ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠠ 69 ᠵᠢᠯ ᠤᠨ ᠤᠢ ᠶᠢ ᠪᠡᠯᠬᠡᠯᠡᠵᠤ ᠲᠦᠷᠦ ᠶᠢᠨ ᠶᠠᠪᠤᠳᠠᠯ ᠤᠨ ᠬᠤᠷᠢᠶ᠎ᠡ ᠤᠯᠤᠰ ᠤᠨ ᠪᠠᠶᠠᠷ ᠤᠨ ᠲᠠᠶᠢᠯᠠᠯᠭ᠎ᠠ ᠬᠢᠪᠠ

  ᠰᠢ ᠶᠢᠨ ᠫᠢᠩ ᠯᠢ ᠵᠠᠨ ᠱᠦ ᠸᠠᠩ ᠶᠠᠩ ᠸᠠᠩ ᠬᠤ᠋ ᠨᠢᠩ ᠵᠤᠤ ᠯᠧ ᠵᠢᠢ ᠸᠠᠩ ᠴᠢ ᠱᠠᠨ ᠨᠠᠷ ᠤᠷᠤᠯᠴᠠᠵᠠᠢ

  ᠯᠢ ᠺᠧ ᠴᠢᠶᠠᠩ ᠪᠠᠶᠠᠷ ᠤᠨ ᠦᠬᠡ ᠬᠡᠯᠡᠵᠥ ᠬᠠᠨ ᠵᠧᠩ ᠲᠠᠶᠢᠯᠠᠯᠭ᠎ᠠ ᠶᠢ ᠡᠷᠬᠢᠯᠡᠪᠡ

  ᠰᠢᠨᠬᠤᠸᠠ ᠬᠤᠷᠢᠶᠡᠨ᠎ ᠤ ᠪᠡᠬᠡᠵᠢᠩ ᠤᠨ 9 ᠰᠠᠷ᠎ᠠ ᠶᠢᠨ 30᠎ ᠤ ᠴᠠᠬᠢᠯᠭᠠᠨ ᠮᠡᠳᠡᠭᠡ 9 ᠰᠠᠷ᠎ᠠ ᠶᠢᠨ 30᠎ ᠤ ᠤᠷᠤᠢ᠂ ᠲᠦᠷᠦ ᠶᠢᠨ ᠶᠠᠪᠤᠳᠠᠯ ᠤᠨ ᠬᠤᠷᠢᠶ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠤᠯᠤᠰ ᠤᠨ ᠪᠠᠶᠠᠷ ᠤᠨ ᠲᠠᠶᠢᠯᠠᠯᠭ᠎ᠠ ᠬᠢᠵᠥ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠠ 69 ᠵᠢᠯ ᠤᠨ ᠤᠢ ᠶᠢ ᠪᠠᠶᠠᠷᠯᠠᠨ ᠪᠡᠯᠬᠡᠯᠡᠪᠡ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠬᠡ ᠨᠠᠮ ᠪᠤᠯᠤᠨ ᠲᠦᠷᠦ ᠶᠢᠨ ᠤᠳᠤᠷᠢᠳᠬᠤ ᠬᠦᠮᠥᠰ ᠲᠤᠮᠳᠠᠳᠤ ᠭᠠᠳᠠᠭᠠᠳᠤ ᠶᠢᠨ 1200 ᠭᠠᠷᠤᠢ ᠬᠦᠮᠥᠰ ᠲᠠᠢ ᠬᠠᠮᠳᠤ ᠨᠢᠬᠡ ᠲᠠᠩᠬᠢᠮ ᠳᠤ ᠴᠤᠭᠯᠠᠷᠠᠵᠥ᠂ ᠪᠦᠬᠦᠳᠡ ᠨᠠᠶᠢᠷᠠᠮᠳᠠᠬᠤ ᠤᠯᠤᠰ ᠤᠨ ᠮᠡᠨᠳᠦᠯᠡᠭᠰᠡᠡ ᠪᠠᠶᠠᠷ ᠢ ᠪᠡᠯᠬᠡᠯᠡᠪᠡ᠃

  ᠠᠷᠠᠳ ᠤᠨ ᠶᠡᠭᠡ ᠬᠤᠷᠡᠯ ᠤᠨ ᠲᠠᠩᠬᠢᠮ ᠤᠨ ᠲᠠᠶᠢᠯᠠᠯᠭ᠎ᠠ ᠶᠢᠨ ᠲᠢᠩᠬᠢᠮ ᠳᠤ ᠦᠩᠬᠡᠳᠤ ᠳ᠋ᠧᠩ ᠬᠡᠷᠡᠯᠳᠤᠵᠥ᠂ ᠰᠤᠷᠭᠤᠭ ᠴᠡᠴᠡᠭ ᠲᠡᠯᠭᠡᠷᠡᠵᠥ᠂ ᠪᠠᠶᠠᠷ ᠬᠦᠷ ᠢᠶᠠᠷ ᠪᠢᠯᠬᠠᠨ᠎ᠠ᠃ ᠲᠡᠷᠢᠬᠦᠯᠡᠭᠴᠢ ᠶᠢᠨ ᠲᠠᠶᠢᠰᠠᠨ᠎ ᠤ ᠲᠡᠭᠡᠷ᠎ᠡ ᠲᠡᠯ᠎ᠡ ᠳᠤ ᠰᠦᠷ ᠵᠢᠪᠬᠤᠯᠠᠩᠳᠤ ᠤᠯᠤᠰ ᠤᠨ ᠰᠦᠯᠳᠡ ᠶᠢ ᠡᠯᠬᠦᠵᠥ᠂ 1949 — 2018 ᠬᠡᠬᠦ ᠲᠤᠮᠤ ᠦᠰᠦᠭ ᠤᠯᠠᠭᠠᠨ ᠲᠤᠭ ᠤᠨ ᠬᠡᠷᠡᠯᠳᠦᠬᠦᠯᠬᠡ ᠪᠠᠷ ᠤᠨᠴᠠᠭᠠᠢ ᠲᠤᠳᠤᠬᠠᠨ ᠬᠠᠷᠠᠭᠳᠠᠨ᠎ᠠ᠃

  17 ᠴᠠᠭ 30 ᠮᠢᠨᠦ᠋ᠲ ᠤᠨ ᠦᠶ᠎ᠡ ᠪᠠᠷ᠂ ᠵᠤᠴᠢᠨ ᠤᠬᠳᠤᠬᠤ ᠠᠶᠠᠰ ᠤᠨ ᠲᠤᠮᠳᠠ᠂ ᠰᠢ ᠶᠢᠨ ᠫᠢᠩ ᠵᠡᠷᠬᠡ ᠨᠠᠮ ᠪᠤᠯᠤᠨ ᠲᠦᠷᠦ ᠶᠢᠨ ᠤᠳᠤᠷᠢᠳᠬᠤ ᠬᠦᠮᠥᠰ ᠲᠠᠶᠢᠯᠠᠯᠭ᠎ᠠ ᠶᠢᠨ ᠲᠢᠩᠬᠢᠮ ᠳᠤ ᠠᠯᠬᠤᠨ ᠤᠷᠤᠭᠰᠠᠠ ᠳᠤ᠂ ᠲᠠᠯᠠᠪᠠᠢ ᠲᠠᠶᠠᠭᠠᠷ ᠨᠢᠵᠢᠬᠢᠨᠡᠳᠡᠯ᠎ᠡ ᠠᠯᠠᠭ᠎ᠠ ᠲᠠᠰᠢᠪᠠ᠃

  ᠲᠠᠶᠢᠯᠠᠯᠭ᠎ᠠ ᠡᠬᠢᠯᠡᠪᠡ᠃ ᠴᠡᠷᠢᠭ ᠤᠨ ᠬᠦᠭᠵᠢᠮ ᠤᠨ ᠠᠩᠬᠢ ᠵᠢᠷᠤᠮ ᠤᠨ ᠴᠡᠷᠢᠭ ᠤᠨ ᠤᠷᠤᠭᠰᠢᠯᠠᠯᠳᠠ ᠶᠢᠨ ᠲᠠᠭᠤᠤ  ᠶᠢ ᠬᠦᠭᠵᠢᠮᠳᠡᠵᠥ᠂ ᠪᠦᠬᠦᠳᠡᠬᠡᠷ ᠢᠶᠠᠨ ᠪᠤᠰᠴᠦ ᠵᠤᠭᠰᠤᠨ ᠤᠯᠤᠰ ᠤᠨ ᠰᠦᠯᠳᠡ ᠲᠠᠭᠤᠤ ᠶᠢ ᠬᠠᠩᠬᠢᠨᠠᠳᠠᠯ᠎ᠠ ᠲᠠᠭᠤᠯᠠᠵᠠᠭᠠᠪᠠ᠃

  ᠲᠦᠷᠦ ᠶᠢᠨ ᠶᠠᠪᠤᠳᠠᠯ ᠤᠨ ᠬᠤᠷᠢᠶᠡᠨ᠎ ᠤ ᠶᠡᠷᠤᠩᠬᠡᠢ ᠰᠠᠶᠢᠳ ᠯᠢ ᠺᠧ ᠴᠢᠶᠠᠩ ᠪᠠᠶᠠᠷ ᠤᠨ ᠦᠬᠡ ᠬᠡᠯᠡᠵᠡᠢ᠃ ᠲᠡᠷᠡ ᠡᠩ ᠲᠡᠷᠢᠭᠦᠨ ᠳᠤ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠡᠨ᠎ ᠤ ᠡᠮᠤᠨ᠎ᠡ ᠠᠴᠠ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠪᠠᠶᠠᠷ ᠤᠨ ᠡᠳᠤᠷ ᠤᠨ ᠮᠡᠨᠳᠤᠴᠢᠯᠡᠯ ᠬᠦᠷᠬᠡᠪᠡ︔ ᠰᠢᠶᠠᠩᠭᠠᠩ ᠤᠤᠮᠧᠨ᠎ ᠤ ᠠᠬ᠎ᠠ ᠲᠡᠬᠦᠤ ᠨᠡᠷ᠂ ᠲᠠᠶᠢᠸᠠᠨ᠎ ᠤ ᠠᠬ᠎ᠠ ᠲᠡᠬᠦᠤ ᠨᠡᠷ᠂ ᠭᠠᠳᠠᠭᠠᠳᠤ ᠳᠤ ᠪᠠᠶᠢᠭ᠎ᠠ ᠬᠠᠷᠢᠶᠠᠳᠤ ᠠᠬ᠎ᠠ ᠲᠡᠬᠦᠤ ᠨᠡᠷ ᠲᠤ ᠲᠤᠳᠤᠨᠤ ᠮᠡᠨᠳᠤᠴᠢᠯᠡᠯ ᠬᠦᠷᠬᠡᠪᠡ︔ᠲᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ ᠬᠦᠭᠵᠢᠯᠳᠡ ᠪᠤᠯᠤᠨ ᠦᠬᠡᠷᠡᠴᠢᠯᠡᠯᠳᠡ ᠨᠡᠬᠡᠬᠡᠯᠳᠡ ᠶᠢᠨ ᠦᠢᠯᠡᠰ ᠢ ᠬᠠᠯᠠᠮᠵᠢᠯᠠᠨ ᠲᠡᠮᠵᠢᠭᠰᠡᠡ ᠪᠤᠢ ᠪᠦᠬᠦᠢ ᠲᠡᠯᠡᠬᠡᠢ ᠶᠢᠨ ᠨᠦᠬᠦᠷᠰᠡᠭ ᠬᠦᠮᠥᠰ ᠲᠤ ᠴᠢᠩ ᠰᠡᠳᠬᠢᠯ ᠠᠴᠠ ᠪᠠᠨ ᠲᠠᠯᠠᠷᠬᠠᠵᠥ ᠪᠠᠶᠢᠬᠤ ᠪᠠᠨ ᠢᠯᠡᠳᠬᠡᠵᠡᠢ᠃

  ᠯᠢ ᠺᠧ ᠴᠢᠶᠠᠩ᠂ ᠰᠢᠨ᠎ᠠ ᠳᠤᠮᠳᠠᠳᠤ ᠤᠯᠤᠰ ᠤᠨ ᠰᠦᠷ ᠲᠠᠯᠠᠶᠢᠴᠠᠳᠠᠢ ᠲᠡᠤᠬᠡ ᠶᠢᠨ ᠦᠩᠬᠡᠷᠡᠯᠳᠠ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠪᠦ᠋ᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠤᠳᠤᠷᠢᠳᠤᠨ ᠪᠦᠯᠬᠦᠮᠳᠡᠨ ᠲᠡᠮᠡᠴᠡᠵᠤ᠂ ᠤᠯᠤᠰ ᠬᠦᠷᠤᠨ᠎ ᠤ ᠲᠦᠷᠰᠤ ᠪᠠᠶᠢᠳᠠᠯ ᠳᠤ ᠯᠤᠳᠤ ᠶᠡᠭᠡ ᠬᠤᠪᠢᠷᠠᠯᠳᠠ ᠭᠠᠷᠴᠤ᠂ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠭᠰᠡᠨ ᠠᠭᠤᠤ ᠶᠡᠭᠡ ᠦᠩᠬᠡᠷᠡᠯᠳᠠ ᠪᠤᠯᠤᠨ᠎ᠠ᠃ ᠡᠨᠡ ᠵᠢᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ᠎ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠢᠳᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠪᠤᠯᠤᠨ ᠡᠯ᠎ᠠ ᠵᠦᠢᠯ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠤᠷᠴᠢᠨ ᠪᠠᠶᠢᠳᠠᠯ ᠤᠨ ᠬᠤᠪᠢᠷᠠᠯᠳᠠ ᠠᠴᠠ ᠪᠤᠯᠤᠬᠰᠠᠨ ᠰᠢᠨ᠎ᠠ ᠦᠷᠢᠰᠤᠯᠳᠤᠬᠡᠨ ᠢ ᠯᠠᠪᠳᠠᠭᠤᠨ ᠢᠶᠠᠷ ᠠᠷᠭᠠᠴᠠᠵᠤ᠂ ᠬᠦᠴᠤ ᠪᠠᠨ ᠲᠦᠪᠯᠡᠷᠡᠬᠦᠯᠤᠨ ᠳᠤᠮᠳᠠᠳᠤ ᠤᠯᠤᠰ ᠤᠨ ᠦᠪᠡᠷ ᠤᠨ ᠶᠠᠪᠤᠳᠠᠯ ᠢᠶᠠᠨ ᠰᠠᠶᠢᠨ ᠬᠢᠵᠤ᠂ ᠬᠦᠭᠵᠢᠯᠳᠠ ᠶᠢᠨ ᠳᠤᠳᠤᠭᠠᠳᠤ ᠬᠦᠴᠤᠨ ᠢ ᠴᠢᠩᠭᠠᠳᠬᠠᠵᠤ᠂ ᠤᠯᠠᠨ ᠠᠷᠭ᠎ᠠ ᠶᠢ ᠵᠡᠷᠬᠡᠪᠡᠷ ᠭᠡᠷᠡᠭᠯᠠᠨ ᠠᠶᠤᠯ ᠲᠦᠭᠰᠢᠬᠦᠷᠢ ᠬᠡᠮ ᠰᠤᠭᠤᠬ ᠢ ᠰᠢᠢᠳᠪᠤᠷᠢᠯᠠᠵᠤ᠂ ᠠᠵᠤ ᠠᠬᠤᠢ ᠵᠤᠬᠢᠰᠳᠠᠢ ᠬᠡᠪᠴᠢᠶᠡᠨ ᠳᠤ ᠪᠠᠶᠢᠬᠤ ᠶᠢ ᠪᠠᠳᠤᠯᠠᠪᠠ᠃ ᠡᠯ᠎ᠠ ᠵᠦᠢᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠤᠨ ᠰᠢᠨ᠎ᠠ ᠠᠬᠢᠴᠠ ᠲᠠᠢ ᠪᠤᠯᠵᠤ᠂ ᠠᠵᠤ ᠤᠢᠢᠯᠡᠰ ᠤᠨ ᠪᠦᠳᠤᠴᠠ ᠶᠢᠨ ᠲᠡᠰ ᠲᠡᠪᠰᠢᠯᠳᠠ ᠶᠡᠭᠡ ᠰᠠᠶᠢᠨ ᠬᠠᠨᠳᠤᠰᠢ ᠲᠠᠢ ᠪᠤᠯᠪᠠ᠃ ᠰᠠᠨᠠᠭᠠᠴᠢᠯᠠᠭ᠎ᠠ ᠠᠴᠠ ᠪᠠᠨ ᠭᠠᠳᠠᠭᠠᠳᠤ ᠨᠡᠬᠡᠭᠡᠯᠳᠡ ᠬᠢᠬᠦ ᠠᠵᠢᠯ ᠨᠡᠩ ᠲᠤᠮᠤ ᠠᠯᠬᠤᠮ ᠢ ᠠᠯᠬᠤᠵᠤ᠂ ᠭᠠᠳᠠᠭᠠᠳᠤ ᠬᠠᠷᠢᠯᠴᠠᠭ᠎ᠠ ᠪᠤᠯᠤᠨ ᠤᠯᠤᠰ ᠤᠨ ᠬᠤᠭᠤᠷᠤᠨᠳᠤᠬᠢ ᠬᠠᠮᠳᠤᠷᠠᠯᠴᠠᠭ᠎ᠠ ᠰᠢᠨ᠎ᠠ ᠪᠠᠶᠢᠳᠠᠯ ᠢ ᠡᠬᠦᠳᠴᠠᠢ᠃ ᠠᠷᠠᠳ ᠲᠦᠮᠡᠨ᠎ ᠤ ᠠᠵᠠ ᠵᠢᠷᠭᠠᠯ ᠲᠠᠰᠤᠷᠠᠯᠳᠠ ᠦᠬᠡᠢ ᠰᠠᠶᠢᠵᠢᠷᠠᠵᠤ᠂ ᠨᠡᠶᠢᠬᠡᠮ ᠤᠨ ᠶᠡᠭᠡ ᠪᠠᠶᠢᠳᠠᠯ ᠦᠷᠬᠦᠯᠵᠢᠯᠠᠨ ᠠᠮᠤᠷ ᠲᠦᠪᠰᠢᠨ ᠲᠤᠭᠳᠠᠭᠤᠨ ᠪᠠᠶᠢ᠊‍ᠨ᠎ᠠ᠃ ᠨᠡᠶᠢᠬᠡᠮ ᠵᠢᠷᠤᠮ ᠤᠨ ᠤᠳᠤᠬᠢᠴᠢᠯᠠᠬᠤ ᠪᠦᠳᠤᠬᠡᠨ ᠪᠠᠶᠢᠭᠤᠯᠤᠯᠳᠠ ᠶᠢᠨ ᠤᠢᠢᠯᠡᠰ ᠤᠨ ᠬᠦᠭᠵᠢᠯᠳᠠ ᠳᠤ ᠰᠢᠨ᠎ᠠ ᠲᠦᠷᠰᠦ ᠪᠠᠶᠢᠳᠠᠯ ᠢᠯᠡᠷᠡᠪᠠ ᠬᠡᠵᠤ ᠬᠡᠯᠡᠵᠡᠢ᠃

  ᠯᠢ ᠺᠧ ᠴᠢᠶᠠᠩ᠂ ᠡᠨᠡ ᠵᠢᠯ ᠪᠤᠯ ᠦᠬᠡᠷᠡᠴᠢᠯᠠᠯᠳᠠ ᠨᠡᠬᠡᠬᠡᠯᠳᠠ ᠬᠢᠭᠰᠡᠨ 40 ᠵᠢᠯ ᠤᠨ ᠤᠢ ᠪᠤᠯᠤᠨ᠎ᠠ᠃ ᠦᠬᠡᠷᠡᠴᠢᠯᠠᠯᠳᠠ ᠪᠤᠯ ᠳᠤᠮᠳᠠᠳᠤ ᠤᠯᠤᠰ ᠤᠨ ᠬᠦᠭᠵᠢᠯᠳᠠ ᠶᠢ ᠠᠬᠢᠭᠤᠯᠬᠤ ᠦᠨᠳᠤᠰᠤᠨ ᠬᠦᠳᠡᠯᠬᠡᠬᠦ ᠬᠦᠴᠤᠨ᠂ ᠬᠦᠭᠵᠢᠯᠳᠠ ᠪᠤᠯ ᠳᠤᠮᠳᠠᠳᠤ ᠤᠯᠤᠰ ᠤᠨ ᠠᠯᠢᠪᠠ ᠠᠰᠠᠭᠤᠳᠠᠯ ᠢ ᠰᠢᠢᠳᠪᠤᠷᠢᠯᠡᠬᠦ ᠰᠠᠭᠤᠷᠢ ᠪᠠ ᠵᠠᠩᠬᠢᠯᠠᠭ᠎ᠠ ᠪᠤᠯᠤᠨ᠎ᠠ᠃ ᠶᠠᠮᠠᠷᠪᠠ ᠬᠤᠪᠢᠷᠠᠯᠳᠠ ᠭᠠᠷᠤᠬᠰᠠᠨ ᠴᠤ ᠮᠠᠨ᠎ ᠤ ᠦᠬᠡᠷᠡᠴᠢᠯᠠᠯᠳᠠ ᠨᠡᠬᠡᠬᠡᠯᠳᠠ ᠶᠢᠨ ᠢᠳᠡᠬᠡᠯ ᠵᠤᠷᠢᠬ ᠢ ᠰᠢᠨᠳᠠᠷᠠᠭᠤᠯᠵᠤ ᠴᠢᠳᠠᠬᠤ ᠦᠬᠡᠢ ᠶᠤᠮ᠃ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠡᠶᠢᠬᠡᠮ ᠵᠢᠷᠤᠮ ᠤᠨ ᠠᠩᠬᠠᠨ᠎ ᠤ ᠱᠠᠳᠤ ᠪᠤᠯᠤᠨ ᠬᠠᠮᠤᠬ ᠤᠨ ᠶᠡᠭᠡ ᠬᠦᠭᠵᠢᠵᠤ ᠪᠠᠶᠢᠭ᠎ᠠ ᠤᠯᠤᠰ ᠬᠡᠬᠦ ᠡᠨᠡᠬᠦ ᠦᠨᠳᠤᠰᠤᠨ ᠤᠯᠤᠰ ᠤᠨ ᠪᠠᠶᠢᠳᠠᠯ ᠳᠤ ᠰᠠᠭᠤᠷᠢᠯᠠᠵᠤ᠂ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢ ᠪᠠᠷᠢᠮᠳᠠᠯᠠᠵᠤ᠂ ᠨᠡᠶᠢᠬᠡᠮ ᠤᠨ ᠤᠢᠢᠯᠡᠳᠪᠤᠷᠢᠯᠠᠯ ᠤᠨ ᠬᠦᠴᠤᠨ ᠢ ᠴᠢᠨᠠᠬᠰᠢᠳᠠ ᠴᠢᠯᠤᠬᠡᠯᠡᠨ ᠬᠦᠭᠵᠢᠬᠦᠯᠵᠤ᠂ ᠲᠠᠯᠪᠢᠬᠤ ᠬᠠᠮᠢᠶᠠᠷᠬᠤ ᠤᠢᠢᠯᠡᠴᠢᠯᠡᠬᠦ ᠵᠡᠷᠬᠡ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠶᠡᠬᠡᠪᠡᠷ ᠵᠠᠰᠠᠬ ᠢ ᠴᠤᠮᠬᠠᠳᠬᠠᠵᠤ ᠭᠠᠶᠢᠯᠢ ᠶᠢ ᠬᠦᠡᠭᠭᠡᠯᠡᠨ ᠰᠦᠢᠳᠬᠡᠯ ᠢ ᠪᠠᠭᠤᠷᠠᠭᠤᠯᠵᠤ᠂ ᠦᠮᠴᠢᠯᠠᠯ ᠤᠨ ᠡᠷᠬᠡ ᠶᠢ ᠴᠢᠩᠭ᠎ᠠ ᠬᠠᠮᠠᠭᠠᠯᠠᠵᠤ᠂ ᠡᠯ᠎ᠠ ᠵᠦᠢᠯ ᠤᠨ ᠦᠮᠴᠢᠯᠠᠯ ᠤᠨ ᠠᠵᠤ ᠠᠬᠤᠢᠢᠯᠠᠯ ᠳᠤ ᠵᠠᠬ᠎ᠠ ᠲᠡᠯᠬᠡᠬᠦᠷᠵᠢᠭᠰᠡᠨ᠂ ᠬᠠᠤᠯᠢᠵᠢᠬᠰᠠᠨ᠂ ᠲᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠪᠤᠢ ᠪᠤᠯᠭᠠᠵᠥ ᠦᠭᠬᠦ ᠭᠡᠷᠡᠭᠳᠠᠢ᠃ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ ᠭᠡᠷᠡᠭᠵᠢᠬᠦᠯᠵᠤ᠂ ᠠᠵᠤ ᠠᠬᠤᠢᠢᠯᠠᠯᠳᠠᠨ ᠪᠤᠯᠤᠨ ᠰᠢᠨᠵᠢᠯᠡᠬᠦ ᠤᠬᠠᠭᠠᠨ ᠮᠡᠷᠬᠡᠵᠢᠯ ᠤᠨ ᠠᠵᠢᠯᠳᠠᠨ᠎ ᠤ ᠰᠢᠨ᠎ᠠ ᠶᠢ ᠡᠬᠦᠳᠬᠦ ᠢᠳᠡᠪᠬᠢᠵᠢᠯ ᠢ ᠨᠡᠩ ᠰᠠᠶᠢᠳᠤᠷ ᠪᠠᠳᠠᠷᠠᠭᠤᠯᠵᠤ᠂ ᠠᠷᠠᠳ ᠤᠯᠠᠨ᠎ ᠤ ᠳᠤᠮᠳᠠ ᠨᠢᠭᠤᠬᠳᠠᠵᠤ ᠪᠦᠬᠦᠢ ᠬᠢᠵᠠᠭᠠᠯᠠᠰᠢ ᠦᠬᠡᠢ ᠡᠬᠦᠳᠤᠯᠳᠠ ᠶᠢᠨ ᠬᠦᠴᠤᠨ ᠢ ᠨᠡᠩ ᠰᠠᠶᠢᠨ ᠬᠦᠭᠵᠢᠬᠡᠵᠤ᠂ ᠰᠢᠨ᠎ᠠ ᠬᠦᠳᠡᠯᠬᠡᠬᠦ ᠬᠦᠴᠤᠨ ᠢ ᠪᠤᠶᠢᠵᠢᠭᠤᠯᠵᠤ᠂ ᠰᠢᠨ᠎ᠠ ᠬᠠᠭᠤᠴᠢᠨ ᠬᠦᠳᠡᠯᠬᠡᠬᠦ ᠡᠨᠧᠷᠬᠢ ᠶᠢᠨ ᠰᠤᠯᠢᠬᠳᠠᠯ ᠢ ᠲᠦᠷᠬᠡᠳᠬᠡᠬᠦ ᠶᠠᠪᠤᠴᠠ ᠳᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠳᠠᠢ᠃ ᠵᠠᠷᠴᠢᠮ ᠳᠤ ᠰᠠᠭᠤᠷᠢᠯᠠᠬᠰᠡᠨ ᠤᠯᠠᠨ ᠲᠠᠯᠠᠳᠤ ᠦᠵᠡᠯ ᠤᠨ ᠰᠢᠰ᠊ᠲ᠊ᠸᠮ ᠢ ᠡᠷᠡᠰ ᠬᠠᠮᠠᠭᠠᠯᠠᠵᠤ᠂ ᠨᠡᠩ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠢᠳᠡᠪᠬᠢᠳᠠᠢ ᠠᠬᠢᠭᠤᠯᠵᠤ᠂ ᠲᠤᠰ ᠪᠠᠶ᠎ᠡ ᠶᠢᠨ ᠬᠦᠭᠵᠢᠯᠳᠠ ᠶᠢᠨ ᠠᠰᠢᠭ ᠲᠤᠰᠠ ᠪᠠᠨ ᠬᠠᠮᠠᠭᠠᠯᠠᠵᠤ᠂ ᠲᠡᠯᠡᠭᠡᠢ ᠶᠢᠨ ᠡᠯ᠎ᠡ ᠤᠯᠤᠰ ᠯᠤᠭ᠎ᠠ ᠬᠦᠭᠵᠢᠯᠳᠠ ᠶᠢᠨ ᠠᠵᠠ ᠲᠤᠬᠢᠶᠠᠯ ᠪᠤᠯᠤᠨ ᠭᠦᠭᠵᠢᠯᠳᠠ ᠶᠢᠨ ᠦᠷ᠎ᠡ ᠪᠦᠳᠦᠮᠵᠢ ᠪᠠᠨ ᠬᠤᠪᠢᠶᠠᠯᠴᠠᠬᠤ ᠭᠡᠷᠡᠭᠲᠠᠢ᠃ ᠨᠢᠭᠡ ᠪᠦᠰᠡ ᠨᠢᠭᠡ ᠵᠠᠮ ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠭ ᠬᠦᠷᠳᠡᠬᠦ ᠶᠢ ᠪᠠᠶᠠᠯᠠᠬᠦᠯᠬᠦ ᠭᠡᠷᠡᠭᠲᠠᠢ᠃ ᠤᠯᠠᠨ ᠲᠦᠮᠡᠨ᠎ ᠤ ᠬᠦᠰᠡᠯ ᠡᠷᠡᠮᠡᠯᠵᠡᠯ ᠪᠠ ᠠᠩᠬᠠᠷᠤᠯ ᠳᠤ ᠦᠨᠡᠨ ᠬᠦ ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠢᠳᠡᠪᠬᠢᠳᠠᠢ ᠬᠠᠷᠢᠭᠤᠯᠳᠠ ᠦᠭᠴᠤ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠠᠷᠠᠳ ᠤᠨ ᠠᠮᠢᠳᠤᠷᠠᠯ ᠤᠨ ᠬᠦᠴᠢᠷᠳᠡᠯ ᠢ ᠴᠢᠷᠮᠠᠶᠢᠨ ᠰᠢᠢᠳᠪᠤᠷᠢᠯᠡᠬᠦ ᠭᠡᠷᠡᠭᠲᠠᠢ᠃ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠠ ᠠᠵᠢᠯ ᠤᠯᠭᠤᠯᠳᠠ᠂ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠡ ᠳᠤ᠂ ᠪᠡᠯᠡ ᠤᠷᠤᠭᠤᠯᠤᠯᠳᠠ ᠪᠠᠨ ᠤᠯᠠᠮ ᠨᠢᠭᠡ ᠠᠯᠬᠤᠮ ᠨᠡᠮᠡᠭᠳᠡᠬᠦᠯᠵᠤ᠂ ᠬᠠᠨᠭ᠍ᠭᠠᠯᠭ᠎ᠠ ᠶᠢ ᠰᠢᠯᠢᠳᠡᠭᠵᠢᠬᠦᠯᠵᠤ᠂ ᠨᠡᠶᠢᠭᠡᠮ ᠤᠨ ᠵᠠᠰᠠᠯᠳᠠ ᠶᠢ ᠲᠡᠬᠦᠯᠳᠡᠷᠵᠢᠬᠦᠯᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠵᠤ᠂ ᠤᠯᠠᠨ ᠲᠦᠮᠡᠨ᠎ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ᠎ ᠤ ᠲᠦᠷᠦᠭᠳᠡᠯ ᠢ ᠨᠡᠩ ᠪᠦᠷᠢᠨ ᠲᠡᠬᠦᠯᠳᠡᠷ ᠪᠤᠯᠭᠠᠬᠤ ᠭᠡᠷᠡᠭᠲᠠᠢ ᠭᠡᠵᠤ ᠵᠢᠭᠠᠵᠤ ᠭᠠᠷᠭᠠᠪᠠ᠃

  ᠯᠢ ᠺᠧ ᠴᠢᠶᠠᠩ᠂ ᠪᠢᠳᠠ ᠨᠢᠭᠡ ᠤᠯᠤᠰ ᠬᠤᠶᠠᠷ ᠪᠠᠶᠢᠭᠤᠯᠤᠯ᠂ ᠰᠢᠶᠠᠩᠭᠠᠩᠴᠤᠳ ᠰᠢᠶᠠᠩᠭᠠᠩ ᠢᠶᠠᠨ ᠵᠠᠰᠠᠬᠤ᠂ ᠤᠤᠮᠧᠨᠨᠴᠤᠳ ᠤᠤᠮᠧᠨ ᠢᠶᠠᠨ ᠵᠠᠰᠠᠬᠤ᠂ ᠲᠡᠭᠡᠳᠤ ᠬᠡᠮᠵᠢᠶ᠎ᠡ ᠪᠠᠷ ᠦᠪᠡᠷᠳᠡᠭᠡᠨ ᠵᠠᠰᠠᠬᠤ ᠴᠢᠭᠯᠡᠯᠳᠠ ᠶᠢ ᠦᠷᠬᠦᠯᠵᠢᠯᠡᠨ ᠪᠦᠬᠦ ᠲᠠᠯ᠎ᠡ ᠪᠠᠷ ᠵᠦᠪ ᠤᠨᠤᠪᠴᠢᠳᠠᠢ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠦᠨᠳᠦᠰᠤ ᠪᠤᠯᠬᠤ ᠬᠠᠤᠯᠢ ᠶᠢ ᠴᠢᠩᠭ᠎ᠠ ᠵᠢᠷᠤᠮᠯᠡᠨ ᠤᠴᠢᠷ ᠶᠠᠪᠤᠳᠠᠯ ᠬᠢᠵᠤ᠂ ᠰᠢᠶᠠᠩᠭᠠᠩ᠂ ᠤᠤᠮᠧᠨ ᠤ ᠬᠢᠨ ᠤᠯᠤᠰ ᠤᠨ ᠬᠦᠭᠵᠢᠯᠳᠠ ᠶᠢᠨ ᠶᠡᠭᠡ ᠲᠠᠯ᠎ᠡ ᠳᠤ ᠠᠭᠤᠰᠤᠯᠴᠠᠬᠤ ᠶᠢ ᠲᠠᠮᠵᠢᠵᠤ᠂ ᠭᠤᠸᠠᠩᠳᠦ᠋ᠩ ᠰᠢᠶᠠᠩᠭᠠᠩ ᠤᠤᠮᠧᠨ᠎ ᠤ ᠶᠡᠭᠡ ᠪᠤᠯᠤᠩ ᠤᠨ ᠤᠷᠤᠨ᠎ ᠤ ᠪᠦᠳᠦᠭᠡᠨ ᠪᠠᠶᠢᠭᠤᠯᠤᠯᠳᠠ ᠪᠠᠷ ᠠᠵᠠ ᠲᠤᠬᠢᠶᠠᠯ ᠪᠤᠯᠭᠠᠵᠤ᠂ ᠲᠤᠳᠤᠷ ᠭᠠᠵᠠᠷ ᠪᠤᠯᠤᠨ ᠰᠢᠶᠠᠩᠭᠠᠩ ᠤᠤᠮᠧᠨ ᠤᠷᠤᠨ᠎ ᠤ ᠰᠤᠯᠢᠯᠴᠠᠭ᠎ᠠ ᠬᠠᠮᠳᠤᠷᠠᠯᠴᠠᠭ᠎ᠠ ᠶᠢ ᠬᠦᠨᠵᠡᠭᠡᠶᠢᠷᠠᠬᠦᠯᠵᠤ᠂ ᠰᠢᠶᠠᠩᠭᠠᠩ ᠤᠤᠮᠧᠨ ᠤᠷᠤᠨ ᠤ ᠬᠢᠨ ᠡᠭᠡ ᠤᠯᠤᠰ ᠲᠠᠢ ᠬᠠᠮᠳᠤ ᠪᠠᠷ ᠴᠡᠴᠡᠭᠯᠡᠨ ᠬᠦᠭᠵᠢᠬᠦ ᠶᠢ ᠠᠬᠢᠭᠤᠯᠤᠨ᠎ᠡ᠃ ᠲᠠᠶᠢᠸᠠᠨ᠎ ᠤ ᠲᠤᠬᠠᠢ ᠠᠵᠢᠯ ᠤᠨ ᠦᠨᠳᠦᠰᠦᠨ ᠪᠤᠳᠤᠯᠭ᠎ᠠ ᠴᠢᠭᠯᠡᠯᠳᠠ ᠶᠢ ᠦᠷᠬᠦᠯᠵᠢᠯᠡᠨ ᠲᠤᠭᠤᠰᠢᠯᠠᠭᠤᠯᠵᠤ᠂ ᠨᠢᠭᠡ ᠲᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠳᠠᠯᠠᠵᠤ᠂ ᠶᠡᠷᠡᠨ ᠬᠤᠶᠠᠷ ᠤᠨ᠎ ᠤ ᠬᠠᠮᠳᠤ ᠶᠢᠨ ᠲᠠᠨᠢᠯᠳᠠ ᠶᠢ ᠪᠠᠷᠢᠮᠳᠠᠯᠠᠵᠤ᠂ ᠤᠯᠤᠰ ᠤᠷᠤᠨ᠎ ᠤ ᠡᠷᠭᠡ ᠮᠡᠳᠡᠯ ᠪᠠ ᠨᠤᠳᠤᠭ ᠲᠠᠪᠢᠰᠭᠡᠷ ᠤᠨ ᠪᠦᠷᠢᠨ ᠪᠦᠳᠦᠨ ᠢ ᠡᠷᠡᠰ ᠬᠠᠮᠠᠭᠠᠯᠠᠵᠤ᠂ ᠲᠠᠶᠢᠸᠠᠨ ᠢ ᠲᠤᠰᠠᠭᠠᠷ ᠲᠤᠬᠳᠠᠨᠢᠭᠤᠯᠬᠤ ᠶᠠᠮᠠᠷᠪᠡ ᠬᠠᠭᠠᠴᠠᠭᠤᠯᠬᠤ ᠭᠤᠷᠢᠳᠠᠯᠭ᠎ᠠ ᠪᠡ ᠠᠵᠢᠯᠯᠠᠭ᠎ᠠ ᠶᠢ ᠶᠠᠭᠠᠬᠢᠬᠰᠡᠨ ᠴᠤ ᠵᠦᠪᠰᠢᠶᠡᠷᠡᠬᠦ ᠦᠭᠡᠢ᠂ ᠬᠤᠶᠠᠷ ᠬᠦᠪᠡᠭᠡ ᠶᠢᠨ ᠠᠵᠤ ᠠᠬᠤᠢ ᠰᠤᠶᠤᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢᠨ ᠲᠤᠮᠳᠠ ᠦᠷᠭᠡᠨ ᠤᠯᠠᠨ ᠲᠠᠶᠢᠸᠠᠨ᠎ ᠤ ᠠᠬ᠎ᠠ ᠲᠡᠬᠦᠤ ᠨᠡᠷ ᠪᠤᠯᠤᠨ ᠠᠵᠤ ᠠᠬᠤᠢᠢᠯᠡᠯ ᠳᠤ ᠨᠡᠩ ᠦᠷᠭᠡᠨ ᠲᠡᠯᠭᠡᠷ ᠵᠠᠬ᠎ᠠ ᠲᠠᠯᠭᠡᠬᠦᠷ᠂ ᠨᠡᠩ ᠤᠯᠠᠨ ᠶᠠᠩᠵᠤ ᠶᠢᠨ ᠬᠦᠭᠵᠢᠯᠳᠠ ᠶᠢᠨ ᠠᠵᠠ ᠲᠤᠬᠢᠶᠠᠯ ᠬᠠᠨᠭ᠍ᠭᠠᠨ᠎ᠡ᠃ ᠪᠢᠳᠠ ᠡᠩᠭᠡ ᠲᠠᠶᠢᠪᠤᠩ ᠬᠦᠭᠵᠢᠯᠳᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠤᠯᠤᠰ ᠤᠨ ᠭᠤᠤᠯᠯᠠᠬᠴᠢ ᠠᠰᠢᠭ ᠲᠤᠰᠠ ᠶᠢ ᠡᠷᠡᠰ ᠬᠠᠮᠠᠭᠠᠠᠯᠠᠵᠤ᠂ ᠲᠤᠷᠠᠳᠠᠶ᠎ᠡ ᠲᠡᠯᠡᠭᠡᠢ ᠨᠡᠶᠢᠭᠡᠮ ᠤᠨ ᠬᠢᠨ ᠲᠠᠢ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰ᠊ᠲ᠊ᠸᠮ ᠢ ᠵᠦᠪᠳᠡᠯᠴᠡᠨ ᠲᠡᠬᠦᠯᠳᠡᠷᠵᠢᠬᠦᠯᠵᠤ᠂ ᠡᠯ᠎ᠡ ᠤᠯᠤᠰ  ᠯᠤᠭ᠎ᠠ ᠶᠢᠨ ᠠᠰᠢᠭ ᠲᠤᠰᠠ ᠶᠢᠨ ᠰᠤᠯᠪᠢᠴᠡᠯ ᠤᠨ ᠴᠡᠭ ᠢ ᠦᠷᠭᠡᠳᠭᠡᠵᠤ᠂ ᠬᠦᠮᠦᠨ ᠲᠦᠷᠦᠯᠬᠢᠳᠠᠨ᠎ ᠤ ᠬᠤᠪᠢ ᠵᠠᠶᠠᠭᠠᠨ᠎ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠡ ᠭᠡᠵᠤ ᠬᠡᠯᠡᠪᠡ᠃

  ᠯᠢ ᠺᠧ ᠴᠢᠶᠠᠩ ᠶᠠᠷᠢᠶᠠᠨ ᠤ ᠪᠠᠨ ᠲᠡᠭᠦᠰᠬᠡᠯ ᠳᠤ᠂ ᠠᠭᠤᠤ ᠶᠡᠭᠡ ᠠᠵᠢᠯ ᠦᠢᠯᠡᠰ ᠨᠢ ᠪᠦᠬᠦ ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠪᠠᠷ ᠲᠡᠮᠡᠴᠡᠵᠦ᠂ ᠬᠦᠴᠢᠷ ᠢ ᠲᠤᠭᠤᠯᠵᠤ ᠪᠡᠷᠬᠡ ᠶᠢ ᠳᠠᠪᠠᠭ᠋ᠤ ᠶᠢ ᠱᠠᠭᠠᠷᠳᠠᠵᠤ ᠪᠠᠶᠢᠨ᠎ᠠ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ᠎ ᠤ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠬ ᠢ ᠦᠨᠳᠦᠷ ᠮᠠᠨᠳᠤᠭᠤᠯᠵᠤ᠂ ᠯᠠᠪᠳᠠᠭᠤᠨ ᠪᠠᠳᠤᠳᠠᠢ ᠠᠵᠢᠯᠯᠠᠵᠤ᠂ ᠵᠡᠮ ᠨᠡᠭᠡᠭᠡᠨ ᠰᠢᠨ᠎ᠡ ᠶᠢ ᠡᠭᠦᠳᠴᠤ᠂ ᠬᠤᠤᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠪᠠᠶᠠᠨ ᠬᠦᠴᠦᠷᠬᠡᠭ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠲᠤ ᠰᠠᠶᠢᠬᠠᠨ ᠨᠡᠶᠢᠭᠡᠮ ᠵᠢᠷᠤᠮᠲᠤ ᠤᠳᠤᠬᠢᠴᠢᠯᠠᠬᠰᠠᠨ ᠤᠯᠤᠰ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ᠎ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠦᠯᠦᠭᠡ ᠴᠦᠬᠦᠷᠡᠰᠢ ᠦᠭᠡᠢ ᠴᠢᠷᠮᠠᠶᠢᠵᠠᠭᠠᠶ᠎ᠠ ᠭᠡᠪᠡ᠃

  ᠪᠠᠶᠠᠷ ᠪᠠᠶᠠᠰᠬᠤᠯᠠᠩᠳᠤ ᠬᠦᠭᠵᠢᠮ ᠤᠨ ᠠᠶᠠᠰ ᠳᠤᠮᠳᠠ᠂ ᠳᠤᠮᠳᠠᠳᠤ ᠭᠠᠳᠠᠭᠠᠳᠤ ᠶᠢᠨ ᠵᠤᠴᠢᠳ ᠬᠤᠨᠳᠠᠭ᠎ᠠ ᠪᠠᠨ ᠡᠷᠭᠦᠨ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ ᠵᠢᠷᠨ ᠶᠢᠰᠦᠨ ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠳᠤᠮᠳᠠᠳᠤ ᠤᠯᠤᠰ ᠴᠡᠴᠡᠭᠯᠡᠨ ᠬᠦᠴᠦᠷᠬᠡᠭᠵᠢᠵᠦ᠂ ᠠᠷᠠᠳ ᠲᠦᠮᠡᠨ ᠵᠤᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠵᠤ᠂ ᠳᠤᠮᠳᠠᠳᠤ ᠤᠯᠤᠰ ᠪᠤᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ᠎ ᠤ ᠨᠦᠬᠦᠷᠯᠡᠯ ᠮᠦᠩᠬᠡ ᠤᠷᠤᠰᠢᠬᠤ ᠶᠢ ᠬᠠᠮᠲᠤ ᠪᠠᠷ ᠵᠦᠩᠨᠡᠪᠡ᠃

  ᠨᠠᠮ ᠤᠨ ᠲᠦᠪ ᠬᠤᠷᠢᠶᠠᠨ᠎ ᠤ ᠤᠯᠤᠰ ᠲᠦᠷᠦ ᠶᠢᠨ ᠲᠤᠪᠴᠢᠶᠠᠨ᠎ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ᠎ ᠤ ᠳᠡᠳ᠋ ᠶᠡᠷᠦᠩᠬᠡᠢ ᠰᠠᠶᠢᠳ ᠬᠠᠨ ᠵᠧᠩ ᠳᠠᠶᠢᠯᠠᠯᠭ᠎ᠠ ᠶᠢ ᠡᠷᠬᠢᠯᠡᠪᠡ᠃

  ᠺᠠᠮᠪᠤᠵᠠ ᠶᠢᠨ ᠤᠯᠤᠰ ᠤᠨ ᠸᠠᠩ ᠰᠢᠬᠠᠮᠦ᠋ᠨᠢ ᠤᠷᠢᠯᠭ᠎ᠠ ᠪᠠᠷ ᠳᠠᠶᠢᠯᠠᠯᠭ᠎ᠠ ᠳᠤ ᠤᠷᠤᠯᠴᠠᠪᠠ᠃

  ᠳᠠᠶᠢᠯᠠᠯᠭ᠎ᠠ ᠳᠤ ᠤᠷᠤᠯᠴᠠᠬᠰᠠᠳ ᠲᠤ ᠪᠠᠰᠠ᠄ ᠪᠡᠭᠡᠵᠢᠩ ᠳᠤ ᠪᠠᠶᠢᠭ᠎ᠠ ᠨᠠᠮ ᠤᠨ ᠲᠦᠪ ᠬᠤᠷᠢᠶᠠᠨ᠎ ᠤ ᠤᠯᠤᠰ ᠲᠦᠷᠦ ᠶᠢᠨ ᠲᠤᠪᠴᠢᠶᠠᠨ᠎ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ᠎ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠬᠤᠷᠢᠶᠠᠨ᠎ ᠤ ᠳᠡᠳ᠋ ᠶᠡᠷᠦᠩᠬᠡᠢ ᠰᠠᠶᠢᠳ᠂ ᠲᠦᠷᠦ ᠶᠢᠨ ᠶᠠᠪᠤᠳᠠᠯ ᠤᠨ ᠭᠡᠰᠢᠭᠦᠨ᠂ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠠᠷᠠᠳ ᠤᠨ ᠳᠡᠭᠡᠳᠦ ᠰᠢᠬᠦᠬᠦ ᠬᠤᠷᠢᠶᠠᠨ᠎ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ᠎ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠎ ᠤ ᠳᠡᠳ᠋ ᠲᠡᠷᠢᠭᠦᠯᠡᠭᠴᠢ ᠪᠤᠯᠤᠨ ᠤᠳᠤᠷᠢᠳᠬᠤ ᠲᠤᠰᠢᠶᠠᠯ ᠠᠴᠠ ᠪᠠᠨ ᠪᠠᠭᠤᠬᠰᠠᠨ ᠨᠦᠬᠦᠳ᠂ ᠵᠢᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠭᠡᠰᠢᠭᠦᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠤᠤᠯ ᠤᠨ ᠭᠡᠰᠢᠭᠦᠨ ᠪᠠᠶᠢᠨ᠎ᠠ᠃

  ᠲᠦᠪ ᠤᠨ ᠨᠠᠮ ᠵᠠᠰᠠᠬ ᠴᠡᠷᠢᠭ ᠤᠯᠠᠨ ᠲᠦᠮᠡᠨ᠎ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠡᠯ᠎ᠡ ᠠᠷᠠᠳᠴᠢᠯᠠᠬᠰᠠᠨ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ᠎ ᠤ ᠬᠤᠯᠪᠤᠭᠠᠨ᠎ ᠤ ᠬᠠᠷᠢᠭᠤᠴᠠᠯᠭᠠᠲᠠᠨ ᠪᠤᠯᠤᠨ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ᠂ ᠪᠡᠭᠡᠵᠢᠩ ᠬᠤᠲᠠ ᠶᠢᠨ ᠬᠠᠷᠢᠭᠤᠴᠠᠯᠭᠠᠲᠠᠨ᠂ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠤᠨ ᠬᠦᠬᠢᠬᠦᠯᠦᠯ ᠱᠠᠩᠨᠠᠯ ᠢ ᠬᠦᠷᠲᠡᠭᠰᠡᠳ ᠤᠨ ᠲᠦᠯᠦᠭᠡᠯᠡᠭᠴᠢ᠂ ᠪᠦᠬᠦ ᠤᠯᠤᠰ ᠤᠨ ᠬᠦᠳᠡᠯᠮᠦᠷᠢ ᠶᠢᠨ ᠵᠢᠱᠢᠶᠠᠴᠢ ᠪᠤᠯᠤᠨ ᠲᠡᠷᠢᠭᠦᠨ᠎ ᠤ ᠬᠦᠮᠦᠰ ᠤᠨ ᠲᠦᠯᠦᠭᠡᠯᠡᠭᠴᠢ᠂ ᠦᠨᠳᠦᠰᠦᠲᠡᠨ᠎ ᠤ ᠭᠠᠵᠠᠷ ᠤᠷᠤᠨ᠎ ᠤ ᠲᠤᠬᠲᠠᠭᠤᠨ᠂ ᠬᠦᠭᠵᠢᠯᠲᠠ᠂ ᠪᠦᠯᠬᠦᠮᠳᠡᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠴᠦᠬᠡᠨ ᠲᠤᠭᠠᠲᠤ ᠦᠨᠳᠦᠰᠦᠲᠡᠨ᠎ ᠤ ᠲᠦᠯᠦᠭᠡᠯᠡᠭᠴᠢ ᠬᠦᠮᠦᠰ᠂ ᠪᠡᠭᠡᠵᠢᠩ ᠳᠤ ᠪᠠᠶᠢᠭ᠎ᠠ ᠰᠢᠶᠠᠩᠭᠠᠩ ᠤᠨᠴᠠᠭᠠᠢ ᠵᠠᠰᠠᠬ ᠵᠠᠬᠢᠷᠭᠠᠨ᠎ ᠤ ᠤᠷᠤᠨ᠎ ᠤ ᠬᠦᠮᠦᠰ᠂ ᠤᠤᠮᠧᠨ ᠤᠨᠴᠠᠭᠠᠢ ᠵᠠᠰᠠᠬ ᠵᠠᠬᠢᠷᠭᠠᠨ᠎ ᠤ ᠤᠷᠤᠨ᠎ ᠤ ᠬᠦᠮᠦᠰ᠂ ᠲᠠᠶᠢᠸᠠᠨ᠎ ᠤ ᠠᠬ᠎ᠠ ᠳᠡᠭᠦᠦ ᠨᠠᠷ ᠪᠤᠯᠤᠨ ᠲᠤᠮᠳᠠᠳᠤᠴᠤᠳ᠂ ᠳᠤᠮᠳᠠᠳᠤ ᠶᠢᠨ ᠬᠠᠷᠢᠶᠠᠲᠤ ᠨᠠᠷ ᠤᠨ ᠬᠡᠰᠡᠭ ᠲᠦᠯᠦᠭᠡᠯᠡᠭᠴᠢ᠂ ᠪᠡᠭᠡᠵᠢᠩ ᠳᠤ ᠠᠶᠢᠯᠴᠢᠯᠠᠯᠲᠠ ᠬᠢᠵᠦ ᠪᠠᠶᠢᠭ᠎ᠠ ᠬᠡᠰᠡᠭ ᠭᠠᠳᠠᠭᠠᠳᠤ ᠶᠢᠨ ᠵᠤᠴᠢᠨ᠂ ᠤᠯᠠᠨ ᠤᠯᠤᠰ ᠤᠨ ᠨᠡᠷᠡᠲᠤ ᠬᠦᠮᠦᠰ᠂ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ᠂ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠳᠤᠮᠳᠠᠳᠤ ᠳᠤ ᠰᠠᠭᠤᠭ᠎ᠠ ᠲᠦᠯᠦᠭᠡᠯᠡᠭᠴᠢ᠂ ᠬᠡᠰᠡᠭ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠪᠠ ᠬᠠᠨᠢ ᠨᠦᠬᠦᠷ ᠨᠢ ᠪᠠᠰᠠ ᠳᠠᠶᠢᠯᠠᠯᠭ᠎ᠠ ᠳᠤ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com