ᠰᠢᠷᠭᠠᠭᠤ ᠲᠡᠮᠡᠴᠡᠯ ᠢᠶᠠᠷ ᠢᠶᠠᠨ ᠵᠤᠯ ᠵᠢᠷᠭᠠᠯᠳᠤ ᠢᠷᠡᠬᠡᠳᠤᠢ ᠶᠢ ᠨᠡᠬᠡᠬᠡᠨ᠎ᠡ

  — ᠲᠡᠷᠢᠬᠦᠯᠡᠭᠴᠢ ᠰᠢ ᠶᠢᠨ ᠫᠢᠩ ᠤᠨ 2018 ᠤᠨ ᠤ ᠰᠢᠨ᠎ᠡ ᠵᠢᠯ ᠤᠨ ᠪᠠᠶᠠᠷ ᠤᠨ ᠦᠬᠡ ᠨᠡᠶᠢᠬᠡᠮ ᠤᠨ ᠡᠯ᠎ᠡ ᠡᠳᠡᠭᠡᠳ ᠤᠨ ᠲᠤᠮᠳᠠ ᠴᠢᠩᠭ᠎ᠠ ᠲᠤᠰᠬᠠᠯ ᠭᠠᠷᠪᠠ

  1 ᠰᠠᠷ᠎ᠠ ᠶᠢᠨ 1᠎ ᠤ ᠡᠳᠤᠷ ᠤᠨ 7 ᠴᠠᠭ 05 ᠮᠢᠨᠦ᠋ᠲ ᠲᠤ᠂ G10 ᠤᠳᠠᠭ᠎ᠠ ᠶᠢᠨ ᠭᠠᠯᠳᠤ ᠲᠡᠷᠭᠡ ᠱᠠᠩᠬᠠᠢ ᠶᠢᠨ ᠬᠤᠩ ᠴᠢᠶᠤᠤ ᠭᠠᠯᠳᠤ ᠲᠡᠷᠬᠡᠨ ᠦᠷᠳᠡᠭᠡ ᠠᠴᠠ ᠮᠤᠷᠳᠠᠵᠥ ᠪᠡᠭᠡᠵᠢᠩ ᠢ ᠵᠤᠷᠢᠯ᠎ᠠ᠃ ᠡᠨᠡ ᠪᠤᠯ ᠦᠢᠯᠡᠴᠢᠯᠡᠭᠴᠢ ᠶᠢᠨ ᠡᠬᠡᠯᠵᠢ ᠲᠠᠭᠠᠭᠤᠯᠤᠭᠴᠢ ᠯᠢᠶᠠᠩ ᠢᠤᠢ ᠵᠢᠶᠠᠩ ᠤᠨ 2018 ᠤᠨ ᠤ ᠠᠩᠬᠠᠳᠠᠭᠴᠢ ᠡᠬᠡᠯᠵᠢ ᠶᠢᠨ ᠰᠡᠷᠬᠦᠨ ᠮᠠᠨᠳᠤᠯᠳᠡ ᠨᠡᠷᠡᠮᠵᠢᠳᠤ ᠪᠤᠯᠤᠨ᠎ᠠ᠃ ᠲᠡᠷᠡ ᠬᠠᠮᠳᠤ ᠠᠵᠢᠯᠯᠠᠭᠰᠠᠳ ᠲᠠᠢ ᠪᠠᠨ 5 ᠴᠠᠭ ᠬᠠᠭᠠᠰ ᠲᠤ ᠭᠠᠯᠳᠤ ᠲᠡᠷᠭᠡᠨ ᠦᠷᠳᠡᠭᠡ ᠳᠤ ᠬᠦᠷᠴᠦ ᠶᠠᠭᠠᠷᠠᠵᠥ ᠡᠬᠢᠯᠡᠭᠰᠡᠡ ᠪᠠᠶᠢᠨ᠎ᠠ᠃

  ᠲᠡᠷᠢᠬᠦᠯᠡᠭᠴᠢ ᠰᠢ ᠶᠢᠨ ᠫᠢᠩ ᠰᠢᠨ᠎ᠡ ᠵᠢᠯ ᠤᠨ ᠪᠠᠶᠠᠷ ᠤᠨ ᠦᠬᠡ ᠳᠡᠭᠡᠨ ᠰᠡᠷᠬᠦᠨ ᠮᠠᠨᠳᠤᠯᠳᠡ ᠨᠡᠷᠡᠮᠵᠢᠳᠤ ᠡᠬᠡ ᠤᠯᠤᠰ ᠤᠨ ᠦᠷᠭᠡᠨ ᠠᠭᠤᠳᠠᠮ ᠡᠬᠡ ᠭᠠᠵᠠᠷ ᠲᠡᠭᠡᠷ᠎ᠡ ᠲᠤᠪᠳᠤᠯᠤᠨ᠎ᠠ ᠬᠡᠵᠥ ᠲᠤᠷᠠᠳᠪᠠ᠃ ᠡᠨᠡᠬᠦ ᠦᠬᠡ ᠶᠢ ᠰᠤᠨᠤᠰᠤᠭᠠᠳ ᠲᠤᠩ ᠤᠮᠤᠭᠰᠢᠭᠰᠠᠠ ᠪᠦᠭᠡᠳ ᠶᠡᠬᠡᠳᠡ ᠵᠤᠷᠢᠬᠵᠢᠵᠡᠢ ᠭᠡᠵᠤ ᠯᠢᠶᠠᠩ ᠢᠤᠢ ᠵᠢᠶᠠᠩ ᠬᠡᠯᠡᠨ᠎ᠡ᠃ ᠰᠡᠷᠬᠦᠨ ᠮᠠᠨᠳᠤᠯᠳᠡ ᠨᠡᠷᠡᠮᠵᠢᠳᠤ ᠪᠤᠯ ᠲᠤᠮᠳᠠᠳᠤ ᠤᠯᠤᠰ ᠤᠨ ᠤᠶᠤᠨᠳᠤ ᠦᠢᠯᠡᠳᠬᠦᠢ ᠶᠢᠨ ᠨᠡᠷ᠎ᠡ ᠶᠢᠨ ᠬᠠᠭᠤᠳᠠᠰᠤ ᠮᠥᠨ᠂ ᠲᠤᠮᠳᠠᠳᠤ ᠤᠯᠤᠰ ᠤᠨ ᠤᠮᠤᠭᠰᠢᠯ ᠪᠤᠯᠤᠨ᠎ᠠ᠃ ᠪᠢ ᠴᠢᠷᠮᠡᠶᠢᠵᠥ ᠪᠠᠶᠢᠭᠠᠳ ᠲᠤᠮᠳᠠᠳᠤ ᠤᠯᠤᠰ ᠤᠨ ᠦᠢᠯᠡᠴᠢᠯᠡᠬᠡᠨ ᠤ ᠨᠡᠷ᠎ᠡ ᠶᠢᠨ ᠬᠠᠭᠤᠳᠠᠰᠤ ᠶᠢ ᠬᠢᠯᠠᠯᠵᠠᠭᠤᠯᠤᠨ᠎ᠠ ᠬᠡᠵᠥ ᠲᠡᠷᠡ ᠬᠡᠯᠡᠪᠡ᠃

  ᠠᠷᠠᠳ ᠲᠦᠮᠡᠨ ᠳᠤ ᠪᠤᠶᠠᠨ ᠦᠢᠯᠡᠳᠬᠦ ᠶᠠᠪᠤᠳᠠᠯ ᠢ ᠦᠨᠡᠨᠬᠦ ᠰᠠᠶᠢᠳᠤᠷ ᠬᠢᠵᠥ ᠪᠤᠳᠠᠳᠠᠢ ᠬᠢᠨ᠎ᠡ

  ᠲᠡᠷᠢᠬᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠬᠡ ᠠᠷᠠᠳ ᠲᠦᠮᠡᠨ ᠲᠠᠢ ᠰᠡᠳᠬᠢᠯ ᠢᠶᠠᠨ ᠬᠤᠯᠪᠤᠵᠥ᠂ ᠠᠷᠠᠳ ᠲᠦᠮᠡᠨ ᠢ ᠬᠠᠯᠠᠮᠵᠢᠯᠠᠭᠰᠠᠠ ᠪᠠᠶᠢᠨ᠎ᠠ᠃ ᠱᠠᠨᠰᠢ ᠶᠢᠨ ᠶᠠᠨ ᠠᠨ ᠬᠤᠳᠠ ᠶᠢᠨ ᠪᠤᠤ ᠲᠠ ᠱᠠᠨ ᠲᠤᠭᠤᠷᠢᠭ ᠤᠨ ᠭᠠᠨ ᠬᠦ᠋ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠫᠢᠩ᠂ ᠪᠢᠳᠡ ᠡᠷᠬᠡᠪᠰᠢ ᠲᠡᠷᠢᠬᠦᠯᠡᠭᠴᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ᠂ ᠴᠠᠭ ᠢᠮᠠᠬᠳᠠ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠪᠤᠳᠠᠳᠠᠢ ᠶᠠᠪᠤᠳᠠᠯ ᠬᠢᠵᠥ᠂ ᠰᠠᠶᠢᠨ ᠶᠠᠪᠤᠳᠠᠯ ᠬᠢᠵᠥ᠂ ᠬᠦᠴᠢᠷᠳᠡᠯ ᠢ ᠨᠢ ᠰᠢᠢᠳᠪᠤᠷᠢᠯᠡᠵᠥ ᠦᠭᠬᠦ ᠬᠡᠷᠡᠭᠳᠡᠢ᠃ ᠲᠠᠷᠠᠭ᠎ᠠ ᠪᠠᠷ ᠪᠢᠳᠡ ᠠᠵᠥ ᠦᠢᠯᠡᠰ ᠢᠶᠠᠨ ᠤᠯᠠᠮ ᠰᠠᠶᠢᠳᠤᠷ ᠬᠦᠭᠵᠢᠬᠦᠯᠵᠥ᠂ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠵᠥ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠨᠠᠮ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠠᠨ ᠬᠦ᠋ ᠢ ᠪᠠᠯᠭᠠᠰᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠳᠤᠯᠠᠨ᠎ᠠ ᠬᠡᠵᠥ ᠬᠡᠯᠡᠪᠡ᠃

  ᠰᠢᠨ᠎ᠠ ᠵᠢᠯ ᠢ ᠤᠭᠳᠤᠬᠤ ᠤᠷᠤᠢ᠂ ᠴᠢᠶᠠᠨ ᠪᠸᠢ ᠶᠢᠨ ᠠᠭᠤᠯᠠᠨ ᠲᠤᠰᠬᠤᠨ ᠳᠤ ᠲᠠᠰᠭᠢᠮ᠎ᠠ ᠬᠦᠢᠳᠡᠨ ᠪᠠᠶᠢᠭᠰᠠᠠ ᠴᠦ ᠨᠠᠮ ᠤᠨ ᠭᠡᠰᠢᠭᠦᠨ ᠤᠯᠠᠨ ᠲᠦᠮᠡᠨ ᠤ ᠦᠷᠦᠭᠡ᠎ ᠳᠤ ᠬᠠᠷᠢᠨ ᠳ᠋ᠧᠩ ᠤᠨ ᠭᠡᠷᠡᠯ ᠳᠤᠸᠠᠯᠠᠵᠤ᠂ ᠲᠤᠩ ᠬᠠᠯᠠᠭᠤᠬᠠᠨ ᠪᠠᠶᠢᠯ᠎ᠠ᠃ ᠭᠦᠢᠵᠸᠤ ᠶᠢᠨ ᠽᠦᠨ ᠶᠢ ᠬᠤᠲᠠ ᠶᠢᠨ ᠪᠦᠸᠧ ᠵᠸᠤ ᠲᠤᠭᠤᠷᠢᠭ ᠤᠨ ᠬᠤᠸᠠ ᠮᠤᠤ ᠲᠤᠰᠬᠤᠨ ᠤ ᠨᠠᠮ ᠤᠨ ᠡᠭᠦᠷ ᠤᠨ ᠱᠦᠵᠢ ᠫᠠᠨ ᠺᠧ ᠭᠠᠩ ᠶᠠᠭ ᠲᠤᠰᠬᠤᠨ ᠤ ᠬᠡᠰᠡᠭ ᠠᠷᠠᠳ ᠲᠠᠢ ᠳᠠᠷᠠᠭ᠎ᠠ ᠵᠢᠯ ᠤᠨ ᠬᠦᠭᠵᠢᠯᠳᠡ ᠶᠢᠨ ᠰᠡᠳᠭᠢᠴᠡ ᠪᠠᠨ ᠬᠦᠭᠵᠢᠶᠠᠨᠳᠠᠢ ᠶᠠᠷᠢᠯᠴᠠᠵᠤ ᠰᠠᠭᠤᠨ᠎ᠠ᠄ 2020 ᠤᠨ ᠪᠤᠯᠬᠤ ᠦᠶ᠎ᠠ ᠪᠠᠷ ᠮᠠᠨ ᠤ ᠤᠯᠤᠰ ᠤᠨ ᠤᠳᠤᠬᠠᠨ ᠤ ᠬᠡᠷᠡᠭᠵᠢᠭᠦᠯᠵᠤ ᠪᠠᠶᠢᠭ᠎ᠠ ᠪᠠᠷᠢᠮᠵᠢᠶ᠎ᠠ ᠳᠤᠤᠷᠠᠬᠢ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ᠎ᠠ᠂ ᠲᠡᠷᠢᠭᠦᠯᠡᠭᠴᠢ ᠰᠢ ᠶᠢᠨ ᠫᠢᠩ ᠤᠨ ᠲᠦᠪ ᠴᠢᠩᠭ᠎ᠠ ᠠᠮᠠᠯᠠᠯᠳᠠ ᠨᠢ ᠦᠯᠡᠮᠵᠢ ᠶᠡᠭᠡ ᠬᠠᠶᠢᠷ᠎ᠠ ᠰᠡᠳᠭᠢᠯᠭᠡ ᠶᠢ ᠠᠭᠤᠯᠵᠤ᠂ ᠬᠦᠮᠦᠨ ᠤ ᠰᠡᠳᠭᠢᠯ ᠢ ᠳᠤᠯᠠᠭᠠᠴᠠᠭᠤᠯᠤᠨ᠎ᠠ᠃ ᠰᠠᠶᠢᠨ ᠰᠠᠶᠢᠬᠠᠨ ᠠᠮᠢᠳᠤᠷᠠᠯ ᠢ ᠪᠤᠯ ᠰᠢᠷᠭᠠᠭᠤ ᠴᠢᠷᠮᠠᠶᠢᠯᠭ᠎ᠠ ᠪᠠᠷ ᠤᠯᠳᠠᠭ᠂ ᠪᠢᠳᠡ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠦ ᠴᠡᠭᠡᠵᠢᠯᠡᠵᠤ᠂ ᠬᠠᠳᠠᠭᠤᠵᠢᠯᠳᠠᠢ ᠠᠵᠢᠯᠯᠠᠬᠤ ᠪᠠᠷ ᠳᠠᠮᠵᠢᠵᠤ ᠪᠢᠳᠡᠨ ᠤ ᠭᠡᠷ ᠤᠷᠤᠨ ᠢᠶᠠᠨ ᠨᠡᠩ ᠰᠠᠶᠢᠬᠠᠨ᠂ ᠨᠡᠩ ᠦᠵᠡᠰᠭᠦᠯᠡᠩ ᠪᠤᠯᠭᠠᠶ᠎ᠠ ᠭᠡᠵᠤ ᠬᠡᠯᠡᠵᠤ ᠪᠠᠶᠢᠯ᠎ᠠ᠃

  ᠲᠡᠷᠢᠭᠦᠯᠡᠭᠴᠢ ᠰᠢ ᠶᠢᠨ ᠫᠢᠩ ᠰᠢᠨ᠎ᠠ ᠵᠢᠯ ᠤᠨ ᠪᠠᠶᠠᠷ ᠤᠨ ᠦᠭᠡ ᠳᠡᠭᠡᠨ᠂ ᠡᠭᠦᠷᠭᠡᠳᠦ ᠪᠤᠳᠤᠯ ᠪᠤᠯᠤᠨ ᠬᠠᠷᠢᠭᠤᠴᠠᠯᠭᠠᠳᠤ ᠰᠡᠳᠭᠢᠯᠭᠡ ᠪᠠᠨ ᠴᠢᠩᠭᠠᠳᠬᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠠᠪᠤᠳᠠᠯ ᠢ ᠦᠨᠡᠨᠬᠦ ᠰᠠᠶᠢᠨ ᠬᠢᠬᠦ ᠬᠡᠷᠡᠭᠲᠠᠢ ᠭᠡᠵᠤ ᠴᠢᠬᠤᠯᠠᠴᠢᠯᠠᠵᠠᠢ᠂ ᠦᠨᠳᠦᠰᠦᠨ ᠱᠠᠳᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠪᠤᠯᠤᠭᠰᠠᠨ ᠤ ᠬᠤᠪᠢ ᠳᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠠᠰᠠᠭᠤᠳᠠᠯ ᠤᠨ ᠲᠤᠬᠠᠢ ᠰᠠᠬᠢᠯᠭ᠎ᠠ ᠪᠠᠲᠦ ᠬᠡᠷᠡᠭᠵᠢᠭᠦᠯᠵᠤ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠦᠷᠭᠦᠯᠵᠢᠯᠡᠨ ᠰᠠᠶᠢᠨ ᠠᠳᠬᠤᠵᠤ᠂ ᠠᠷᠠᠳ ᠲᠦᠮᠡᠨ ᠤ ᠡᠰᠡᠷᠭᠦᠴᠡᠵᠤ ᠪᠠᠶᠢᠭ᠎ᠠ᠂ ᠳᠤᠷ᠎ᠠ ᠦᠭᠡᠶᠢᠴᠡᠵᠤ ᠪᠠᠶᠢᠭ᠎ᠠ ᠳᠤᠪᠤᠶᠢᠮ᠎ᠠ ᠠᠰᠠᠭᠤᠳᠠᠯ ᠢᠶᠠᠷ ᠭᠤᠤᠯᠳᠠᠭᠤᠯᠵᠤ ᠰᠠᠬᠢᠯᠭ᠎ᠠ ᠪᠠᠳᠤ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠵᠤ᠂ ᠡᠯ᠎ᠠ ᠵᠦᠢᠯ ᠤᠨ ᠲᠦᠪ ᠪᠤᠰᠤ ᠰᠤᠷᠳᠠᠯ ᠢ ᠡᠷᠡᠰ ᠵᠠᠯᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠦᠨᠳᠦᠰᠦᠨ ᠱᠠᠳᠤᠨ ᠳᠤ ᠬᠦᠷᠲᠡᠯ᠎ᠡ ᠬᠢᠨ᠎ᠡ ᠭᠡᠵᠤ ᠬᠤᠪᠸᠢ ᠮᠤᠵᠢ ᠶᠢᠨ ᠰᠢᠶᠠᠨ ᠨᠢᠩ ᠤᠨ ᠰᠢᠶᠠᠨ ᠠᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠾᠧ ᠴᠢᠤᠸᠠᠨ ᠬᠡᠯᠡᠵᠤ ᠪᠠᠶᠢᠯ᠎ᠠ᠃

  2017 ᠤᠨ ᠤ 12 ᠰᠠᠷ᠎ᠠ ᠶᠢᠨ 31᠎ ᠤ ᠤᠷᠤᠢ᠂ ᠰᠢᠶᠦ᠋ᠩ ᠠᠨ ᠰᠢᠨ᠎ᠠ ᠲᠤᠭᠤᠷᠢᠭ ᠤᠨ ᠵᠦ ᠭᠧ ᠵᠤᠸᠠᠩ ᠪᠠᠯᠭᠠᠰᠤ ᠶᠢᠨ ᠳᠠᠷᠤᠭ᠎ᠠ ᠯᠢ ᠵᠢᠶᠠᠨ ᠸᠧᠢ ᠠᠵᠢᠯ ᠤᠨ ᠪᠠᠶᠢᠷᠢ ᠳᠠᠭᠠᠨ ᠲᠡᠷᠢᠭᠦᠯᠡᠭᠴᠢ ᠰᠢ ᠶᠢᠨ ᠫᠢᠩ ᠤᠨ ᠰᠢᠨ᠎ᠠ ᠵᠢᠯ ᠤᠨ ᠪᠠᠶᠠᠷ ᠤᠨ ᠦᠭᠡ ᠶᠢ ᠰᠤᠨᠤᠰᠤᠭᠰᠠᠠ ᠪᠠᠶᠢᠪᠠ᠃ 2018 ᠤᠨ ᠪᠤᠯ ᠰᠢᠶᠦ᠋ᠩ ᠠᠨ ᠰᠢᠨ᠎ᠠ ᠲᠤᠭᠤᠷᠢᠭ ᠢ ᠲᠦᠯᠦᠪᠵᠢᠭᠦᠯᠵᠤ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠃ ᠦᠨᠳᠦᠰᠦᠨ ᠱᠠᠳᠤᠨ ᠤ ᠺᠠᠳ᠋ᠷ ᠪᠤᠯᠤᠭᠰᠠᠨ ᠤ ᠬᠤᠪᠢ ᠳᠤ᠂ ᠪᠢᠳᠡ ᠡᠷᠬᠡᠪᠰᠢ ᠰᠢᠶᠦ᠋ᠩ ᠠᠨ ᠲᠤᠭᠤᠷᠢᠭ ᠤᠨ ᠲᠥᠯᠥᠪᠵᠢᠬᠦᠯᠬᠡ ᠪᠦᠳᠦᠭᠡᠨ ᠪᠠᠶᠢᠭᠤᠯᠤᠯᠳᠠ ᠳᠤ ᠪᠦᠬᠦ ᠬᠦᠴᠦ ᠪᠠᠷ ᠢᠶᠠᠨ ᠦᠢᠯᠡᠴᠢᠯᠡᠵᠤ᠂ ᠨᠤᠲᠤᠭ ᠤᠨ ᠤᠯᠠᠨ ᠲᠦᠮᠡᠨ ᠳᠡᠭᠡᠨ ᠬᠠᠨᠤᠮᠵᠢᠳᠠᠢ ᠬᠠᠷᠢᠭᠤᠯᠳᠠ ᠦᠭᠭᠦ ᠬᠡᠷᠡᠭᠲᠠᠢ ᠭᠡᠵᠤ ᠬᠡᠯᠡᠪᠡ᠃

  2018 ᠤᠨ ᠳᠤ᠂ ᠯᠠᠪᠳᠠᠭᠤᠨ ᠪᠠᠳᠤᠳᠠᠢ ᠪᠠᠷ ᠠᠵᠢᠯᠯᠠᠨ᠎ᠠ

  ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠮᠠᠨ ᠤ ᠤᠯᠤᠰ ᠤᠨ ᠬᠤᠵᠢᠮ ᠤᠨ 30 ᠵᠢᠯ ᠤᠨ ᠰᠠᠶᠢᠨ ᠰᠠᠶᠢᠬᠠᠨ ᠵᠢᠷᠤᠭ ᠲᠦᠰᠦᠪ ᠢ ᠵᠢᠷᠤᠭᠯᠠᠪᠠ᠃ ᠡᠨᠡᠬᠦ ᠵᠢᠷᠤᠭ ᠲᠦᠰᠦᠪ ᠢ ᠪᠤᠳᠠᠳᠤ ᠪᠡᠶᠡᠯᠡᠯ ᠪᠤᠯᠭᠠᠬᠤ ᠭᠡᠪᠡᠯ᠂ ᠡᠷᠬᠡᠪᠰᠢ ᠬᠡᠢ ᠬᠤᠭᠤᠰᠤᠨ ᠵᠦᠢᠯ ᠢ ᠪᠤᠳᠤᠬᠤ ᠦᠭᠡᠢ᠂ ᠬᠡᠶᠢᠰᠪᠦᠷᠢ ᠶᠠᠭᠤᠮ᠎ᠠ ᠶᠢ ᠬᠦᠭᠡᠭᠡᠴᠡᠯᠳᠦᠬᠦ ᠦᠭᠡᠢ᠂ ᠨᠢᠭᠡ ᠨᠢᠭᠡ ᠠᠯᠬᠤᠮ ᠢᠶᠠᠷ ᠯᠠᠪᠳᠠᠭᠤᠨ ᠪᠠᠳᠤᠳᠠᠢ ᠰᠠᠶᠢᠳᠤᠷ ᠠᠵᠢᠯᠯᠠᠬᠤ ᠬᠡᠷᠡᠭᠳᠠᠢ᠂ 2017 ᠤᠨ ᠤ 12 ᠰᠠᠷ᠎ᠠ ᠶᠢᠨ 31᠎ ᠤ ᠤᠷᠤᠢ᠂ ᠨᠢᠩᠰᠢᠶᠠ ᠶᠢᠨ ᠦ᠋ ᠵᠦᠩ ᠬᠤᠲᠠ ᠶᠢᠨ ᠶᠠᠨ ‍ᠤᠤᠢ ᠰᠢᠶᠠᠨ ᠤ ᠽᠧᠩ ᠵᠢᠢ ᠫᠠᠨ ᠲᠤᠰᠬᠤᠨ ᠤ ᠬᠤᠷᠠᠯ ᠤᠨ ᠭᠡᠷ ᠲᠤ ᠬᠠᠯᠠᠭᠤᠨ ᠠᠯᠠᠭ᠎ᠠ ᠲᠠᠰᠢᠯᠳᠠ ᠨᠢᠵᠢᠭᠢᠨᠡᠨ᠎ᠠ᠃

  ᠳᠡᠷᠢᠬᠦᠯᠡᠭᠴᠢ ᠰᠢ ᠶᠢᠨ ᠫᠢᠩ ᠤᠨ ᠬᠡᠯᠡᠭᠰᠡᠨ ᠶᠤᠰᠤᠭᠠᠷ ᠯᠠᠪᠳᠠᠭᠤᠨ ᠪᠠᠳᠤᠳᠠᠢ ᠠᠵᠢᠯᠯᠠᠳᠠᠬ ᠯᠡ ᠶᠤᠮ ᠪᠤᠯ᠂ ᠪᠢᠳᠡ ᠯᠠᠪᠳᠠᠶ᠎ᠠ 2020 ᠤᠨ ᠳᠤ ᠪᠦᠬᠦ ᠤᠯᠤᠰ ᠤᠨ ᠠᠷᠠᠳ ᠳᠦᠮᠡᠨ ᠲᠠᠢ ᠬᠠᠮᠳᠤᠪᠠᠷ ᠴᠢᠨᠡᠬᠡᠯᠢᠭ ᠨᠡᠶᠢᠭᠡᠮ ᠳᠤ ᠠᠯᠬᠤᠨ ᠤᠷᠤᠵᠦ ᠴᠢᠳᠠᠬᠤ ᠶᠢ ᠪᠢ ᠪᠠᠳᠤ ᠢᠳᠡᠬᠡᠵᠦ ᠪᠠᠶᠢᠨ᠎ᠠ ᠬᠡᠵᠦ ᠽᠧᠩ ᠵᠢᠢ ᠫᠠᠨ ᠳᠤᠰᠬᠤᠨ ᠤ ᠨᠠᠮ ᠤᠨ ᠡᠬᠦᠷ ᠤᠨ ᠱᠦᠵᠢ ᠵᠦ ᠢᠤᠢ ᠬᠦᠸᠧ ᠬᠡᠯᠡᠭᠰᠡᠨ ᠤ ᠬᠠᠮᠳᠤ᠂ ᠰᠢᠨ᠎ᠠ ᠨᠢᠬᠡᠨ ᠵᠢᠯ ᠳᠤ᠂ ᠪᠢᠳᠡ ᠳᠤᠰᠬᠤᠨ ᠤ ᠪᠠᠨ ᠬᠦᠮᠦᠨ ᠳᠤᠮᠳᠠᠴᠢ ᠶᠢᠨ ᠴᠡᠪᠡᠷ ᠤᠷᠤᠯᠭ᠎ᠠ ᠶᠢ ᠳᠦᠮᠡᠨ ᠳᠦᠬᠦᠷᠢᠭ ᠠᠴᠠ ᠳᠠᠪᠠᠭᠤᠯᠵᠦ᠂ ᠬᠦᠳᠡᠭᠡ ᠳᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠳᠤᠷᠠᠳᠤᠬᠰᠠᠨ ᠠᠵᠦ ᠦᠢᠯᠡᠰ ᠦᠷᠨᠢᠩᠬᠦᠢ ᠬᠦᠭᠵᠢᠬᠦ᠎ ᠶᠢ ᠪᠠᠶᠠᠯᠠᠬᠦᠯᠬᠦ ᠪᠠᠷ ᠬᠠᠷᠠᠯᠳᠠ ᠪᠤᠯᠭᠠᠵᠦ ᠪᠠᠶᠢᠨ᠎ᠠ ᠬᠡᠵᠥ ᠬᠡᠯᠡᠪᠡ᠃

  ᠳᠤᠮᠳᠠᠳᠤ ᠤᠯᠤᠰ ᠤᠨ ᠤᠯᠤᠰ ᠳᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠵᠠᠰᠠᠬ ᠵᠠᠬᠢᠷᠭᠠᠨ ᠤ ᠬᠠᠤᠯᠢ ᠰᠤᠳᠤᠯᠤᠯ ᠤᠨ ᠳᠤᠰᠬᠠᠢ ᠮᠡᠷᠬᠡᠵᠢᠯ ᠤᠨ ᠳ᠋ᠤᠺᠲ᠋ᠤᠷᠠᠨᠲ ᠸᠠᠩ ᠳ᠋ᠢᠩ ᠬᠠᠮᠳᠤ ᠰᠤᠷᠤᠯᠭᠠᠳᠠᠳ ᠲᠠᠢ ᠪᠠᠨ ᠪᠠᠶᠢᠷᠢ ᠶᠢᠨ ᠬᠡᠷ ᠤᠨ ᠢᠶᠠᠨ ᠺᠤᠮᠫᠢᠦ᠋ᠲ᠋ᠧᠷ ᠤᠨ ᠡᠮᠤᠨ᠎ᠠ ᠪᠦᠬᠡᠮᠨᠡᠷᠡᠨ ᠰᠠᠭᠤᠭᠠᠳ᠂ ᠳᠡᠷᠢᠬᠦᠯᠡᠭᠴᠢ ᠰᠢ ᠶᠢᠨ ᠫᠢᠩ ᠤᠨ ᠪᠠᠶᠠᠷ ᠤᠨ ᠦᠬᠡ ᠬᠡᠯᠡᠵᠦ ᠪᠠᠶᠢᠬᠤ ᠶᠢ ᠬᠡᠴᠢᠶᠠᠩᠬᠦ᠋ᠢᠯᠡᠨ ᠰᠤᠨᠤᠰᠴᠤ ᠪᠠᠶᠢᠯ᠎ᠠ᠃ ᠪᠢᠳᠡ ᠵᠤᠯ ᠵᠢᠷᠭᠠᠯ ᠢ ᠪᠤᠯ ᠳᠡᠮᠡᠴᠡᠵᠦ ᠪᠠᠶᠢᠭᠠᠳ ᠤᠯᠳᠠᠬ ᠶᠤᠮ ᠬᠡᠰᠡᠨ ᠦᠬᠡ ᠶᠢ ᠰᠤᠨᠤᠰᠤᠭᠠᠳ ᠮᠠᠰᠢᠳᠠ ᠤᠷᠮᠠᠰᠢᠨ ᠵᠤᠷᠢᠬᠵᠢᠵᠠᠢ ᠬᠡᠵᠦ ᠸᠠᠩ ᠳ᠋ᠢᠩ ᠬᠡᠯᠡᠭᠰᠡᠨ ᠤ ᠬᠠᠮᠳᠤ᠂ ᠪᠢᠳᠡ ᠶᠠᠬ ᠶᠡᠭᠡ ᠦᠢᠯᠡᠰ ᠢ ᠪᠦᠳᠦᠬᠡᠵᠦ ᠴᠢᠳᠠᠬᠤ ᠶᠡᠭᠡ ᠡᠷᠡᠮᠠᠯᠵᠡᠯ ᠲᠠᠢ ᠴᠠᠬ ᠦᠶ᠎ᠠ ᠳᠤ ᠤᠷᠤᠰᠢᠵᠦ ᠪᠠᠶᠢᠬᠤ ᠤᠴᠢᠷ ᠠᠴᠠ ᠢᠢᠮᠦ ᠭᠤᠶᠤ ᠰᠠᠶᠢᠬᠠᠨ ᠤᠷᠢ ᠵᠠᠯᠠᠭᠤ ᠨᠠᠰᠤ ᠪᠠᠨ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠠᠭᠤᠤ ᠶᠡᠭᠡ ᠶᠠᠪᠤᠴᠠ ᠳᠤ ᠠᠭᠤᠰᠤᠯᠴᠠᠭᠤᠯᠵᠦ᠂ ᠡᠬᠡ ᠤᠯᠤᠰ ᠲᠠᠭᠠᠨ᠂ ᠠᠷᠠᠳ ᠳᠦᠮᠡᠨ ᠳᠡᠭᠡᠨ᠂ ᠦᠪᠡᠷ ᠤᠨ ᠪᠠᠶ᠎ᠠ ᠳᠡᠭᠡᠨ ᠨᠡᠩ ᠶᠡᠭᠡ ᠵᠤᠯ ᠵᠢᠷᠭᠠᠯ ᠢ ᠡᠬᠦᠳᠴᠦ ᠦᠭᠪᠡᠯ ᠵᠤᠬᠢᠨ᠎ᠠ ᠬᠡᠵᠦ ᠢᠯᠡᠳᠬᠡᠪᠡ᠃

  ᠵᠢᠶᠠ ᠰᠢᠩ ᠤᠨ ᠨᠠᠨ ᠬᠤ᠋ ᠨᠠᠭᠤᠷ ᠤᠨ ᠬᠤᠪᠢᠰᠬᠠᠯ ᠤᠨ ᠳᠤᠷᠠᠰᠬᠠᠯ ᠤᠨ ᠤᠷᠳᠤᠨ ᠤ ᠳᠠᠷᠤᠭ᠎ᠠ ᠵᠠᠩ ᠰᠢᠶᠠᠨ ᠢ ᠬᠡᠷ ᠤᠨ ᠬᠦᠮᠦᠰ ᠲᠠᠢ ᠪᠠᠨ ᠴᠤᠬ ᠳᠡᠷᠢᠬᠦᠯᠡᠭᠴᠢ ᠰᠢ ᠶᠢᠨ ᠫᠢᠩ ᠤᠨ ᠰᠢᠨ᠎ᠠ ᠵᠢᠯ ᠤᠨ ᠪᠠᠶᠠᠷ ᠤᠨ ᠦᠬᠡ ᠶᠢ ᠳᠧᠯᠸᠢᠰ ᠢᠶᠠᠷ ᠰᠤᠨᠤᠰᠪᠠ᠃  ᠰᠢᠨ᠎ᠠ ᠵᠢᠯ ᠤᠨ ᠪᠠᠶᠠᠷ ᠤᠨ ᠦᠬᠡ ᠳᠤ ᠠᠷᠠᠳ ᠳᠦᠮᠡᠨ ᠬᠡᠬᠦ ᠦᠬᠡ ᠤᠯᠠᠨ ᠤᠳᠠᠭ᠎ᠠ ᠭᠠᠷᠴᠤ᠂ ᠠᠷᠠᠳ ᠤᠨ ᠰᠡᠳᠬᠢᠯ ᠢ ᠮᠠᠰᠢᠳᠠ ᠵᠤᠷᠢᠬᠵᠢᠭᠤᠯᠵᠠᠢ᠃ ᠨᠠᠨ ᠬᠤ᠋ ᠨᠠᠭᠤᠷ ᠤᠨ ᠤᠯᠠᠭᠠᠨ ᠤᠩᠭᠤᠴᠠ ᠪᠤᠯ ᠴᠢᠬᠤᠯᠠ ᠪᠡᠯᠬᠡ ᠳᠡᠮᠳᠡᠭ ᠤᠨ ᠠᠴᠢ ᠬᠤᠯᠪᠤᠬᠳᠠᠯ ᠲᠠᠢ ᠳᠤᠮᠳᠠᠳᠤ ᠤᠯᠤᠰ ᠤᠨ ᠬᠤᠪᠢᠰᠬᠠᠯ ᠤᠨ ᠡᠬᠢᠨ ᠤ ᠴᠡᠭ ᠶᠤᠮ᠂ ᠤᠯᠠᠭᠠᠨ ᠤᠩᠭᠤᠴᠠᠨ ᠤ ᠵᠤᠷᠢᠬ ᠰᠠᠨᠠᠭ᠎ᠠ ᠳᠡᠤᠬᠡ ᠳᠤ ᠬᠠᠷᠢᠶᠠᠯᠠᠬᠳᠠᠬᠤ ᠪᠠᠷ ᠪᠠᠷᠠᠬᠤ ᠦᠬᠡᠢ᠂ ᠪᠠᠰᠠ ᠤᠳᠤ ᠦᠶ᠎ᠠ ᠪᠠ ᠢᠷᠡᠬᠡᠳᠦᠢ ᠳᠤ ᠬᠠᠷᠢᠶᠠᠯᠠᠬᠳᠠᠬᠤ ᠶᠤᠮ᠃ ᠪᠢ  ᠤᠯᠠᠭᠠᠨ ᠤᠩᠭᠤᠴᠠᠨ ᠤ ᠵᠤᠷᠢᠬ ᠰᠠᠨᠠᠭᠠᠨ᠎ ᠤ ᠰᠤᠳᠤᠯᠤᠬᠴᠢ᠂ ᠤᠯᠠᠮᠵᠢᠯᠠᠬᠴᠢ ᠪᠠ ᠦᠢᠯᠡᠳᠦᠯᠬᠡᠵᠢᠬᠦᠯᠦᠭᠴᠢ ᠪᠤᠯᠵᠦ᠂  ᠤᠯᠠᠭᠠᠨ ᠤᠩᠭᠤᠴᠠᠨ ᠤ ᠵᠤᠷᠢᠬ ᠰᠠᠨᠠᠭᠠᠨ᠎ ᠳᠤ ᠰᠠᠨᠠᠭᠠᠴᠢᠯᠠᠬᠰᠠᠨ ᠡᠬᠦᠳᠦᠯᠳᠡ ᠶᠢᠨ ᠵᠤᠷᠢᠬ ᠰᠠᠨᠠᠭ᠎ᠠ᠂ ᠳᠡᠮᠡᠴᠡᠯ ᠤᠨ ᠵᠤᠷᠢᠬ ᠰᠠᠨᠠᠭ᠎ᠠ᠂ ᠬᠤᠪᠢ ᠨᠡᠮᠡᠷᠢ ᠦᠵᠡᠬᠦᠯᠬᠦ ᠵᠤᠷᠢᠬ ᠰᠠᠨᠠᠭ᠎ᠠ ᠶᠢ ᠦᠨᠢ ᠡᠬᠦᠷᠢᠳᠡ ᠪᠠᠳᠠᠷᠠᠭᠤᠯᠤᠨ᠎ᠠ ᠬᠡᠵᠦ ᠵᠠᠩ ᠰᠢᠶᠠᠨ ᠢ ᠬᠡᠯᠡᠪᠡ᠃

  ᠰᠢᠨ᠎ᠠ ᠴᠠᠬ ᠦᠶ᠎ᠠ᠂ ᠰᠢᠨ᠎ᠠ ᠳᠦᠷᠰᠦ ᠪᠠᠶᠢᠳᠠᠯ᠂ ᠰᠢᠨ᠎ᠠ ᠵᠢᠳᠬᠦᠯ ᠴᠢᠷᠮᠠᠶᠢᠯᠭ᠎ᠠ᠃ ᠬᠤᠪᠢᠯᠭᠠᠨ ᠤᠷᠤᠨ ᠤ ᠦᠷᠭᠡᠨ ᠠᠭᠤᠳᠠᠮ ᠨᠤᠳᠤᠬ ᠳᠠᠪᠢᠰᠬᠡᠷ ᠲᠤ ᠳᠡᠷᠢᠬᠦᠯᠡᠭᠴᠢ ᠰᠢ ᠶᠢᠨ ᠫᠢᠩ ᠤᠨ ᠢᠳᠡᠬᠡᠯ ᠳᠡᠬᠦᠯᠳᠡᠷ ᠬᠦᠨ ᠤᠳᠬ᠎ᠠ ᠰᠠᠨᠠᠭ᠎ᠠ ᠲᠠᠢ ᠪᠠᠷ ᠬᠡᠯᠡᠭᠰᠡᠨ ᠦᠬᠡ ᠬᠠᠩᠬᠢᠨᠠᠨ ᠴᠤᠤᠷᠢᠶᠠᠳᠴᠤ ᠪᠤᠢ᠄ ᠪᠢᠳᠡ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠶᠢ ᠤᠬᠳᠤᠬᠤ ᠪᠠᠷ ᠠᠵᠠ ᠳᠤᠬᠢᠶᠠᠯ ᠪᠤᠯᠭᠠᠵᠦ᠂ ᠠᠭᠤᠯᠠ ᠳᠠᠭᠠᠷᠠᠪᠠᠯ ᠵᠠᠮ ᠨᠡᠬᠡᠬᠡᠨ ᠤᠰᠤ ᠳᠠᠭᠠᠷᠠᠪᠠᠯ ᠬᠦᠬᠦᠷᠬᠡ ᠳᠠᠯᠪᠢᠵᠦ᠂ ᠦᠬᠡᠷᠡᠴᠢᠯᠡᠯᠳᠡ ᠨᠡᠬᠡᠬᠡᠯᠳᠡ ᠶᠢ ᠡᠴᠤᠰ ᠲᠤᠨᠢ ᠳᠤᠯᠳᠠᠯ᠎ᠠ ᠬᠢᠬᠦ ᠬᠡᠷᠡᠭᠳᠡᠢ᠃

  (ᠰᠢᠨᠬᠤᠸᠠ ᠬᠤᠷᠢᠶᠠᠨ ᠤ ᠪᠡᠬᠡᠵᠢᠩ ᠤᠨ 1 ᠰᠠᠷ᠎ᠠ ᠶᠢᠨ 1᠎ ᠤ ᠴᠠᠬᠢᠯᠭᠠᠨ ᠮᠡᠳᠡᠭᠡ ᠠᠴᠠ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com