ᠠᠷᠠᠳ ᠲᠦᠮᠡᠨ ᠳᠤ ᠪᠤᠶᠠᠨ ᠦᠢᠯᠡᠳᠬᠦ ᠪᠠᠷ ᠬᠠᠮᠤᠭ ᠤᠨ ᠶᠡᠭᠡ ᠠᠵᠢᠯ ᠤᠨ ᠠᠮᠵᠢᠯᠳᠠ ᠪᠤᠯᠭᠠᠰᠤᠭᠠᠢ

  — ᠲᠡᠷᠢᠬᠦᠯᠡᠭᠴᠢ ᠰᠢ ᠶᠢᠨ ᠫᠢᠩ ᠤᠨ 2018 ᠤᠨ ᠤ ᠰᠢᠨ᠎ᠡ ᠵᠢᠯ ᠤᠨ ᠪᠠᠶᠠᠷ ᠤᠨ ᠦᠬᠡ ᠶᠢᠨ ᠲᠤᠬᠠᠢ ᠰᠡᠩᠬᠡᠷᠡᠬᠦᠯᠥᠯ ①

  2017 ᠤᠨ ᠠᠴᠠ 2018 ᠤᠨ ᠪᠤᠯᠳᠠᠯ᠎ᠠ᠂ ᠴᠠᠭ ᠬᠤᠭᠤᠴᠠᠭ᠎ᠠ ᠬᠤᠪᠢᠷᠡᠰᠢ ᠦᠭᠡᠢ ᠪᠠᠷᠢᠮᠳᠠᠯᠠᠯ ᠢ ᠬᠡᠷᠡᠴᠢᠯᠡᠨ᠎ᠡ — ᠡᠪ ᠬᠠᠮᠳᠤᠴᠤᠳ ᠤᠨ ᠴᠠᠭ ᠬᠤᠭᠤᠴᠠᠭ᠎ᠠ ᠳᠤ᠂ ᠠᠷᠠᠳ ᠲᠦᠮᠡᠨ ᠢ ᠪᠤᠲᠤᠬᠤ ᠪᠤᠯ ᠬᠡᠵᠢᠶᠡᠳᠡ ᠬᠤᠪᠢᠷᠡᠰᠢ ᠦᠭᠡᠢ ᠤᠭ ᠰᠠᠨᠠᠭ᠎ᠠ ᠮᠥᠨ᠂ ᠨᠡᠩ ᠴᠦ ᠦᠷᠬᠦᠯᠵᠢᠯᠡᠨ ᠲᠡᠮᠡᠴᠡᠬᠦ ᠶᠢᠨ ᠦᠨᠢᠳᠡ ᠶᠢᠨ ᠪᠠᠷᠢᠮᠲᠠᠯᠠᠯ ᠮᠥᠨ᠃

  ᠪᠢ ᠲᠤᠮᠳᠠᠳᠤ ᠤᠯᠤᠰ ᠤᠨ ᠠᠷᠠᠳ ᠲᠦᠮᠡᠨ ᠤ ᠡᠬᠦᠳᠦᠨ ᠪᠦᠳᠦᠭᠡᠬᠦ ᠠᠭᠤᠤ ᠶᠡᠭᠡ ᠬᠦᠴᠦᠨ ᠢ ᠮᠠᠭᠳᠠᠨ ᠰᠠᠶᠢᠰᠢᠶᠠᠨ᠎ᠠ ᠂ ᠲᠦᠭ ᠲᠦᠮᠡᠨ ᠡᠭᠡᠯ ᠵᠢᠷ ᠤᠨ ᠬᠦᠮᠥᠰ ᠬᠠᠮᠤᠭ ᠤᠨ ᠠᠭᠤᠤ ᠶᠡᠭᠡ᠂ ᠵᠤᠯ ᠵᠢᠷᠭᠠᠯ ᠢ ᠪᠤᠯ ᠪᠦᠷ ᠲᠡᠮᠡᠴᠡᠵᠥ ᠪᠠᠶᠢᠭᠠᠳ ᠤᠯᠵᠥ ᠢᠷᠡᠭᠰᠡᠡ ᠶᠤᠮ᠂ ᠠᠭᠤᠯᠠ ᠲᠠᠭᠠᠷᠠᠪᠠᠯ ᠵᠠᠮ ᠨᠡᠬᠡᠬᠡᠵᠥ᠂ ᠤᠰᠤ ᠲᠠᠭᠠᠷᠠᠪᠠᠯ ᠬᠦᠬᠦᠷᠬᠡ ᠲᠠᠯᠪᠢᠨ᠎ᠠ᠂ ᠦᠭᠡᠷᠡᠴᠢᠯᠡᠯᠳᠡ ᠶᠢ ᠡᠴᠤᠰ ᠲᠤᠨᠢ ᠲᠤᠯᠳᠠᠯ᠎ᠠ ᠬᠢᠨ᠎ᠡ᠂ ᠬᠡᠢ ᠬᠤᠭᠤᠰᠤᠨ ᠵᠦᠢᠯ ᠢ ᠪᠤᠳᠤᠵᠥ ᠪᠤᠯᠬᠤ ᠦᠭᠡᠢ᠂ ᠬᠡᠶᠢᠰᠪᠤᠷᠢ ᠶᠠᠭᠤᠮ᠎ᠡ ᠶᠢ ᠬᠦᠬᠡᠬᠡᠴᠡᠯᠳᠤᠵᠥ ᠪᠤᠯᠬᠤ ᠦᠭᠡᠢ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠬᠠᠮᠤᠭ ᠤᠨ ᠶᠡᠭᠡ ᠠᠵᠢᠯ ᠤᠨ ᠠᠮᠵᠢᠯᠳᠠ ᠪᠤᠯᠭᠠᠨ᠎ᠠ ᠁ ᠲᠡᠷᠢᠬᠦᠯᠡᠭᠴᠢ ᠰᠢ ᠶᠢᠨ ᠫᠢᠩ ᠤᠨ 2018 ᠤᠨ ᠤ ᠰᠢᠨ᠎ᠡ ᠵᠢᠯ ᠤᠨ ᠪᠠᠶᠠᠷ ᠤᠨ ᠦᠬᠡ ᠢᠷᠠᠭᠤ ᠠᠯᠳᠠᠷ ᠪᠤᠯᠤᠨ ᠬᠦᠰᠡᠯ ᠵᠡᠬᠦᠳᠤ ᠶᠢ ᠬᠦᠭᠵᠢᠬᠡᠵᠥ᠂ ᠢᠳᠡᠭᠡᠯ ᠵᠤᠷᠢᠭ ᠢᠶᠠᠷ ᠪᠢᠯᠬᠠᠵᠥ᠂ ᠬᠠᠶᠢᠷ᠎ᠠ ᠰᠡᠳᠬᠢᠯᠬᠡ ᠪᠤᠯᠤᠨ ᠡᠬᠦᠷᠬᠡᠯᠡᠯ ᠢ ᠬᠡᠷᠡᠴᠢᠯᠡᠭᠰᠡᠡ ᠪᠠᠶᠢᠨ᠎ᠠ᠃ ᠢᠲᠡ ᠬᠦᠴᠦᠳᠠᠢ ᠦᠭᠡ ᠶᠡᠷᠢᠶ᠎ᠡ ᠨᠢ ᠲᠦᠭ ᠲᠦᠮᠡᠨ ᠠᠷᠠᠳ ᠲᠦᠮᠡᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠬᠦ ᠬᠠᠯᠠᠭᠤᠨ ᠰᠡᠳᠬᠢᠯᠬᠡ ᠶᠢ ᠤᠷᠬᠢᠯᠤᠭᠤᠯᠤᠭᠰᠠᠠ ᠪᠠᠶᠢᠨ᠎ᠠ᠃

  ᠠᠷᠠᠳ ᠲᠦᠮᠡᠨ ᠳᠤ ᠪᠤᠶᠠᠨ ᠤᠢᠢᠯᠡᠳᠬᠦ ᠪᠠᠷ ᠬᠠᠮᠤᠬ ᠤᠨ ᠶᠡᠭᠡ ᠠᠵᠢᠯ ᠤᠨ ᠠᠮᠵᠢᠯᠳᠠ ᠪᠤᠯᠭᠠᠨ᠎ᠠ᠂ ᠡᠨᠡ ᠪᠤᠯ ᠬᠠᠳᠠ ᠮᠡᠳᠤ ᠬᠠᠳᠠᠭᠤ ᠢᠳᠡᠬᠡᠯ ᠪᠤᠯᠤᠨ᠎ᠠ᠂ ᠨᠡᠩ ᠴᠤ ᠡᠷᠡᠰ ᠴᠢᠩᠭ᠎ᠠ ᠬᠦᠴᠤᠨ ᠪᠦᠬᠦᠢ ᠠᠵᠢᠯᠯᠠᠭ᠎ᠠ ᠪᠤᠯᠤᠨ᠎ᠠ᠃ ᠨᠢᠬᠡ ᠮᠢᠨᠦ᠋ᠲ ᠲᠤ 20 ᠭᠠᠷᠤᠢ ᠬᠦᠮᠤᠨ ᠢ ᠶᠠᠳᠠᠭᠤ ᠠᠴᠠ ᠠᠩᠬᠢᠵᠢᠷᠠᠭᠤᠯᠵᠤ᠂ ᠠᠯᠢ ᠤᠯᠠᠨ ᠶᠠᠳᠠᠭᠤ ᠬᠦᠴᠢᠷᠳᠠᠯᠳᠠᠢ ᠬᠦᠮᠤᠨ ᠠᠮᠠ ᠮᠢᠬ᠎ᠠ ᠤᠯᠵᠥ ᠢᠳᠡᠬᠦ ᠦᠬᠡᠢ ᠪᠠᠶᠢᠬᠰᠠᠨ ᠠᠴᠠ ᠪᠠᠨ ᠢᠨᠲ᠋ᠧᠷ ᠰᠦᠯᠵᠢᠶ᠎ᠠ ᠭᠡᠷᠡᠭᠯᠡᠬᠦ ᠪᠤᠯᠵᠤ᠂ ᠲᠤᠭᠤᠰᠬᠠᠨ ᠪᠠᠶᠢᠰᠢᠩ ᠳᠤ ᠰᠠᠭᠤᠬᠤ ᠪᠤᠯᠪᠠ︔ ᠨᠢᠬᠡ ᠡᠳᠤᠷ 4 ᠲᠦᠮᠠ ᠭᠠᠷᠤᠢ ᠵᠠᠬ᠎ᠠ ᠲᠡᠯᠬᠡᠬᠦᠷ ᠤᠨ ᠭᠤᠤᠯ ᠴᠤᠬᠴᠠ ᠨᠡᠮᠡᠭᠳᠡᠵᠤ᠂ ᠠᠯᠢ ᠤᠯᠠᠨ ᠤᠢᠢᠯᠡᠰ ᠪᠤᠰᠬᠠᠬᠴᠢ ᠬᠦᠰᠡᠯ ᠵᠡᠬᠦᠳᠤ ᠪᠠᠨ ᠲᠡᠷᠭᠡᠯᠰᠢᠬᠦᠯᠬᠦ ᠤᠷᠤᠨ ᠪᠠᠶᠢᠷᠢ ᠪᠠᠨ ᠤᠯᠪᠠ︔ ᠲᠠᠪᠤᠨ ᠵᠢᠯ ᠤᠨ ᠳᠤᠳᠤᠷ᠎ᠠ ᠰᠢᠨ᠎ᠡ ᠪᠠᠷ ᠠᠵᠢᠯ ᠤᠯᠤᠭᠰᠠᠠ ᠬᠦᠮᠦᠨ ᠤ ᠲᠤᠭ᠎ᠠ ᠪᠠᠷᠤᠭ ᠠᠩᠭ᠍ᠯᠢ ᠶᠢᠨ ᠬᠦᠮᠤᠨ ᠠᠮᠠ ᠲᠠᠢ ᠲᠡᠩᠴᠡᠵᠤ᠂ ᠠᠯᠢ ᠤᠯᠠᠨ ᠬᠦᠮᠤᠰ ᠰᠢᠷᠭᠠᠭᠤ ᠲᠡᠮᠡᠴᠡᠯ ᠢᠶᠠᠷ ᠭᠡᠷ ᠪᠦᠯᠢ ᠪᠠᠨ ᠲᠤᠯᠭᠠᠭᠤᠷᠢᠯᠠᠵᠤ᠂ ᠬᠤᠪᠢ ᠵᠠᠶᠠᠭ᠎ᠠ ᠪᠠᠨ ᠬᠤᠪᠢᠷᠠᠭᠤᠯᠪᠠ ᠁ ᠡᠬᠡᠯ ᠠᠷᠠᠳ ᠤᠨ ᠵᠤᠯ ᠵᠢᠷᠭᠠᠯ ᠤᠨ ᠲᠦᠷᠦᠭᠳᠡᠯ᠂ ᠬᠦᠷᠳᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ᠂ ᠰᠢᠨ᠎ᠠ ᠴᠠᠬ ᠦᠶ᠎ᠠ ᠶᠢᠨ ᠬᠠᠯᠠᠭᠤᠨ ᠲᠤᠯᠠᠭᠠᠨ ᠲᠤᠷᠠᠳᠬᠠᠯ ᠢ ᠦᠯᠡᠳᠡᠬᠡᠵᠤ᠂ ᠬᠦᠮᠤᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠤᠷᠢᠶᠠᠯᠠᠵᠤ᠂ ᠲᠡᠷᠢᠬᠦᠯᠡᠭᠴᠢ ᠰᠢ ᠶᠢᠨ ᠫᠢᠩ ᠤᠨ ᠲᠤᠮᠤ ᠤᠯᠤᠰ ᠤᠨ ᠤᠳᠤᠷᠢᠳᠤᠬᠴᠢ ᠶᠢᠨ ᠠᠷᠠᠳ ᠲᠦᠮᠡᠨ ᠤ ᠲᠦᠯᠤᠬᠡ ᠵᠢᠳᠬᠦᠬᠦ ᠬᠠᠶᠢᠷ᠎ᠠ ᠰᠡᠳᠬᠢᠯᠬᠡ ᠎ ᠶᠢ ᠢᠯᠡᠷᠡᠬᠦᠯᠵᠤ᠂ ᠲᠡᠯᠡᠬᠡᠢ ᠳ᠋ᠡᠬᠢᠨ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠢ ᠡᠳ᠋ᠯᠡᠬᠦᠯᠵᠤ᠂ ᠳᠤᠮᠳᠠᠳᠤ ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠲᠠᠷᠬᠠᠨ ᠡᠬᠦᠷᠬᠡ ᠪᠤᠯᠤᠨ ᠤᠬ ᠰᠠᠨᠠᠭ᠎ᠠ ᠶᠢ ᠤᠢᠢᠯᠠᠭᠠᠭᠤᠯᠪᠠ᠃

  ᠳᠤᠮᠳᠠᠳᠤ ᠤᠯᠤᠰ ᠲᠤ ᠬᠠᠮᠤᠬ ᠤᠨ ᠰᠠᠶᠢᠨ ᠠᠷᠠᠳ ᠲᠦᠮᠡᠨ ᠪᠠᠶᠢᠨ᠎ᠠ᠂ ᠳᠤᠮᠳᠠᠳᠤ ᠤᠯᠤᠰ ᠤᠨ ᠦᠬᠡᠷᠡᠴᠢᠯᠠᠯᠳᠠ ᠬᠦᠭᠵᠢᠯᠳᠠ ᠶᠢ ᠲᠡᠯᠡᠬᠡᠢ ᠳ᠋ᠡᠬᠢᠨ ᠢᠶᠠᠷ ᠢᠶᠠᠨ ᠠᠵᠢᠯᠴᠢ ᠪᠤᠷᠤᠬᠵᠢᠭᠤᠨ ᠬᠤᠪᠢᠰᠬᠠᠯ ᠬᠡᠵᠤ ᠪᠤᠢ᠂ ᠲᠦᠭ ᠲᠦᠮᠡᠨ ᠠᠷᠠᠳ ᠲᠦᠮᠡᠨ ᠦᠪᠡᠷ ᠤᠨ ᠠᠵᠢᠯᠴᠢ ᠬᠦᠳᠡᠯᠮᠦᠷᠢᠴᠢ᠂ ᠡᠷᠡᠯᠬᠡᠭ ᠪᠠᠭᠠᠳᠤᠷᠯᠢᠬ᠂ ᠤᠶᠤᠨ ᠤᠬᠠᠭᠠᠨ ᠳᠠᠭᠠᠨ ᠲᠦᠰᠢᠭᠯᠡᠵᠤ᠂ ᠦᠪᠡᠷ ᠤᠨ ᠰᠠᠶᠢᠨ ᠰᠠᠶᠢᠬᠠᠨ ᠭᠡᠷ ᠤᠷᠤᠨ ᠢᠶᠠᠨ ᠪᠠᠶᠢᠭᠤᠯᠪᠠ᠃ ᠰᠢᠨ᠎ᠠ ᠨᠢᠬᠡ ᠵᠢᠯ ᠳᠤ᠂ ᠠᠷᠠᠳ ᠲᠦᠮᠡᠨ ᠳᠤ ᠪᠠᠰᠠ ᠴᠦᠬᠡᠨ ᠪᠤᠰᠤ ᠰᠡᠳᠬᠢᠯ ᠠᠯᠭᠠᠰᠠᠵᠤ ᠰᠠᠨᠠᠭ᠎ᠠ ᠵᠤᠪᠠᠭ᠋ᠤ ᠶᠠᠪᠤᠳᠠᠯ ᠪᠠᠶᠢᠨ᠎ᠠ᠂ ᠵᠠᠯᠠᠭᠤᠴᠤᠳ ᠤᠷᠤᠨ ᠰᠠᠭᠤᠴᠠ ᠶᠢᠨ ᠦᠨ᠎ᠠ ᠬᠠᠩᠰᠢ ᠦᠨᠳᠤᠷ᠂ ᠪᠠᠷᠠᠭᠠᠨ ᠤ ᠦᠨ᠎ᠠ ᠬᠠᠩᠰᠢ ᠦᠨᠳᠤᠷ ᠲᠤ ᠵᠤᠪᠠᠵᠤ᠂ ᠡᠵᠢ ᠠᠪᠤ ᠪᠤᠯᠤᠬᠰᠠᠳ ᠪᠠᠰᠠ ᠬᠡᠤᠬᠡᠳ ᠤᠨ ᠢᠶᠠᠨ ᠠᠮᠤᠷ ᠲᠦᠪᠰᠢᠨ ᠪᠤᠯᠤᠨ ᠡᠷᠡᠬᠦᠯ ᠮᠡᠠᠳᠤ ᠶᠢᠨ ᠲᠦᠯᠤᠬᠡ ᠵᠤᠪᠠᠵᠤ᠂ ᠬᠦᠴᠤ ᠶᠠᠪᠤᠬᠴᠢ ᠨᠡᠩ ᠢᠯᠡᠬᠦᠤ ᠲᠤᠯᠠᠭᠠᠨ ᠪᠦᠯᠢᠶᠠᠨ᠂ ᠨᠡᠩ ᠢᠯᠡᠬᠦᠤ ᠪᠠᠳᠤᠯᠠᠪᠤᠷᠢ ᠲᠠᠢ ᠪᠤᠯᠬᠤ ᠶᠢ ᠬᠦᠰᠡᠵᠤ᠂ ᠬᠦᠴᠢᠷᠳᠠᠯᠳᠠᠢ ᠤᠯᠠᠨ ᠲᠦᠮᠡᠨ ᠨᠡᠷ᠎ᠠ ᠲᠦᠷᠤ ᠲᠠᠢ ᠠᠮᠢᠳᠤᠷᠠᠵᠤ᠂ ᠠᠮᠢᠳᠤᠷᠠᠯ ᠨᠡᠩ ᠡᠷᠡᠮᠡᠯᠵᠡᠯ ᠲᠠᠢ ᠪᠤᠯᠬᠤ ᠶᠢ ᠬᠦᠰᠡᠵᠤ ᠪᠠᠶᠢᠨ᠎ᠠ᠃ ᠠᠷᠠᠳ ᠲᠦᠮᠡᠨ ᠳᠤ ᠪᠤᠶᠠᠨ ᠤᠢᠢᠯᠡᠳᠬᠦ ᠪᠠᠷ ᠬᠠᠮᠤᠬ ᠤᠨ ᠶᠡᠭᠡ ᠠᠵᠢᠯ ᠤᠨ ᠠᠮᠵᠢᠯᠳᠠ ᠪᠤᠯᠭᠠᠨ᠎ᠠ ᠭᠡᠳᠡᠭ ᠨᠢ ᠪᠢᠳᠠ ᠡᠷᠬᠡᠪᠰᠢ ᠠᠷᠠᠳ ᠲᠦᠮᠡᠨ ᠳᠤ ᠠᠬ᠎ᠠ ᠲᠡᠬᠦᠤ ᠮᠡᠳᠤ ᠬᠠᠶᠢᠷ᠎ᠠ ᠰᠡᠳᠬᠢᠯᠬᠡ ᠶᠢ ᠡᠪᠤᠷᠯᠠᠵᠤ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠬᠦᠷᠢ ᠶᠢ ᠴᠠᠬ ᠢᠮᠠᠬᠳᠠ ᠪᠤᠳᠤᠵᠤ᠂ ᠠᠷᠠᠳ ᠲᠦᠮᠡᠨ ᠤ ᠵᠤᠪᠠᠭ᠋ᠤ ᠳᠤ ᠵᠤᠪᠠᠵᠤ᠂ ᠠᠷᠠᠳ ᠲᠦᠮᠡᠨ ᠤ ᠪᠠᠶᠠᠰᠬᠤ ᠳᠤ ᠪᠠᠶᠠᠰᠴᠤ᠂ ᠠᠷᠠᠳ ᠲᠦᠮᠡᠨ ᠤ ᠠᠮᠢᠳᠤᠷᠠᠯ ᠢ ᠨᠡᠩ ᠵᠢᠷᠭᠠᠯ ᠲᠠᠢ ᠪᠤᠯᠭᠠᠵᠤ᠂ ᠬᠦᠮᠤᠨ ᠤ ᠠᠮᠢᠳᠤᠷᠠᠯ ᠤᠨ ᠬᠡᠷᠡᠯ ᠬᠢᠯᠪᠠᠭ᠎ᠠ ᠪᠠᠨ ᠰᠠᠴᠤᠷᠠᠭᠤᠯᠬᠤ ᠲᠠᠪᠴᠠᠩ ᠢ ᠨᠡᠩ ᠦᠷᠬᠡᠨ ᠪᠤᠯᠭᠠᠵᠤ᠂ ᠬᠦᠰᠡᠯ ᠵᠡᠬᠦᠳᠤ ᠪᠠᠨ ᠲᠡᠷᠬᠡᠯᠰᠢᠬᠦᠯᠬᠦ ᠵᠠᠮ ᠢ ᠨᠡᠩ ᠰᠠᠷᠠᠭᠤᠯ ᠲᠠᠷᠳᠠᠩ ᠪᠤᠯᠭᠠᠬᠤ ᠭᠡᠷᠡᠭᠳᠠᠢ᠃

  ᠬᠦᠭᠵᠢᠯᠳᠡ ᠶᠢᠨ ᠡᠴᠦᠰ ᠤᠨ ᠬᠠᠷᠠᠯᠳᠠ ᠪᠤᠯ ᠠᠷᠠᠳ ᠲᠦᠮᠡᠨ ᠳᠤ ᠪᠤᠶᠠᠨ ᠦᠢᠯᠡᠳᠦᠨ᠎ᠠ︔ ᠠᠷᠠᠳ ᠲᠦᠮᠡᠨ ᠳᠤ ᠪᠤᠶᠠᠨ ᠦᠢᠯᠡᠳᠬᠦ ᠪᠤᠯ ᠮᠠᠨ ᠤ ᠠᠯᠢᠪᠠ ᠠᠵᠢᠯ ᠤᠨ ᠵᠤᠷᠢᠯᠳᠠ ᠪᠠ ᠳᠤᠰᠤᠯᠳᠠ ᠪᠤᠯᠤᠨ᠎ᠠ᠃ ᠪᠦᠬᠦ ᠤᠯᠤᠰ ᠤᠨ ᠠᠷᠠᠳ ᠲᠦᠮᠡᠨ ᠢ ᠨᠢᠭᠡ ᠶᠢ ᠴᠤ ᠬᠤᠴᠤᠷᠤᠭᠤᠯᠬᠤ ᠦᠭᠡᠢ᠎ ᠪᠠᠷ ᠴᠢᠨᠡᠭᠡᠯᠢᠭ ᠨᠡᠶᠢᠭᠡᠮ ᠳᠤ ᠤᠷᠤᠭᠤᠯᠬᠤ ᠭᠡᠵᠤ ᠪᠠᠶᠢᠬᠤ ᠨᠢ ᠳᠤᠮᠳᠠᠳᠤ ᠶᠢᠨ ᠦᠨᠳᠦᠰᠦᠳᠡᠨ ᠤ ᠬᠡᠳᠦᠨ ᠮᠢᠩᠭᠠᠨ ᠵᠢᠯ ᠤᠨ ᠲᠡᠤᠬᠡᠨ ᠳᠡᠭᠡᠷ᠎ᠠ ᠠᠩᠬ᠎ᠠ ᠤᠳᠠᠭ᠎ᠠ ᠪᠦᠬᠦ ᠶᠠᠳᠠᠭᠤ ᠬᠦᠴᠢᠷᠳᠡᠯ ᠢ ᠠᠷᠢᠯᠭᠠᠬᠤ ᠪᠠᠷ ᠪᠠᠶᠢᠭ᠎ᠠ ᠦᠵᠡᠭᠳᠡᠯ ᠪᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠳᠠ ᠶᠢ ᠤᠯᠬᠤ ᠳᠤ ᠭᠤᠷᠪᠠᠭ᠋ᠠᠨ ᠵᠢᠯ ᠤᠨ ᠬᠤᠭᠤᠴᠠᠭ᠎ᠠ ᠦᠯᠡᠳᠡᠵᠤ ᠪᠤᠢ᠂ ᠴᠠᠭ ᠪᠠᠴᠢᠮ ᠡᠭᠦᠷᠭᠡ ᠬᠦᠨᠳᠦ ᠪᠠᠶᠢᠨ᠎ᠠ᠃ ᠲᠦᠭ ᠲᠦᠮᠡᠨ ᠡᠭᠡᠯ ᠵᠢᠷ ᠤᠨ ᠬᠦᠮᠥᠰ ᠬᠠᠮᠤᠭ ᠤᠨ ᠠᠭᠤᠤ ᠶᠡᠭᠡ᠂ ᠠᠷᠠᠳ ᠲᠦᠮᠡᠨ ᠤ ᠬᠦᠴᠦᠨ ᠨᠢᠭᠳᠠᠷᠠᠪᠠᠯ ᠲᠡᠭᠷᠢ ᠭᠠᠵᠠᠷ ᠢ ᠬᠤᠪᠢᠷᠠᠭᠤᠯᠬᠤ ᠠᠤᠭ᠎ᠠ ᠬᠦᠴᠦᠨ ᠪᠤᠯᠵᠤ ᠪᠦᠷᠢᠯᠳᠦᠨ᠎ᠠ᠃ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠡᠨᠡᠬᠦ ᠦᠨᠳᠦᠰᠦᠨ ᠦᠵᠡᠯ ᠰᠠᠨᠠᠭ᠎ᠠ ᠶᠢ ᠪᠠᠷᠢᠮᠳᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠪᠡᠶᠡᠯᠡᠭᠦᠯᠬᠦ ᠡᠨᠡᠬᠦ ᠲᠡᠷᠢᠭᠦᠨ ᠴᠢᠬᠤᠯᠠ ᠬᠠᠷᠠᠯᠳᠠ ᠶᠢ ᠪᠠᠷᠢᠮᠳᠠᠯᠠᠵᠤ᠂ ᠭᠠᠪᠰᠢᠭᠠᠢᠢᠯᠠᠨ ᠪᠠᠶᠢᠯᠳᠤᠵᠤ᠂ ᠵᠦᠪ ᠤᠨᠤᠪᠴᠢᠳᠠᠢ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠬᠦᠷᠪᠡᠯ᠂ ᠯᠠᠪᠳᠠᠢ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠳᠡᠨ ᠪᠠ ᠪᠦᠬᠦ᠋ᠢᠯᠡ ᠬᠦᠮᠦᠨ ᠲᠦᠷᠦᠯᠬᠢᠳᠡᠨ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠡᠨᠡᠬᠦ ᠠᠭᠤᠤ ᠦᠢᠯᠡᠰ ᠢ ᠪᠡᠶᠡᠯᠡᠭᠦᠯᠵᠤ ᠳᠡᠶᠢᠯᠦᠨ᠎ᠠ᠃

  ᠬᠡᠴᠢᠨᠡᠨ ᠬᠤᠯᠠ ᠵᠠᠮ ᠢ ᠠᠶᠠᠯᠠᠵᠤ᠂ ᠬᠡᠴᠢᠨᠡᠨ ᠬᠤᠯᠠ ᠢᠷᠡᠭᠡᠳᠦᠢ ᠳᠤ ᠬᠦᠷᠦᠭᠰᠡᠨ ᠴᠤ ᠠᠷᠠᠳ ᠲᠦᠮᠡᠨ ᠪᠤᠯ ᠡᠭᠦᠷᠢᠳᠡ ᠮᠠᠨ ᠤ ᠵᠠᠩᠭᠢᠯᠠᠭ᠎ᠠ ᠶᠢᠨ ᠦᠭᠡᠰ ᠪᠤᠯᠤᠨ᠎ᠠ᠃ ᠬᠠᠮᠤᠭ ᠤᠨ ᠠᠭᠤᠤ ᠶᠡᠭᠡ ᠬᠦᠴᠦᠨ ᠪᠤᠯ ᠬᠦᠮᠦᠰ ᠠᠴᠠ ᠢᠷᠡᠳᠡᠭ᠂ ᠬᠠᠮᠤᠭ ᠤᠨ ᠭᠦᠨᠵᠡᠭᠡᠢ ᠬᠤᠪᠢᠷᠠᠯᠳᠠ ᠨᠢ ᠬᠦᠮᠦᠰ ᠲᠤ ᠪᠠᠶᠢᠨ᠎ᠠ᠂ ᠬᠠᠮᠤᠭ ᠤᠨ ᠪᠤᠳᠠᠳᠠᠢ ᠦᠷ᠎ᠠ ᠪᠦᠲᠦᠭᠡᠯ ᠨᠢ ᠬᠦᠮᠦᠰ ᠲᠤ ᠠᠰᠢᠭ ᠬᠦᠷᠳᠡᠭᠡᠨ᠎ᠠ᠂ ᠮᠠᠨ ᠤ ᠡᠨᠡᠬᠦ ᠳᠤᠮᠳᠠᠳᠤ ᠤᠯᠤᠰ ᠤᠨ ᠬᠠᠮᠤᠭ ᠤᠨ ᠦᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠦᠯᠦᠭᠡᠯᠡᠭᠰᠡᠨ ᠠᠷᠠᠳ ᠲᠦᠮᠡᠨ ᠤ ᠲᠦᠷᠦ ᠶᠢᠨ ᠨᠠᠮ ᠯᠠᠪᠳᠠᠶ᠎ᠠ ᠬᠠᠶᠢᠷ᠎ᠠ ᠬᠠᠯᠠᠮᠵᠢ ᠪᠠᠷ ᠪᠢᠯᠬᠠᠭᠰᠠᠨ ᠳᠤᠮᠳᠠᠳᠤ ᠤᠯᠤᠰ ᠤᠨ ᠦᠯᠢᠭᠡᠷ᠎ ᠢ ᠰᠢᠨ᠎ᠠ ᠤᠨ ᠰᠠᠷ᠎ᠠ ᠳᠤ ᠳᠠᠬᠢᠨ ᠪᠢᠴᠢᠭᠯᠡᠬᠦ ᠪᠤᠯᠤᠨ᠎ᠠ᠃

  (ᠰᠢᠨᠬᠤᠸᠠ ᠬᠤᠷᠢᠶᠠᠨ ᠤ ᠪᠡᠭᠡᠵᠢᠩ ᠤᠨ 2017 ᠤᠨ ᠤ 12 ᠰᠠᠷ᠎ᠠ ᠶᠢᠨ 31᠎ ᠤ ᠴᠠᠬᠢᠯᠭᠠᠨ ᠮᠡᠳᠡᠭᠡ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com