ᠰᠢ ᠶᠢᠨ ᠫᠢᠩ᠄ ᠪᠠᠭᠠᠲᠤᠷᠯᠢᠬ ᠦᠢᠯᠡ ᠠᠵᠢᠯᠯᠠᠭ᠎ᠠ ᠠᠴᠠ ᠰᠤᠷᠤᠯᠴᠠᠵᠥ ᠪᠠᠭᠠᠳᠤᠷᠯᠢᠭ ᠵᠤᠷᠢᠭ ᠰᠠᠨᠠᠭ᠎ᠠ ᠶᠢ ᠪᠠᠳᠠᠷᠠᠭᠤᠯᠵᠥ ᠶᠡᠷᠤ ᠪᠤᠰᠤ ᠶᠢᠨ ᠪᠠᠭᠠᠳᠤᠷᠯᠢᠭ ᠵᠤᠷᠢᠭ ᠰᠠᠨᠠᠭ᠎ᠠ ᠶᠢ ᠡᠬᠡᠯ ᠵᠢᠷ ᠤᠨ ᠠᠵᠢᠯ ᠤᠨ ᠪᠠᠶᠢᠷᠢ ᠳᠠᠭᠠᠨ ᠢᠯᠡᠷᠡᠬᠦᠯᠬᠦ ᠬᠡᠷᠡᠭᠳᠡᠢ

  ᠰᠢᠨᠬᠤᠸᠠ ᠬᠤᠷᠢᠶᠠᠨ᠎ ᠤ ᠪᠡᠭᠡᠵᠢᠩ ᠤᠨ 9 ᠰᠠᠷ᠎ᠠ ᠶᠢᠨ 30᠎ ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠡᠨ᠎ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ᠎ ᠤ ᠲᠡᠷᠢᠬᠦᠯᠡᠭᠴᠢ ᠰᠢ ᠶᠢᠨ ᠫᠢᠩ ᠰᠧᠴᠤᠸᠠᠨ᠎ ᠤ ᠠᠭᠠᠷ ᠤᠨ ᠠᠶᠠᠯᠠᠯ ᠤᠨ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠪᠠᠭᠠᠳᠤᠷᠯᠢᠭ ᠨᠢᠰᠬᠡᠯ ᠤᠨ ᠲᠤᠭᠤᠢᠢᠯᠠᠩ ᠤᠨ ᠪᠦᠬᠦ ᠪᠦᠷᠢᠯᠳᠦᠬᠦᠨ ᠢ ᠲᠤᠰᠬᠠᠢᠢᠯᠠᠨ ᠤᠷᠢᠵᠥ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠠ 69 ᠵᠢᠯ ᠤᠨ ᠤᠢ ᠶᠢ ᠪᠡᠯᠬᠡᠯᠡᠬᠦ ᠲᠠᠶᠢᠯᠠᠯᠭ᠎ᠠ ᠳᠤ ᠤᠷᠤᠯᠴᠠᠭᠤᠯᠪᠠ᠃ 30᠎ ᠤ ᠦᠳᠡ ᠶᠢᠨ ᠬᠤᠶᠢᠨ᠎ᠡ ᠤᠯᠤᠰ ᠤᠨ ᠪᠠᠶᠠᠷ ᠢ ᠪᠡᠯᠬᠡᠯᠡᠬᠦ ᠲᠠᠶᠢᠯᠠᠯᠭ᠎ᠠ ᠠᠴᠠ ᠡᠮᠤᠨ᠎ᠡ᠂ ᠰᠢ ᠶᠢᠨ ᠫᠢᠩ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠡᠳᠡᠨ ᠲᠠᠢ ᠲᠤᠳᠤᠨᠤ ᠪᠠᠷ ᠠᠭᠤᠯᠵᠠᠭᠰᠠᠠ ᠪᠦᠬᠡᠳ ᠤᠯᠠᠨ ᠲᠠᠢ ᠬᠠᠮᠳᠤ ᠬᠡᠷᠡᠯ ᠵᠢᠷᠤᠭ ᠲᠠᠳᠠᠭᠤᠯᠵᠥ ᠲᠤᠷᠠᠰᠬᠠᠯ ᠦᠯᠡᠳᠡᠬᠡᠪᠡ᠃

  ᠨᠠᠮ ᠤᠨ ᠲᠦᠪ ᠬᠤᠷᠢᠶᠡᠨ᠎ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ᠎ ᠤ ᠲᠡᠷᠢᠬᠦᠯᠡᠭᠴᠢ ᠰᠢ ᠶᠢᠨ ᠫᠢᠩ ᠰᠧᠴᠤᠸᠠᠨ᠎ ᠤ ᠠᠭᠠᠷ ᠤᠨ ᠠᠶᠠᠯᠠᠯ ᠤᠨ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠪᠠᠭᠠᠳᠤᠷᠯᠢᠭ ᠨᠢᠰᠬᠡᠯ ᠤᠨ ᠲᠤᠭᠤᠢᠢᠯᠠᠩ ᠤᠨ ᠪᠦᠬᠦ ᠪᠦᠷᠢᠯᠳᠦᠬᠦᠨ ᠢ ᠲᠤᠰᠬᠠᠢᠢᠯᠠᠨ ᠤᠷᠢᠵᠥ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠠ 69 ᠵᠢᠯ ᠤᠨ ᠤᠢ ᠶᠢ ᠪᠡᠯᠬᠡᠯᠡᠬᠦ ᠲᠠᠶᠢᠯᠠᠯᠭ᠎ᠠ ᠳᠤ ᠤᠷᠤᠯᠴᠠᠭᠤᠯᠪᠠ᠃ ᠵᠢᠷᠤᠭ ᠪᠤᠯ 9 ᠰᠠᠷ᠎ᠠ ᠶᠢᠨ 30᠎ ᠤ ᠦᠳᠡ ᠶᠢᠨ ᠬᠤᠶᠢᠨ᠎ᠠ ᠤᠯᠤᠰ ᠤᠨ ᠪᠠᠶᠠᠷ ᠢ ᠪᠡᠯᠬᠡᠯᠡᠬᠦ ᠲᠠᠶᠢᠯᠠᠯᠭ᠎ᠠ ᠠᠴᠠ ᠡᠮᠤᠨ᠎ᠡ᠂ ᠰᠢ ᠶᠢᠨ ᠫᠢᠩ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠡᠳᠡᠨ ᠲᠠᠢ ᠲᠤᠳᠤᠨᠤ ᠪᠠᠷ ᠠᠭᠤᠯᠵᠠᠪᠠ᠃

  ᠰᠢᠨᠬᠤᠸᠠ ᠬᠤᠷᠢᠶᠠᠨ᠎ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ

  ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ᠂ ᠨᠢᠰᠬᠡᠯ ᠤᠨ ᠲᠤᠭᠤᠢᠢᠯᠠᠩ ᠤᠨ 9 ᠪᠦᠷᠢᠯᠳᠦᠬᠦᠨ ᠠᠷᠠᠳ ᠤᠨ ᠶᠡᠭᠡ ᠬᠤᠷᠡᠯ ᠤᠨ ᠲᠠᠩᠬᠢᠮ ᠤᠨ ᠹᠦᠵᠢᠶᠠᠨ᠎ ᠤ ᠲᠢᠩᠬᠢᠮ ᠳᠤ ᠠᠯᠬᠤᠨ ᠤᠷᠤᠵᠥ᠂ ᠶᠡᠷᠤᠩᠬᠡᠢ ᠱᠦᠵᠢ ᠰᠢ ᠶᠢᠨ ᠫᠢᠩ ᠢ ᠦᠵᠡᠬᠡᠳ᠂ ᠬᠤᠶᠢᠨ᠎ᠡ ᠬᠤᠶᠢᠨ᠎ᠡ ᠠᠴᠠ ᠪᠠᠨ ᠶᠡᠷᠤᠩᠬᠡᠢ ᠱᠦᠵᠢ ᠲᠠᠢ ᠮᠡᠨᠳᠤᠴᠢᠯᠡᠪᠡ᠃ ᠰᠢ ᠶᠢᠨ ᠫᠢᠩ ᠤᠯᠠᠨ ᠲᠠᠢ ᠨᠢᠬᠡ ᠨᠢᠬᠡ ᠪᠠᠷ ᠭᠠᠷ ᠠᠳᠬᠤᠵᠥ᠂ ᠲᠤᠳᠤᠨᠤ ᠪᠠᠷ ᠶᠠᠷᠢᠯᠴᠠᠪᠠ᠃ ᠰᠢ ᠶᠢᠨ ᠫᠢᠩ᠂ ᠤᠯᠤᠰ ᠪᠠᠶᠢᠭᠤᠯᠤᠭᠳᠠᠭᠰᠠᠠ 69 ᠵᠢᠯ ᠤᠨ ᠤᠢ ᠶᠢᠨ ᠲᠠᠰᠢᠷᠠᠮ ᠢᠶᠠᠷ ᠤᠯᠠᠨ ᠲᠠᠢ ᠠᠭᠤᠯᠵᠠᠭᠰᠠᠠ ᠳᠠᠭᠠᠨ ᠮᠠᠰᠢ ᠪᠠᠶᠠᠷ ᠲᠠᠢ ᠪᠠᠶᠢᠨ᠎ᠠ᠃ 5 ᠰᠠᠷ᠎ᠠ ᠶᠢᠨ 14᠎ ᠤ ᠡᠳᠤᠷ᠂ ᠲᠠᠨᠠᠷ ᠵᠢᠰᠢᠶᠡᠨ᠎ ᠤ ᠡᠬᠦᠷᠬᠡ ᠪᠠᠨ ᠬᠦᠢᠴᠡᠳᠬᠡᠵᠥ ᠪᠠᠶᠢᠬᠤ ᠳᠤ᠂ ᠲᠦᠮᠡᠨ ᠮᠧᠲᠷ ᠤᠨ ᠦᠨᠳᠤᠷ ᠲᠤ ᠬᠡᠨᠡᠳᠳᠡ ᠨᠢᠰᠬᠡᠯ ᠤᠨ ᠵᠢᠯᠤᠭᠤᠴᠢ ᠶᠢᠨ ᠦᠷᠦᠬᠡ ᠶᠢᠨ ᠰᠢᠯ ᠬᠠᠭᠠᠷᠠᠵᠥ᠂ ᠠᠶᠠᠨᠴᠢᠳ ᠤᠨ ᠦᠷᠦᠬᠡ ᠶᠢᠨ ᠠᠭᠠᠷ ᠤᠨ ᠲᠠᠷᠤᠯᠳᠡ ᠨᠡᠮᠡᠭᠳᠡᠭᠰᠡᠡ ᠪᠠᠴᠢᠮ ᠪᠠᠶᠢᠳᠠᠯ ᠭᠠᠷᠪᠠ᠂ ᠡᠨᠡ ᠪᠤᠯ ᠲᠦᠢᠯ ᠤᠨ ᠬᠤᠪᠤᠷ ᠲᠤᠬᠢᠶᠠᠯᠳᠤᠳᠠᠭ ᠠᠶᠤᠯᠳᠤ ᠪᠠᠶᠢᠳᠠᠯ ᠪᠤᠯᠤᠨ᠎ᠠ᠃ ᠦᠬᠦᠵᠥ ᠰᠡᠬᠡᠬᠦ ᠶᠢᠨ ᠵᠠᠩᠬᠢᠯᠠᠭ᠎ᠠ ᠶᠢᠨ ᠦᠶ᠎ᠡ ᠳᠤ᠂ ᠲᠠᠨᠠᠷ ᠠᠶᠤᠯ ᠲᠦᠭᠰᠢᠬᠦᠷᠢ ᠠᠴᠠ ᠠᠶᠤᠭᠰᠠᠠ ᠦᠭᠡᠢ᠂ ᠡᠷᠡᠰ ᠰᠢᠭᠤᠷᠬᠠᠢ ᠪᠠᠷ ᠠᠷᠭᠠᠴᠠᠵᠥ᠂ ᠵᠦᠪ ᠤᠨᠤᠪᠴᠢᠳᠠᠢ ᠰᠢᠢᠳᠪᠤᠷᠢᠯᠡᠵᠥ᠂ ᠨᠢᠰᠬᠡᠯ ᠲᠡᠭᠡᠷ᠎ᠡ ᠪᠠᠶᠢᠭᠰᠠᠠ 119 ᠠᠶᠠᠨᠴᠢᠨ᠎ ᠤ ᠠᠮᠢ ᠨᠠᠰᠤᠨ᠎ ᠤ ᠠᠮᠤᠷ ᠲᠦᠪᠰᠢᠨ ᠢ ᠪᠠᠳᠤᠯᠠᠪᠠ᠃ ᠠᠶᠤᠯ ᠲᠦᠭᠰᠢᠬᠦᠷᠢ ᠲᠠᠢ ᠦᠶ᠎ᠡ ᠳᠤ ᠪᠠᠭᠠᠳᠤᠷ ᠤᠨ ᠤᠤᠷ ᠴᠢᠨᠠᠷ ᠢᠯᠡᠷᠡᠨ᠎ᠡ᠃ ᠲᠡᠨᠡᠷ ᠤᠨ ᠠᠶᠤᠯ ᠲᠦᠭᠰᠢᠬᠦᠷᠢ ᠶᠢ ᠠᠮᠤᠷ ᠲᠦᠪᠰᠢᠨ ᠪᠤᠯᠭᠠᠭᠰᠠᠠ ᠪᠠᠭᠠᠳᠤᠷᠯᠢᠭ ᠦᠢᠯᠡ ᠠᠵᠢᠯᠯᠠᠭ᠎ᠠ ᠲᠦᠭ ᠲᠦᠮᠡᠨ ᠬᠦᠮᠥᠰ ᠤᠨ ᠰᠡᠳᠬᠢᠯ ᠢ ᠬᠦᠳᠡᠯᠬᠡᠪᠡ᠃ ᠲᠠᠨᠠᠷ ᠤᠨ ᠪᠠᠭᠠᠳᠤᠷᠯᠢᠭ ᠦᠢᠯᠡ ᠠᠵᠢᠯᠯᠠᠭ᠎ᠠ ᠶᠢ ᠰᠤᠨᠤᠰᠤᠭᠠᠳ᠂ ᠪᠢ ᠮᠠᠰᠢ ᠰᠡᠳᠬᠢᠯ ᠬᠦᠳᠡᠯᠵᠥ᠂ ᠲᠠᠨᠠᠷ ᠤᠨ ᠡᠮᠤᠨ᠎ᠡ ᠠᠴᠠ ᠤᠮᠤᠭᠰᠢᠵᠤ ᠪᠠᠶᠢᠨ᠎ᠠ᠃

  ᠲᠠᠨᠠᠷ ᠲᠤ ᠪᠠᠭᠠᠳᠤᠷᠯᠢᠭ ᠨᠢᠰᠬᠡᠯ ᠤᠨ ᠲᠤᠭᠤᠢᠢᠯᠠᠩ ᠪᠠᠭᠠᠳᠤᠷᠯᠢᠭ ᠨᠢᠰᠬᠡᠯ ᠤᠨ ᠲᠠᠷᠤᠭ᠎ᠠ ᠶᠢᠨ ᠢᠷᠡᠭᠤ ᠠᠯᠳᠠᠷ ᠤᠨ ᠴᠤᠯᠠ ᠶᠢ ᠤᠯᠭᠤᠭᠰᠠᠠ ᠨᠢ ᠨᠡᠷ᠎ᠡ ᠨᠢᠳᠡᠷ ᠲᠡᠭᠡᠨ ᠨᠡᠶᠢᠴᠡᠵᠥ ᠪᠠᠶᠢᠨ᠎ᠠ ᠬᠡᠵᠥ ᠢᠯᠡᠳᠬᠡᠪᠡ᠃

  ᠰᠢ ᠶᠢᠨ ᠫᠢᠩ᠂ ᠡᠩ ᠤᠨ ᠦᠶ᠎ᠡ ᠳᠤ ᠢᠯᠡᠬᠦᠬᠡᠨ ᠬᠦᠯᠥᠰᠦ ᠤᠷᠤᠰᠬᠠᠪᠠᠯ᠂ ᠲᠠᠶᠢᠨ᠎ ᠤ ᠦᠶ᠎ᠡ ᠳᠤ ᠲᠤᠳᠠᠭᠤ ᠴᠢᠰᠤ ᠤᠷᠤᠰᠬᠠᠨ᠎ᠠ᠃ 5 · 14᠎ ᠤ ᠬᠡᠷᠡᠭ ᠢ ᠠᠮᠵᠢᠯᠳᠠ ᠲᠠᠢ ᠰᠢᠢᠳᠪᠤᠷᠢᠯᠡᠭᠰᠡᠡ ᠨᠢ ᠬᠡᠨᠡᠳᠳᠡ ᠶᠢᠨ ᠶᠠᠪᠤᠳᠠᠯ ᠪᠢᠰᠢ᠂ ᠠᠶᠤᠯᠳᠤ ᠪᠠᠶᠢᠳᠠᠯ ᠢ ᠰᠢᠢᠳᠪᠤᠷᠢᠯᠡᠬᠦ ᠳᠤ᠂ ᠲᠠᠨᠠᠷ ᠤᠨ ᠮᠠᠭᠠᠳᠯᠠᠯᠳᠡ ᠪᠦᠷᠢ᠂ ᠲᠤᠭᠳᠠᠭᠠᠯ ᠪᠤᠯᠭᠠᠨ ᠬᠦᠳᠡᠯᠪᠤᠷᠢ ᠪᠤᠯᠭᠠᠨ ᠴᠢᠨᠢ ᠪᠦᠷ ᠵᠦᠪ᠂ ᠪᠦᠷ ᠠᠵᠢᠯᠯᠠᠬᠤ ᠲᠡᠰ ᠲᠠᠷᠠᠭᠠᠯᠠᠯ ᠢ ᠴᠢᠩᠭ᠎ᠠ ᠵᠢᠷᠤᠮᠯᠠᠭᠰᠠᠠ ᠪᠠᠶᠢᠨ᠎ᠠ᠃ ᠠᠶᠤᠯ ᠲᠦᠭᠰᠢᠬᠦᠷᠢ ᠲᠠᠢ ᠦᠶ᠎ᠡ ᠳᠤ ᠢᠯᠡᠷᠡᠬᠦᠯᠥᠭᠰᠡᠡ ᠯᠠᠪᠳᠠᠭᠤᠨ ᠬᠢᠨᠠᠮᠠᠭᠠᠢ ᠪᠠ ᠪᠠᠭᠠᠳᠤᠷᠯᠢᠭ ᠵᠤᠷᠢᠭ ᠰᠠᠨᠠᠭ᠎ᠠ ᠪᠤᠯ ᠲᠠᠨᠠᠷ ᠤᠨ ᠡᠩ ᠤᠨ ᠦᠶ᠎ᠡ ᠳᠡᠭᠡᠨ ᠪᠦᠷᠢᠯᠳᠤᠭᠦᠯᠦᠭᠰᠡᠨ ᠴᠢᠩᠭ᠎ᠠ ᠬᠠᠷᠢᠭᠤᠴᠠᠯᠭᠠᠳᠤ ᠤᠬᠠᠮᠰᠠᠷ ᠪᠤᠯᠤᠨ ᠯᠠᠪᠳᠠᠭᠤᠨ ᠬᠢᠨᠠᠮᠠᠭᠠᠢ ᠠᠵᠢᠯ ᠤᠨ ᠰᠤᠷᠳᠠᠯ᠂ ᠴᠠᠭᠠᠷᠠᠭᠰᠠᠠ ᠲᠤᠰᠬᠠᠢ ᠮᠡᠷᠬᠡᠵᠢᠯ ᠤᠨ ᠴᠢᠳᠠᠪᠤᠷᠢ ᠠᠴᠠ ᠢᠷᠡᠯᠳᠡ ᠲᠠᠢ ᠶᠤᠮ᠃ ᠲᠡᠨᠡᠷ ᠪᠤᠯ ᠠᠷᠠᠳ ᠤᠨ ᠠᠭᠠᠷ ᠤᠨ ᠠᠶᠠᠯᠠᠯ ᠤᠨ ᠠᠵᠢᠯᠳᠠᠨ ᠠᠵᠢᠯᠴᠢᠨ᠎ ᠤ ᠡᠩᠨᠡᠭᠡ ᠶᠢᠨ ᠰᠢᠯᠢᠳᠡᠭ ᠲᠦᠯᠥᠬᠡᠯᠡᠭᠴᠢ ᠬᠡᠳᠡᠭ ᠲᠡᠭᠡᠨ ᠤᠰᠤᠯᠳᠠᠭᠰᠠᠠ ᠦᠭᠡᠢ᠃ ᠪᠢᠳᠡ ᠪᠦᠬᠦ ᠨᠡᠶᠢᠬᠡᠮ ᠳᠤ ᠪᠠᠭᠠᠳᠤᠷᠯᠢᠬ ᠨᠢᠰᠬᠡᠯ ᠤᠨ ᠲᠤᠭᠤᠢᠢᠯᠠᠩ ᠤᠨ ᠦᠢᠯᠡ ᠠᠵᠢᠯᠯᠠᠭ᠎ᠠ ᠠᠴᠠ ᠰᠤᠷᠤᠯᠴᠠᠬᠤ ᠶᠢ ᠰᠠᠨᠠᠭᠠᠴᠢᠯᠠᠵᠥ᠂ ᠨᠡᠩ ᠴᠦ ᠪᠠᠭᠠᠳᠤᠷᠯᠢᠬ ᠨᠢᠰᠬᠡᠯ ᠤᠨ ᠲᠤᠭᠤᠢᠢᠯᠠᠩ ᠤᠨ ᠬᠢᠨ᠎ ᠤ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠤᠨ ᠪᠠᠶᠢᠷᠢ ᠳᠠᠭᠠᠨ ᠦᠨᠡᠨᠴᠢ ᠪᠠᠶᠢᠳᠠᠭ ᠤᠯᠤᠰ ᠲᠦᠷᠦ ᠶᠢᠨ ᠵᠠᠩ ᠴᠢᠨᠠᠷ ᠪᠤᠯᠤᠨ ᠲᠤᠬᠠᠢᠢᠯᠠᠭᠰᠠᠠ ᠠᠵᠢᠯ ᠤᠨ ᠮᠤᠷᠠᠯ ᠢ ᠰᠤᠷᠤᠯᠴᠠᠬᠤ ᠶᠢ ᠰᠠᠨᠠᠭᠠᠴᠢᠯᠠᠬᠤ ᠬᠡᠷᠡᠭᠳᠡᠢ ᠬᠡᠵᠥ ᠴᠢᠬᠤᠯᠠᠴᠢᠯᠠᠪᠠ᠃

  ᠰᠢ ᠶᠢᠨ ᠫᠢᠩ᠂ ᠠᠭᠤᠤ ᠶᠡᠭᠡ ᠬᠦᠮᠥᠨ ᠡᠬᠡᠯ ᠵᠢᠷ ᠤᠨ ᠬᠦᠮᠥᠰ ᠠᠴᠠ ᠢᠯᠡᠷᠡᠵᠥ᠂ ᠪᠠᠭᠠᠳᠤᠷ ᠬᠦᠮᠥᠨ ᠠᠷᠠᠳ ᠲᠦᠮᠡᠨ᠎ ᠤ ᠲᠤᠮᠳᠠ ᠠᠴᠠ ᠢᠯᠡᠷᠡᠳᠡᠭ ᠶᠤᠮ᠃ ᠡᠬᠡᠯ ᠵᠢᠷ ᠤᠨ ᠠᠵᠢᠯ ᠢᠶᠠᠨ ᠰᠠᠶᠢᠳᠤᠷ ᠬᠢᠪᠡᠯ ᠵᠢᠷ ᠤᠨ ᠪᠤᠰᠤ ᠪᠤᠯᠳᠠᠬ ᠶᠤᠮ᠃ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠢᠯᠡᠰ ᠲᠦᠭ ᠲᠦᠮᠡᠨ ᠪᠠᠭᠠᠳᠤᠷᠯᠢᠭ ᠬᠠᠮᠳᠤ᠂ ᠪᠠᠭᠠᠳᠤᠷᠯᠢᠭ ᠬᠦᠮᠥᠰ ᠢ ᠬᠡᠷᠡᠭᠰᠡᠨ᠎ᠡ᠃ ᠪᠠᠭᠠᠳᠤᠷᠯᠢᠭ ᠦᠢᠯᠡ ᠠᠵᠢᠯᠯᠠᠭ᠎ᠠ ᠠᠴᠠ ᠰᠤᠷᠤᠯᠴᠠᠵᠥ᠂ ᠪᠠᠭᠠᠳᠤᠷ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠳᠤ ᠶᠡᠷᠤ ᠪᠤᠰᠤ ᠶᠢᠨ ᠪᠠᠭᠠᠳᠤᠷᠯᠢᠭ ᠵᠤᠷᠢᠭ ᠰᠠᠨᠠᠭ᠎ᠠ ᠶᠢ ᠡᠬᠡᠯ ᠵᠢᠷ ᠤᠨ ᠠᠵᠢᠯ ᠤᠨ ᠪᠠᠶᠢᠷᠢ ᠳᠠᠭᠠᠨ ᠢᠯᠡᠷᠡᠬᠦᠯᠵᠥ᠂ ᠠᠷᠠᠳ ᠲᠦᠮᠡᠨ᠎ ᠤ ᠠᠮᠢ ᠨᠠᠰᠤᠨ᠎ ᠤ ᠠᠮᠤᠷ ᠲᠦᠪᠰᠢᠨ ᠳᠤ ᠲᠡᠬᠡᠳᠤ ᠬᠡᠮᠵᠢᠶ᠎ᠡ ᠪᠠᠷ ᠬᠠᠷᠢᠭᠤᠴᠠᠬᠤ ᠬᠠᠷᠢᠭᠤᠴᠠᠯᠭ᠎ᠠ ᠶᠢᠨ ᠤᠬᠠᠮᠰᠠᠷ ᠲᠤ ᠢᠯᠡᠷᠡᠬᠦᠯᠬᠦ ᠬᠡᠷᠡᠭᠳᠡᠢ᠃ ᠨᠢᠰᠤᠯᠳᠡ ᠶᠢᠨ ᠠᠵᠢᠯ ᠵᠢᠯ ᠪᠤᠯᠭᠠᠨ ᠶᠠᠪᠤᠭᠳᠠᠵᠥ᠂ ᠡᠳᠤᠷ ᠪᠤᠯᠭᠠᠨ ᠶᠠᠪᠤᠭᠳᠠᠵᠥ ᠪᠠᠶᠢᠨ᠎ᠠ᠂ ᠦᠵᠡᠬᠦ ᠳᠤ ᠡᠬᠡᠯ ᠵᠢᠷ ᠤᠨ ᠠᠵᠢᠯ ᠰᠢᠭ᠋ ᠪᠤᠯᠪᠠᠴᠦ᠂ ᠵᠢᠰᠢᠶᠡᠨ᠎ ᠤ ᠨᠢᠰᠬᠡᠯ ᠪᠤᠯᠭᠠᠨ᠎ ᠤ ᠠᠮᠤᠷ ᠲᠦᠪᠰᠢᠨ ᠢ ᠪᠠᠳᠤᠯᠠᠬᠤ ᠪᠤᠯ ᠶᠡᠷᠤ ᠪᠤᠰᠤ ᠶᠢᠨ ᠠᠵᠢᠯ ᠪᠤᠯᠤᠨ᠎ᠡ᠃ ᠲᠡᠨᠡᠷ ᠤᠨ ᠦᠷᠬᠦᠯᠵᠢᠯᠡᠨ ᠴᠢᠷᠮᠡᠶᠢᠵᠥ᠂ ᠵᠢᠰᠢᠶᠡᠨ᠎ ᠤ ᠨᠢᠰᠬᠡᠯ ᠪᠦᠷᠢ ᠳᠤ ᠰᠠᠶᠢᠳᠤᠷ ᠠᠵᠢᠯᠯᠠᠵᠥ᠂ ᠭᠤᠭᠴᠤᠭ᠎ᠠ ᠪᠦᠷᠢ ᠶᠢ ᠰᠠᠶᠢᠳᠤᠷ ᠠᠳᠬᠤᠵᠥ᠂ ᠠᠷᠠᠳ ᠤᠨ ᠠᠭᠠᠷ ᠤᠨ ᠠᠶᠠᠯᠠᠯ ᠢᠶᠠᠷ ᠤᠯᠤᠰ ᠢᠶᠠᠨ ᠬᠦᠴᠦᠷᠬᠡᠭᠵᠢᠬᠦᠯᠬᠦ ᠶᠢ ᠪᠡᠶᠡᠯᠡᠬᠦᠯᠵᠥ᠂ ᠲᠤᠮᠳᠠᠳᠤ ᠶᠢᠨ ᠦᠨᠳᠦᠰᠦᠳᠡᠨ᠎ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃

  ᠰᠢ ᠶᠢᠨ ᠫᠢᠩ᠂ ᠠᠮᠤᠷ ᠲᠦᠪᠰᠢᠨ ᠪᠤᠯ ᠠᠷᠠᠳ ᠤᠨ ᠠᠭᠠᠷ ᠤᠨ ᠠᠶᠠᠯᠠᠯ ᠤᠨ ᠦᠢᠯᠡᠰ ᠤᠨ ᠠᠮᠢᠨ ᠰᠤᠳᠠᠰᠤ ᠮᠦᠨ᠂ ᠶᠠᠮᠠᠷᠪᠡ ᠦᠶ᠎ᠡ ᠳᠤ ᠶᠠᠮᠠᠷᠪᠡ ᠭᠤᠬᠴᠤᠭ᠎ᠠ ᠳᠤ ᠴᠦᠮ ᠮᠢᠨᠴᠥᠬᠦᠷᠡᠨ ᠲᠠᠶᠢᠪᠤᠰᠢᠷᠠᠵᠤ ᠪᠤᠯᠬᠤ ᠦᠭᠡᠢ᠃ ᠠᠷᠠᠳ ᠤᠨ ᠠᠭᠠᠷ ᠤᠨ ᠠᠶᠠᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠬᠤᠯᠪᠤᠬᠳᠠᠯ ᠪᠦᠬᠦᠢ ᠭᠠᠵᠠᠷ ᠤᠷᠤᠨ᠂ ᠠᠵᠤ ᠠᠬᠤᠢᠢᠯᠡᠯ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠠᠮᠤᠷ ᠲᠦᠪᠰᠢᠨ ᠪᠠ ᠬᠦᠭᠵᠢᠯᠳᠠ᠂ ᠠᠮᠤᠷ ᠲᠦᠪᠰᠢᠨ ᠪᠠ ᠦᠷ᠎ᠡ ᠠᠰᠢᠭ ᠤᠨ ᠬᠠᠷᠢᠴᠠᠭ᠎ᠠ ᠶᠢ ᠵᠦᠪ ᠰᠢᠢᠳᠪᠤᠷᠢᠯᠡᠵᠤ᠂ ᠢᠮᠠᠬᠳᠠ ᠠᠮᠤᠷ ᠲᠦᠪᠰᠢᠨ ᠢ ᠲᠡᠷᠢᠬᠦᠨ ᠴᠢᠬᠤᠯᠠ ᠶᠡᠭᠡ ᠶᠠᠪᠤᠳᠠᠯ ᠪᠤᠯᠭᠠᠨ ᠠᠳᠬᠤᠬᠤ ᠭᠡᠷᠡᠭᠲᠠᠢ᠃ ᠬᠡᠮ ᠰᠤᠭᠤᠭ ᠢ ᠪᠠᠶᠢᠴᠠᠭᠠᠬᠤ ᠪᠠ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠥ᠂ ᠠᠶᠤᠯ ᠲᠦᠭᠰᠢᠬᠦᠷᠢ ᠶᠢ ᠰᠠᠷᠭᠡᠶᠢᠯᠡᠨ ᠡᠵᠡᠮᠳᠡᠬᠦ ᠰᠢᠰ᠊ᠲ᠊ᠸᠮ ᠢ ᠲᠡᠬᠦᠯᠳᠡᠷᠵᠢᠬᠦᠯᠵᠤ᠂ ᠬᠢᠨᠠᠯᠳᠠ ᠬᠠᠮᠢᠶᠠᠷᠤᠯᠳᠠ ᠶᠢᠨ ᠠᠵᠢᠯ ᠤᠨ ᠲᠤᠬᠳᠠᠴᠠ ᠶᠢ ᠪᠦᠷᠢᠨᠰᠢᠬᠦᠯᠵᠤ᠂ ᠡᠩᠨᠡᠭᠡᠨ᠎ ᠤ ᠰᠤᠷᠳᠠᠯ ᠪᠤᠯᠤᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠠᠮᠤᠷ ᠲᠦᠪᠰᠢᠨ᠎ ᠤ ᠬᠠᠷᠢᠭᠤᠴᠠᠯᠭ᠎ᠠ ᠶᠢ ᠠᠵᠢᠯ ᠤᠨ ᠪᠠᠶᠢᠷᠢ᠂ ᠬᠦᠮᠦᠨ ᠳᠤ ᠬᠦᠷᠳᠡᠯ᠎ᠡ ᠦᠨᠡᠨ ᠬᠦ ᠨᠡᠶᠢᠳᠠᠪᠤᠷᠢᠵᠢᠭᠤᠯᠵᠤ᠂ ᠠᠷᠠᠳ ᠤᠨ ᠠᠭᠠᠷ ᠤᠨ ᠠᠶᠠᠯᠠᠯ ᠤᠨ ᠠᠮᠤᠷ ᠲᠦᠪᠰᠢᠨ ᠠᠵᠢᠯᠯᠠᠵᠤ ᠯᠠᠪᠳᠠᠭᠤᠨ ᠲᠤᠬᠳᠠᠭᠤᠨ ᠡᠵᠡᠮᠳᠡᠬᠦ ᠶᠢ ᠦᠨᠡᠨ ᠬᠦ ᠪᠠᠳᠤᠯᠠᠬᠤ ᠭᠡᠷᠡᠭᠲᠠᠢ ᠭᠡᠵᠤ ᠴᠢᠬᠤᠯᠠᠴᠢᠯᠠᠪᠠ᠃

  ᠰᠧᠴᠤᠸᠠᠨ᠎ ᠤ ᠠᠭᠠᠷ ᠤᠨ ᠠᠶᠠᠯᠡᠯ ᠤᠨ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠪᠠᠭᠠᠳᠤᠷᠯᠢᠬ ᠨᠢᠰᠭᠡᠯ ᠤᠨ ᠲᠤᠭᠤᠢᠢᠯᠠᠩ ᠤᠨ ᠪᠦᠬᠦ ᠪᠦᠷᠢᠯᠳᠦᠬᠦᠨ ᠪᠤᠯ᠄ ᠨᠢᠰᠭᠡᠯ ᠤᠨ ᠲᠤᠭᠤᠢᠢᠯᠠᠩ ᠤᠨ ᠬᠠᠷᠢᠭᠤᠴᠠᠯᠭᠠᠳᠤ ᠨᠢᠰᠭᠡᠯ ᠤᠨ ᠲᠠᠷᠤᠭ᠎ᠠ ᠯᠢᠤ ᠴᠤᠸᠠᠨ ᠵᠢᠶᠠᠨ᠂ ᠬᠤᠶᠠᠳᠤᠭᠠᠷ ᠨᠢᠰᠭᠡᠯ ᠤᠨ ᠲᠠᠷᠤᠭ᠎ᠠ ᠯᠢᠶᠠᠩ ᠫᠧᠩ᠂ ᠲᠠᠳ᠋ ᠵᠢᠯᠤᠭᠤᠴᠢ ᠰᠢᠦᠢ ᠷᠦᠢ ᠴᠧᠨ᠂ ᠠᠶᠠᠨᠴᠢᠳ ᠤᠨ ᠦᠷᠦᠭᠡᠨ᠎ ᠤ ᠦᠢᠯᠡᠴᠢᠯᠡᠭᠴᠢᠳ ᠤᠨ ᠲᠤᠭᠤᠢᠢᠯᠠᠩ ᠤᠨ ᠪᠦᠷᠢᠯᠳᠦᠬᠦᠨ ᠪᠢ ᠨᠠᠨ᠂ ᠵᠠᠩ ᠴᠢᠦᠢ ᠢ᠂ ᠶᠠᠩ ᠲᠢᠩ᠂ ᠬᠤᠸᠠᠩ ᠲᠢᠩ᠂ ᠵᠸᠤ ᠶᠠᠨ ᠸᠧᠨ᠂ ᠠᠭᠠᠷ ᠤᠨ ᠠᠶᠠᠯᠠᠯ ᠤᠨ ᠠᠮᠤᠷ ᠲᠦᠪᠰᠢᠨ᠎ ᠤ ᠬᠠᠮᠢᠶᠠᠷᠤᠬᠴᠢ ᠡᠤ ᠱᠢ ᠢ ᠪᠤᠯᠤᠨ᠎ᠠ᠃ ᠲᠡᠳᠡᠨ᠎ ᠤ 5.14᠎ ᠤ ᠭᠡᠷᠡᠭ ᠢ ᠠᠮᠵᠢᠯᠳᠠᠳᠠᠢ ᠰᠢᠢᠳᠪᠤᠷᠢᠯᠡᠭᠰᠡᠨ ᠶᠠᠪᠤᠳᠠᠯ ᠢ ᠬᠦᠬᠢᠬᠦᠯᠦᠨ ᠰᠠᠶᠢᠰᠢᠶᠠᠬᠤ ᠶᠢᠨ ᠲᠦᠯᠦᠭᠡ᠂ 6 ᠰᠠᠷ᠎ᠡ ᠶᠢᠨ 8᠎ ᠤ ᠡᠳᠦᠷ᠂ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠤᠪᠴᠢᠶ᠎ᠡ ᠪᠤᠯᠤᠨ ᠰᠧᠴᠤᠸᠠᠨ ᠮᠤᠵᠢ ᠶᠢᠨ ᠵᠠᠰᠠᠭ ᠤᠨ ᠤᠷᠳᠤᠨ ᠠᠴᠠ ᠰᠧᠴᠤᠸᠠᠨ᠎ ᠤ ᠠᠭᠠᠷ ᠤᠨ ᠠᠶᠠᠯᠠᠯ ᠤᠨ 3U8633 ᠵᠢᠰᠢᠶᠡᠨ᠎ ᠤ ᠨᠢᠰᠭᠡᠯ ᠤᠨ ᠲᠤᠭᠤᠢᠢᠯᠠᠩ ᠤᠨ ᠬᠢᠨ ᠳᠤ ᠲᠤᠮᠳᠠᠳᠤ ᠤᠯᠤᠰ ᠤᠨ ᠠᠭᠠᠷ ᠤᠨ ᠠᠶᠠᠯᠡᠯ ᠤᠨ ᠪᠠᠭᠠᠳᠤᠷᠯᠢᠬ ᠨᠢᠰᠭᠡᠯ ᠤᠨ ᠲᠤᠭᠤᠢᠢᠯᠠᠩ ᠤᠨ ᠴᠤᠯᠠ ᠤᠯᠭᠤᠵᠤ᠂ ᠨᠢᠰᠭᠡᠯ ᠤᠨ ᠲᠠᠷᠤᠭ᠎ᠠ ᠯᠢᠤ ᠴᠤᠸᠠᠨ ᠵᠢᠶᠠᠨ ᠳᠤ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠪᠡᠭᠠᠳᠤᠷᠯᠢᠬ ᠨᠢᠰᠭᠡᠯ ᠤᠨ ᠲᠠᠷᠤᠭ᠎ᠠ ᠶᠢᠨ ᠴᠤᠯᠠ ᠤᠯᠭᠤᠪᠠ᠃

  ᠠᠭᠤᠯᠵᠠᠯᠳᠠ ᠶᠢ ᠬᠦᠯᠢᠶᠠᠨ ᠠᠪᠤᠬᠰᠡᠨ ᠪᠦᠭᠡᠳ ᠶᠠᠷᠤᠩᠭᠡᠢ ᠱᠦᠵᠢ ᠶᠢᠨ ᠶᠠᠷᠢᠶ᠎ᠡ ᠶᠢ ᠰᠤᠨᠤᠰᠤᠭᠠᠳ᠂ ᠪᠦᠬᠦ ᠨᠢᠰᠭᠡᠯ ᠤᠨ ᠲᠤᠭᠤᠢᠢᠯᠠᠩ ᠤᠨ ᠪᠦᠷᠢᠯᠳᠦᠬᠦᠨ ᠰᠡᠳᠬᠢᠯ ᠲᠤᠬᠳᠤᠯᠵᠤ᠂ ᠲᠦᠢᠯ ᠢᠶᠠᠷ ᠵᠤᠷᠢᠬᠵᠢᠪᠠ᠃ ᠤᠯᠠᠨ ᠢᠶᠠᠷ ᠢᠶᠠᠨ᠂ ᠶᠡᠷᠤᠩᠭᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠤ ᠴᠠᠭᠡᠵᠢᠯᠡᠵᠤ᠂ ᠠᠮᠤᠷ ᠲᠦᠪᠰᠢᠨ ᠢ ᠲᠡᠷᠢᠬᠦᠨ ᠪᠠᠶᠢᠷᠢᠨ ᠳᠤ ᠲᠠᠯᠪᠢᠵᠤ᠂ ᠠᠶᠠᠨᠴᠢᠳ ᠢ ᠲᠡᠭᠡᠳᠦᠯᠡᠵᠤ᠂ ᠦᠨᠡᠨ ᠰᠡᠳᠬᠢᠯ ᠢᠶᠠᠷ ᠦᠢᠯᠡᠴᠢᠯᠡᠬᠦ ᠵᠠᠷᠴᠢᠮ ᠪᠤᠯᠤᠨ ᠤᠢᠢᠯᠠᠭᠠᠬᠳᠠᠬᠤᠨ ᠢ ᠪᠠᠷᠢᠮᠳᠠᠯᠠᠵᠤ᠂ ᠨᠢᠰᠤᠯᠳᠡ ᠶᠢᠨ ᠴᠢᠳᠠᠪᠤᠷᠢ ᠪᠠᠨ ᠰᠢᠷᠭᠠᠭᠤ ᠪᠤᠯᠪᠠᠰᠤᠷᠠᠵᠤ᠂ ᠤᠪᠤᠷ ᠰᠤᠷᠳᠠᠯ ᠢᠶᠠᠨ ᠲᠠᠪᠳᠠᠨ ᠪᠤᠯᠪᠠᠰᠤᠷᠠᠵᠤ᠂ ᠤᠯᠠᠨ ᠲᠦᠮᠡᠨ᠎ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠳᠤᠯᠠᠨ᠎ᠡ᠃ ᠶᠡᠷᠤᠩᠭᠡᠢ ᠱᠦᠵᠢ ᠰᠠᠨᠠᠭ᠎ᠠ ᠠᠮᠤᠷ ᠪᠠᠶᠢᠭᠠᠷᠠᠢ ᠭᠡᠵᠤ ᠢᠯᠡᠳᠭᠡᠵᠡᠭᠡᠪᠡ᠃

  ᠳ᠋ᠢᠩ ᠰᠢᠤᠸᠠᠢ ᠰᠢᠶᠠᠩ᠂ ᠯᠢᠤ ᠾᠧ ᠪᠤᠯᠤᠨ ᠵᠠᠮ ᠲᠡᠭᠡᠭᠡᠪᠤᠷᠢ ᠶᠢᠨ ᠶᠠᠮᠤᠨ᠂ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠤᠪᠴᠢᠶ᠎ᠡ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠠᠭᠤᠯᠵᠠᠯᠳᠠ ᠳᠤ ᠤᠷᠤᠯᠴᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com