠪᠦᠲᠦᠭᠡᠡ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠬᠦᠰᠡᠯ ᠵᠡᠭᠦᠲᠦ ᠶᠢ ᠪᠡᠶᠡᠯᠡᠭᠦᠯᠬᠦ ᠳᠤ ᠴᠢᠬᠤᠯᠠ ᠶᠡᠭᠡ ᠪᠤᠲᠠᠲᠤ ᠠᠴᠢ ᠬᠤᠯᠪᠤᠭᠲᠠᠯ ᠲᠠᠢ ᠪᠦᠭᠡᠳ ᠠᠯᠤᠰ ᠭᠡᠲᠦ ᠶᠢᠨ ᠲᠡᠤᠬᠡᠲᠦ ᠠᠴᠢ ᠬᠤᠯᠪᠤᠭᠲᠠᠯ ᠲᠠᠢ ᠶᠤᠮ᠃ ᠲᠦᠪ ᠤᠨ ᠤᠯᠤᠰ ᠲᠦᠷᠦ ᠶᠢᠨ ᠲᠤᠪᠴᠢᠶᠠᠠ ᠤ ᠨᠦᠬᠦᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠦᠷᠦᠬᠦᠯᠡᠨ ᠰᠤᠷᠤᠯᠴᠠᠵᠦ᠂ ᠭᠤᠤᠯ ᠪᠤᠯᠬᠤ ᠴᠢᠬᠤᠯᠠ ᠠᠭᠤᠯᠭ᠎ᠠ ᠪᠤᠯᠤᠨ ᠰᠢᠨ᠎ᠠ ᠶᠢ ᠡᠭᠦᠳᠬᠦ ᠦᠵᠡᠯᠲᠡ ᠶᠢ ᠨᠢ ᠡᠵᠡᠮᠲᠡᠵᠦ᠂ ᠤᠯᠤᠰ ᠲᠦᠷᠦ ᠶᠢᠨ ᠠᠴᠢ ᠬᠤᠯᠪᠤᠭᠲᠠᠯ᠂ ᠲᠡᠤᠬᠡ ᠶᠢᠨ ᠠᠴᠢ ᠬᠤᠯᠪᠤᠭᠲᠠᠯ᠂ ᠤᠨᠤᠯ ᠤᠨ ᠠᠴᠢ ᠬᠤᠯᠪᠤᠭᠲᠠᠯ ᠪᠠ ᠦᠢᠯᠡᠲᠦᠯᠭᠡ ᠶᠢᠨ ᠠᠴᠢ ᠬᠤᠯᠪᠤᠭᠲᠠᠯ ᠢ ᠡᠵᠡᠮᠲᠡᠡ᠂ ᠬᠦᠨᠵᠡᠭᠡᠢ ᠰᠤᠷᠤᠯᠴᠠᠠ ᠰᠠᠶᠢᠳᠤᠷ ᠤᠢᠢᠯᠠᠭᠠᠵᠤ᠂ ᠨᠡᠪᠲᠡᠷᠡᠳᠡᠯ᠎ᠡ ᠡᠵᠡᠮᠰᠢᠵᠦ᠂ ᠪᠦᠬᠦ ᠨᠠᠮ ᠤᠨ ᠮᠠᠷᠺᠰ ᠤᠨ ᠦᠵᠡᠯ ᠤᠨ ᠲᠦᠪᠰᠢᠨ ᠪᠤᠯᠤᠨ ᠤᠯᠤᠰ ᠲᠦᠷᠦ ᠤᠨᠤᠯ ᠤᠨ ᠬᠡᠪ ᠴᠢᠨᠠᠷ ᠢ ᠴᠢᠷᠮᠠᠶᠢᠨ ᠲᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃

  ᠰᠢ ᠶᠢᠨ ᠫᠢᠩ ᠶᠠᠷᠢᠶᠠᠠ ᠳᠠᠭᠠᠨ ᠲᠦᠪ ᠤᠨ ᠤᠯᠤᠰ ᠲᠦᠷᠦ ᠶᠢᠨ ᠲᠤᠪᠴᠢᠶᠠᠠ ᠤ ᠨᠦᠬᠦᠳ ᠤᠨ ᠬᠠᠷᠢᠴᠠᠭᠤᠯᠤᠨ ᠪᠠᠶᠢᠴᠠᠭᠠᠵᠦ ᠶᠠᠷᠢᠭᠰᠠᠠ ᠶᠠᠷᠢᠶ᠎ᠠ ᠶᠢ ᠳ᠋ᠦᠩᠨᠡᠵᠤ᠂ ᠲᠦᠪ ᠤᠨ ᠤᠯᠤᠰ ᠲᠦᠷᠦ ᠶᠢᠨ ᠲᠤᠪᠴᠢᠶᠠᠠ ᠤ ᠲᠤᠭᠲᠠᠭᠠᠯ᠎ ᠂  ᠭᠡᠷᠡᠭᠵᠢᠭᠦᠯᠬᠦ ᠨᠠᠷᠢᠨ ᠲᠦᠷᠢᠮ᠎ ᠢ ᠲᠤᠤᠱᠯᠠᠭᠤᠯᠤᠨ ᠨᠠᠶᠢᠲᠠᠪᠤᠷᠢᠵᠢᠭᠤᠯᠬᠤ ᠲᠤᠬᠠᠢ ᠱᠠᠭᠠᠷᠲᠠᠯᠭ᠎ᠠ ᠲᠤᠷᠠᠳᠴᠠᠢ᠃

  ᠰᠢ ᠶᠢᠨ ᠫᠢᠩ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠨᠠᠮ ᠪᠠ ᠤᠯᠤᠰ ᠤᠨ ᠠᠵᠢᠯ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠲᠤᠲᠤᠷᠬᠠᠢ ᠵᠢᠭᠠᠵᠦ᠂ 13 ᠳ᠋ᠦᠩᠰᠢᠭᠤᠷ ᠭᠠᠷᠤᠢ ᠬᠦᠮᠦᠨ ᠢ ᠰᠠᠭᠤᠯᠭᠠᠭᠰᠠᠠ ᠲᠤᠮᠲᠠᠲᠤ ᠤᠯᠤᠰ ᠤᠨ ᠡᠨᠡᠬᠦ ᠲᠤᠮᠤ ᠬᠦᠯᠭᠡ ᠤᠩᠭᠤᠴᠠ ᠤᠷᠤᠭᠰᠢᠯᠠᠠ ᠲᠠᠪᠰᠢᠬᠤ ᠳᠤ ᠰᠢᠨ᠎ᠠ ᠠᠶᠠᠯᠠᠯ ᠤᠨ ᠲᠡᠮᠲᠡᠭ ᠢ ᠪᠤᠰᠬᠠᠠ ᠦᠭᠴᠤ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠰᠢᠨ᠎ᠠ ᠤᠷᠤᠬᠰᠢᠯᠠᠯᠳᠠ ᠶᠢᠨ ᠪᠦᠷᠢᠶ᠎ᠠ ᠶᠢ ᠬᠠᠨᠭ᠍ᠭᠢᠨᠠᠭᠤᠯᠪᠠ᠃ ᠰᠠᠶᠢᠨ ᠰᠢᠢᠳᠪᠦᠷᠢᠲᠦ ᠪᠤᠲᠤᠯᠭ᠎ᠠ᠂ ᠰᠠᠶᠢᠨ ᠵᠢᠷᠤᠬ ᠲᠦᠰᠦᠪ ᠲᠠᠢ ᠪᠤᠯᠤᠯ᠎ᠠ᠂ ᠵᠠᠩᠭᠢᠯᠠᠭ᠎ᠠ ᠨᠢ ᠨᠠᠶᠢᠲᠠᠪᠤᠷᠢᠵᠢᠭᠤᠯᠬᠤ ᠳᠤ ᠪᠠᠶᠢᠨ᠎ᠠ᠃ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠲᠤᠭᠲᠠᠭᠠᠭᠰᠠᠠ ᠬᠠᠷᠠᠯᠲᠠ ᠡᠬᠦᠷᠭᠡ ᠶᠢ ᠪᠡᠶᠡᠯᠡᠭᠦᠯᠬᠦ ᠪᠤᠯ ᠤᠲᠤᠬᠠᠠ ᠪᠠ ᠬᠤᠶᠢᠰᠢᠲᠠ ᠶᠢᠨ ᠨᠢᠭᠡ ᠬᠤᠭᠤᠴᠠᠭᠠᠠ ᠤ ᠲᠦᠪ ᠤᠨ ᠤᠯᠤᠰ ᠲᠦᠷᠦ ᠶᠢᠨ ᠲᠤᠪᠴᠢᠶᠠᠠ ᠤ ᠠᠵᠢᠯ ᠤᠨ ᠭᠤᠤᠯ ᠰᠡᠲᠦᠪ ᠪᠤᠯᠤᠨ᠎ᠠ᠂ ᠮᠦᠨᠴᠤ ᠲᠦᠪ ᠤᠨ ᠤᠯᠤᠰ ᠲᠦᠷᠦ ᠶᠢᠨ ᠲᠤᠪᠴᠢᠶᠠᠠ ᠤ ᠨᠦᠬᠦᠳ ᠤᠨ ᠭᠤᠤᠯ ᠡᠭᠦᠷᠭᠡ ᠪᠤᠯᠤᠨ᠎ᠠ᠃ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠠ ᠲᠤᠤᠱᠯᠠᠭᠤᠯᠬᠤ ᠳᠤ ᠦᠪᠡᠷ ᠢ ᠪᠠᠨ ᠪᠠᠭᠳᠠᠭᠠᠵᠤ᠂ ᠡᠬᠦᠷᠭᠡ ᠬᠠᠷᠢᠭᠤᠴᠠᠯᠭ᠎ᠠ ᠪᠠᠨ ᠪᠠᠭᠳᠠᠭᠠᠵᠤ᠂ ᠠᠵᠢᠯ ᠢᠶᠠᠨ ᠪᠠᠭᠳᠠᠭᠠᠵᠤ᠂ ᠰᠤᠷᠴᠤ ᠭᠡᠷᠡᠭᠯᠡᠬᠦ ᠶᠢ ᠤᠶᠠᠯᠲᠤᠭᠤᠯᠵᠦ᠂ ᠮᠡᠲᠡᠵᠦ ᠬᠢᠬᠦ ᠶᠢ ᠨᠢᠭᠡᠳᠭᠡᠬᠦ ᠬᠡᠷᠡᠭᠲᠡᠢ᠃ ᠨᠠᠶᠢᠲᠠᠪᠤᠷᠢᠵᠢᠭᠤᠯᠬᠤ ᠳᠤ ᠯᠠᠷᠵᠢᠶ᠎ᠠ ᠶᠠᠩᠪᠠ ᠲᠠᠳᠠᠨ ᠬᠤᠭᠤᠰᠤᠨ ᠤᠷᠢᠶ᠎ᠠ ᠬᠠᠰᠬᠢᠷᠴᠤ᠂ ᠠᠵᠢᠯᠯᠠᠭ᠎ᠠ ᠠᠪᠬᠤ ᠦᠭᠡᠢ ᠪᠠᠶᠢᠵᠦ ᠪᠤᠯᠬᠤ ᠦᠭᠡᠢ᠂ ᠬᠤᠷᠠᠯ ᠬᠢᠵᠦ᠂ ᠪᠢᠴᠢᠭ ᠮᠠᠲ᠋ᠧᠷᠢᠶᠠᠯ ᠪᠠᠭᠠᠯᠭᠠᠪᠠᠯ ᠪᠤᠯᠴᠢᠬᠠᠬᠤ ᠪᠢᠰᠢ᠂ ᠡᠷᠭᠡᠪᠰᠢ ᠪᠤᠲᠠᠲᠠᠢ ᠨᠠᠶᠢᠲᠠᠪᠤᠷᠢᠵᠢᠭᠤᠯᠬᠤ ᠭᠡᠷᠡᠭᠲᠡᠢ᠃ ᠨᠠᠶᠢᠳᠠᠪᠤᠷᠢᠵᠢᠭᠤᠯᠤᠯᠳᠠ ᠶᠢ ᠠᠳᠬᠤᠬᠤ ᠪᠤᠯ ᠨᠠᠮ ᠤᠨ ᠤᠯᠤᠰ ᠳᠦᠷᠦ ᠶᠢᠨ ᠱᠤᠭᠤᠮ᠂ ᠦᠵᠡᠯ ᠰᠠᠨᠠᠭᠠᠨ ᠤ ᠱᠤᠭᠤᠮ᠂ ᠤᠯᠠᠨ ᠳᠦᠮᠡᠨᠴᠢ ᠱᠤᠭᠤᠮ ᠤᠨ ᠦᠨᠳᠦᠰᠦᠨ ᠱᠠᠭᠠᠷᠳᠠᠯᠭ᠎ᠠ ᠮᠦᠨ᠂ ᠮᠦᠨᠴᠤ ᠤᠳᠤᠷᠢᠳᠬᠤ ᠺᠠᠳ᠋ᠷ ᠤᠨ ᠨᠠᠮᠴᠢ ᠴᠢᠨᠠᠷ ᠪᠤᠯᠤᠨ ᠠᠵᠢᠯ ᠤᠨ ᠠᠮᠵᠢᠯᠳᠠ ᠶᠢᠨ ᠦᠵᠡᠯᠳᠡ ᠶᠢ ᠬᠡᠮᠵᠢᠬᠦ ᠴᠢᠬᠤᠯᠠ ᠬᠡᠮᠵᠢᠭᠦᠷ ᠮᠦᠨ᠃ ᠡᠷᠬᠡᠪᠰᠢ ᠦᠨᠡᠨᠬᠦ ᠠᠳᠬᠤᠬᠤ ᠪᠤᠳᠠᠳᠤ ᠬᠦᠴᠦᠨ᠂ ᠵᠤᠷᠢᠬᠳᠠᠢ ᠠᠳᠬᠤᠬᠤ ᠴᠢᠩᠭ᠎ᠠ ᠬᠦᠴᠦᠨ᠂ ᠴᠢᠳᠠᠮᠠᠭᠠᠢ ᠠᠳᠬᠤᠬᠤ ᠤᠷᠠᠨ ᠬᠦᠴᠦᠨ᠂ ᠪᠠᠶᠢᠩᠭᠤ ᠠᠳᠬᠤᠬᠤ ᠳᠠᠭᠠᠭᠠᠮᠠᠭᠠᠢ ᠬᠦᠴᠤᠨ ᠲᠠᠢ ᠪᠠᠶᠢᠬᠤ ᠬᠡᠷᠡᠭᠳᠠᠢ᠂ ᠯᠠᠪᠳᠠᠭᠤᠨ ᠪᠠᠳᠤᠳᠠᠢ ᠠᠳᠬᠤᠵᠤ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠡᠷᠬᠡᠪᠰᠢ ᠦᠪᠡᠷ ᠤᠨ ᠡᠬᠦᠷᠬᠡ ᠬᠠᠷᠢᠭᠤᠴᠠᠯᠭ᠎ᠠ ᠶᠢᠨ ᠬᠡᠪᠴᠢᠶᠠᠨ ᠳᠤ ᠪᠠᠶᠢᠭ᠎ᠠ ᠡᠬᠦᠷᠬᠡ ᠪᠠᠨ ᠳᠤᠳᠤᠷᠬᠠᠢᠢᠯᠠᠵᠦ᠂ ᠳᠤᠪᠤᠶᠢᠮ᠎ᠠ ᠳᠤᠳᠠᠭᠤᠳᠠᠯ ᠪᠤᠯᠤᠨ ᠪᠠᠭᠤᠷᠠᠢ ᠭᠤᠬᠴᠤᠭ᠎ᠠ ᠶᠢ ᠠᠳᠬᠤᠵᠦ᠂ ᠬᠦᠨᠳᠦ ᠬᠦᠩᠬᠡᠨ ᠠᠯᠭᠤᠷ ᠪᠠᠴᠢᠮ ᠢ ᠳᠤᠳᠤᠷᠬᠠᠢᠢᠯᠠᠵᠤ᠂ ᠳᠦᠷᠦ ᠶᠢᠨ ᠪᠤᠳᠤᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠵᠦ᠂ ᠬᠠᠮᠵᠢᠯᠴᠠᠨ ᠪᠤᠭᠤᠮᠳᠠ ᠰᠢᠪᠳᠤᠯᠬᠤ ᠶᠢ ᠴᠢᠩᠭᠠᠳᠬᠠᠵᠦ᠂ ᠬᠢᠨᠠᠨ ᠪᠠᠶᠢᠴᠠᠭᠠᠵᠦ ᠨᠠᠶᠢᠳᠠᠪᠤᠷᠢᠵᠢᠭᠤᠯᠬᠤ ᠶᠢ ᠴᠢᠩᠭᠠᠳᠬᠠᠵᠦ᠂ ᠡᠯ᠎ᠠ ᠵᠦᠢᠯ ᠤᠨ ᠬᠠᠷᠠᠯᠳᠠ ᠡᠬᠦᠷᠬᠡ ᠶᠢ ᠴᠠᠬ ᠳᠤᠬᠠᠢ ᠳᠤᠨᠢ ᠴᠢᠨᠠᠷ ᠰᠠᠶᠢᠳᠠᠢ ᠪᠡᠶᠡᠯᠡᠬᠦᠯᠬᠦ ᠶᠢ ᠦᠨᠡᠨᠬᠦ ᠪᠠᠳᠤᠯᠠᠬᠤ ᠬᠡᠷᠡᠭᠳᠡᠢ᠃ ᠨᠠᠶᠢᠳᠠᠪᠤᠷᠢᠵᠢᠭᠤᠯᠤᠯᠳᠠ ᠶᠢ ᠠᠳᠬᠤᠬᠤ ᠳᠤ ᠨᠢᠬᠡᠳᠦᠬᠡᠷ ᠬᠠᠷᠢᠭᠤᠴᠠᠯᠭᠠᠳᠠᠨ ᠪᠤᠯ ᠵᠠᠩᠬᠢᠯᠠᠭ᠎ᠠ ᠪᠤᠯᠤᠨ᠎ᠠ᠂ ᠡᠷᠬᠡᠪᠰᠢ ᠬᠠᠷᠢᠭᠤᠴᠠᠯᠭ᠎ᠠ ᠪᠠᠨ ᠡᠬᠦᠷᠬᠡᠯᠡᠵᠦ᠂ ᠬᠠᠮᠤᠬ ᠤᠨ ᠬᠦᠨᠳᠦ ᠡᠬᠦᠷᠬᠡ ᠶᠢ ᠵᠤᠷᠢᠬᠳᠠᠢ ᠪᠠᠷ ᠡᠬᠦᠷᠬᠡᠯᠡᠵᠦ᠂ ᠬᠠᠮᠤᠬ ᠤᠨ ᠬᠦᠴᠢᠷ ᠠᠰᠠᠭᠤᠳᠠᠯ ᠢ ᠵᠤᠷᠢᠬᠳᠠᠢ ᠪᠠᠷ ᠰᠢᠢᠳᠪᠤᠷᠢᠯᠡᠵᠦ᠂ ᠬᠠᠮᠤᠬ ᠤᠨ ᠬᠦᠴᠢᠷ ᠶᠠᠪᠤᠳᠠᠯ ᠢ ᠵᠤᠷᠢᠬᠳᠠᠢ ᠪᠠᠷ ᠬᠦᠯᠢᠶᠡᠨ ᠠᠪᠴᠤ᠂ ᠬᠤᠪᠢᠳᠠᠨ ᠬᠠᠷᠢᠭᠤᠴᠠᠵᠤ ᠪᠠᠶᠢᠭ᠎ᠠ ᠠᠵᠢᠯ ᠢᠶᠠᠨ ᠴᠢᠩᠭ᠎ᠠ ᠪᠤᠳᠠᠳᠠᠢ ᠠᠳᠬᠤᠵᠦ᠂ ᠦᠷ᠎ᠠ ᠪᠦᠳᠦᠮᠵᠢ ᠭᠠᠷᠭᠠᠬᠤ ᠬᠡᠷᠡᠭᠳᠡᠢ ᠬᠡᠵᠦ ᠴᠢᠬᠤᠯᠠᠴᠢᠯᠠᠵᠠᠢ᠃

  ᠰᠢ ᠶᠢᠨ ᠫᠢᠩ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠬᠤ ᠳᠤ᠂ ᠡᠩ ᠳᠡᠷᠢᠬᠦᠨ ᠳᠤ ᠨᠠᠮ ᠤᠨ ᠳᠦᠪ ᠬᠤᠷᠢᠶᠠᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠠᠢ ᠤᠳᠤᠷᠢᠳᠤᠯᠭ᠎ᠠ ᠶᠢ ᠬᠠᠮᠠᠭᠠᠯᠠᠬᠤ ᠬᠡᠷᠡᠭᠳᠡᠢ᠃ ᠪᠦᠬᠦ ᠨᠠᠮ ᠢᠶᠠᠷ ᠢᠶᠠᠨ ᠵᠠᠷᠯᠢᠬ ᠴᠠᠭᠠᠵᠠ ᠶᠢ ᠵᠢᠷᠤᠮᠯᠠᠨ ᠳᠠᠭᠠᠬᠤ ᠶᠢ ᠪᠠᠳᠤᠯᠠᠬᠤ ᠨᠢ ᠨᠠᠮ ᠪᠤᠯᠤᠨ ᠤᠯᠤᠰ ᠤᠨ ᠢᠷᠡᠬᠡᠳᠦᠢ ᠬᠤᠪᠢ ᠵᠠᠶᠠᠭ᠎ᠠ ᠲᠠᠢ ᠬᠤᠯᠪᠤᠬᠳᠠᠨ᠎ᠠ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠤ ᠦᠨᠳᠦᠰᠦᠨ ᠠᠰᠢᠬ ᠳᠤᠰᠠ ᠲᠠᠢ ᠬᠤᠯᠪᠤᠬᠳᠠᠨ᠎ᠠ᠃ ᠳᠦᠪ ᠤᠨ ᠤᠯᠤᠰ ᠳᠦᠷᠦ ᠶᠢᠨ ᠳᠤᠪᠴᠢᠶᠠᠨ ᠤ ᠨᠦᠬᠦᠳ ᠡᠨᠡ ᠲᠠᠯ᠎ᠠ ᠪᠠᠷ ᠡᠷᠬᠡᠪᠰᠢ ᠳᠦᠢᠯ ᠤᠨ ᠰᠡᠷᠬᠡᠭ ᠳᠠᠨᠢᠯᠳᠠ ᠲᠠᠢ ᠪᠠᠶᠢᠬᠤ ᠬᠡᠷᠡᠭᠳᠡᠢ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠳᠤᠬᠠᠢ ᠶᠡᠷᠦᠩᠬᠡᠢ ᠱᠠᠭᠠᠷᠳᠠᠯᠭ᠎ᠠ ᠳᠤ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠳᠤ ᠪᠦᠬᠦ ᠨᠠᠮ ᠢᠶᠠᠷ ᠢᠶᠠᠨ ᠳᠦᠪ ᠬᠤᠷᠢᠶ᠎ᠠ ᠶᠢ ᠳᠠᠭᠠᠬᠤ ᠶᠢ ᠪᠠᠳᠤᠯᠠᠬᠤ᠂ ᠨᠠᠮ ᠤᠨ ᠳᠦᠪ ᠬᠤᠷᠢᠶᠠᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠬᠤ ᠪᠠᠷ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢᠨ ᠳᠡᠷᠢᠬᠦᠨ ᠴᠢᠬᠤᠯᠠ ᠡᠬᠦᠷᠬᠡ ᠪᠠᠨ ᠪᠤᠯᠭᠠᠬᠤ ᠬᠡᠷᠡᠭᠳᠡᠢ ᠬᠡᠵᠦ ᠳᠤᠳᠤᠷᠬᠠᠢ ᠳᠤᠷᠠᠳᠴᠠᠢ᠃ ᠨᠠᠮ ᠤᠨ ᠳᠦᠪ ᠬᠤᠷᠢᠶᠠᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠪᠤᠯ ᠮᠠᠨ ᠤ ᠤᠯᠤᠰ ᠤᠨ ᠬᠤᠪᠢᠰᠬᠠᠯ᠂ ᠪᠦᠳᠦᠬᠡᠨ ᠪᠠᠶᠢᠭᠤᠯᠤᠯᠳᠠ᠂ ᠦᠬᠡᠷᠡᠴᠢᠯᠡᠯᠳᠡ ᠶᠢᠨ ᠴᠢᠬᠤᠯᠠ ᠳᠤᠷᠰᠢᠯᠭ᠎ᠠ᠂ ᠪᠤᠯᠪᠠᠰᠤᠷᠠᠩᠭᠤᠢ ᠪᠤᠯᠤᠬᠰᠠᠨ ᠮᠠᠷᠺᠰ ᠤᠨ ᠦᠵᠡᠯ ᠤᠨ ᠳᠦᠷᠦ ᠪᠠᠷᠢᠬᠴᠢ ᠨᠠᠮ ᠤᠨ ᠨᠠᠮ ᠪᠠᠶᠢᠭᠤᠯᠬᠤ ᠴᠢᠬᠤᠯᠠ ᠶᠡᠭᠡ ᠵᠠᠷᠴᠢᠮ ᠪᠤᠯᠤᠨ᠎ᠠ᠃ ᠳᠦᠪ ᠤᠨ ᠤᠯᠤᠰ ᠳᠦᠷᠦ ᠶᠢᠨ ᠳᠤᠪᠴᠢᠶᠠᠨ ᠤ ᠨᠦᠬᠦᠳ ᠨᠠᠮ ᠤᠨ ᠳᠦᠪ ᠬᠤᠷᠢᠶᠠᠨ ᠤ ᠡᠷᠬᠡ ᠰᠦᠢᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠢᠯᠡ ᠳᠤᠳᠤᠷᠬᠠᠢ ᠤᠯᠤᠰ ᠳᠦᠷᠦ ᠶᠢᠨ ᠪᠠᠷᠢᠮᠵᠢᠶ᠎ᠠ ᠪᠤᠯᠤᠨ ᠦᠨᠳᠦᠰᠦᠨ ᠤᠯᠤᠰ ᠳᠦᠷᠦ ᠶᠢᠨ ᠱᠠᠭᠠᠷᠳᠠᠯᠭ᠎ᠠ ᠪᠠᠨ ᠪᠤᠯᠭᠠᠵᠦ᠂ ᠦᠵᠡᠯ ᠰᠠᠨᠠᠭᠠᠨ ᠤ ᠳᠠᠯ᠎ᠠ ᠪᠠᠷ ᠳᠡᠬᠡᠳᠦ ᠬᠡᠮᠵᠢᠶ᠎ᠠ ᠪᠠᠷ ᠮᠡᠳᠡᠷᠡᠵᠤ᠂ ᠤᠯᠤᠰ ᠳᠦᠷᠦ ᠶᠢᠨ ᠳᠠᠯ᠎ᠠ ᠪᠠᠷ ᠡᠷᠡᠰ ᠬᠠᠮᠠᠭᠠᠯᠠᠵᠦ᠂ ᠵᠤᠬᠢᠶᠠᠨ ᠪᠠᠶᠢᠭᠤᠯᠤᠯᠳᠠ ᠶᠢᠨ ᠳᠠᠯ᠎ᠠ ᠪᠠᠷ ᠤᠬᠠᠮᠰᠠᠷ ᠠᠴᠠ ᠪᠠᠨ ᠵᠢᠷᠤᠮᠯᠠᠵᠦ᠂ ᠦᠢᠯᠡ ᠠᠵᠢᠯᠯᠠᠭ᠎ᠠ ᠶᠢᠨ ᠳᠠᠯ᠎ᠠ ᠪᠠᠷ ᠴᠢᠩᠭ᠎ᠠ ᠳᠠᠭᠠᠵᠦ᠂ ᠤᠯᠤᠰ ᠳᠦᠷᠦ ᠶᠢᠨ ᠵᠤᠬᠰᠤᠯᠳᠠ᠂ ᠤᠯᠤᠰ ᠳᠦᠷᠦ ᠶᠢᠨ ᠴᠢᠭᠯᠡᠯ᠂ ᠤᠯᠤᠰ ᠳᠦᠷᠦ ᠶᠢᠨ ᠵᠠᠷᠴᠢᠮ᠂ ᠤᠯᠤᠰ ᠳᠦᠷᠦ ᠶᠢᠨ ᠵᠠᠮ ᠤᠨ ᠳᠠᠯ᠎ᠠ ᠪᠠᠷ ᠨᠠᠮ ᠤᠨ ᠳᠦᠪ ᠬᠤᠷᠢᠶ᠎ᠠ ᠲᠠᠢ ᠳᠡᠬᠡᠳᠦ ᠬᠡᠮᠵᠢᠶ᠎ᠡ ᠪᠠᠷ ᠨᠢᠭᠡᠳᠦᠯᠳᠠᠢ ᠪᠠᠶᠢᠵᠦ᠂ ᠨᠠᠮ ᠤᠨ ᠳᠦᠪ ᠬᠤᠷᠢᠶᠠᠨ ᠤ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠳᠡᠢ᠃ ᠡᠨᠡ ᠪᠤᠯ ᠤᠯᠠᠨ ᠤ ᠨᠠᠮᠴᠢ ᠴᠢᠨᠠᠷ ᠤᠨ ᠲᠤᠬᠠᠢ ᠰᠢᠯᠭᠠᠯᠳᠠ᠂ ᠮᠦᠨᠴᠤ ᠦᠨᠳᠦᠰᠦᠨ ᠤᠯᠤᠰ ᠳᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠳᠦᠷᠦ ᠶᠢᠨ ᠶᠤᠰᠤ ᠳᠦᠷᠢᠮ ᠪᠤᠯᠤᠨ᠎ᠠ ᠬᠡᠵᠦ ᠵᠢᠭᠠᠵᠦ ᠭᠠᠷᠭᠠᠪᠠ᠃

  ᠰᠢ ᠶᠢᠨ ᠫᠢᠩ᠂ ᠳᠦᠷᠪᠡᠨ ᠰᠤᠷᠳᠠᠯ᠎ ᠤᠨ ᠠᠰᠠᠭᠤᠳᠠᠯ ᠳᠤ ᠮᠤᠵᠢᠭᠤᠳᠠ ᠴᠢᠨᠠᠷ ᠪᠤᠯᠤᠨ ᠳᠠᠬᠢᠨ ᠳᠠᠪᠳᠠᠬᠤ ᠴᠢᠨᠠᠷ ᠤᠷᠤᠰᠢᠵᠦ ᠪᠠᠶᠢᠬᠤ ᠤᠴᠢᠷ ᠠᠴᠠ᠂ ᠳᠦᠷᠪᠡᠨ ᠰᠤᠷᠳᠠᠯ᠎ ᠢ ᠵᠠᠯᠠᠷᠠᠭᠤᠯᠬᠤ ᠶᠢ ᠵᠤᠬᠰᠤᠭᠠᠵᠤ ᠪᠤᠯᠬᠤ ᠦᠬᠡᠢ᠂ ᠰᠤᠷᠳᠠᠯ ᠤᠨ ᠪᠠᠶᠢᠭᠤᠯᠤᠯᠳᠠ ᠡᠬᠦᠷᠢᠳᠡ ᠵᠤᠬᠰᠤᠰᠢ ᠦᠭᠡᠢ ᠠᠳᠬᠤᠬᠤ ᠬᠡᠷᠡᠭᠳᠡᠢ᠃ ᠬᠡᠯᠪᠡᠷᠢᠴᠢ ᠦᠵᠡᠯ᠂ ᠨᠤᠶᠠᠨᠴᠢ ᠰᠤᠷᠳᠠᠯ ᠨᠢ ᠮᠠᠨ ᠤ ᠨᠠᠮ ᠤᠨ ᠰᠢᠨᠵᠢ ᠴᠢᠨᠠᠷ ᠤᠨ ᠵᠤᠷᠢᠯᠳᠠ ᠪᠤᠯᠤᠨ ᠰᠢᠯᠢᠳᠡᠭ ᠰᠤᠷᠳᠠᠯ ᠲᠠᠢ ᠤᠬᠳᠤ ᠨᠡᠶᠢᠴᠡᠬᠦ ᠦᠬᠡᠢ ᠶᠤᠮ᠂ ᠡᠨᠡ ᠪᠤᠯ ᠮᠠᠨ ᠤ ᠨᠠᠮ ᠤᠨ ᠳᠤᠮᠤ ᠳᠠᠶᠢᠰᠤᠨ᠂ ᠠᠷᠠᠳ ᠦᠮᠡᠨ ᠤ ᠳᠤᠮᠤ ᠳᠠᠶᠢᠰᠤᠨ ᠪᠤᠯᠬᠤ ᠶᠤᠮ᠃ ᠳᠦᠪ ᠤᠨ ᠤᠯᠤᠰ ᠳᠦᠷᠦ ᠶᠢᠨ ᠳᠤᠪᠴᠢᠶᠠᠨ ᠤ ᠨᠦᠬᠦᠳ ᠡᠷᠬᠡᠪᠰᠢ ᠳᠦᠷᠦᠬᠦᠯᠡᠨ ᠵᠦᠪ ᠠᠵᠢᠯ ᠤᠨ ᠠᠮᠵᠢᠯᠳᠠ ᠶᠢᠨ ᠦᠵᠡᠯᠳᠡ ᠶᠢ ᠪᠤᠢ ᠪᠤᠯᠭᠠᠵᠦ᠂ ᠢᠮᠠᠬᠳᠠ ᠰᠢᠳᠤᠷᠭᠤ ᠬᠦᠮᠦᠨ ᠪᠤᠯᠵᠦ᠂ ᠦᠨᠡᠨ ᠦᠬᠡ ᠬᠡᠯᠡᠵᠦ᠂ ᠪᠤᠳᠠᠳᠤ ᠶᠠᠪᠤᠳᠠᠯ ᠬᠢᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠤᠬᠠᠮᠰᠠᠷ ᠠᠴᠠ ᠪᠠᠨ ᠡᠰᠡᠷᠬᠦᠴᠡᠬᠦ ᠬᠡᠷᠡᠭᠳᠡᠢ᠃ ᠳᠦᠪ ᠤᠨ ᠤᠯᠤᠰ ᠳᠦᠷᠦ ᠶᠢᠨ ᠳᠤᠪᠴᠢᠶᠠᠨ ᠤ ᠨᠦᠬᠦᠳ ᠳᠦᠷᠦᠬᠦᠯᠡᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠭᠠᠷᠭᠠᠬᠤ ᠦᠭᠡᠢ ᠪᠠᠶᠢᠬᠤ ᠬᠡᠷᠡᠭᠳᠡᠢ᠂ ᠲᠡᠷᠡᠴᠢᠯᠡᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠵᠦᠢᠯ ᠵᠢᠰᠦᠮ ᠤᠨ ᠢᠯᠡᠷᠡᠯ ᠲᠠᠢ ᠡᠷᠡᠰ ᠳᠡᠮᠡᠴᠡᠯ ᠬᠢᠵᠦ᠂ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠳᠦᠪᠯᠡᠷᠡᠬᠦᠯᠤᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠤᠯᠠᠨ ᠶᠠᠩᠵᠦᠳᠦ ᠴᠢᠨᠠᠷ ᠪᠤᠯᠤᠨ ᠬᠤᠪᠢᠷᠠᠮᠠᠳᠠᠭᠠᠢ ᠴᠢᠨᠠᠷ ᠢ ᠬᠦᠢᠴᠡᠳ ᠳᠠᠨᠢᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠳᠠᠯᠢ ᠪᠤᠰᠤ ᠴᠠᠬ᠂ ᠠᠳᠠᠯᠢ ᠪᠤᠰᠤ ᠭᠠᠵᠠᠷ᠂ ᠠᠳᠠᠯᠢ ᠪᠤᠰᠤ ᠰᠠᠯᠠᠭ᠎ᠠ ᠮᠦᠴᠢᠷ ᠲᠠᠬᠢ ᠠᠳᠠᠯᠢ ᠪᠤᠰᠤ ᠶᠢᠨ ᠢᠯᠡᠷᠡᠯ ᠢ ᠳᠤᠳᠤᠷᠬᠠᠢ ᠤᠢᠢᠯᠠᠭᠠᠵᠦ᠂ ᠪᠤᠳᠠᠳᠤ ᠶᠠᠪᠤᠳᠠᠯ ᠯᠤᠭ᠎ᠠ ᠨᠢᠬᠳᠠ ᠤᠶᠠᠯᠳᠤᠭᠤᠯᠵᠦ ᠪᠠᠶᠢᠭᠠᠳ ᠬᠠᠭᠤᠴᠢᠨ ᠠᠰᠠᠭᠤᠳᠠᠯ ᠢ ᠰᠢᠢᠳᠪᠤᠷᠢᠯᠡᠬᠦ ᠶᠢᠨ ᠬᠠᠮᠳᠤ ᠪᠠᠰᠠ ᠰᠢᠨ᠎ᠠ ᠠᠰᠠᠭᠤᠳᠠᠯ ᠢ ᠰᠡᠷᠡᠵᠦ ᠮᠡᠳᠡᠬᠦ ᠬᠡᠷᠡᠭᠳᠡᠢ᠂ ᠢᠯᠡ ᠠᠰᠠᠭᠤᠳᠠᠯ ᠢ ᠰᠢᠢᠳᠪᠤᠷᠢᠯᠡᠬᠦ ᠶᠢᠨ ᠬᠠᠮᠳᠤ ᠪᠠᠰᠠ ᠳᠠᠯᠳᠠ ᠠᠰᠠᠭᠤᠳᠠᠯ ᠢ ᠰᠢᠢᠳᠪᠤᠷᠢᠯᠡᠬᠦ ᠬᠡᠷᠡᠭᠳᠡᠢ︔ ᠦᠡᠭᠭᠡᠨ ᠲᠠᠯ᠎ᠠ ᠶᠢᠨ ᠠᠰᠠᠭᠤᠳᠠᠯ ᠢ ᠰᠢᠢᠳᠪᠤᠷᠢᠯᠡᠬᠦ ᠶᠢᠨ ᠬᠠᠮᠳᠤ ᠪᠠᠰᠠ ᠬᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠤᠷᠢᠯᠡᠵᠦ᠂ ᠳᠠᠳᠬᠠᠯ ᠪᠤᠯᠭᠠᠳᠠᠯ᠎ᠠ ᠠᠳᠬᠤᠵᠦ᠂ ᠤᠷᠳᠤ ᠬᠤᠭᠤᠴᠠᠭ᠎ᠠ ᠪᠦᠳᠦᠮᠵᠢᠳᠠᠢ ᠪᠤᠯᠳᠠᠯ᠎ᠠ ᠠᠳᠬᠤᠬᠤ ᠬᠡᠷᠡᠭᠳᠡᠢ ᠭᠡᠵᠦ ᠴᠢᠬᠤᠯᠠᠴᠢᠯᠠᠵᠠᠢ᠃

  ᠰᠢ ᠶᠢᠨ ᠫᠢᠩ᠂ ᠪᠠᠶᠢᠴᠠᠭᠠᠨ ᠰᠤᠳᠤᠯᠬᠤ ᠪᠤᠯ ᠮᠠᠨ ᠤ ᠨᠠᠮ ᠤᠨ ᠤᠯᠠᠮᠵᠢᠯᠠᠯᠳᠤ ᠡᠷᠳᠡᠨᠢ ᠪᠤᠯᠤᠨ᠎ᠡ᠂ ᠡᠯ᠎ᠡ ᠵᠦᠢᠯ ᠤᠨ ᠠᠵᠢᠯ ᠢ ᠰᠠᠶᠢᠳᠤᠷ ᠬᠢᠭᠦ ᠶᠢᠨ ᠦᠨᠳᠤᠰᠤᠨ ᠴᠢᠳᠠᠪᠤᠷᠢ ᠪᠤᠯᠤᠨ᠎ᠡ᠃ ᠪᠦᠭᠦ ᠨᠠᠮ ᠤᠨ ᠲᠤᠳᠤᠷ᠎ᠠ ᠪᠠᠶᠢᠴᠠᠭᠠᠨ ᠰᠤᠳᠤᠯᠬᠤ ᠰᠤᠷᠳᠡᠯ ᠢ ᠶᠡᠭᠡᠪᠡᠷ ᠮᠠᠨᠳᠤᠭᠤᠯᠵᠤ᠂ ᠪᠦᠭᠦ ᠨᠠᠮ ᠤᠨ ᠪᠤᠳᠠᠳᠠᠢ ᠠᠵᠢᠯᠯᠠᠬᠤ ᠶᠢ ᠡᠷᠬᠢᠮᠯᠡᠬᠦ᠂ ᠬᠤᠭᠤᠰᠤᠨ ᠶᠠᠷᠢᠬᠤ ᠶᠢ ᠴᠡᠭᠡᠷᠯᠡᠭᠦ᠂ ᠤᠨᠢᠨ ᠲᠡᠭᠡᠷ᠎ᠡ ᠨᠢ ᠭᠦᠴᠦᠯᠡᠭᠦ ᠶᠢ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠲᠤᠭᠳᠠᠭᠤᠨ ᠤ ᠡᠯ᠎ᠡ ᠵᠦᠢᠯ ᠤᠨ ᠡᠭᠦᠷᠭᠡ ᠶᠢ ᠨᠠᠶᠢᠳᠠᠪᠦᠷᠢᠵᠢᠭᠤᠯᠵᠤ᠂ ᠤᠯᠠᠨ ᠲᠦᠮᠡᠨ ᠳᠤ ᠠᠰᠢᠭ ᠭᠦᠷᠳᠡᠭᠡᠭᠦ ᠡᠯ᠎ᠡ ᠵᠦᠢᠯ ᠤᠨ ᠠᠵᠢᠯ ᠢ ᠪᠤᠳᠠᠳᠠᠶᠢᠵᠢᠭᠤᠯᠵᠤ᠂ ᠨᠠᠮ ᠤᠨ ᠲᠦᠪ ᠬᠤᠷᠢᠶᠡᠨ ᠤ ᠦᠨᠳᠤᠰᠤᠨ ᠪᠤᠳᠤᠯᠭ᠎ᠠ ᠴᠢᠭᠯᠡᠯᠳᠡ ᠪᠡ ᠰᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠡ ᠶᠢ ᠦᠨᠳᠤᠰᠤᠨ ᠱᠠᠳᠤᠨ ᠳᠤ ᠲᠤᠤᠱᠯᠠᠭᠤᠯᠤᠨ ᠨᠠᠶᠢᠳᠠᠪᠦᠷᠢᠵᠢᠭᠤᠯᠬᠤ ᠭᠡᠷᠡᠭᠲᠠᠢ᠃ ᠲᠦᠪ ᠤᠨ ᠤᠯᠤᠰ ᠲᠦᠷᠦ ᠶᠢᠨ ᠲᠤᠪᠴᠢᠶᠡᠨ ᠤ ᠨᠦᠭᠦᠳ ᠠᠷᠠᠳ ᠲᠦᠮᠡᠨ ᠢᠶᠠᠷ ᠪᠠᠭᠰᠢ ᠪᠤᠯᠭᠠᠨ ᠠᠷᠠᠳ ᠲᠦᠮᠡᠨ ᠠᠴᠠ ᠰᠤᠷᠤᠯᠴᠠᠵᠤ᠂ ᠯᠠᠷᠵᠢᠶᠠᠯᠠᠬᠤ ᠪᠠᠨ ᠪᠤᠯᠢᠵᠤ᠂ ᠦᠨᠳᠤᠰᠤᠨ ᠱᠠᠳᠤᠨ ᠳᠤ ᠭᠦᠨᠵᠡᠭᠡᠶᠢᠷᠡᠨ ᠤᠯᠠᠨ ᠲᠦᠮᠡᠨ ᠲᠠᠢ ᠤᠢᠢᠷᠠᠳᠤᠵᠤ᠂ ᠦᠨᠳᠦᠰᠦᠨ ᠱᠠᠳᠤᠨ ᠤ ᠪᠠᠶᠢᠳᠠᠯ ᠢ ᠰᠠᠶᠢᠳᠤᠷ ᠦᠢᠯᠠᠭᠠᠨ ᠪᠠᠶ᠎ᠠ ᠪᠠᠷ ᠢᠶᠠᠨ ᠤᠷᠤᠯᠴᠠᠬᠤ ᠪᠠᠷ ᠪᠠᠷᠠᠬᠤ ᠦᠭᠡᠢ ᠨᠡᠩ ᠪᠤᠳᠤᠯ ᠰᠡᠳᠬᠢᠯ ᠳᠡᠭᠡᠨ ᠬᠠᠳᠠᠩᠰᠢᠭᠤᠯᠵᠤ᠂ ᠪᠦᠭᠦ ᠲᠠᠯ᠎ᠡ ᠪᠠᠷ ᠨᠠᠮ ᠢ ᠴᠢᠩᠭ᠎ᠠ ᠵᠠᠰᠠᠬᠤ ᠠᠰᠠᠭᠤᠳᠠᠯ ᠤᠨ ᠲᠤᠭᠤᠷᠢᠨ ᠳᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠦᠷᠢᠵᠢᠭᠤᠯᠬᠤ ᠳᠤ ᠰᠢᠢᠳᠪᠦᠷᠢᠯᠡᠭᠦ ᠴᠢᠬᠤᠯᠠᠳᠠᠢ ᠠᠰᠠᠭᠤᠳᠠᠯ ᠤᠨ ᠲᠤᠭᠤᠷᠢᠨ ᠳᠤ᠂ ᠴᠢᠬᠤᠯᠡ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠲᠤᠭᠤᠷᠢᠨ ᠳᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠤᠨ ᠲᠤᠭᠤᠷᠢᠨ ᠳᠤ᠂ ᠦᠭᠡᠷᠡᠴᠢᠯᠡᠯᠳᠡ ᠲᠤᠭᠳᠠᠭᠤᠨ ᠪᠠᠶᠢᠳᠠᠯ ᠭᠦᠭᠵᠢᠯᠳᠡ ᠶᠢᠨ ᠠᠰᠠᠭᠤᠳᠠᠯ ᠤᠨ ᠲᠤᠭᠤᠷᠢᠨ ᠳᠤ ᠭᠦᠨᠵᠡᠭᠡᠢ ᠨᠢᠮᠪᠡᠢ ᠪᠠᠶᠢᠴᠠᠭᠠᠨ ᠰᠤᠳᠤᠯᠤᠯᠳᠡ ᠬᠢᠵᠤ᠂ ᠤᠯᠠᠨ ᠲᠦᠮᠡᠨ ᠤ ᠬᠠᠮᠤᠭ ᠤᠨ ᠲᠤᠯᠭᠠᠮ᠎ᠠ ᠬᠠᠮᠤᠭ ᠠᠴᠠ ᠰᠠᠨᠠᠭᠠᠰᠢᠷᠠᠵᠦ ᠪᠠᠶᠢᠭ᠎ᠠ ᠠᠰᠠᠭᠤᠳᠠᠯ ᠢ ᠠᠳᠬᠤᠵᠤ᠂ ᠤᠯᠠᠨ ᠲᠦᠮᠡᠨ ᠤ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠡ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠦᠨᠡᠨ ᠪᠠᠶᠢᠳᠠᠯ ᠢ ᠤᠢᠢᠯᠠᠭᠠᠬᠤ᠂ ᠪᠤᠳᠠᠳᠠᠢ ᠠᠷᠭ᠎ᠠ ᠭᠠᠷᠭᠠᠬᠤ᠂ ᠪᠤᠳᠠᠳᠠᠢ ᠶᠠᠪᠤᠳᠠᠯ ᠬᠢᠭᠦ᠂ ᠪᠤᠳᠠᠳᠠᠢ ᠦᠷ᠎ᠠ ᠠᠰᠢᠭ ᠤᠯᠬᠤ ᠲᠠᠯ᠎ᠠ ᠪᠠᠷ ᠭᠦᠴᠦᠯᠡᠭᠦ ᠭᠡᠷᠡᠭᠲᠠᠢ᠃ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠦᠭᠦᠳ ᠪᠠᠶ᠎ᠠ ᠪᠠᠷ ᠢᠶᠠᠨ ᠦᠯᠢᠭᠡᠷ ᠲᠠᠭᠤᠷᠢᠶᠠᠯ ᠪᠤᠯᠵᠤ᠂ ᠡᠯ᠎ᠡ ᠱᠠᠳᠤᠨ ᠤ ᠺᠡᠳ᠋ᠷ ᠤᠨ ᠬᠦᠳᠡᠯᠤᠯᠴᠡᠵᠤ ᠭᠦᠨᠵᠡᠭᠡᠶᠢᠷᠡᠬᠦ ᠶᠢ ᠠᠬᠢᠭᠤᠯᠵᠤ᠂ ᠪᠠᠶᠢᠴᠠᠭᠠᠨ ᠰᠤᠳᠤᠯᠬᠤ ᠶᠢ ᠪᠦᠭᠦ ᠨᠠᠮ ᠤᠨ ᠲᠤᠳᠤᠷ᠎ᠠ ᠰᠤᠷᠳᠠᠯ ᠪᠤᠯᠭᠠᠨ ᠲᠡᠯᠭᠡᠷᠡᠭᠦᠯᠭᠦ ᠭᠡᠷᠡᠭᠲᠠᠢ ᠭᠡᠵᠤ ᠵᠢᠭᠠᠵᠤ ᠭᠠᠷᠭᠠᠪᠡ᠃

  ᠰᠢ ᠶᠢᠨ ᠫᠢᠩ᠂ ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ ᠳᠤ᠂ ᠡᠩ ᠲᠡᠷᠢᠭᠦᠨ ᠳᠤ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠦᠭᠦᠳ ᠠᠴᠠ ᠡᠬᠢᠯᠡᠵᠤ ᠬᠢᠭᠦ ᠭᠡᠷᠡᠭᠲᠡᠢ᠃ ᠵᠡᠷᠭᠡ ᠲᠤᠰᠢᠶᠡᠯ ᠭᠡᠳᠤᠢ ᠦᠨᠳᠤᠷ ᠪᠤᠯᠬᠤ ᠲᠤᠳᠤᠮ ᠠᠷᠠᠳ ᠲᠦᠮᠡᠨ ᠳᠤ ᠲᠡᠳᠦᠢ ᠦᠨᠡᠨᠴᠢ ᠰᠢᠳᠤᠷᠭᠤ ᠪᠠᠶᠢᠵᠤ᠂ ᠪᠦᠭᠦ ᠰᠡᠳᠬᠢᠯ ᠪᠦᠭᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠦ ᠭᠡᠷᠡᠭᠲᠠᠢ᠃ ᠬᠠᠤᠯᠢ ᠴᠠᠭᠠᠵᠠ ᠶᠢ ᠪᠢᠰᠢᠷᠡᠨ ᠭᠦᠨᠳᠤᠳᠭᠡᠵᠤ᠂ ᠰᠠᠬᠢᠯᠭ᠎ᠠ ᠪᠠᠳᠤ ᠶᠢ ᠪᠢᠰᠢᠷᠡᠨ ᠭᠦᠨᠳᠦᠳᠭᠡᠵᠤ᠂ ᠤᠬᠠᠮᠰᠠᠷ ᠠᠴᠠ ᠪᠠᠨ ᠦᠪᠡᠷ ᠤᠨ ᠪᠡᠶ᠎ᠡ ᠪᠠᠨ ᠬᠠᠮᠢᠶᠠᠷᠴᠤ᠂ ᠠᠷᠢᠭᠤᠨ ᠴᠢᠭᠡᠴᠢ ᠪᠠᠷ ᠪᠠᠶ᠎ᠡ ᠪᠠᠨ ᠱᠠᠭᠠᠷᠳᠠᠬᠤ ᠲᠠᠯ᠎ᠠ ᠪᠠᠷ ᠦᠯᠢᠭᠡᠷ ᠲᠠᠭᠤᠷᠢᠶᠠᠯ ᠦᠵᠡᠭᠦᠯᠪᠡᠯ ᠰᠠᠶᠢ ᠭᠦᠨᠳᠤ ᠡᠭᠦᠷᠭᠡ ᠶᠢ ᠡᠭᠦᠷᠭᠡᠯᠡᠵᠤ ᠴᠢᠳᠠᠨ᠎ᠡ᠃ ᠲᠦᠪ ᠤᠨ ᠤᠯᠤᠰ ᠲᠦᠷᠦ ᠶᠢᠨ ᠲᠤᠪᠴᠢᠶᠡᠨ ᠤ ᠨᠦᠭᠦᠳ ᠲᠡᠤᠭᠡ ᠶᠢ ᠦᠢᠯᠠᠭᠠᠵᠤ ᠶᠤᠰᠤ ᠶᠢ ᠮᠡᠳᠡᠭᠦ ᠬᠡᠷᠡᠭᠳᠠᠢ᠂ ᠠᠯᠪᠡᠨ ᠤ ᠪᠡ ᠬᠤᠪᠢ ᠶᠢᠨ ᠬᠢ ᠶᠢ ᠲᠤᠩᠭᠤᠷᠠᠭᠤᠯᠵᠤ᠂ ᠵᠦᠪ ᠪᠤᠷᠤᠭᠤ ᠶᠢ ᠬᠤᠳᠬᠤᠵᠤ᠂ ᠵᠢᠷᠤᠮ ᠪᠡ ᠠᠰᠢᠭ ᠢ ᠪᠠᠯᠠᠶᠢᠷᠠᠭᠤᠯᠵᠤ᠂ ᠬᠠᠶᠢᠷ᠎ᠠ ᠰᠡᠳᠬᠢᠯᠭᠡ ᠶᠢ ᠲᠤᠷ᠎ᠠ ᠪᠠᠷ ᠲᠠᠯᠪᠢᠵᠤ ᠪᠤᠯᠬᠤ ᠦᠭᠡᠢ᠂ ᠲᠦᠷᠦᠭᠦᠯᠡᠨ ᠠᠷᠢᠭᠤᠨ ᠴᠢᠭᠡᠴᠢ ᠪᠡᠶ᠎ᠡ ᠪᠠᠨ ᠱᠠᠭᠠᠷᠳᠠᠬᠤ ᠵᠢᠱᠢᠶᠡᠴᠢ ᠪᠤᠯᠵᠤ᠂ ᠠᠷᠢᠭᠤᠨ ᠴᠢᠭᠡᠴᠢ ᠨᠠᠮ ᠤᠨ ᠰᠤᠷᠳᠠᠯ ᠢ ᠪᠤᠢ ᠪᠤᠯᠭᠠᠬᠤ ᠬᠡᠷᠡᠭᠳᠠᠢ᠃ ᠪᠤᠳᠤᠯ ᠰᠠᠨᠠᠭ᠎ᠠ ᠪᠠᠨ ᠲᠤᠩᠭᠠᠨ ᠰᠡᠳᠬᠢᠯ ᠢᠶᠠᠨ ᠠᠷᠢᠭᠤᠳᠬᠠᠵᠤ᠂ ᠦᠷᠳᠡᠭ ᠤᠨ ᠪᠠᠶᠢᠷᠢᠰᠢᠯ ᠢᠶᠠᠨ ᠵᠦᠪ ᠪᠤᠯᠭᠠᠵᠤ᠂ ᠭᠦᠰᠡᠯᠡᠩ ᠢᠳᠡᠭᠡᠯ ᠪᠢᠰᠢᠷᠡᠯ ᠢᠶᠠᠨ ᠪᠠᠳᠤ ᠰᠠᠬᠢᠬᠤ ᠭᠡᠷᠡᠭᠲᠠᠢ᠃ ᠤᠯᠤᠰ ᠲᠦᠷᠦ ᠶᠢᠨ ᠲᠤᠭᠳᠠᠯ ᠭᠦᠴᠤᠨ᠂ ᠶᠤᠰᠤ ᠰᠤᠷᠳᠠᠬᠤᠨ ᠤ ᠲᠤᠭᠳᠠᠯ ᠭᠦᠴᠤᠨ ᠢ ᠴᠢᠩᠭᠠᠳᠬᠠᠵᠤ᠂ ᠢᠯᠵᠡᠷᠡᠭᠦ ᠶᠢ ᠪᠤᠳᠤᠬᠤ ᠦᠭᠡᠢ ᠦᠵᠡᠯ ᠰᠠᠨᠠᠭᠠᠨ ᠤ ᠬᠠᠰᠢᠯᠭ᠎ᠠ ᠶᠢ ᠪᠠᠶᠢᠭᠤᠯᠵᠤ᠂ ᠴᠠᠪᠠᠷ ᠠᠷᠢᠭᠤᠨ ᠶᠠᠪᠤᠵᠤ᠂ ᠠᠵᠢᠯ ᠶᠠᠪᠤᠳᠠᠯ ᠬᠢᠭᠦ ᠳᠤ ᠬᠢᠴᠢᠶᠡᠵᠤ᠂ ᠭᠡᠷ ᠪᠦᠯᠢ ᠦᠷ᠎ᠠ ᠬᠡᠤᠭᠡᠳ ᠪᠡ ᠲᠡᠷᠭᠡᠳᠡᠬᠢ ᠠᠵᠢᠯᠳᠡᠨ ᠢᠶᠠᠨ ᠰᠠᠶᠢᠳᠤᠷ ᠬᠠᠮᠢᠶᠠᠷᠴᠤ᠂ ᠤᠨᠴᠡ ᠡᠷᠭᠡ ᠶᠢᠨ ᠦᠵᠡᠭᠳᠡᠯ ᠢ ᠡᠷᠡᠰ ᠡᠰᠡᠷᠭᠦᠴᠡᠵᠤ᠂ ᠰᠠᠶᠢᠨ ᠰᠠᠶᠢᠬᠠᠨ ᠭᠡᠷ ᠤᠨ ᠰᠤᠷᠳᠡᠯ ᠢ ᠪᠠᠳᠠᠷᠠᠭᠤᠯᠬᠤ ᠭᠡᠷᠡᠭᠲᠠᠢ ᠭᠡᠵᠤ ᠴᠢᠬᠤᠯᠡᠴᠢᠯᠡᠪᠡ᠃

  ᠰᠢ ᠶᠢᠨ ᠫᠢᠩ᠂ ᠮᠠᠨ ᠤ ᠨᠠᠮ ᠪᠤᠯ ᠭᠠᠰᠠᠯᠠᠩ ᠵᠤᠪᠠᠯᠠᠩ ᠤᠨ ᠲᠤᠮᠳᠡ ᠪᠤᠢ ᠪᠤᠯᠵᠤ᠂ ᠭᠠᠰᠠᠯᠠᠩ ᠵᠤᠪᠠᠯᠠᠩ ᠤᠨ ᠲᠤᠮᠳᠠ ᠪᠤᠶᠢᠵᠢᠵᠤ᠂ ᠭᠠᠰᠠᠯᠠᠩ ᠵᠤᠪᠠᠯᠠᠩ ᠤᠨ ᠲᠤᠮᠳᠡ ᠪᠤᠵᠠᠭᠠᠢᠢᠷᠠᠬᠰᠡᠨ ᠲᠦᠷᠦ ᠶᠢᠨ ᠨᠠᠮ ᠪᠤᠯᠤᠨ᠎ᠡ᠃ ᠦᠶ᠎ᠡ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤᠴᠤᠳ ᠰᠠᠨᠠᠭᠠᠰᠢᠷᠠᠬᠤ ᠤᠬᠠᠮᠰᠡᠷ ᠲᠠᠢ ᠪᠠᠶᠢᠵᠤ᠂ ᠭᠦᠨᠳᠤ ᠡᠭᠦᠷᠭᠡ ᠶᠢ ᠡᠭᠦᠷᠭᠡᠯᠡᠵᠤ ᠴᠢᠷᠮᠠᠶᠢᠨ ᠲᠡᠮᠡᠴᠡᠭᠰᠡᠨ ᠢᠶᠠᠷ ᠰᠠᠶᠢ ᠲᠤᠮᠳᠠᠳᠤ ᠤᠯᠤᠰ ᠤᠨ ᠠᠷᠠᠳ ᠲᠦᠮᠡᠨ ᠢ ᠪᠦᠯᠭᠦᠮᠳᠡᠬᠦᠯᠤᠨ ᠳᠠᠭᠠᠭᠤᠯᠵᠦ ᠲᠠᠰᠤᠷᠠᠯᠳᠡ ᠦᠭᠡᠢ ᠢᠯᠡᠯᠳᠡ ᠠᠴᠠ ᠰᠢᠨ᠎ᠡ ᠢᠯᠡᠯᠳᠡ ᠲᠡᠰᠢ ᠤᠷᠤᠬᠰᠢᠯᠠᠵᠤ ᠴᠢᠳᠠᠵᠠᠢ᠃ ᠮᠠᠨ ᠤ ᠤᠯᠤᠰ ᠤᠨ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠨ᠎ᠠ᠂ ᠬᠡᠪᠡᠴᠤ ᠪᠢᠳᠡᠨ ᠤ ᠤᠷᠤᠭᠰᠢᠯᠠᠬᠤ ᠵᠠᠮ ᠳᠤ ᠲᠤᠯᠭᠠᠷᠠᠬᠤ ᠭᠦᠴᠢᠷᠳᠡᠯ ᠪᠡ ᠠᠶᠤᠯ ᠲᠦᠭᠰᠢᠭᠦᠷᠢ ᠴᠤ ᠴᠦᠭᠡᠨ ᠪᠤᠰᠤ ᠪᠤᠢ᠃ ᠤᠯᠤᠰ ᠤᠨ ᠲᠤᠳᠤᠭᠠᠳᠤ ᠭᠠᠳᠠᠭᠠᠳᠤ ᠶᠢᠨ ᠤᠷᠴᠢᠨ ᠠᠬᠤᠢ ᠳᠤ ᠭᠦᠨᠵᠡᠭᠡᠢ ᠬᠤᠪᠢᠷᠠᠯᠳᠡ ᠭᠠᠷᠪᠠ᠂ ᠵᠦᠷᠢᠴᠡᠯ ᠪᠡ ᠠᠰᠠᠭᠤᠳᠠᠯ ᠴᠦᠮ ᠭᠦᠨᠵᠡᠭᠡᠢ ᠬᠤᠪᠢᠷᠠᠯᠳᠡ ᠭᠠᠷᠪᠠ᠂ ᠭᠦᠭᠵᠢᠯᠳᠡ ᠶᠢᠨ ᠱᠠᠳᠤ ᠦᠶ᠎ᠠ ᠪᠡ ᠭᠦᠭᠵᠢᠯᠳᠡ ᠶᠢᠨ ᠡᠭᠦᠷᠭᠡ ᠳᠤ ᠭᠦᠨᠵᠡᠭᠡᠢ ᠬᠤᠪᠢᠷᠠᠯᠳᠡ ᠭᠠᠷᠪᠠ᠂ ᠠᠵᠢᠯᠯᠠᠬᠤ ᠵᠦᠢᠯ ᠪᠡ ᠠᠵᠢᠯᠯᠠᠬᠤ ᠨᠦᠭᠦᠴᠡᠯ ᠪᠡᠰᠡ ᠭᠦᠨᠵᠡᠭᠡᠢ ᠬᠤᠪᠢᠷᠠᠯᠳᠡ ᠭᠠᠷᠪᠠ᠂ ᠮᠠᠨ ᠤ ᠨᠠᠮ ᠤᠨ ᠤᠷᠳᠤ ᠬᠤᠭᠤᠴᠠᠭᠠᠨ ᠤ ᠲᠦᠷᠦ ᠪᠠᠷᠢᠬᠤ ᠴᠢᠳᠠᠪᠦᠷᠢ ᠪᠡ ᠤᠳᠤᠷᠢᠳᠬᠤ ᠲᠦᠪᠰᠢᠨ ᠤ ᠱᠠᠭᠠᠷᠳᠠᠯᠭ᠎ᠠ ᠪᠡᠰᠡ ᠭᠦᠨᠵᠡᠭᠡᠢ ᠬᠤᠪᠢᠷᠠᠯᠳᠡ ᠭᠠᠷᠪᠠ᠃ ᠲᠦᠪ ᠤᠨ ᠤᠯᠤᠰ ᠲᠦᠷᠦ ᠶᠢᠨ ᠲᠤᠪᠴᠢᠶᠡᠨ ᠤ ᠨᠦᠭᠦᠳ ᠤᠨᠴᠠᠭᠠᠢᠢᠯᠡᠨ ᠰᠠᠨᠠᠭᠠᠰᠢᠷᠠᠬᠤ ᠪᠤᠳᠤᠯ ᠲᠠᠢ ᠪᠤᠯᠵᠤ᠂ ᠠᠮᠤᠷ ᠲᠦᠪᠰᠢᠨ ᠪᠠᠶᠢᠬᠤ ᠦᠶ᠎ᠠ ᠳᠡᠭᠡᠨ ᠠᠶᠤᠯ ᠲᠦᠭᠰᠢᠭᠦᠷᠢ ᠶᠢ ᠪᠤᠳᠤᠯᠬᠢᠯᠠᠵᠤ᠂ ᠴᠠᠬ ᠢᠮᠡᠬᠳᠡ ᠤᠯᠠᠨ ᠤᠯᠠᠨ ᠰᠢᠨ᠎ᠡ ᠲᠡᠤᠭᠡᠳᠤ ᠤᠨᠴᠠᠯᠢᠭ ᠲᠠᠢ ᠠᠭᠤᠤ ᠶᠡᠭᠡ ᠲᠡᠮᠡᠴᠡᠯ ᠬᠢᠭᠦ ᠪᠠᠷ ᠪᠡᠯᠡᠳᠭᠡᠵᠤ᠂ ᠠᠶᠤᠯ ᠲᠦᠭᠰᠢᠭᠦᠷᠢ ᠶᠢ ᠮᠡᠳᠡᠵᠤ ᠠᠮᠤᠷ ᠲᠦᠪᠰᠢᠨ ᠢ ᠬᠦᠬᠡᠭᠡᠴᠡᠯᠳᠤᠵᠤ᠂ ᠲᠤᠰᠢᠶᠡᠯ ᠬᠠᠷᠢᠭᠤᠴᠠᠯᠭ᠎ᠠ ᠪᠠᠨ ᠭᠦᠢᠴᠡᠳᠭᠡᠵᠤ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠬᠡᠯᠡᠨ ᠲᠤᠪᠤᠶᠢᠮ᠎ᠡ ᠵᠦᠷᠢᠴᠡᠯ ᠪᠡ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠨ ᠠᠷᠢᠯᠭᠠᠬᠤ ᠭᠡᠷᠡᠭᠲᠠᠢ ᠭᠡᠵᠤ ᠵᠢᠭᠠᠵᠤ ᠭᠠᠷᠭᠠᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com