ᠦᠷᠡᠭᠳᠡᠭᠰᠡᠡ ᠪᠠᠭᠠᠳᠤᠷᠴᠤᠳ ᠤᠨ ᠲᠤᠷᠠᠰᠬᠠᠯ ᠤᠨ ᠡᠳᠤᠷ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦᠶᠤᠰᠤᠯᠠᠯ ᠪᠡᠬᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ

  ᠰᠢ ᠶᠢᠨ ᠫᠢᠩ ᠯᠢ ᠺᠧ ᠴᠢᠶᠠᠩ ᠯᠢ ᠵᠠᠨ ᠱᠦ ᠸᠠᠩ ᠶᠠᠩ ᠸᠠᠩ ᠬᠤ᠋ ᠨᠢᠩ ᠵᠤᠤ ᠯᠧ ᠵᠢᠢ

  ᠬᠠᠨ ᠵᠧᠩ ᠸᠠᠩ ᠴᠢ ᠱᠠᠨ ᠤᠷᠤᠯᠴᠠᠵᠠᠢ 9 ᠰᠠᠷ᠎ᠠ ᠶᠢᠨ 30᠎ ᠤ ᠦᠳᠡ ᠶᠢᠨ ᠡᠮᠤᠨ᠎ᠡ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠬᠦᠮᠦᠰ ᠪᠡᠭᠡᠵᠢᠩ ᠤᠨ ᠲᠢᠶᠠᠨ ᠠᠨ ᠮᠧᠨ ᠲᠠᠯᠠᠪᠠᠢ ᠳᠤ ᠢᠷᠡᠵᠦ᠂ ᠦᠷᠡᠭᠳᠡᠭᠰᠡᠡ ᠪᠠᠭᠠᠳᠤᠷᠴᠤᠳ ᠤᠨ ᠲᠤᠷᠠᠰᠬᠠᠯ ᠤᠨ ᠡᠳᠤᠷ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦ ᠶᠤᠰᠤᠯᠠᠯ ᠳᠤ ᠤᠷᠤᠯᠴᠠᠪᠠ᠃ ᠵᠢᠷᠤᠭ ᠪᠤᠯ ᠰᠢ ᠶᠢᠨ ᠫᠢᠩ ᠴᠡᠴᠡᠭᠲᠤ ᠰᠠᠬᠰᠤᠨ ᠳᠡᠭᠡᠷᠡᠬᠢ ᠤᠨᠵᠢᠯᠠᠭ᠎ᠠ ᠶᠢ ᠰᠠᠶᠢᠳᠤᠷ ᠲᠡᠭᠰᠢᠯᠡᠵᠦ ᠪᠠᠶᠢᠭ᠎ᠠ ᠨᠢ᠃

  ᠰᠢᠨᠬᠤᠸᠠ ᠬᠤᠷᠢᠶᠠᠨ᠎ ᠤ ᠰᠤᠷᠪᠤᠯᠵᠢᠯᠠᠬᠴᠢ ᠰᠢᠶᠧ ᠬᠤᠸᠠᠨ ‍ᠤᠤᠢ ᠰᠡᠬᠦᠳᠡᠷᠯᠡᠪᠡ 9 ᠰᠠᠷ᠎ᠠ ᠶᠢᠨ 30᠎ ᠤ ᠦᠳᠡ ᠶᠢᠨ ᠡᠮᠤᠨ᠎ᠡ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠬᠦᠮᠦᠰ ᠪᠡᠭᠡᠵᠢᠩ ᠤᠨ ᠲᠢᠶᠠᠨ ᠠᠨ ᠮᠧᠨ ᠲᠠᠯᠠᠪᠠᠢ ᠳᠤ ᠢᠷᠡᠵᠦ᠂ ᠦᠷᠡᠭᠳᠡᠭᠰᠡᠡ ᠪᠠᠭᠠᠳᠤᠷᠴᠤᠳ ᠤᠨ ᠲᠤᠷᠠᠰᠬᠠᠯ ᠤᠨ ᠡᠳᠤᠷ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦ ᠶᠤᠰᠤᠯᠠᠯ ᠳᠤ ᠤᠷᠤᠯᠴᠠᠪᠠ᠃

  ᠰᠢᠨᠬᠤᠸᠠ ᠬᠤᠷᠢᠶᠠᠨ᠎ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ

  ᠰᠢᠨᠬᠤᠸᠠ ᠬᠤᠷᠢᠶᠡᠨ᠎ ᠤ ᠪᠡᠬᠡᠵᠢᠩ ᠤᠨ 9 ᠰᠠᠷ᠎ᠠ ᠶᠢᠨ 30᠎ ᠤ ᠴᠠᠬᠢᠯᠭᠠᠨ ᠮᠡᠳᠡᠭᠡ (ᠰᠤᠷᠪᠤᠯᠵᠢᠯᠠᠭᠴᠢ ᠶᠠᠩ ᠸᠧᠢ ᠬᠠᠨ ᠵᠦ ᠵᠢᠢ ᠴᠠᠢ) ᠲᠡᠭᠷᠢ ᠭᠠᠵᠠᠷ ᠪᠠᠭᠠᠳᠤᠷ ᠵᠤᠷᠢᠭ ᠢ ᠲᠠᠪᠳᠠᠵᠥ᠂ ᠲᠦᠪ ᠰᠤᠷᠳᠠᠯ ᠤᠯᠤᠰ ᠤᠨ ᠰᠦᠷ ᠢ ᠪᠠᠳᠠᠷᠠᠭᠤᠯᠤᠨ᠎ᠠ᠃ ᠦᠷᠡᠭᠳᠡᠭᠰᠡᠡ ᠪᠠᠭᠠᠳᠤᠷᠴᠤᠳ ᠤᠨ ᠲᠤᠷᠠᠰᠬᠠᠯ ᠤᠨ ᠡᠳᠤᠷ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦ ᠶᠤᠰᠤᠯᠠᠯ 30᠎ ᠤ ᠦᠳᠡ ᠶᠢᠨ ᠡᠮᠤᠨ᠎ᠡ ᠪᠡᠭᠡᠵᠢᠩ ᠤᠨ ᠲᠢᠶᠠᠨ ᠠᠨ ᠮᠧᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠡᠯ᠎ᠡ ᠡᠳᠡᠭᠡᠳ ᠤᠨ ᠲᠦᠯᠥᠬᠡᠯᠡᠭᠴᠢᠳ ᠲᠠᠢ ᠬᠠᠮᠳᠤ ᠪᠠᠷ ᠶᠤᠰᠤᠯᠠᠯ ᠳᠤ ᠤᠷᠤᠯᠴᠠᠵᠠᠢ᠃

  ᠰᠦᠷ ᠵᠢᠪᠬᠤᠯᠠᠩᠳᠤ ᠲᠢᠶᠠᠨ ᠠᠨ ᠮᠧᠨ ᠲᠡᠯᠡᠪᠡᠢ ᠳᠤ᠂ ᠲᠠᠪᠤᠨ ᠤᠳᠤᠳᠤ ᠤᠯᠠᠭᠠᠨ ᠲᠤᠭ ᠰᠠᠯᠬᠢᠨ᠎ ᠤ ᠠᠶ᠎ᠡ ᠪᠠᠷ ᠨᠠᠮᠢᠷᠠᠨ᠎ᠠ᠃ ᠠᠭᠤᠳᠠᠮ ᠲᠠᠯᠠᠪᠠᠢ ᠶᠢᠨ ᠲᠦᠪ ᠲᠤ᠂ ᠡᠬᠡ ᠤᠯᠤᠰ ᠲᠠᠭᠠᠨ ᠬᠦᠰᠡᠯ ᠵᠦᠩᠨᠡᠯ ᠢᠶᠠᠨ ᠲᠡᠪᠰᠢᠬᠦᠯᠥᠶ᠎ᠡ ᠬᠡᠬᠦ ᠲᠤᠮᠤ ᠴᠡᠴᠡᠭᠳᠤ ᠰᠠᠭᠰᠤ ᠤᠯᠤᠰ ᠤᠨ ᠢᠶᠠᠨ ᠬᠦᠭᠵᠢᠨ ᠴᠡᠴᠡᠭᠯᠡᠵᠥ ᠪᠠᠶᠠᠵᠢᠨ ᠬᠦᠴᠦᠷᠬᠡᠭᠵᠢᠬᠦ ᠶᠢ ᠬᠦᠰᠡᠭᠰᠡᠡ ᠰᠠᠶᠢᠨ ᠰᠠᠶᠢᠬᠠᠨ ᠬᠦᠰᠡᠯ ᠵᠦᠩᠨᠡᠯ ᠢ ᠢᠯᠡᠳᠬᠡᠨ᠎ᠡ᠃ ᠠᠷᠠᠳ ᠤᠨ ᠪᠠᠭᠠᠳᠤᠷᠴᠤᠳ ᠤᠨ ᠲᠤᠷᠠᠰᠬᠠᠯ ᠤᠨ ᠬᠦᠰᠢᠶ᠎ᠡ ᠰᠡᠬᠦ᠋ᠢᠨ ᠰᠦᠨᠳᠡᠷᠯᠡᠵᠥ᠂ ᠬᠤᠶᠢᠳᠤ ᠲᠠᠯ᠎ᠠ ᠶᠢᠨ ᠴᠡᠴᠡᠭᠯᠢᠭ ᠲᠤ᠂ ᠤᠯᠠᠭᠠᠨ ᠴᠠᠭᠠᠨ ᠬᠤᠶᠠᠷ ᠦᠩᠬᠡ ᠶᠢᠨ ᠴᠡᠴᠡᠭ ᠢᠶᠠᠷ ᠪᠦᠷᠢᠯᠳᠦᠭᠰᠡᠡ ᠴᠡᠴᠡᠭ ᠤᠨ ᠴᠠᠭᠠᠷᠢᠭ ᠬᠦᠮᠥᠰ ᠤᠨ ᠠᠷᠠᠳ ᠤᠨ ᠪᠠᠭᠠᠳᠤᠷᠴᠤᠳ ᠢᠶᠠᠨ ᠬᠦᠨ ᠲᠤᠷᠠᠰᠤᠨ ᠰᠠᠨᠠᠭᠠᠯᠵᠠᠵᠥ ᠪᠠᠶᠢᠬᠤ ᠰᠡᠳᠬᠢᠯ ᠢ ᠢᠯᠡᠳᠬᠡᠨ᠎ᠡ᠃

  10 ᠴᠠᠭ ᠤᠨ ᠦᠶ᠎ᠡ ᠪᠠᠷ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠬᠡ ᠨᠠᠮ ᠪᠤᠯᠤᠨ ᠲᠦᠷᠦ ᠶᠢᠨ ᠤᠳᠤᠷᠢᠳᠬᠤ ᠬᠦᠮᠥᠰ ᠲᠢᠶᠠᠨ ᠠᠨ ᠮᠧᠨ ᠲᠠᠯᠠᠪᠠᠢ ᠳᠤ ᠢᠷᠡᠵᠥ᠂ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦ ᠶᠤᠰᠤᠯᠠᠯ ᠳᠤ ᠤᠷᠤᠯᠴᠠᠪᠠ᠃

  ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠬᠦᠭᠵᠢᠮ ᠤᠨ ᠠᠩᠬᠢ ᠶᠢᠨ ᠪᠦᠷᠢᠶᠡᠴᠢᠳ ᠦᠷᠡᠭᠳᠡᠭᠰᠡᠡ ᠪᠠᠭᠠᠳᠤᠷᠴᠤᠳ ᠤᠨ ᠲᠤᠷᠠᠰᠬᠠᠯ ᠤᠨ ᠠᠶᠠᠰ ᠢ ᠬᠦᠭᠵᠢᠮᠳᠡᠵᠥ᠂ ᠤᠶᠠᠷᠠᠭᠤᠨ ᠵᠢᠪᠬᠤᠯᠠᠩᠳᠤ ᠠᠶᠠᠰ ᠨᠢ ᠬᠦᠮᠥᠰ ᠲᠤ ᠤᠷᠤᠭ᠎ᠠ ᠪᠤᠰᠬᠠᠭ᠎ᠠ ᠲᠡᠤᠬᠡ ᠶᠢᠨ ᠤᠨ ᠵᠢᠯ ᠤᠳ ᠢ ᠪᠤᠳᠤᠭᠳᠠᠭᠤᠯᠤᠨ᠎ᠠ᠃

  ᠶᠤᠰᠤᠯᠠᠯ ᠤᠨ ᠴᠡᠷᠢᠭ ᠪᠡᠯᠡᠳᠬᠡᠬᠡᠷᠡᠢ︕ ᠬᠡᠬᠦ ᠵᠠᠷᠯᠢᠭ ᠢᠶᠠᠷ᠂ ᠭᠤᠷᠪᠠᠨ ᠵᠠᠮ ᠤᠨ ᠴᠡᠷᠢᠭ ᠤᠨ ᠶᠤᠰᠤᠯᠠᠯ ᠤᠨ ᠴᠡᠷᠢᠭ ᠢᠳᠡᠷᠡᠬᠦᠨ ᠠᠯᠬᠤᠭ᠎ᠠ ᠪᠠᠷ ᠲᠤᠷᠠᠰᠬᠠᠯ ᠤᠨ ᠬᠦᠰᠢᠶ᠎ᠡ ᠶᠢᠨ ᠡᠮᠤᠨ᠎ᠡ ᠢᠷᠡᠵᠥ ᠫᠤᠤ ᠠᠳᠬᠤᠨ ᠲᠦᠪ ᠵᠤᠭᠰᠤᠪᠠ᠃

  10 ᠴᠠᠭ ᠲᠤ᠂ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦ ᠶᠤᠰᠤᠯᠠᠯ ᠡᠬᠢᠯᠡᠪᠡ᠃ ᠴᠡᠷᠢᠭ ᠤᠨ ᠬᠦᠭᠵᠢᠮ ᠤᠨ ᠠᠩᠬᠢ ᠵᠢᠷᠤᠮ ᠤᠨ ᠴᠡᠷᠢᠭ ᠤᠨ ᠤᠷᠤᠭᠰᠢᠯᠠᠯᠳᠠ ᠶᠢᠨ ᠲᠠᠭᠤᠤ ᠶᠢ ᠬᠦᠭᠵᠢᠮᠳᠡᠵᠥ᠂ ᠲᠠᠯᠠᠪᠠᠢ ᠲᠠᠶᠠᠭᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠯᠳᠡ ᠲᠠᠭᠤᠤ ᠶᠢ ᠲᠠᠭᠤᠯᠠᠵᠠᠭᠠᠪᠠ᠃

  ᠤᠯᠤᠰ ᠤᠨ ᠰᠦᠯᠳᠡ ᠲᠠᠭᠤᠤ ᠶᠢ ᠲᠠᠭᠤᠯᠠᠵᠥ ᠪᠠᠷᠠᠭᠰᠠᠠ᠎ ᠤ ᠲᠠᠷᠠᠭ᠎ᠠ᠂ ᠪᠦᠬᠦᠳᠡᠬᠡᠷ ᠢᠶᠠᠨ ᠲᠦᠪ ᠵᠤᠭᠰᠤᠵᠥ᠂ ᠲᠤᠮᠳᠠᠳᠤ ᠤᠯᠤᠰ ᠤᠨ ᠠᠷᠠᠳ ᠲᠦᠮᠡᠨ᠎ ᠤ ᠴᠢᠯᠥᠬᠡᠯᠡᠯᠳᠡ ᠶᠢᠨ ᠦᠢᠯᠡᠰ ᠪᠤᠯᠤᠨ ᠪᠦᠬᠦᠳᠡ ᠨᠠᠶᠢᠷᠠᠮᠳᠠᠬᠤ ᠤᠯᠤᠰ ᠤᠨ ᠪᠦᠳᠦᠬᠡᠨ ᠪᠠᠶᠢᠭᠤᠯᠤᠯᠳᠠ ᠶᠢᠨ ᠦᠢᠯᠡᠰ ᠤᠨ ᠲᠦᠯᠥᠬᠡ ᠪᠠᠭᠠᠳᠤᠷᠯᠢᠭ ᠢᠶᠠᠷ ᠠᠮᠢ ᠨᠠᠰᠤ ᠪᠠᠨ ᠵᠤᠷᠢᠭᠤᠯᠤᠭᠰᠠᠠ ᠦᠷᠡᠭᠳᠡᠭᠰᠡᠡ ᠪᠠᠭᠠᠳᠤᠷᠴᠤᠳ ᠲᠤ ᠨᠡᠮᠡᠨᠴᠢᠯᠡᠪᠠ᠃

  ᠨᠠᠮᠠᠨᠴᠢᠯᠠᠨ ᠭᠠᠰᠢᠭᠤᠳᠠᠵᠤ ᠳᠠᠭᠤᠰᠤᠭᠠᠳ᠂ ᠰᠤᠷᠭᠤᠬ ᠴᠡᠴᠡᠭ ᠠᠳᠬᠤᠬᠰᠠᠨ ᠪᠠᠭᠠᠴᠤᠤᠨ ᠬᠡᠤᠬᠡᠳ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠵᠦᠭ ᠬᠠᠨᠳᠤᠨ ᠪᠠᠭᠠᠴᠤᠳ ᠤᠨ ᠬᠤᠰᠢᠭᠤᠴᠢ ᠠᠩᠬᠢ ᠶᠢᠨ ᠲᠠᠭᠤᠤ ᠶᠢ ᠬᠠᠨᠭ᠍ᠬᠢᠨᠠᠲᠠᠯ᠎ᠠ ᠳᠠᠭᠤᠯᠠᠬᠤ ᠶᠢᠨ ᠬᠠᠮᠲᠤ ᠪᠠᠭᠠᠴᠤᠳ ᠤᠨ ᠬᠤᠰᠢᠭᠤᠴᠢ ᠠᠩᠬᠢ ᠶᠢᠨ ᠶᠤᠰᠤ ᠶᠢ ᠭᠦᠢᠴᠡᠳᠬᠡᠪᠡ᠃

  ᠤᠯᠠᠨ ᠲᠦᠮᠡᠨ᠎ ᠤ ᠵᠢᠬᠰᠠᠭᠠᠯ ᠤᠨ ᠡᠮᠦᠨ᠎ᠡ᠂ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ ᠠᠷᠠᠳᠴᠢᠯᠠᠬᠰᠠᠨ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ᠎ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠡᠬᠡ ᠤᠷᠤᠨᠴᠢ ᠬᠦᠮᠥᠰ᠂ ᠡᠯ᠎ᠡ ᠠᠷᠠᠳ ᠤᠨ ᠪᠦᠯᠬᠦᠮ ᠪᠤᠯᠤᠨ ᠡᠯ᠎ᠡ ᠡᠳᠡᠭᠡᠳ ᠤᠨ ᠤᠯᠠᠨ ᠲᠦᠮᠡᠨ᠂ ᠠᠬᠠᠮᠠᠳ ᠪᠠᠶᠢᠯᠳᠤᠬᠴᠢ᠂ ᠠᠬᠠᠮᠠᠳ ᠨᠦᠬᠦᠳ ᠪᠤᠯᠤᠨ ᠦᠷᠡᠭᠳᠡᠭᠰᠡᠡ ᠪᠠᠭᠠᠲᠤᠷᠴᠤᠳ ᠤᠨ ᠲᠦᠷᠦᠯ ᠰᠠᠳᠤᠨ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠨᠡᠷ᠎ᠡ ᠪᠠᠷ ᠡᠷᠭᠦᠨ ᠪᠠᠷᠢᠬᠰᠠᠨ 9 ᠴᠡᠴᠡᠭᠲᠤ ᠰᠠᠬᠰᠤ ᠶᠢ ᠵᠢᠭᠳᠡ ᠵᠢᠬᠰᠠᠭᠠᠪᠠ᠃ ᠴᠡᠴᠡᠭᠲᠤ ᠰᠠᠬᠰᠤ ᠶᠢᠨ ᠤᠨᠵᠢᠯᠠᠭ᠎ᠠ ᠳᠡᠭᠡᠷ᠎ᠡ  ᠠᠷᠠᠳ ᠤᠨ ᠪᠠᠭᠠᠲᠤᠷᠴᠤᠳ ᠦᠨᠢᠲᠡ ᠪᠠᠯᠠᠷᠠᠰᠢ ᠦᠭᠡᠢ ᠬᠡᠬᠦ ᠲᠤᠮᠤ ᠦᠰᠦᠭ ᠬᠢᠯᠠᠯᠵᠠᠨ᠎ᠠ᠃

  ᠴᠡᠷᠢᠭ ᠤᠨ ᠬᠦᠭᠵᠢᠮ ᠤᠨ ᠪᠦᠯᠬᠦᠮ ᠬᠦᠨ ᠰᠡᠳᠬᠢᠯᠭᠡ ᠲᠠᠢ ᠴᠡᠴᠡᠭ ᠬᠦᠷᠭᠡᠬᠦ ᠠᠶᠠᠰ ᠢ ᠬᠦᠭᠵᠢᠮᠳᠡᠵᠦ᠂ 18 ᠶᠤᠰᠤᠯᠠᠯ ᠤᠨ ᠴᠡᠷᠢᠭ ᠴᠡᠴᠡᠭᠲᠤ ᠰᠠᠬᠰᠤ ᠶᠢ ᠠᠯᠭᠤᠷᠬᠠᠨ ᠡᠷᠬᠦᠵᠦ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠵᠦᠭ ᠠᠭᠠᠵᠢᠮᠬᠠᠨ ᠠᠯᠬᠤᠵᠤ᠂ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠲᠠᠯᠪᠢᠪᠠ᠃

  ᠰᠢ ᠶᠢᠨ ᠫᠢᠩ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠬᠦᠮᠦᠰ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠬᠦᠷᠴᠤ᠂ ᠴᠡᠴᠡᠭᠲᠤ ᠰᠠᠬᠰᠤ ᠶᠢᠨ ᠡᠮᠦᠨ᠎ᠡ ᠵᠤᠬᠰᠤᠵᠥ ᠰᠢᠷᠲᠠᠨ᠎ᠠ᠃ ᠬᠤᠷᠴᠠ ᠤᠯᠠᠭᠠᠨ ᠴᠡᠴᠡᠭ᠂ ᠦᠨᠦᠷ ᠬᠠᠩᠬᠤᠯᠤᠬᠰᠠᠨ ᠬᠡᠯᠡᠬᠡᠢ ᠰᠠᠷᠠᠨ᠎ᠠ᠂ ᠪᠠᠳᠠᠷᠠᠨ ᠳᠡᠯᠭᠡᠷᠡᠭᠰᠡᠡ ᠴᠠᠬᠢᠷᠮ᠎ᠠ᠂ ᠠᠷᠠᠳ ᠤᠨ ᠪᠠᠭᠠᠲᠤᠷᠴᠤᠳ ᠤᠨ ᠲᠤᠬᠠᠢ ᠭᠦᠨ ᠮᠦᠷᠦᠭᠡᠳᠦᠯ ᠪᠤᠯᠤᠨ ᠡᠷᠬᠢᠮ ᠳᠡᠭᠡᠳᠦ ᠬᠦᠨᠳᠦᠳᠬᠡᠯ ᠢ ᠠᠴᠢᠶᠠᠯᠠᠨ᠎ᠠ᠃

  ᠰᠢ ᠶᠢᠨ ᠫᠢᠩ ᠤᠷᠤᠬᠰᠢ ᠠᠯᠬᠤᠨ᠂ ᠴᠡᠴᠡᠭᠲᠤ ᠰᠠᠬᠰᠤᠨ ᠳᠡᠭᠡᠷᠡᠬᠢ ᠤᠨᠵᠢᠯᠠᠭ᠎ᠠ ᠶᠢ ᠰᠠᠶᠢᠳᠤᠷ ᠲᠡᠭᠰᠢᠯᠡᠪᠡ᠃ ᠵᠠᠯᠭᠠᠭᠠᠳ᠂ ᠰᠢ ᠶᠢᠨ ᠫᠢᠩ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠬᠦᠮᠦᠰ ᠠᠯᠭᠤᠷᠬᠠᠨ ᠠᠯᠬᠤᠵᠤ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠪᠠᠷᠠᠳᠠᠪᠠ᠃

  ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠲᠡᠤᠭᠡ ᠶᠢᠨ ᠰᠢᠨ᠎ᠡ ᠭᠠᠷᠤᠭ᠎ᠠ ᠳᠤ ᠵᠤᠬᠰᠤᠵᠤ᠂ ᠰᠦᠷ ᠲᠠᠯᠠᠶᠢᠴᠠ ᠲᠠᠢ ᠴᠠᠭ ᠦᠶ᠎ᠡ ᠶᠢᠨ ᠤᠷᠤᠰᠬᠠᠯ ᠲᠠᠢ ᠵᠤᠬᠢᠴᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠠᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠭᠤᠤ ᠶᠡᠭᠡ ᠢᠯᠠᠯᠳᠠ ᠶᠢ ᠲᠠᠮᠠᠴᠡᠨ ᠤᠯᠬᠤ ᠠᠤᠭ᠎ᠠ ᠲᠦᠰᠦᠪ ᠢ ᠵᠢᠷᠤᠭᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ᠎ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠲᠤᠮᠳᠠᠳᠤ ᠶᠢᠨ ᠦᠨᠳᠦᠰᠦᠳᠡᠨ ᠴᠣ᠋ ᠰᠢᠨ᠎ᠡ ᠲᠦᠷᠰᠤ ᠪᠠᠶᠢᠳᠠᠯ ᠢᠶᠠᠷ ᠠᠭᠤᠤ ᠶᠡᠭᠡ ᠰᠡᠷᠬᠦᠨ ᠮᠠᠨᠳᠤᠯᠳᠠ ᠶᠢᠨ ᠭᠡᠭᠡᠨ ᠰᠠᠷᠠᠭᠤᠯ ᠢᠷᠡᠭᠡᠳᠦᠢ ᠲᠠᠶᠢᠰᠢ ᠡᠷᠡᠯᠬᠡᠭᠯᠡᠨ ᠤᠷᠤᠬᠰᠢᠯᠠᠵᠤ ᠪᠤᠢ᠃

  ᠪᠠᠭᠠᠴᠤᠳ ᠭᠡᠤᠭᠡᠳ ᠪᠤᠯᠤᠨ ᠡᠯ᠎ᠡ ᠡᠳᠡᠭᠡᠳ ᠤᠨ ᠤᠯᠠᠨ ᠲᠦᠮᠡᠨ᠎ ᠤ ᠲᠦᠯᠦᠭᠡᠯᠡᠭᠴᠢ ᠪᠠᠰᠠ ᠲᠡᠰ ᠲᠡᠷᠠᠭ᠎ᠠ ᠲᠠᠢ ᠪᠠᠷ ᠲᠤᠷᠠᠰᠬᠠᠯ ᠤᠨ ᠬᠦᠰᠢᠶ᠎ᠡ ᠶᠢᠨ ᠡᠮᠤᠨ᠎ᠡ ᠬᠦᠷᠴᠤ᠂ ᠰᠤᠷᠭᠤᠭ ᠴᠡᠴᠡᠭ ᠬᠦᠷᠭᠡᠵᠤ ᠲᠤᠷᠠᠰᠬᠠᠯ ᠤᠨ ᠬᠦᠰᠢᠶ᠎ᠡ ᠳᠤ ᠪᠠᠷᠠᠳᠠᠪᠠ᠃

  ᠴᠡᠴᠡᠭᠳᠤ ᠰᠠᠬᠰᠤ ᠬᠦᠷᠭᠡᠬᠦ ᠶᠤᠰᠤᠯᠠᠯ ᠢ ᠨᠠᠮ ᠤᠨ ᠲᠦᠪ ᠬᠤᠷᠢᠶᠠᠨ᠎ ᠤ ᠤᠯᠤᠰ ᠲᠦᠷᠦ ᠶᠢᠨ ᠲᠤᠪᠴᠢᠶᠠᠨ᠎ ᠤ ᠭᠡᠰᠢᠬᠦᠨ᠂ ᠪᠡᠭᠡᠵᠢᠩ ᠬᠤᠳᠠ ᠶᠢᠨ ᠨᠠᠮ ᠤᠨ ᠬᠤᠷᠢᠶᠠᠨ᠎ ᠤ ᠱᠦᠵᠢ ᠼᠠᠢ ᠴᠢ ᠡᠷᠬᠢᠯᠡᠪᠡ᠃

  ᠪᠡᠭᠡᠵᠢᠩ ᠳᠤ ᠪᠠᠶᠢᠭ᠎ᠠ ᠨᠠᠮ ᠤᠨ ᠲᠦᠪ ᠬᠤᠷᠢᠶᠠᠨ᠎ ᠤ ᠤᠯᠤᠰ ᠲᠦᠷᠦ ᠶᠢᠨ ᠲᠤᠪᠴᠢᠶᠠᠨ᠎ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ᠎ ᠤ ᠭᠡᠰᠡᠭ ᠲᠡᠳ᠋ ᠬᠤᠷᠢᠶᠠᠨ ᠲᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠬᠦᠨ᠂ ᠠᠷᠠᠳ ᠤᠨ ᠲᠡᠭᠡᠳᠤ ᠰᠢᠬᠦᠬᠦ ᠬᠤᠷᠢᠶᠠᠨ᠎ ᠤ ᠲᠠᠷᠤᠭ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ᠎ ᠤ ᠪᠠᠶᠢᠴᠠᠭᠠᠬᠤ ᠲᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠎ ᠤ ᠭᠡᠰᠡᠭ ᠲᠡᠳ᠋ ᠲᠡᠷᠢᠬᠦᠯᠡᠭᠴᠢ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠭᠡᠰᠢᠬᠦᠨ ᠶᠤᠰᠤᠯᠠᠯ ᠳᠤ ᠤᠷᠤᠯᠴᠠᠪᠠ᠃

  ᠲᠦᠪ ᠤᠨ ᠨᠠᠮ ᠵᠠᠰᠠᠭ ᠴᠡᠷᠢᠭ ᠤᠯᠠᠨ ᠲᠦᠮᠡᠨ᠎ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠪᠡᠭᠡᠵᠢᠩ ᠬᠤᠳᠠ ᠶᠢᠨ ᠭᠤᠤᠯ ᠬᠠᠷᠢᠭᠤᠴᠠᠯᠭᠠᠳᠠᠨ ᠨᠦᠬᠦᠳ᠂ ᠡᠯ᠎ᠡ ᠠᠷᠠᠳᠴᠢᠯᠠᠬᠰᠡᠨ ᠨᠠᠮ ᠪᠦᠯᠦᠭ ᠤᠨ ᠲᠦᠪ ᠬᠤᠷᠢᠶ᠎ᠡ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ᠎ ᠤ ᠬᠤᠯᠪᠤᠭ᠎ᠠ ᠶᠢᠨ ᠬᠠᠷᠢᠭᠤᠴᠠᠯᠭᠠᠳᠠᠨ ᠪᠤᠯᠤᠨ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ᠂ ᠪᠡᠭᠡᠵᠢᠩ ᠳᠤ ᠪᠠᠶᠢᠭ᠎ᠠ ᠠᠬᠠᠮᠠᠳ ᠪᠠᠶᠢᠯᠳᠤᠬᠴᠢ᠂ ᠠᠬᠠᠮᠠᠳ ᠨᠦᠬᠦᠳ ᠪᠤᠯᠤᠨ ᠦᠷᠡᠭᠳᠡᠭᠰᠡᠨ ᠪᠠᠭᠠᠳᠤᠷᠴᠤᠳ ᠤᠨ ᠲᠦᠷᠦᠯ ᠰᠠᠳᠤᠨ᠎ ᠤ ᠲᠦᠯᠦᠭᠡᠯᠡᠭᠴᠢ᠂ ᠪᠦᠬᠦ ᠤᠯᠤᠰ ᠤᠨ ᠴᠦᠭᠡᠨ ᠲᠤᠭᠠᠳᠤ ᠦᠨᠳᠦᠰᠦᠳᠡᠨ᠎ ᠤ ᠲᠤᠭᠤᠷᠢᠨ ᠦᠵᠡᠬᠦ ᠪᠦᠯᠬᠦᠮ ᠤᠨ ᠪᠦᠷᠢᠯᠳᠦᠬᠦᠨ᠂ ᠲᠦᠪ ᠤᠨ ᠨᠠᠮ ᠤᠨ ᠰᠤᠷᠭᠠᠭᠤᠯᠢ ᠶᠢᠨ 16 ᠳ᠋ᠤᠭᠠᠷ ᠬᠤᠭᠤᠴᠠᠭᠠᠨ᠎ ᠤ ᠰᠢᠶᠠᠨ᠎ ᠤ ᠨᠠᠮ ᠤᠨ ᠬᠤᠷᠢᠶᠠᠨ᠎ ᠤ ᠱᠦᠵᠢ ᠨᠠᠷ ᠤᠨ ᠰᠤᠳᠤᠯᠤᠨ ᠰᠤᠷᠤᠯᠴᠠᠬᠤ ᠠᠩᠭᠢ ᠶᠢᠨ ᠰᠤᠷᠤᠬᠴᠢ᠂ ᠨᠡᠶᠢᠰᠯᠡᠯ ᠤᠨ ᠡᠯ᠎ᠡ ᠡᠳᠡᠭᠡᠳ ᠤᠨ ᠤᠯᠠᠨ ᠲᠦᠮᠡᠨ᠎ ᠤ ᠲᠦᠯᠦᠭᠡᠯᠡᠭᠴᠢ ᠨᠠᠷ ᠴᠡᠴᠡᠭᠳᠤ ᠰᠠᠬᠰᠤ ᠬᠦᠷᠭᠡᠬᠦ ᠶᠤᠰᠤᠯᠠᠯ ᠳᠤ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com