ᠰᠢ ᠶᠢᠨ ᠫᠢᠩ ᠪᠤᠯᠤᠨ ᠡᠮᠤᠨᠡᠳᠤ ᠠᠹᠷᠢᠺᠠ ᠶᠢᠨ ᠶᠡᠷᠤᠩᠬᠡᠶᠢᠯᠡᠭᠴᠢ ᠽᠦᠮᠠ ᠲᠤᠮᠳᠠᠳᠤ ᠡᠮᠤᠨᠡᠳᠤ ᠠᠹᠷᠢᠺᠠ ᠶᠢᠨ ᠬᠠᠷᠢᠯᠴᠠᠭ᠎ᠠ ᠪᠠᠶᠢᠭᠤᠯᠤᠭᠰᠠᠠ 20 ᠵᠢᠯ ᠤᠨ ᠤᠢ ᠳᠤ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ

  ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 1᠎ ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ ᠪᠤᠯᠤᠨ ᠡᠮᠤᠨᠡᠳᠤ ᠠᠹᠷᠢᠺᠠ ᠶᠢᠨ ᠶᠡᠷᠤᠩᠬᠡᠶᠢᠯᠡᠭᠴᠢ ᠽᠦᠮᠠ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠥ᠂ ᠲᠤᠮᠳᠠᠳᠤ ᠡᠮᠤᠨᠡᠳᠤ ᠠᠹᠷᠢᠺᠠ ᠶᠢᠨ ᠬᠠᠷᠢᠯᠴᠠᠭ᠎ᠠ ᠪᠠᠶᠢᠭᠤᠯᠤᠭᠰᠠᠠ 20 ᠵᠢᠯ ᠤᠨ ᠤᠢ ᠶᠢ ᠬᠠᠯᠠᠭᠤᠨ ᠢᠶᠠᠷ ᠪᠡᠯᠬᠡᠯᠡᠪᠡ᠃

  ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ 20 ᠵᠢᠯ ᠤᠨ ᠡᠮᠤᠨᠡᠬᠢ ᠡᠨᠡ ᠡᠳᠤᠷ᠂ ᠲᠤᠮᠳᠠᠳᠤ ᠡᠮᠤᠨᠡᠳᠤ ᠠᠹᠷᠢᠺᠠ ᠬᠤᠶᠠᠷ ᠤᠯᠤᠰ ᠵᠢᠩᠬᠢᠨᠢ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠵᠥ᠂ ᠬᠤᠶᠠᠷ ᠤᠯᠤᠰ ᠤᠨ ᠬᠠᠷᠢᠯᠴᠠᠭ᠎ᠠ ᠶᠢᠨ ᠴᠣ᠋ ᠰᠢᠨ᠎ᠡ ᠬᠠᠭᠤᠳᠠᠰᠤ ᠶᠢ ᠰᠡᠬᠦᠭᠰᠡᠡ ᠪᠠᠶᠢᠨ᠎ᠠ᠃ 20 ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠳᠤ ᠶᠢᠨ ᠴᠢᠷᠮᠡᠶᠢᠯᠭ᠎ᠠ ᠪᠠᠷ᠂ ᠲᠤᠮᠳᠠᠳᠤ ᠡᠮᠤᠨᠡᠳᠤ ᠠᠹᠷᠢᠺᠠ ᠶᠢᠨ ᠬᠠᠷᠢᠯᠴᠠᠭ᠎ᠠ ᠪᠦᠬᠦ ᠲᠠᠯ᠎ᠠ ᠪᠠᠷ ᠬᠦᠨᠵᠡᠬᠡᠢ ᠬᠦᠭᠵᠢᠵᠥ᠂ ᠬᠠᠨᠢᠳᠠᠨ ᠤ ᠬᠠᠷᠢᠯᠴᠠᠭ᠎ᠠ ᠠᠴᠠ ᠪᠠᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠳᠤ ᠬᠦᠷᠬᠦ ᠲᠠᠬᠢᠭᠠᠳ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠳᠤ ᠬᠦᠷᠬᠦ ᠴᠢᠬᠤᠯᠠ ᠶᠡᠭᠡ ᠦᠰᠦᠷᠦᠯᠳᠡ ᠶᠢ ᠪᠡᠶᠡᠯᠡᠬᠦᠯᠪᠡ᠃ ᠲᠤᠮᠳᠠᠳᠤ ᠡᠮᠤᠨᠡᠳᠤ ᠠᠹᠷᠢᠺᠠ ᠶᠢᠨ ᠪᠦᠬᠦ ᠲᠠᠯ᠎ᠠ ᠶᠢᠨ ᠬᠠᠮᠳᠤᠷᠠᠯᠴᠠᠭ᠎ᠠ ᠶᠢ ᠲᠠᠰᠤᠷᠠᠯᠳᠡ ᠦᠭᠡᠢ ᠪᠠᠬᠢᠵᠢᠬᠦᠯᠬᠦ ᠪᠡ ᠬᠦᠨᠵᠡᠬᠡᠶᠢᠷᠡᠬᠦᠯᠬᠦ ᠨᠢ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠨ᠎ᠡ ᠬᠡᠳᠡᠭ ᠢ ᠪᠤᠳᠠᠳᠤ ᠶᠠᠪᠤᠳᠠᠯ ᠬᠡᠷᠡᠴᠢᠯᠡᠭᠰᠡᠡ ᠪᠠᠶᠢᠨ᠎ᠠ᠃ ᠪᠢ ᠲᠤᠷᠠᠳᠠᠶ᠎ᠠ ᠶᠡᠷᠤᠩᠬᠡᠶᠢᠯᠡᠭᠴᠢ ᠠᠪᠤᠭᠠᠢ ᠲᠠᠢ ᠬᠠᠮᠳᠤᠪᠡᠷ ᠴᠢᠷᠮᠡᠶᠢᠵᠥ᠂ ᠲᠤᠮᠳᠠᠳᠤ ᠡᠮᠤᠨᠡᠳᠤ ᠠᠹᠷᠢᠺᠠ ᠶᠢᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠦᠭᠵᠢᠬᠦ ᠶᠢ ᠠᠬᠢᠭᠤᠯᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠦᠨ᠎ᠡ ᠬᠡᠵᠥ ᠵᠢᠭᠠᠵᠥ ᠭᠠᠷᠭᠠᠪᠠ᠃

  ᠰᠢ ᠶᠢᠨ ᠫᠢᠩ᠂ ᠲᠤᠮᠳᠠᠳᠤ ᠤᠯᠤᠰ ᠪᠤᠯᠤᠨ ᠡᠮᠤᠨᠡᠳᠤ ᠠᠹᠷᠢᠺᠠ ᠪᠤᠯ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠤᠳᠤ ᠶᠢᠨ ᠬᠠᠮᠳᠤ ᠶᠢᠨ ᠲᠠᠷᠢᠬᠦᠯᠡᠭᠴᠢ ᠤᠯᠤᠰ ᠮᠥᠨ᠃ 2015 ᠤᠨ ᠳᠤ ᠪᠢ ᠶᠡᠷᠤᠩᠬᠡᠶᠢᠯᠡᠭᠴᠢ ᠠᠪᠤᠭᠠᠢ ᠲᠠᠢ ᠬᠠᠮᠳᠤᠪᠡᠷ ᠡᠷᠬᠢᠯᠡᠨ ᠬᠤᠷᠠᠯᠳᠤᠭᠤᠯᠤᠭᠰᠠᠠ ᠶᠠᠷᠢᠶᠠᠨ ᠤ ᠲᠠᠪᠴᠠᠩ ᠤᠨ ᠶᠤᠬᠠᠨᠨᠧᠰᠪᠦ᠋ᠷᠡᠭ ᠤᠨ ᠲᠦᠷᠦᠬᠦᠴᠤᠳ ᠤᠨ ᠬᠤᠷᠡᠯ ᠲᠦᠬᠦᠷᠡᠩ ᠠᠮᠵᠢᠯᠳᠠ ᠤᠯᠪᠠ᠃ ᠶᠡᠷᠤᠩᠬᠡᠶᠢᠯᠡᠭᠴᠢ ᠠᠪᠤᠭᠠᠢ ᠶᠢᠨ ᠲᠤᠷᠠᠳᠤᠯᠭ᠎ᠠ ᠪᠤᠯᠤᠨ ᠠᠹᠷᠢᠺᠠ ᠲᠢᠪ ᠤᠨ ᠤᠯᠤᠰ ᠤᠳ ᠤᠨ ᠨᠡᠶᠢᠳᠡᠮ ᠤᠨ ᠬᠦᠰᠡᠯ ᠰᠠᠨᠠᠭ᠎ᠠ ᠶᠢ ᠦᠨᠳᠦᠰᠦᠯᠡᠨ᠂ ᠲᠤᠮᠳᠠᠳᠤ ᠤᠯᠤᠰ ᠤᠨ ᠬᠢᠨ 2018 ᠤᠨ ᠳᠤ ᠲᠤᠮᠳᠠᠳᠤ ᠤᠯᠤᠰ ᠲᠤ ᠶᠠᠷᠢᠶᠠᠨ ᠤ ᠲᠠᠪᠴᠠᠩ ᠤᠨ ᠲᠦᠷᠦᠬᠦᠴᠤᠳ ᠤᠨ ᠬᠤᠷᠡᠯ ᠡᠷᠬᠢᠯᠡᠬᠦ ᠶᠢ ᠵᠦᠪᠰᠢᠶᠡᠷᠡᠪᠡ᠃ ᠪᠢ ᠲᠤᠷᠠᠳᠠᠶ᠎ᠠ ᠶᠡᠷᠤᠩᠬᠡᠶᠢᠯᠡᠭᠴᠢ ᠠᠪᠤᠭᠠᠢ ᠪᠤᠯᠤᠨ ᠶᠠᠷᠢᠶᠠᠨ ᠤ ᠲᠠᠪᠴᠠᠩ ᠤᠨ ᠠᠹᠷᠢᠺᠠ ᠲᠢᠪ ᠤᠨ ᠪᠤᠰᠤᠳ ᠪᠦᠷᠢᠯᠳᠦᠬᠦᠨ ᠤᠯᠤᠰ ᠤᠨ ᠤᠳᠤᠷᠢᠳᠬᠤ ᠬᠦᠮᠥᠰ ᠲᠠᠢ ᠬᠠᠮᠳᠤᠪᠡᠷ᠂ 2018 ᠤᠨ ᠤ ᠶᠠᠷᠢᠶᠠᠨ ᠤ ᠲᠠᠪᠴᠠᠩ ᠤᠨ ᠲᠦᠷᠦᠬᠦᠴᠤᠳ ᠤᠨ ᠬᠤᠷᠡᠯ ᠢ ᠲᠤᠮᠳᠠᠳᠤ ᠠᠹᠷᠢᠺᠠ ᠶᠢᠨ ᠪᠦᠯᠬᠦᠮᠳᠡᠯ ᠢ ᠴᠢᠩᠭᠠᠳᠬᠠᠬᠤ ᠲᠡᠤᠬᠡᠳᠤ ᠴᠢᠨᠠᠷᠳᠠᠢ ᠦᠪᠡᠳᠡᠭᠰᠢ ᠬᠤᠷᠡᠯ ᠪᠤᠯᠭᠠᠨ ᠬᠤᠷᠠᠯᠳᠤᠭᠤᠯᠤᠨ᠎ᠠ ᠬᠡᠵᠥ ᠢᠯᠡᠳᠬᠡᠪᠡ᠃

  ᠽᠦᠮᠠ᠂ ᠡᠮᠤᠨᠡᠳᠤ ᠠᠹᠷᠢᠺᠠ ᠪᠤᠯᠤᠨ ᠲᠤᠮᠳᠠᠳᠤ ᠤᠯᠤᠰ ᠬᠠᠷᠢᠯᠴᠠᠭ᠎ᠠ ᠪᠠᠶᠢᠭᠤᠯᠤᠭᠰᠠᠠ 20 ᠵᠢᠯ ᠤᠨ ᠤᠢ ᠪᠤᠯ ᠬᠤᠶᠠᠷ ᠤᠯᠤᠰ ᠤᠨ ᠬᠠᠷᠢᠯᠴᠠᠭ᠎ᠠ ᠶᠢᠨ ᠲᠡᠤᠬᠡᠨ ᠲᠡᠭᠡᠷᠡᠬᠢ ᠴᠢᠬᠤᠯᠠ ᠪᠡᠯᠬᠡ ᠲᠡᠮᠳᠡᠭ ᠮᠥᠨ᠃ ᠦᠩᠭᠡᠷᠡᠭᠰᠡᠡ 20 ᠵᠢᠯ ᠳᠤ᠂ ᠡᠮᠤᠨᠡᠳᠤ ᠠᠹᠷᠢᠺᠠ ᠪᠤᠯᠤᠨ ᠲᠤᠮᠳᠠᠳᠤ ᠤᠯᠤᠰ ᠤᠯᠠᠮᠵᠢᠯᠠᠯᠳᠤ ᠨᠦᠬᠦᠷᠯᠡᠯ ᠪᠤᠯᠤᠨ ᠢᠳᠡᠬᠡᠯᠴᠡᠭᠡ ᠶᠢᠨ ᠰᠠᠭᠤᠷᠢᠨ ᠲᠡᠭᠡᠷ᠎ᠡ᠂ ᠪᠠᠶᠠᠷᠯᠠᠭᠤᠰᠢᠳᠠᠢ ᠬᠠᠮᠳᠤᠷᠠᠯᠴᠠᠭᠠᠨ ᠤ ᠦᠷ᠎ᠡ ᠪᠦᠳᠦᠭᠡᠯ ᠤᠯᠵᠥ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠡ ᠦᠭᠡᠢ ᠲᠡᠬᠡᠭᠰᠢᠯᠡᠭᠰᠡᠡ ᠪᠦᠭᠡᠳ ᠨᠡᠩ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠲᠠᠢ ᠪᠤᠯᠤᠭᠰᠠᠠ ᠪᠠᠶᠢᠨ᠎ᠠ᠃ ᠬᠤᠶᠠᠷ ᠤᠯᠤᠰ ᠲᠤᠰ ᠲᠤᠰ ᠤᠨ ᠬᠠᠮᠳᠤ ᠶᠢᠨ ᠠᠰᠢᠭ ᠲᠤᠰᠠ ᠳᠤ ᠬᠤᠯᠪᠤᠭᠳᠠᠭᠰᠠᠠ ᠠᠰᠠᠭᠤᠳᠠᠯ ᠤᠨ ᠲᠠᠯ᠎ᠠ ᠪᠠᠷ ᠨᠢᠬᠳᠠ ᠵᠤᠬᠢᠴᠠᠭᠤᠯᠭ᠎ᠠ ᠬᠢᠵᠥ᠂ ᠲᠡᠯᠡᠬᠡᠢ ᠳᠤ ᠲᠤᠯᠭᠠᠷᠠᠵᠥ ᠪᠠᠶᠢᠭ᠎ᠠ ᠰᠢᠨ᠎ᠡ ᠰᠦᠷᠳᠡᠬᠦᠯᠥᠯ ᠪᠤᠯᠤᠨ ᠰᠢᠨ᠎ᠡ ᠦᠷᠢᠰᠦᠯᠳᠦᠬᠡᠨ ᠢ ᠬᠠᠮᠳᠤᠪᠡᠷ ᠠᠷᠭᠠᠴᠠᠪᠠ᠃ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠳᠤ ᠶᠢᠨ ᠲᠡᠷᠢᠬᠦᠯᠡᠭᠴᠢ ᠤᠯᠤᠰ ᠪᠤᠯᠤᠭᠰᠠᠠ ᠤ ᠬᠤᠪᠢ ᠳᠤ᠂ ᠡᠮᠤᠨᠡᠳᠤ ᠠᠹᠷᠢᠺᠠ ᠲᠤᠮᠳᠠᠳᠤ ᠤᠯᠤᠰ ᠲᠤᠮᠳᠠᠳᠤ ᠠᠹᠷᠢᠺᠠ ᠶᠢᠨ ᠬᠠᠨᠢᠳᠠᠨ ᠤ ᠬᠠᠷᠢᠯᠴᠠᠭ᠎ᠠ ᠶᠢ ᠠᠬᠢᠭᠤᠯᠬᠤ ᠪᠠᠷ ᠴᠢᠷᠮᠡᠶᠢᠵᠥ᠂ 2015 ᠤᠨ ᠤ ᠶᠠᠷᠢᠶᠠᠨ ᠤ ᠲᠠᠪᠴᠠᠩ ᠤᠨ ᠶᠤᠬᠠᠨᠨᠧᠰᠪᠦ᠋ᠷᠡᠭ ᠤᠨ ᠲᠦᠷᠦᠬᠦᠴᠤᠳ ᠤᠨ ᠬᠤᠷᠡᠯ ᠤᠨ ᠦᠷ᠎ᠡ ᠪᠦᠳᠦᠭᠡᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠪᠠᠯ ᠵᠤᠬᠢᠨ᠎ᠠ᠃ 2018 ᠤᠨ ᠤ 9 ᠰᠠᠷ᠎ᠠ ᠳᠤ ᠲᠤᠮᠳᠠᠳᠤ ᠤᠯᠤᠰ ᠲᠤ ᠬᠦᠷᠴᠦ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠰᠢᠨ᠎ᠡ ᠨᠢᠬᠡ ᠬᠤᠭᠤᠴᠠᠭᠠᠨ ᠤ ᠲᠦᠷᠦᠬᠦᠴᠤᠳ ᠤᠨ ᠬᠤᠷᠡᠯ ᠳᠤ ᠤᠷᠤᠯᠴᠠᠬᠤ ᠶᠢ ᠪᠢ ᠬᠦᠰᠡᠨ ᠬᠦᠯᠢᠶᠡᠵᠥ ᠪᠠᠶᠢᠨ᠎ᠠ᠃ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠠ 20 ᠵᠢᠯ ᠤᠨ ᠤᠢ ᠪᠠᠷ ᠠᠵᠠ ᠲᠤᠬᠢᠶᠠᠯ ᠪᠤᠯᠭᠠᠵᠥ᠂ ᠬᠤᠶᠠᠷ ᠤᠯᠤᠰ ᠤᠨ ᠨᠦᠬᠦᠷᠰᠡᠭ ᠬᠠᠷᠢᠯᠴᠠᠭ᠎ᠠ ᠶᠢ ᠴᠢᠩᠭᠠᠳᠬᠠᠵᠥ᠂ ᠬᠠᠮᠳᠤᠷᠠᠯᠴᠠᠭ᠎ᠠ ᠪᠠᠨ ᠦᠷᠬᠡᠳᠭᠡᠵᠥ᠂ ᠬᠠᠮᠳᠤᠪᠡᠷ ᠠᠰᠢᠭ ᠬᠦᠷᠳᠡᠬᠦ ᠶᠢ ᠪᠡᠶᠡᠯᠡᠬᠦᠯᠬᠦ ᠶᠢ ᠪᠢ ᠬᠦᠰᠡᠵᠥ ᠪᠠᠶᠢᠨ᠎ᠠ ᠬᠡᠵᠥ ᠢᠯᠡᠳᠬᠡᠵᠡᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com