ᠠᠷᠠᠳ ᠲᠦᠮᠡᠨ ᠢᠶᠠᠨ ᠪᠤᠲᠤᠭᠰᠠᠠ ᠦᠨᠡᠨ ᠰᠡᠳᠭᠢᠯ ᠤᠨ ᠬᠠᠶᠢᠷ᠎ᠠ

 — ᠲᠡᠷᠢᠬᠦᠯᠡᠭᠴᠢ ᠰᠢ ᠶᠢᠨ ᠫᠢᠩ ᠤᠨ 2018 ᠤᠨ ᠤ ᠰᠢᠨ᠎ᠡ ᠵᠢᠯ ᠤᠨ ᠪᠠᠶᠠᠷ ᠤᠨ ᠦᠬᠡ ᠶᠢ ᠰᠤᠨᠤᠰᠬᠤᠢ

 ᠡᠨᠡ ᠦᠶ᠎ᠡ ᠪᠤᠯᠬᠤ ᠪᠦᠷᠢ ᠶᠡᠷᠤᠨᠢ ᠬᠦᠰᠡᠯ ᠬᠦᠯᠢᠶᠡᠯᠳᠡ ᠲᠠᠢ ᠪᠠᠶᠢᠳᠠᠭ᠃ ᠦᠩᠬᠡᠷᠡᠭᠰᠡᠡ ᠢᠶᠠᠨ ᠡᠷᠬᠢᠴᠡᠬᠦᠯᠵᠥ᠂ ᠰᠢᠨ᠎ᠡ ᠪᠠᠶᠢᠳᠠᠯ ᠢ ᠨᠡᠬᠡᠬᠡᠨ᠎ᠡ᠃

 ᠤᠯᠤᠰ ᠤᠨ ᠲᠡᠷᠢᠬᠦᠯᠡᠭᠴᠢ ᠰᠢ ᠶᠢᠨ ᠫᠢᠩ ᠲᠠᠪᠤᠳᠠᠬᠢ ᠰᠢᠨ᠎ᠡ ᠵᠢᠯ ᠤᠨ ᠪᠡᠶᠡᠷ ᠤᠨ ᠦᠬᠡ ᠬᠡᠯᠡᠪᠡ᠃ ᠬᠠᠯᠠᠭᠤᠨ ᠲᠤᠳᠤᠨᠤ ᠰᠠᠨᠠᠭᠳᠠᠵᠥ᠂ ᠬᠦᠮᠥᠰ ᠢ ᠤᠷᠮᠠᠰᠢᠭᠤᠯᠤᠨ ᠤᠷᠤᠭᠰᠢᠯᠠᠭᠤᠯᠵᠥ᠂ ᠬᠦᠮᠥᠰ ᠤᠨ ᠰᠡᠳᠬᠢᠯ ᠢ ᠬᠦᠳᠡᠯᠬᠡᠵᠥ ᠬᠦᠴᠦᠨ ᠴᠢᠳᠠᠯ ᠤᠯᠭᠤᠨ᠎ᠠ᠃

 ᠲᠡᠷᠢᠬᠦᠯᠡᠭᠴᠢ ᠰᠢ ᠶᠢᠨ ᠫᠢᠩ ᠰᠢᠷᠭᠠᠭᠤ ᠴᠢᠷᠮᠡᠶᠢᠯᠭ᠎ᠠ ᠠᠴᠠ ᠰᠢᠯᠢᠳᠡᠭ ᠠᠮᠵᠢᠯᠳᠡ ᠲᠤᠳᠤᠷᠠᠵᠥ᠂ ᠡᠳᠤᠷ ᠪᠦᠷᠢ ᠰᠢᠨᠡᠳᠴᠦ ᠰᠠᠷ᠎ᠠ ᠪᠦᠷᠢ ᠰᠠᠶᠢᠵᠢᠷᠠᠪᠠᠢ ᠬᠡᠬᠦ ᠦᠬᠡ ᠪᠠᠷ ᠦᠩᠭᠡᠷᠡᠨ ᠤᠳᠤᠭᠰᠠᠠ 2017 ᠤᠨ ᠢ ᠳ᠋ᠦᠩᠨᠡᠪᠡ᠃

 ᠡᠳᠡᠭᠡᠷ ᠲᠤᠭ᠎ᠠ ᠪᠠᠷᠢᠮᠳᠡ ᠨᠢ ᠰᠤᠨᠤᠰᠬᠤ ᠳᠤ ᠶᠡᠷᠤᠮᠳᠡᠭ ᠰᠢᠭ ᠪᠤᠯᠪᠠᠴᠦ ᠦᠨᠡᠨᠳᠡᠬᠡᠨ ᠬᠦᠮᠥᠰ ᠢ ᠰᠤᠴᠢᠭᠠᠨ᠎ᠠ᠃ᠮᠠᠨ ᠤ ᠤᠯᠤᠰ ᠤᠨ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ 80 ᠲᠦᠮᠡᠨ ᠳ᠋ᠦᠩᠰᠢᠭᠤᠷ ᠲᠦᠬᠦᠷᠢᠭ ᠠᠷᠠᠳ ᠤᠨ ᠵᠤᠭᠤᠰ ᠲᠤ ᠬᠦᠷᠪᠡ᠃ ᠡᠨᠡ ᠨᠢ ᠬᠡᠴᠢᠨᠡᠨ ᠭᠠᠶᠢᠬᠠᠮᠰᠢᠭᠳᠠᠢ ᠠᠵᠢ᠃ ᠪᠢᠳᠡᠨ ᠤ ᠨᠢᠬᠡ ᠵᠢᠯ ᠤᠨ ᠨᠡᠮᠡᠭᠳᠡᠯ ᠤᠨ ᠬᠡᠮᠵᠢᠶ᠎ᠡ ᠨᠢ ᠠᠦ᠋ᠰᠲᠷᠠᠯᠢᠶ᠎ᠠ᠂ ᠤᠷᠤᠰ᠂ ᠢᠰᠫᠠᠨᠢ᠂ ᠮᠧᠺᠰᠢᠺᠦ‍ ᠰᠢᠭ ᠤᠯᠤᠰ ᠤᠨ ᠪᠦᠬᠦ ᠵᠢᠯ ᠤᠨ ᠶᠡᠷᠤᠩᠬᠡᠢ ᠬᠡᠮᠵᠢᠶ᠎ᠡ ᠲᠠᠢ ᠲᠡᠩᠴᠡᠪᠡ᠃

 ᠲᠡᠬᠢᠪᠡᠯ᠂ ᠬᠤᠳᠠ ᠬᠦᠳᠡᠭᠡ ᠶᠢᠨ ᠰᠢᠨ᠎ᠡ ᠪᠠᠷ ᠠᠵᠢᠯ ᠤᠯᠤᠭᠰᠠᠳ 1300 ᠭᠠᠷᠤᠢ ᠲᠦᠮᠡᠨ ᠬᠦᠮᠦᠨ ᠳᠤ ᠬᠦᠷᠴᠦ᠂ ᠨᠡᠶᠢᠬᠡᠮ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ 9 ᠳ᠋ᠦᠩᠰᠢᠭᠤᠷ ᠭᠠᠷᠤᠢ ᠬᠦᠮᠥᠨ ᠢ ᠪᠦᠷᠬᠦᠵᠥ᠂ ᠦᠨᠳᠦᠰᠦᠨ ᠡᠮ ᠡᠮᠨᠡᠯᠬᠡ ᠶᠢᠨ ᠲᠠᠭᠠᠳᠬᠠᠯ 13.5 ᠳ᠋ᠦᠩᠰᠢᠭᠤᠷ ᠬᠦᠮᠥᠨ ᠢ ᠪᠦᠷᠬᠦᠵᠥ᠂ ᠪᠠᠰᠠ ᠬᠦᠳᠡᠭᠡ ᠲᠤᠰᠬᠤᠨ ᠤ 1000 ᠭᠠᠷᠤᠢ ᠲᠦᠮᠡᠨ ᠶᠠᠳᠠᠭᠤ ᠬᠦᠴᠢᠷᠳᠡᠯᠳᠡᠢ ᠬᠦᠮᠥᠨ ᠢ ᠶᠠᠳᠠᠭᠤ ᠠᠴᠠ ᠠᠩᠬᠢᠵᠢᠷᠠᠭᠤᠯᠪᠠ ᠁

 ᠡᠨᠡ ᠪᠤᠯ ᠲᠤᠮᠤ ᠤᠯᠤᠰ ᠤᠨ ᠰᠦᠷ ᠰᠦᠯᠳᠡ᠂ ᠲᠡᠤᠬᠡ ᠶᠢᠨ ᠡᠬᠦᠷᠬᠡᠯᠡᠯ ᠮᠥᠨ᠃

 C919 ᠲᠤᠮᠤ ᠬᠡᠯᠪᠡᠷᠢ ᠶᠢᠨ ᠠᠶᠠᠨᠴᠢᠳ ᠤᠨ ᠨᠢᠰᠬᠡᠯ ᠤᠭᠳᠠᠷᠭᠤᠢ ᠪᠠᠷ ᠨᠢᠰᠴᠦ᠂ ᠺᠧᠨᠠᠲ ᠺᠤᠮᠫᠢᠦ᠋ᠲ᠋ᠧᠷ ᠢ ᠠᠮᠵᠢᠯᠳᠠ ᠲᠠᠢ ᠰᠤᠳᠤᠯᠤᠨ ᠦᠢᠯᠡᠳᠴᠦ᠂ ᠠᠩᠬᠠᠳᠠᠭᠴᠢ ᠤᠯᠤᠰ ᠠᠴᠠ ᠦᠢᠯᠡᠳᠪᠤᠷᠢᠯᠡᠭᠰᠡᠡ ᠨᠢᠰᠬᠡᠯ ᠤᠨ ᠰᠠᠭᠤᠷᠢ ᠤᠩᠭᠤᠴᠠ ᠠᠰᠢᠬᠯᠠᠯᠳᠡ ᠳᠤ ᠤᠷᠤᠵᠥ᠂ ᠠᠩᠬ᠎ᠠ ᠤᠳᠠᠭ᠎ᠠ ᠲᠠᠯᠠᠢ ᠶᠢᠨ ᠤᠷᠤᠨ ᠠᠴᠠ ᠰᠢᠳᠠᠮᠠᠬᠠᠢ ᠮᠦᠰᠦ ᠬᠠᠶᠢᠭᠠᠳ ᠠᠮᠵᠢᠯᠳᠡ ᠤᠯᠪᠠ ᠁

 ᠲᠤᠮᠳᠠᠳᠤ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠪᠦᠳᠦᠭᠡᠯ ᠶᠠᠭᠠᠬᠢᠭᠠᠳ ᠠᠷᠤ ᠠᠷᠤ ᠠᠴᠠ ᠪᠠᠨ ᠭᠠᠷᠴᠦ ᠪᠠᠶᠢᠬᠤ ᠪᠤᠢ︖ ᠬᠡᠵᠥ ᠮᠠᠰᠢ ᠤᠯᠠᠨ ᠬᠦᠮᠥᠨ ᠠᠰᠠᠭᠤᠨ᠎ᠠ᠃

 ᠲᠡᠷᠢᠭᠦᠯᠡᠭᠴᠢ ᠰᠢ ᠶᠢᠨ ᠫᠢᠩ ᠪᠠᠶᠠᠷ ᠤᠨ ᠦᠭᠡ ᠳᠡᠭᠡᠨ᠂ ᠠᠯᠢᠪᠠ ᠠᠮᠵᠢᠯᠳᠠ ᠶᠢ ᠤᠯᠤᠭᠰᠠᠨ ᠨᠢ ᠠᠷᠠᠳ ᠲᠦᠮᠡᠨ ᠳᠤ ᠪᠠᠶᠢᠨ᠎ᠠ᠄ ᠳᠤᠮᠳᠠᠳᠤ ᠤᠯᠤᠰ ᠤᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠬᠠᠷᠠᠭᠠᠳ ᠪᠢ ᠲᠦᠢᠯ ᠢᠶᠠᠷ ᠪᠠᠶᠠᠷᠯᠠᠨ ᠳᠤᠭᠳᠤᠯᠵᠤ ᠪᠠᠶᠢᠨ᠎ᠠ ᠭᠡᠰᠡᠨ ᠬᠠᠷᠢᠭᠤᠯᠳᠠ ᠦᠭᠴᠠᠢ᠃

 ᠠᠯᠢᠪᠠ ᠠᠵᠢᠯ ᠤᠨ ᠦᠨᠡᠯᠡᠯᠳᠡ ᠶᠢᠨ ᠪᠠᠷᠢᠮᠵᠢᠶ᠎ᠠ ᠶᠢ ᠠᠷᠠᠳ ᠲᠦᠮᠡᠨ ᠳᠤ ᠲᠤᠰᠢᠶᠠᠨ᠎ᠠ᠄ ᠠᠷᠠᠳ ᠲᠦᠮᠡᠨ ᠨᠡᠩ ᠤᠯᠠᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠤᠯᠵᠠᠢ᠃ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠳᠠ ᠠᠴᠠ ᠤᠯᠠᠮ ᠨᠢᠭᠡ ᠠᠯᠬᠤᠮ ᠤᠢᠢᠷᠠᠳᠤᠵᠠᠢ᠃

 ᠤᠯᠤᠰ ᠪᠤᠯᠤᠨ ᠪᠢ ᠨᠢᠭᠳᠠ ᠬᠤᠯᠪᠤᠭ᠎ᠠ ᠲᠠᠢ᠃ ᠡᠨᠡ ᠵᠢᠯ ᠤᠨ ᠶᠠᠪᠤᠭᠰᠠᠨ ᠵᠠᠮ᠂ ᠤᠷᠤᠰᠬᠠᠭᠰᠠᠨ ᠬᠦᠯᠦᠰᠤ ᠴᠦᠮ ᠬᠠᠷᠢᠭᠤ ᠤᠯᠵᠠ ᠲᠠᠢ ᠶᠤᠮ᠃ ᠮᠠᠨ ᠤ ᠤᠯᠤᠰ ᠢᠢᠨᠬᠦ ᠰᠦᠷᠡᠬᠡᠢ ᠪᠠᠶᠢᠬᠤ ᠨᠢ ᠳᠤᠮᠳᠠᠳᠤ ᠤᠯᠤᠰ ᠤᠨ ᠠᠷᠠᠳ ᠲᠦᠮᠡᠨ ᠰᠦᠷᠡᠬᠡᠢ ᠪᠠᠶᠢᠬᠤ ᠶᠢᠨ ᠤᠴᠢᠷ ᠪᠢᠯᠡ᠃

 ᠠᠷᠠᠳ ᠲᠦᠮᠡᠨ ᠭᠡᠬᠦ ᠦᠭᠡ ᠪᠤᠯ ᠲᠡᠷᠢᠭᠦᠯᠡᠭᠴᠢ ᠰᠢ ᠶᠢᠨ ᠫᠢᠩ ᠤᠨ ᠰᠢᠨ᠎ᠠ ᠵᠢᠯ ᠤᠨ ᠪᠠᠶᠠᠷ ᠤᠨ ᠦᠭᠡ ᠳᠤᠳᠤᠷ᠎ᠠ ᠬᠠᠮᠤᠭ ᠤᠨ ᠤᠯᠠᠨ ᠢᠯᠡᠷᠡᠭᠰᠡᠨ ᠦᠭᠡ ᠪᠤᠯᠤᠨ᠎ᠠ᠂ ᠡᠨᠡ ᠨᠢ ᠲᠡᠭᠦᠨ ᠤ ᠲᠦᠪ ᠬᠢᠴᠢᠶᠡᠩᠭᠦᠢ ᠠᠮᠠᠯᠠᠯᠳᠠ — ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠤᠯ ᠳᠠᠷᠤᠢ ᠪᠢᠳᠡᠨ ᠤ ᠲᠡᠮᠡᠴᠡᠬᠦ ᠬᠠᠷᠠᠯᠳᠠ ᠪᠤᠯᠤᠨ᠎ᠠ ᠭᠡᠳᠡᠭ ᠢ ᠳᠠᠬᠢᠨᠳᠠ ᠳᠤᠪᠤᠶᠢᠯᠭᠠᠵᠠᠢ᠃

 2014 ᠤᠨ ᠤ ᠪᠠᠶᠠᠷ ᠤᠨ ᠦᠭᠡ ᠳᠡᠭᠡᠨ᠄ ᠠᠷᠠᠳ ᠲᠦᠮᠡᠨ ᠳᠤ ᠨᠡᠩ ᠵᠤᠯ ᠵᠢᠷᠭᠠᠯ ᠲᠠᠢ ᠠᠮᠢᠳᠤᠷᠠᠯ ᠢ ᠡᠳ᠋ᠯᠡᠭᠦᠯᠬᠦ ᠳᠤ ᠪᠠᠰᠠ ᠶᠡᠭᠡ ᠬᠡᠮᠵᠢᠶᠠᠨ ᠤ ᠠᠵᠢᠯ ᠢ ᠬᠢᠬᠦ ᠴᠢᠬᠤᠯᠠᠲᠠᠢ ᠪᠠᠶᠢᠨ᠎ᠠ ᠭᠡᠪᠡ᠃

 2015 ᠤᠨ ᠤ ᠪᠠᠶᠠᠷ ᠤᠨ ᠦᠭᠡ ᠳᠡᠭᠡᠨ᠄ ᠪᠢᠳᠡ ᠦᠷᠭᠦᠯᠵᠢᠯᠡᠨ ᠴᠢᠷᠮᠠᠶᠢᠵᠤ᠂ ᠠᠷᠠᠳ ᠲᠦᠮᠡᠨ ᠤ ᠬᠦᠰᠡᠯ ᠪᠠᠷᠠᠯᠠᠯ ᠢ ᠪᠢᠳᠡᠨ ᠤ ᠠᠵᠢᠯᠯᠠᠭ᠎ᠠ ᠪᠤᠯᠭᠠᠵᠤ᠂ ᠠᠷᠠᠳ ᠲᠦᠮᠡᠨ ᠤ ᠬᠦᠰᠡᠯᠡᠩ ᠢ ᠪᠤᠳᠠᠳᠤ ᠠᠮᠢᠳᠤᠷᠠᠯ ᠪᠤᠯᠭᠠᠶ᠎ᠠ ᠭᠡᠪᠡ᠃

 2016 ᠤᠨ ᠤ ᠪᠠᠶᠠᠷ ᠤᠨ ᠦᠭᠡ ᠳᠡᠭᠡᠨ᠄ ᠬᠡᠳᠦᠨ ᠮᠢᠩᠭᠠᠨ ᠲᠦᠮᠡᠨ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠠᠮᠢᠳᠤᠷᠠᠯ ᠢ ᠰᠠᠶᠢᠵᠢᠷᠠᠭᠤᠯᠬᠤ ᠪᠤᠯ ᠮᠢᠨᠤ ᠦᠷᠦᠴᠡ ᠵᠢᠷᠦᠬᠡᠨ ᠤ ᠰᠠᠨᠠᠭᠠᠰᠢᠷᠠᠯ ᠪᠤᠯᠤᠨ᠎ᠠ ᠭᠡᠪᠡ᠃

 2017 ᠤᠨ ᠤ ᠪᠠᠶᠠᠷ ᠤᠨ ᠦᠭᠡ ᠳᠡᠭᠡᠨ᠄ ᠰᠢᠨ᠎ᠠ ᠵᠢᠯ ᠪᠤᠯᠬᠤ ᠲᠠᠰᠢᠷᠠᠮ ᠢᠶᠠᠷ᠂ ᠮᠢᠨᠥ ᠬᠠᠮᠤᠭ ᠠᠴᠠ ᠰᠠᠨᠠᠭᠠᠰᠢᠷᠠᠵᠤ ᠪᠠᠶᠢᠬᠤ ᠶᠠᠪᠤᠳᠠᠯ ᠪᠤᠯ ᠮᠦᠨᠬᠦ ᠶᠠᠳᠠᠭᠤ ᠬᠦᠴᠢᠷᠳᠡᠯᠳᠠᠢ ᠤᠯᠠᠨ ᠲᠦᠮᠡᠨ ᠤ ᠬᠤᠭᠤᠯᠠ ᠤᠮᠳᠠ ᠨᠢ ᠶᠠᠮᠠᠷ ᠪᠠᠶᠢᠬᠤ᠂ ᠬᠤᠨᠤᠵᠤ ᠬᠡᠪᠳᠡᠬᠦ ᠨᠢ ᠶᠠᠮᠠᠷ ᠪᠠᠶᠢᠬᠤ᠂ ᠰᠢᠨ᠎ᠠ ᠵᠢᠯ ᠢ ᠰᠠᠶᠢᠬᠠᠨ ᠦᠩᠭᠡᠷᠡᠭᠦᠯᠵᠤ ᠳᠡᠶᠢᠯᠬᠦ ᠡᠰᠡᠬᠦ᠂ ᠴᠠᠭᠠᠨ ᠰᠠᠷ᠎ᠠ ᠶᠢ ᠰᠠᠶᠢᠬᠠᠨ ᠦᠩᠭᠡᠷᠡᠭᠦᠯᠵᠤ ᠳᠡᠶᠢᠯᠬᠦ ᠡᠰᠡᠬᠦ ᠵᠡᠷᠭᠡ ᠪᠤᠯᠤᠨ᠎ᠠ ᠭᠡᠵᠤ ᠬᠡᠯᠡᠪᠡ᠃

 ᠡᠨᠡ ᠵᠢᠯ ᠳᠤ᠂ ᠲᠡᠷᠢᠬᠦᠯᠡᠭᠴᠢ ᠰᠢ ᠶᠢᠨ ᠫᠢᠩ ᠠᠷᠠᠳ ᠲᠦᠮᠡᠨ ᠢᠶᠠᠷ ᠡᠭᠦᠰᠴᠡ ᠪᠤᠯᠭᠠᠵᠤ᠂ ᠠᠷᠠᠳ ᠲᠦᠮᠡᠨ ᠢᠶᠠᠷ ᠲᠤᠰᠤᠯᠲᠠ ᠪᠤᠯᠭᠠᠪᠠ —

 ᠮᠠᠨ ᠤ ᠠᠭᠤᠤ ᠶᠡᠭᠡ ᠬᠦᠭᠵᠢᠯᠳᠠ ᠶᠢᠨ ᠦᠷ᠎ᠠ ᠪᠦᠳᠤᠭᠡᠯ ᠢ ᠠᠷᠠᠳ ᠲᠦᠮᠡᠨ ᠡᠬᠦᠳᠦᠭᠰᠡᠨ ᠪᠤᠯᠬᠤᠷ᠂ ᠠᠷᠠᠳ ᠲᠦᠮᠡᠨ ᠡᠳ᠋ᠯᠡᠪᠡᠯ ᠵᠤᠬᠢᠨ᠎ᠠ᠃

 ᠠᠷᠠᠳ ᠲᠦᠮᠡᠨ ᠳᠤ ᠪᠤᠶᠠᠨ ᠤᠢᠢᠯᠡᠳᠬᠦ ᠶᠠᠪᠤᠳᠠᠯ ᠢ ᠵᠢᠩᠬᠢᠨᠢ ᠰᠠᠶᠢᠨ ᠬᠢᠵᠤ ᠪᠤᠳᠠᠳᠠᠢ ᠬᠢᠬᠦ ᠭᠡᠷᠡᠭᠳᠠᠢ᠃

 ᠠᠷᠠᠳ ᠲᠦᠮᠡᠨ ᠬᠡᠬᠦ ᠦᠬᠡ ᠨᠢ ᠮᠦᠨᠴᠤ ᠳᠤᠮᠳᠠᠳᠤ ᠤᠯᠤᠰ ᠪᠤᠯᠤᠨ ᠲᠡᠯᠡᠬᠡᠢ ᠶᠢᠷᠳᠢᠨᠴᠤ ᠶᠢ ᠨᠡᠪᠳᠡᠷᠡᠬᠦᠯᠬᠦ ᠬᠦᠬᠦᠷᠬᠡ ᠪᠤᠯᠤᠨ᠎ᠠ᠃

 ᠠᠷᠠᠳ ᠲᠦᠮᠡᠨ ᠪᠤᠯ ᠦᠨᠢᠳᠠ ᠶᠢᠨ ᠰᠡᠳᠤᠪ᠂ ᠲᠡᠮᠡᠴᠡᠯ ᠎ ᠤᠨ ᠬᠤᠪᠢᠷᠠᠰᠢ ᠦᠬᠡᠢ ᠬᠦᠭ ᠠᠶᠠᠰ ᠶᠤᠮ᠃

 2017 ᠤᠨ ᠠᠴᠠ ᠠᠶᠠᠷᠯᠠᠵᠤ᠂ 2018 ᠤᠨ ᠢᠶᠠᠨ ᠤᠬᠳᠤᠬᠤ ᠳᠤ᠂ — ᠲᠡᠤᠬᠡ ᠶᠢ ᠬᠤᠷᠢᠶᠠᠩᠭᠤᠢᠢᠯᠠᠵᠤ᠂ ᠢᠷᠡᠬᠡᠳᠤᠢ ᠶᠢ ᠨᠡᠬᠡᠬᠡᠨ ᠡᠬᠦᠳᠬᠦ ᠤᠨ ᠵᠢᠯ ᠪᠤᠯᠤᠨ᠎ᠠ᠃

 ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠠᠯᠳᠠ ᠶᠢᠨ ᠵᠢᠯ︔ ᠦᠬᠡᠷᠡᠴᠢᠯᠠᠯᠳᠠ ᠨᠡᠬᠡᠬᠡᠯᠳᠠ ᠶᠢᠨ 40 ᠵᠢᠯ ᠤᠨ ᠤᠢ ᠪᠤᠯᠤᠨ᠎ᠠ᠃

 ᠦᠩᠬᠡᠷᠡᠭᠰᠡᠨ ᠢᠶᠠᠨ ᠡᠷᠬᠢᠴᠡᠬᠦᠯᠪᠠᠯ᠂ ᠰᠠᠶ᠋ᠢ ᠪᠢᠳᠠ ᠴᠤᠬᠤᠮ ᠬᠡᠳᠤᠢ ᠬᠤᠯᠠ ᠠᠶᠠᠯᠠᠬᠰᠠᠨ ᠢᠶᠠᠨ ᠮᠡᠳᠡᠵᠤ ᠲᠠᠶᠢᠯᠤᠨ᠎ᠠ᠃

 ᠪᠠᠷᠠᠯᠠᠬᠤ ᠪᠤᠳᠤᠯ ᠪᠠᠶᠢᠪᠠᠯ᠂ ᠰᠠᠶ᠋ᠢ ᠪᠢᠳᠠ ᠡᠨᠡᠬᠦ ᠵᠠᠮ ᠢᠶᠠᠷ ᠵᠠᠮᠨᠠᠪᠠᠯ ᠡᠴᠤᠰ ᠲᠡᠭᠡᠨ ᠬᠦᠰᠡᠯ ᠵᠡᠬᠦᠳᠤ ᠶᠢᠨ ᠲᠡᠷᠳᠡᠭᠡ ᠬᠦᠪᠡᠭᠡ ᠳᠤ ᠬᠦᠷᠬᠦ ᠢᠳᠡᠬᠡᠯ ᠲᠠᠢ ᠪᠤᠯᠵᠤ ᠴᠢᠳᠠᠨ᠎ᠠ᠃

 ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ 3 ᠵᠢᠯ ᠤᠨ ᠪᠤᠭᠤᠮᠳᠠ ᠰᠢᠪᠳᠤᠯᠬᠤ ᠴᠠᠬ ᠪᠢᠳᠠᠨ ᠢ ᠬᠦᠯᠢᠶᠡᠬᠦ ᠦᠬᠡᠢ ᠶᠤᠮ᠃

 ᠬᠤᠶᠢᠰᠢᠳᠠ ᠶᠢᠨ 30 ᠭᠠᠷᠤᠢ ᠵᠢᠯ ᠤᠨ ᠰᠠᠶᠢᠨ ᠰᠠᠶᠢᠬᠠᠨ ᠠᠤᠭ᠎ᠠ ᠵᠢᠷᠤᠬ ᠲᠦᠯᠤᠪᠯᠡᠭᠡ ᠨᠢ ᠬᠦᠮᠤᠰ ᠤᠨ ᠰᠡᠳᠬᠢᠯ ᠢ ᠨᠢᠭᠲᠠᠷᠠᠭᠤᠯᠤᠨ᠎ᠠ᠃

 ᠲᠡᠭᠷᠢ ᠶᠢᠨ ᠬᠠᠶᠠᠭ᠎ᠠ ᠲᠠᠯᠠᠢ ᠶᠢᠨ ᠬᠢᠵᠠᠭᠠᠷ ᠲᠤ ᠬᠦᠷᠦᠭᠰᠡᠨ ᠴᠤ᠂ ᠪᠢᠳᠠ ᠲᠡᠷᠢᠬᠦᠯᠡᠭᠴᠢ ᠰᠢ ᠶᠢᠨ ᠫᠢᠩ ᠤᠨ ᠰᠢᠨ᠎ᠠ ᠵᠢᠯ ᠤᠨ ᠪᠠᠶᠠᠷ ᠤᠨ ᠦᠬᠡ ᠶᠢᠨ ᠲᠡᠬᠦᠰᠬᠡᠯ ᠢᠶᠠᠷ 2017 ᠤᠨ ᠳᠤ ᠶᠤᠰᠤ ᠲᠡᠪᠰᠢᠭᠦᠯᠵᠤ᠂ 2018 ᠤᠨ ᠤ ᠲᠦᠯᠤᠬᠡ ᠲᠤᠬᠳᠤᠯᠵᠤ ᠪᠤᠢ —

 ᠠᠷᠠᠳ ᠲᠦᠮᠡᠨ ᠤ ᠠᠮᠢᠳᠤᠷᠠᠯ ᠢ ᠤᠯᠠᠮ ᠵᠤᠯ ᠵᠢᠷᠭᠠᠯ ᠲᠠᠢ ᠰᠠᠶᠢᠨ ᠰᠠᠶᠢᠬᠠᠨ ᠪᠤᠯᠭᠠᠶ᠎ᠠ᠃

 (ᠰᠢᠨᠬᠤᠸᠠ ᠬᠤᠷᠢᠶᠠᠨ ᠤ ᠪᠡᠬᠡᠵᠢᠩ ᠤᠨ 2017 ᠤᠨ ᠤ 12 ᠰᠠᠷ᠎ᠠ ᠶᠢᠨ 31᠎ ᠤ ᠴᠠᠬᠢᠯᠭᠠᠨ ᠮᠡᠳᠡᠭᠡ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com