ᠰᠢ ᠶᠢᠨ ᠫᠢᠩ᠄ ᠤᠯᠤᠰ ᠤᠨ ᠶᠡᠷᠦᠩᠬᠡᠢ ᠠᠮᠤᠷ ᠳᠦᠪᠰᠢᠨ᠎ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ᠎ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠨ ᠡᠭᠦᠳᠬᠦ ᠬᠡᠷᠡᠭᠲᠡᠢ

  ᠨᠠᠮ ᠤᠨ ᠲᠦᠪ ᠬᠤᠷᠢᠶᠠᠨ᠎ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠲᠡᠷᠢᠬᠦᠯᠡᠭᠴᠢ᠂ ᠲᠦᠪ ᠤᠨ ᠤᠯᠤᠰ ᠤᠨ ᠠᠮᠤᠷ ᠲᠦᠪᠰᠢᠨ᠎ ᠤ ᠵᠦᠪᠯᠡᠯ ᠤᠨ ᠲᠡᠷᠢᠬᠦᠯᠡᠭᠴᠢ ᠰᠢ ᠶᠢᠨ ᠫᠢᠩ 4 ᠰᠠᠷ᠎ᠠ ᠶᠢᠨ 17᠎ ᠤ ᠦᠳᠡ ᠶᠢᠨ ᠬᠤᠶᠢᠨ᠎ᠠ ᠠᠷᠪᠠ ᠶᠢᠰᠦᠳᠦᠭᠡᠷ ᠬᠤᠭᠤᠴᠠᠭᠠᠨ᠎ ᠤ ᠲᠦᠪ ᠤᠨ ᠤᠯᠤᠰ ᠤᠨ ᠠᠮᠤᠷ ᠲᠦᠪᠰᠢᠨ᠎ ᠤ ᠵᠦᠪᠯᠡᠯ ᠤᠨ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠵᠠᠢ᠃ ᠰᠢ ᠶᠢᠨ ᠫᠢᠩ᠂ ᠤᠯᠤᠰ ᠤᠨ ᠠᠮᠤᠷ ᠲᠦᠪᠰᠢᠨ᠎ ᠤ ᠠᠵᠢᠯ ᠳᠠᠬᠢ ᠨᠠᠮ ᠤᠨ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠴᠢᠩᠭᠠᠳᠬᠠᠵᠦ᠂ ᠤᠳᠤᠬᠠᠨ᠎ ᠤ ᠤᠯᠤᠰ ᠤᠨ ᠠᠮᠤᠷ ᠲᠦᠪᠰᠢᠨ᠎ ᠤ ᠪᠠᠶᠢᠳᠠᠯ ᠢ ᠤᠨᠤᠪᠴᠢᠳᠠᠢ ᠡᠵᠡᠮᠳᠡᠵᠦ᠂ ᠤᠯᠤᠰ ᠤᠨ ᠶᠡᠷᠦᠩᠭᠡᠢ ᠠᠮᠤᠷ ᠲᠦᠪᠰᠢᠨ᠎ ᠤ ᠦᠵᠡᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠴᠠᠭ ᠦᠶ᠎ᠠ ᠶᠢᠨ ᠤᠯᠤᠰ ᠤᠨ ᠠᠮᠤᠷ ᠲᠦᠪᠰᠢᠨ᠎ ᠤ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ ᠡᠬᠦᠳᠴᠦ᠂ ᠬᠤᠤᠰ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ᠎ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠳᠤ ᠪᠠᠳᠤ ᠪᠠᠬᠢ ᠠᠮᠤᠷ ᠲᠦᠪᠰᠢᠨ᠎ ᠤ ᠪᠠᠳᠤᠯᠠᠭ᠎ᠠ ᠬᠠᠩᠭᠠᠬᠤ ᠭᠡᠷᠡᠭᠲᠡᠢ ᠭᠡᠵᠦ ᠴᠢᠬᠤᠯᠠᠴᠢᠯᠠᠪᠠ᠃

  ᠯᠢ ᠺᠧ ᠴᠢᠶᠠᠩ᠂ ᠯᠢ ᠵᠠᠨ ᠱᠦ ᠬᠤᠷᠠᠯ ᠳᠤ ᠤᠷᠤᠯᠴᠠᠵᠠᠢ᠃

  ᠰᠢ ᠶᠢᠨ ᠫᠢᠩ ᠶᠠᠷᠢᠶᠠᠨ ᠳᠠᠭᠠᠨ᠂ ᠲᠦᠪ ᠤᠨ ᠤᠯᠤᠰ ᠤᠨ ᠠᠮᠤᠷ ᠲᠦᠪᠰᠢᠨ᠎ ᠤ ᠵᠦᠪᠯᠡᠯ ᠪᠠᠶᠢᠭᠤᠯᠤᠭᠳᠠᠭᠰᠠᠨ 4 ᠵᠢᠯ ᠤᠨ ᠲᠤᠷᠰᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠤ᠂ ᠤᠯᠤᠰ ᠤᠨ ᠶᠡᠷᠦᠩᠭᠡᠢ ᠠᠮᠤᠷ ᠲᠦᠪᠰᠢᠨ᠎ ᠤ ᠦᠵᠡᠯᠳᠡ ᠶᠢᠨ ᠱᠠᠭᠠᠷᠳᠠᠯᠭ᠎ᠠ ᠶᠤᠰᠤᠭᠠᠷ᠂ ᠤᠯᠤᠰ ᠤᠨ ᠠᠮᠤᠷ ᠲᠦᠪᠰᠢᠨ᠎ ᠤ ᠰᠢᠰᠲ᠋ᠧᠮ ᠤᠨ ᠭᠤᠤᠯ ᠴᠤᠭᠴᠠ ᠶᠢᠨ ᠪᠦᠳᠦᠭᠦᠪᠴᠢ ᠲᠦᠰᠦᠪ ᠢ ᠠᠩᠬ᠎ᠠ ᠠᠯᠬᠤᠮ ᠪᠠᠶᠢᠭᠤᠯᠵᠤ᠂ ᠤᠯᠤᠰ ᠤᠨ ᠠᠮᠤᠷ ᠲᠦᠪᠰᠢᠨ᠎ ᠤ ᠤᠨᠤᠯ ᠤᠨ ᠰᠢᠰᠲ᠋ᠧᠮ ᠢ ᠪᠦᠷᠢᠯᠳᠦᠭᠦᠯᠵᠤ᠂ ᠤᠯᠤᠰ ᠤᠨ ᠠᠮᠤᠷ ᠲᠦᠪᠰᠢᠨ᠎ ᠤ ᠪᠠᠶᠢᠯᠳᠤᠬᠤ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠤᠯᠤᠰ ᠤᠨ ᠠᠮᠤᠷ ᠲᠦᠪᠰᠢᠨ᠎ ᠤ ᠠᠵᠢᠯ ᠢ ᠵᠤᠬᠢᠴᠠᠭᠤᠯᠬᠤ ᠲᠤᠭᠳᠠᠴᠠ ᠶᠢ ᠪᠠᠶᠢᠭᠤᠯᠵᠤ᠂ ᠤᠷᠳᠤ ᠬᠤᠭᠤᠴᠠᠭᠠᠨ ᠳᠤ ᠰᠢᠢᠳᠪᠦᠷᠢᠯᠡᠶ᠎ᠠ ᠭᠡᠵᠤ ᠪᠤᠳᠤᠭᠰᠠᠨ ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠠᠯᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠤ᠂ ᠦᠩᠭᠡᠷᠡᠭᠰᠡᠨ ᠳᠤ ᠬᠢᠶ᠎ᠠ ᠭᠡᠵᠤ ᠪᠤᠳᠤᠭᠰᠠᠨ ᠪᠤᠯᠪᠠᠴᠤ ᠬᠢᠵᠤ ᠳᠡᠶᠢᠯᠦᠭᠡᠳᠤᠢ ᠪᠠᠶᠢᠭᠰᠠᠨ ᠠᠯᠢ ᠤᠯᠠᠨ ᠲᠤᠮᠤ ᠶᠠᠪᠤᠳᠠᠯ ᠢ ᠪᠦᠲᠦᠭᠡᠵᠦ᠂ ᠤᠯᠤᠰ ᠤᠨ ᠠᠮᠤᠷ ᠲᠦᠪᠰᠢᠨ᠎ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠦᠬᠦ ᠲᠠᠯ᠎ᠠ ᠶᠢᠨ ᠴᠢᠨᠠᠷᠳᠠᠢ ᠠᠰᠢᠭᠳᠠᠢ ᠪᠠᠶᠢᠳᠠᠯ ᠢ ᠪᠠᠳᠤ ᠡᠵᠡᠮᠳᠡᠵᠠᠢ ᠭᠡᠵᠤ ᠴᠢᠬᠤᠯᠠᠴᠢᠯᠠᠪᠠ᠃

  ᠰᠢ ᠶᠢᠨ ᠫᠢᠩ᠂ ᠤᠷᠤᠭᠰᠢᠯᠠᠯᠳᠠ ᠶᠢᠨ ᠵᠠᠮ ᠬᠡᠵᠢᠶᠡᠳᠡ ᠢᠯᠭᠤᠮ ᠤᠷᠤᠭᠰᠢᠳᠠᠢ ᠪᠠᠶᠢᠬᠤ ᠪᠤᠯᠤᠮᠵᠢ ᠦᠭᠡᠢ᠂ ᠢᠷᠡᠭᠡᠳᠦᠢ ᠶᠢᠨ ᠵᠠᠮ ᠬᠡᠳᠦᠢ ᠬᠡᠭᠡᠨ ᠰᠠᠷᠠᠭᠤᠯ ᠪᠤᠯ ᠰᠠᠨᠠᠭᠠᠰᠢᠷᠠᠬᠤ ᠤᠬᠠᠮᠰᠠᠷ ᠢᠶᠠᠨ ᠲᠡᠳᠦᠢ ᠴᠢᠩᠭᠠᠳᠬᠠᠵᠤ᠂ ᠠᠮᠤᠷ ᠲᠤᠭᠳᠠᠭᠤᠨ ᠴᠠᠭ ᠲᠤ ᠠᠶᠤᠯ ᠲᠦᠭᠰᠢᠭᠦᠷᠢ ᠶᠢ ᠦᠯᠦ ᠮᠠᠷᠳᠠᠵᠤ᠂ ᠵᠠᠷᠢᠮ ᠬᠦᠨᠳᠦ ᠶᠡᠭᠡ ᠲᠦᠭᠰᠢᠭᠦᠷᠢ ᠦᠷᠢᠰᠦᠯᠳᠦᠭᠡᠨ ᠢ ᠪᠦᠬᠦ ᠲᠠᠯ᠎ᠠ ᠪᠠᠷ ᠲᠠᠨᠢᠬᠤ ᠪᠠ ᠡᠷᠴᠢᠮ ᠲᠠᠢ ᠠᠷᠭᠠᠴᠠᠬᠤ ᠬᠡᠷᠡᠭᠲᠠᠢ᠃ ᠭᠤᠤᠯᠳᠠᠯᠭ᠎ᠠ ᠳᠤ ᠲᠦᠪᠯᠡᠷᠡᠭᠦᠯᠵᠤ᠂ ᠵᠠᠩᠭᠢᠯᠠᠭ᠎ᠠ ᠶᠢ ᠠᠳᠬᠤᠨ ᠪᠦᠬᠦᠨ ᠢ ᠳᠠᠶᠢᠴᠢᠯᠠᠵᠤ᠂ ᠡᠯ᠎ᠠ ᠵᠦᠢᠯ ᠤᠨ ᠲᠦᠭᠰᠢᠭᠦᠷᠢ ᠦᠷᠢᠰᠦᠯᠳᠦᠭᠡᠨ ᠳᠤᠳᠤᠨ᠎ᠠ ᠭᠠᠳᠠᠨ᠎ᠠ ᠬᠠᠮᠵᠢᠯᠴᠠᠨ ᠬᠤᠷᠠᠮᠳᠤᠨ ᠤᠯᠠᠰᠢᠷᠠᠬᠤ ᠶᠢ ᠴᠢᠷᠮᠠᠶᠢᠨ ᠰᠡᠷᠭᠡᠶᠢᠯᠡᠵᠤ᠂ ᠤᠯᠤᠰ ᠤᠨ ᠠᠮᠤᠷ ᠲᠦᠪᠰᠢᠨ᠎ ᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠲᠠᠢ ᠭᠡᠵᠤ ᠵᠢᠭᠠᠵᠤ ᠭᠠᠷᠭᠠᠪᠠ᠃

  ᠰᠢ ᠶᠢᠨ ᠫᠢᠩ᠂ ᠤᠯᠤᠰ ᠤᠨ ᠶᠡᠷᠦᠩᠭᠡᠢ ᠠᠮᠤᠷ ᠲᠦᠪᠰᠢᠨ᠎ ᠤ ᠦᠵᠡᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠬᠦᠭᠵᠢᠯᠳᠡ ᠪᠠ ᠠᠮᠤᠷ ᠲᠦᠪᠰᠢᠨ ᠭᠡᠬᠦ ᠬᠤᠶᠠᠷ ᠶᠡᠭᠡ ᠶᠠᠪᠤᠳᠠᠯ ᠢ ᠨᠢᠭᠡᠳᠦᠯᠳᠠᠢ ᠲᠦᠯᠦᠪᠵᠢᠭᠦᠯᠵᠤ᠂ ᠬᠦᠭᠵᠢᠯᠳᠡ ᠶᠢᠨ ᠦᠷ᠎ᠠ ᠪᠦᠲᠦᠭᠡᠯ ᠢᠶᠠᠷ ᠤᠯᠤᠰ ᠤᠨ ᠠᠮᠤᠷ ᠲᠦᠪᠰᠢᠨ᠎ ᠤ ᠪᠤᠳᠠᠳᠤ ᠬᠦᠴᠦᠨ᠎ ᠤ ᠰᠠᠭᠤᠷᠢ ᠪᠠᠨ ᠪᠠᠬᠢᠵᠢᠭᠦᠯᠬᠦ ᠳᠤ ᠴᠢᠳᠠᠮᠠᠭᠠᠢ ᠪᠠᠶᠢᠬᠤ ᠬᠡᠷᠡᠭᠳᠠᠢ ᠪᠦᠭᠡᠳ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠰᠢᠭᠳᠠᠢ ᠠᠮᠤᠷ ᠲᠦᠪᠰᠢᠨ ᠤᠷᠴᠢᠨ ᠲᠤᠭᠤᠷᠢᠨ ᠢ ᠪᠠᠶᠢᠭᠤᠯᠬᠤ ᠳᠤ ᠴᠤ ᠴᠢᠳᠠᠮᠠᠭᠠᠢ ᠪᠠᠶᠢᠬᠤ ᠬᠡᠷᠡᠭᠲᠠᠢ︔ ᠠᠷᠠᠳ ᠲᠦᠮᠡᠨ ᠠᠮᠤᠷ ᠲᠦᠪᠰᠢᠨ᠂ ᠤᠯᠤᠰ ᠲᠦᠷᠤ ᠠᠮᠤᠷ ᠲᠦᠪᠰᠢᠨ᠂ ᠤᠯᠤᠰ ᠤᠨ ᠠᠰᠢᠬ ᠲᠤᠰᠠ ᠠᠯᠢᠪᠠ ᠠᠴᠠ ᠡᠷᠬᠢᠮ ᠪᠠᠶᠢᠬᠤ ᠶᠢ ᠤᠷᠭᠠᠨᠢᠬ ᠨᠢᠭᠡᠳᠦᠭᠦᠯᠬᠦ ᠶᠢ ᠪᠠᠷᠢᠮᠳᠠᠯᠠᠵᠤ᠂ ᠠᠷᠠᠳ ᠲᠦᠮᠡᠨ ᠠᠮᠦᠷ ᠲᠦᠪᠰᠢᠨ ᠪᠤᠯ ᠤᠯᠤᠰ ᠤᠨ ᠠᠮᠤᠷ ᠲᠦᠪᠰᠢᠨ᠎ ᠤ ᠶᠡᠷᠦᠩᠬᠡᠢ ᠵᠤᠷᠢᠯᠳᠠ᠂ ᠤᠯᠤᠰ ᠲᠦᠷᠤ ᠠᠮᠤᠷ ᠲᠦᠪᠰᠢᠨ ᠪᠤᠯ ᠤᠯᠤᠰ ᠤᠨ ᠠᠮᠤᠷ ᠲᠦᠪᠰᠢᠨ᠎ ᠤ ᠦᠨᠳᠦᠰᠦ ᠰᠠᠭᠤᠷᠢ᠂ ᠤᠯᠤᠰ ᠤᠨ ᠠᠰᠢᠬ ᠲᠤᠰᠠ ᠠᠯᠢᠪᠠ ᠠᠴᠠ ᠡᠷᠬᠢᠮ ᠪᠠᠶᠢᠬᠤ ᠪᠤᠯ ᠤᠯᠤᠰ ᠤᠨ ᠠᠮᠦᠷ ᠲᠦᠪᠰᠢᠨ᠎ ᠤ ᠪᠠᠷᠢᠮᠵᠢᠶ᠎ᠠ ᠪᠠᠶᠢᠵᠤ᠂ ᠠᠷᠠᠳ ᠲᠦᠮᠡᠨ ᠠᠮᠤᠷ ᠵᠢᠮᠤᠷ ᠠᠵᠤ ᠲᠦᠷᠤᠬᠦ᠂ ᠨᠠᠮ ᠤᠷᠳᠤ ᠬᠤᠭᠤᠴᠠᠭ᠎ᠠ ᠪᠠᠷ ᠲᠦᠷᠤ ᠪᠠᠷᠢᠬᠤ᠂ ᠤᠯᠤᠰ ᠤᠷᠤᠨ ᠦᠨᠢ ᠤᠳᠠᠭᠠᠨ ᠠᠮᠤᠷ ᠲᠦᠪᠰᠢᠨ ᠪᠠᠶᠢᠬᠤ ᠶᠢ ᠪᠡᠶᠡᠯᠡᠬᠦᠯᠬᠦ ᠭᠡᠷᠡᠭᠳᠠᠢ︔ ᠰᠡᠷᠬᠡᠶᠢᠯᠡᠬᠦ ᠳᠤ ᠰᠠᠭᠤᠷᠢᠯᠠᠬᠤ ᠶᠢ ᠪᠠᠷᠢᠮᠳᠠᠯᠠᠬᠤ ᠪᠦᠭᠡᠳ ᠠᠶᠤᠯ ᠲᠦᠭᠰᠢᠬᠦᠷᠢ ᠶᠢ ᠪᠦᠳᠤᠮᠵᠢᠳᠠᠢ ᠰᠢᠢᠳᠪᠤᠷᠢᠯᠡᠬᠦ ᠭᠡᠷᠡᠭᠳᠠᠢ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠴᠤᠬᠴᠠᠯᠠᠬᠤ ᠶᠢ ᠪᠠᠷᠢᠮᠳᠠᠯᠠᠵᠤ᠂ ᠴᠤᠬᠴᠠᠯᠠᠬᠤ ᠪᠤᠯ ᠨᠡᠩ ᠦᠨᠳᠤᠷ ᠲᠠᠪᠬᠤᠷᠭ᠎ᠠ ᠨᠡᠩ ᠤᠷᠢᠳᠠᠴᠢ ᠴᠢᠨᠠᠷᠳᠠᠢ ᠬᠠᠮᠠᠭᠠᠯᠠᠯᠳᠠ ᠪᠤᠯᠤᠨ᠎ᠠ᠂ ᠬᠠᠷᠢᠭᠤᠴᠠᠯᠭ᠎ᠠ ᠲᠠᠢ ᠲᠤᠮᠤ ᠤᠯᠤᠰ ᠤᠨ ᠤᠢᠢᠯᠡᠳᠤᠯ ᠢᠶᠠᠨ ᠪᠠᠳᠠᠷᠠᠭᠤᠯᠵᠤ᠂ ᠲᠡᠯᠡᠬᠡᠢ ᠶᠢᠨ ᠡᠯ᠎ᠠ ᠤᠯᠤᠰ ᠲᠠᠢ ᠬᠠᠮᠳᠤᠪᠡᠷ ᠬᠦᠮᠤᠨ ᠲᠦᠷᠤᠯᠬᠢᠳᠠᠨ᠎ ᠤ ᠬᠤᠪᠢ ᠵᠠᠶᠠᠭᠠᠨ᠎ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠬᠤ ᠭᠡᠷᠡᠭᠳᠠᠢ︔ ᠰᠢᠨᠵᠢᠯᠡᠬᠦ ᠤᠬᠠᠭᠠᠨᠴᠢ ᠪᠠᠷ ᠨᠢᠬᠡᠳᠤᠯᠳᠠᠢ ᠲᠦᠯᠤᠪᠵᠢᠬᠦᠯᠬᠦ ᠶᠢ ᠪᠠᠷᠢᠮᠳᠠᠯᠠᠵᠤ᠂ ᠢᠮᠠᠬᠳᠠ ᠤᠯᠤᠰ ᠤᠨ ᠠᠮᠤᠷ ᠲᠦᠪᠰᠢᠨ ᠢ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠢᠢᠯᠡᠰ ᠤᠨ ᠪᠦᠬᠦ ᠲᠠᠯ᠎ᠠ ᠳᠤ ᠲᠠᠯᠪᠢᠨ ᠡᠵᠡᠮᠳᠡᠵᠤ᠂ ᠡᠯ᠎ᠠ ᠲᠠᠯ᠎ᠠ ᠶᠢᠨ ᠢᠳᠡᠪᠬᠢᠵᠢᠯ ᠢ ᠬᠦᠢᠴᠡᠳ ᠲᠠᠶᠢᠴᠢᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠮᠳᠤᠷᠠᠯ ᠬᠦᠴᠤᠨ ᠢ ᠪᠤᠢ ᠪᠤᠯᠭᠠᠬᠤ ᠭᠡᠷᠡᠭᠳᠠᠢ ᠭᠡᠵᠦ ᠴᠢᠬᠤᠯᠠᠴᠢᠯᠠᠪᠠ᠃

  ᠰᠢ ᠶᠢᠨ ᠫᠢᠩ᠂ ᠤᠯᠤᠰ ᠤᠨ ᠠᠮᠤᠷ ᠲᠦᠪᠰᠢᠨ᠎ ᠤ ᠠᠵᠢᠯ ᠨᠢ ᠰᠢᠨ᠎ᠠ ᠴᠠᠬ ᠦᠶ᠎ᠠ ᠶᠢᠨ ᠰᠢᠨ᠎ᠠ ᠱᠠᠭᠠᠷᠳᠠᠯᠭ᠎ᠠ ᠳᠤ ᠵᠤᠬᠢᠴᠠᠵᠤ᠂ ᠨᠢᠬᠡ ᠲᠠᠯ᠎ᠠ ᠪᠠᠷ ᠤᠳᠤᠬᠠᠨ᠎ ᠤ ᠪᠠᠶᠢᠳᠠᠯ ᠢ ᠠᠳᠬᠤᠵᠤ᠂ ᠨᠦᠬᠦᠬᠡ ᠲᠠᠯ᠎ᠠ ᠪᠠᠷ ᠠᠯᠤᠰ ᠢᠷᠡᠬᠡᠳᠤᠢ ᠶᠢ ᠰᠦᠪᠡᠭᠴᠢᠯᠠᠵᠤ᠂ ᠤᠯᠤᠰ ᠲᠦᠷᠤ ᠶᠢᠨ ᠠᠮᠤᠷ ᠲᠦᠪᠰᠢᠨ ᠢ ᠬᠠᠮᠠᠭᠠᠯᠠᠬᠤ᠂ ᠤᠯᠤᠰ ᠤᠨ ᠠᠮᠤᠷ ᠲᠦᠪᠰᠢᠨ᠎ ᠤ ᠲᠦᠷᠢᠮ ᠤᠨ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠬᠦ᠂ ᠤᠯᠤᠰ ᠤᠨ ᠠᠮᠤᠷ ᠲᠦᠪᠰᠢᠨ᠎ ᠤ ᠪᠠᠶᠢᠯᠳᠤᠬᠤ ᠪᠤᠳᠤᠯᠭ᠎ᠠ ᠪᠤᠯᠤᠨ ᠲᠦᠷᠤ ᠶᠢᠨ ᠪᠤᠳᠤᠯᠭ᠎ᠠ ᠶᠢ ᠲᠡᠬᠦᠯᠳᠡᠷᠵᠢᠬᠦᠯᠬᠦ᠂ ᠤᠯᠤᠰ ᠤᠨ ᠠᠮᠤᠷ ᠲᠦᠪᠰᠢᠨ᠎ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠠᠨ ᠡᠵᠡᠮᠳᠡᠬᠦ᠂ ᠬᠠᠤᠯᠢᠵᠢᠯ ᠤᠨ ᠪᠠᠳᠤᠯᠠᠭ᠎ᠠ ᠶᠢ ᠴᠢᠩᠭᠠᠳᠬᠠᠬᠤ᠂ ᠤᠯᠤᠰ ᠤᠨ ᠠᠮᠤᠷ ᠲᠦᠪᠰᠢᠨ᠎ ᠤ ᠤᠬᠠᠮᠰᠠᠷ ᠢ ᠲᠡᠭᠡᠭᠰᠢᠯᠡᠬᠦᠯᠬᠦ ᠵᠡᠷᠬᠡ ᠲᠠᠯ᠎ᠠ ᠶᠢᠨ ᠠᠵᠢᠯ ᠢ ᠦᠨᠡᠨᠬᠦ ᠰᠠᠶᠢᠳᠤᠷ ᠬᠢᠬᠦ ᠭᠡᠷᠡᠭᠳᠠᠢ ᠬᠡᠵᠤ ᠵᠢᠭᠠᠵᠤ ᠭᠠᠷᠭᠠᠪᠠ᠃

  ᠰᠢ ᠶᠢᠨ ᠫᠢᠩ᠂ ᠤᠯᠤᠰ ᠤᠨ ᠠᠮᠤᠷ ᠲᠦᠪᠰᠢᠨ᠎ ᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠡᠩ ᠬᠦᠴᠦᠲᠠᠢ ᠶᠡᠷᠦᠩᠬᠡᠶᠢᠯᠡᠨ ᠵᠠᠬᠢᠷᠬᠤ ᠪᠤᠯᠤᠨ ᠵᠤᠬᠢᠴᠠᠭᠤᠯᠬᠤ ᠶᠢ ᠬᠡᠷᠡᠭᠵᠢᠭᠦᠯᠦᠨ᠎ᠠ᠃ ᠲᠦᠪ ᠤᠨ ᠤᠯᠤᠰ ᠤᠨ ᠠᠮᠤᠷ ᠲᠦᠪᠰᠢᠨ᠎ ᠤ ᠵᠦᠪᠯᠡᠯ ᠤᠨ ᠬᠢᠨ ᠤᠯᠤᠰ ᠤᠨ ᠠᠮᠤᠷ ᠲᠦᠪᠰᠢᠨ᠎ ᠤ ᠬᠡᠷᠡᠭ ᠶᠠᠪᠤᠳᠠᠯ ᠢ ᠨᠢᠭᠡᠲᠦᠯᠲᠡᠢ ᠲᠦᠯᠦᠪᠵᠢᠭᠦᠯᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠤᠰ ᠤᠨ ᠠᠮᠤᠷ ᠲᠦᠪᠰᠢᠨ᠎ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠤᠯᠤᠰ ᠤᠨ ᠠᠮᠤᠷ ᠲᠦᠪᠰᠢᠨ᠎ ᠤ ᠠᠵᠢᠯ ᠤᠨ ᠲᠤᠭᠲᠠᠴᠠ ᠶᠢ ᠲᠡᠭᠦᠯᠳᠡᠷᠵᠢᠭᠦᠯᠦᠨ᠂ ᠪᠦᠬᠦ ᠲᠠᠯ᠎ᠠ ᠶᠢ ᠡᠵᠡᠮᠳᠡᠬᠦ᠂ ᠬᠦᠭᠵᠢᠯᠲᠡ ᠶᠢ ᠲᠦᠯᠦᠪᠵᠢᠭᠦᠯᠬᠦ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠠᠶᠤᠯ ᠲᠦᠭᠰᠢᠭᠦᠷᠢ ᠶᠢ ᠡᠵᠡᠮᠳᠡᠬᠦ᠂ ᠦᠷᠢᠰᠦᠯᠳᠦᠭᠡᠨ ᠢ ᠠᠷᠭᠠᠴᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ᠎ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠎ ᠤ ᠰᠠᠯᠠᠭ᠎ᠠ ᠮᠦᠴᠢᠷ ᠪᠤᠯᠤᠨ ᠡᠯ᠎ᠠ ᠱᠠᠲᠤᠨ᠎ ᠤ ᠺᠠᠳ᠋ᠷᠴᠤᠳ ᠤᠨ ᠳᠦᠷᠪᠡᠨ ᠤᠬᠠᠮᠰᠠᠷ ᠢᠶᠠᠨ ᠴᠢᠩᠭᠠᠳᠬᠠᠵᠤ᠂ ᠳᠦᠷᠪᠡᠨ ᠢᠲᠡᠭᠡᠯ ᠢᠶᠠᠨ ᠪᠠᠲᠤᠳᠬᠠᠵᠤ᠂ ᠨᠠᠮ ᠤᠨ ᠲᠦᠪ ᠬᠤᠷᠢᠶᠠᠨ᠎ ᠤ ᠡᠷᠬᠡ ᠰᠦᠷ ᠪᠤᠯᠤᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠬᠦᠲᠦᠯᠤᠨ ᠵᠢᠯᠤᠭᠤᠳᠴᠤ᠂ ᠨᠢᠭᠡᠨ ᠰᠠᠯᠠᠭ᠎ᠠ ᠦᠨᠡᠨᠴᠢ ᠰᠢᠳᠤᠷᠭᠤ ᠨᠠᠶᠢᠳᠠᠪᠤᠷᠢᠳᠠᠢ ᠤᠯᠤᠰ ᠤᠨ ᠠᠮᠤᠷ ᠲᠦᠪᠰᠢᠨ᠎ ᠤ ᠠᠵᠢᠯᠳᠠᠨ᠎ ᠤ ᠡᠩᠨᠡᠭᠡ ᠶᠢ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠠᠴᠠ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠶᠢᠨ ᠤᠯᠤᠰ ᠤᠨ ᠠᠮᠤᠷ ᠲᠦᠪᠰᠢᠨ᠎ ᠤ ᠬᠠᠷᠢᠭᠤᠴᠠᠯᠭ᠎ᠠ ᠶᠢᠨ ᠳᠦᠷᠢᠮ ᠤᠨ ᠲᠤᠭᠲᠠᠭᠠᠯ ᠢ ᠬᠢᠨᠠᠨ ᠵᠦᠪᠯᠡᠵᠦ ᠪᠠᠲᠤᠯᠠᠨ᠂ ᠡᠯ᠎ᠠ ᠱᠠᠲᠤᠨ᠎ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠲᠤᠲᠤᠷᠬᠠᠢᠢᠯᠠᠵᠤ᠂ ᠡᠯ᠎ᠠ ᠱᠠᠲᠤᠨ᠎ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠤᠯᠤᠰ ᠤᠨ ᠠᠮᠤᠷ ᠲᠦᠪᠰᠢᠨ᠎ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢ ᠱᠠᠯᠠᠪᠳᠠᠭᠤᠯᠤᠨ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠨᠠᠮ ᠤᠨ ᠲᠦᠪ ᠬᠤᠷᠢᠶᠠᠨ᠎ ᠤ ᠤᠯᠤᠰ ᠤᠨ ᠠᠮᠤᠷ ᠲᠦᠪᠰᠢᠨ᠎ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠤᠲᠠᠲᠠᠢ ᠳᠤ ᠨᠠᠶᠢᠳᠠᠪᠤᠷᠢᠵᠢᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

  ᠲᠦᠪ ᠤᠨ ᠤᠯᠤᠰ ᠤᠨ ᠠᠮᠤᠷ ᠲᠦᠪᠰᠢᠨ᠎ ᠤ ᠵᠦᠪᠯᠡᠯ ᠤᠨ ᠪᠠᠶᠢᠡᠭᠭᠤ ᠶᠢᠨ ᠭᠡᠰᠢᠭᠦᠳ᠂ ᠭᠡᠰᠢᠭᠦᠳ ᠬᠤᠷᠠᠯ ᠳᠤ ᠤᠷᠤᠯᠴᠠᠵᠤ᠂ ᠲᠦᠪ ᠤᠨ ᠪᠠ ᠤᠯᠤᠰ ᠤᠨ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠤᠷᠤᠯᠴᠠᠪᠠ᠃

  (ᠰᠢᠨᠬᠤᠸᠠ ᠬᠤᠷᠢᠶᠠᠨ᠎ ᠤ ᠪᠡᠭᠡᠵᠢᠩ ᠤᠨ 4 ᠰᠠᠷ᠎ᠠ ᠶᠢᠨ 17᠎ ᠤ ᠴᠠᠬᠢᠯᠭᠠᠨ ᠮᠡᠳᠡᠭᠡ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com