ᠰᠢ ᠶᠢᠨ ᠫᠢᠩ ᠠᠩᠭᠤᠯᠠ ᠶᠢᠨ ᠶᠡᠷᠦᠩᠬᠡᠶᠢᠯᠡᠭᠴᠢ ᠯᠦᠸᠧᠯᠦ᠋ᠨᠰᠦ᠋ᠸᠧ ᠲᠠᠢ ᠬᠡᠯᠡᠯᠴᠡᠭᠡ ᠬᠢᠪᠡ

  ᠬᠤᠶᠠᠷ ᠤᠯᠤᠰ ᠤᠨ ᠳᠡᠷᠢᠬᠦᠨ ᠬᠤᠶᠠᠷ ᠤᠯᠤᠰ ᠤᠨ ᠬᠠᠷᠢᠯᠴᠠᠭ᠎ᠠ ᠪᠠᠨ ᠦᠷᠬᠦᠯᠵᠢᠯᠡᠨ ᠢᠳᠡᠪᠬᠢᠳᠡᠢ ᠳᠦᠷᠬᠡᠨ ᠢᠶᠠᠷ ᠤᠷᠤᠬᠰᠢ ᠬᠦᠭᠵᠢᠬᠦᠯᠬᠦ ᠶᠢ ᠰᠠᠨᠠᠯ ᠨᠢᠬᠡᠳᠡᠢ ᠵᠦᠪᠰᠢᠶᠡᠷᠡᠪᠡ

  ᠰᠢᠨᠬᠤᠸᠠ ᠬᠤᠷᠢᠶᠠᠨ᠎ ᠤ ᠪᠡᠬᠡᠵᠢᠩ ᠤᠨ 10 ᠰᠠᠷ᠎ᠠ ᠶᠢᠨ 9᠎ ᠤ ᠴᠠᠬᠢᠯᠭᠠᠨ ᠮᠡᠳᠡᠭᠡ ᠤᠯᠤᠰ ᠤᠨ ᠳᠡᠷᠢᠬᠦᠯᠡᠭᠴᠢ ᠰᠢ ᠶᠢᠨ ᠫᠢᠩ 9᠎ ᠤ ᠡᠳᠤᠷ ᠠᠷᠠᠳ ᠤᠨ ᠶᠡᠭᠡ ᠬᠤᠷᠠᠯ ᠤᠨ ᠳᠠᠩᠬᠢᠮ ᠳᠤ ᠠᠩᠭᠤᠯᠠ ᠶᠢᠨ ᠶᠡᠷᠦᠩᠬᠡᠶᠢᠯᠡᠭᠴᠢ ᠯᠦᠸᠧᠯᠦ᠋ᠨᠰᠦ᠋ᠸᠧ ᠲᠠᠢ ᠬᠡᠯᠡᠯᠴᠡᠭᠡ ᠬᠢᠪᠡ᠃

  ᠰᠢ ᠶᠢᠨ ᠫᠢᠩ ᠯᠦᠸᠧᠯᠦ᠋ᠨᠰᠦ᠋ᠸᠧ ᠶᠢᠨ ᠳᠤᠮᠳᠠᠳᠤ ᠤᠯᠤᠰ ᠲᠤ ᠢᠷᠡᠵᠤ ᠳᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠭᠰᠡᠨ ᠢ ᠪᠠᠶᠠᠷᠯᠠᠨ ᠤᠬᠳᠤᠵᠥ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ᠎ ᠤ ᠶᠠᠷᠢᠶᠠᠨ᠎ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠳᠡᠬᠦᠰᠦᠭᠰᠡᠨ᠎ ᠤ ᠨᠢᠬᠡ ᠰᠠᠷ᠎ᠠ ᠶᠢᠨ ᠳᠠᠷᠠᠭ᠎ᠠ ᠯᠦᠸᠧᠯᠦ᠋ᠨᠰᠦ᠋ᠸᠧ ᠲᠠᠢ ᠳᠠᠬᠢᠨᠳᠠ ᠠᠭᠤᠯᠵᠠᠬᠰᠠᠨ ᠳᠠᠭᠠᠨ ᠲᠤᠩ ᠪᠠᠶᠠᠷᠳᠠᠢ ᠪᠠᠶᠢᠨ᠎ᠠ ᠬᠡᠵᠥ ᠢᠯᠡᠳᠬᠡᠪᠡ᠃ ᠰᠢ ᠶᠢᠨ ᠫᠢᠩ᠂ ᠪᠡᠬᠡᠵᠢᠩ ᠳᠠᠬᠢ ᠳᠦᠷᠦᠬᠦᠴᠦᠳ ᠤᠨ ᠬᠤᠷᠠᠯ ᠠᠮᠵᠢᠯᠳᠠ ᠲᠠᠢ ᠬᠤᠷᠠᠯᠳᠤᠬᠰᠠᠨ ᠨᠢ ᠳᠤᠮᠳᠠᠳᠤ ᠠᠹᠷᠢᠺᠠ᠂ ᠳᠤᠮᠳᠠᠳᠤ ᠠᠩᠭᠤᠯᠠ ᠶᠢᠨ ᠬᠠᠷᠢᠯᠴᠠᠭ᠎ᠠ ᠶᠢᠨ ᠬᠦᠭᠵᠢᠯᠳᠡ ᠳᠤ ᠰᠢᠨ᠎ᠡ ᠬᠦᠳᠡᠯᠬᠡᠬᠦ ᠬᠦᠴᠦᠨ ᠤᠷᠤᠭᠤᠯᠵᠤ᠂ ᠰᠢᠨ᠎ᠡ ᠠᠵᠠ ᠳᠤᠬᠢᠶᠠᠯ ᠢ ᠠᠪᠴᠢᠷᠠᠵᠥ ᠦᠭᠪᠡ᠃ ᠬᠤᠶᠠᠷ ᠳᠠᠯ᠎ᠠ ᠪᠠᠷ ᠢᠶᠠᠨ ᠬᠠᠮᠳᠤ ᠪᠠᠷ ᠴᠢᠷᠮᠠᠶᠢᠵᠥ ᠪᠠᠶᠢᠭᠠᠳ ᠳᠤᠮᠳᠠᠳᠤ ᠠᠩᠭᠤᠯᠠ ᠶᠢᠨ ᠬᠠᠷᠢᠯᠴᠠᠭ᠎ᠠ ᠢᠳᠡᠪᠬᠢᠳᠡᠢ᠂ ᠳᠦᠷᠬᠡᠨ ᠤᠷᠤᠬᠰᠢ ᠬᠦᠭᠵᠢᠬᠦ ᠶᠢ ᠦᠷᠬᠦᠯᠵᠢᠯᠡᠨ ᠠᠬᠢᠭᠤᠯᠤᠶ᠎ᠠ᠃ ᠳᠤᠮᠳᠠᠳᠤ ᠶᠢᠨ ᠳᠠᠯ᠎ᠠ ᠶᠢᠨ ᠬᠢᠨ ᠳᠤᠮᠳᠠᠳᠤ ᠠᠩᠭᠤᠯᠠ ᠬᠤᠶᠠᠷ ᠤᠯᠤᠰ ᠤᠨ ᠬᠠᠮᠳᠤᠷᠠᠯᠴᠠᠭᠠᠨ᠎ ᠤ ᠢᠷᠡᠬᠡᠳᠦᠢ ᠳᠤ ᠢᠳᠡᠬᠡᠯ ᠳᠦᠬᠦᠷᠡᠩ ᠪᠤᠢ ᠬᠡᠵᠥ ᠵᠢᠭᠠᠵᠥ ᠭᠠᠷᠭᠠᠪᠠ᠃

  ᠰᠢ ᠶᠢᠨ ᠫᠢᠩ᠂ ᠬᠤᠶᠠᠷ ᠳᠠᠯ᠎ᠠ ᠪᠠᠷ ᠢᠶᠠᠨ ᠤᠯᠤᠰ ᠳᠦᠷᠦ ᠶᠢᠨ ᠢᠳᠡᠬᠡᠯᠴᠡᠭᠡ ᠪᠠᠨ ᠨᠡᠮᠡᠭᠳᠡᠬᠦᠯᠵᠥ᠂ ᠳᠡᠬᠡᠳᠤ ᠲᠠᠪᠬᠤᠷᠭ᠎ᠠ ᠶᠢᠨ ᠶᠠᠪᠤᠯᠴᠠᠭ᠎ᠠ ᠪᠠᠨ ᠨᠢᠬᠳᠠᠷᠠᠭᠤᠯᠵᠥ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠥ᠂ ᠳᠤᠰ ᠳᠤᠰ ᠤᠨ ᠭᠤᠤᠯᠯᠠᠬᠴᠢ ᠠᠰᠢᠬ ᠳᠤᠰᠠ ᠪᠤᠯᠤᠨ ᠴᠢᠬᠤᠯᠠ ᠶᠡᠭᠡ ᠠᠩᠬᠠᠷᠴᠤ ᠪᠠᠶᠢᠭ᠎ᠠ ᠠᠰᠠᠭᠤᠳᠠᠯ ᠲᠡᠭᠡᠷ᠎ᠡ ᠬᠠᠷᠢᠯᠴᠠᠨ ᠦᠢᠯᠠᠭᠠᠯᠴᠠᠵᠥ ᠳᠡᠮᠵᠢᠶ᠎ᠡ᠃ ᠳᠤᠮᠳᠠᠳᠤ ᠶᠢᠨ ᠳᠠᠯ᠎ᠡ ᠶᠢᠨ ᠬᠢᠨ ᠠᠹᠷᠢᠺᠠ ᠳᠢᠪ ᠤᠨ ᠤᠯᠤᠰ ᠤᠳ ᠤᠨ ᠳᠡᠥᠬᠡᠨ ᠤᠴᠠᠷᠠᠯ ᠢ ᠦᠪᠡᠷ ᠢᠶᠠᠨ ᠳᠤᠭᠤᠯᠤᠬᠰᠠᠨ ᠪᠤᠯᠬᠤᠷ ᠮᠡᠳᠡᠵᠥ ᠪᠤᠢ᠂ ᠠᠹᠷᠢᠺᠠ ᠳᠢᠪ ᠤᠨ ᠤᠯᠤᠰ ᠤᠳ ᠤᠨ ᠠᠷᠠᠳ ᠳᠦᠮᠡᠨ᠎ ᠤ ᠭᠠᠳᠠᠭᠠᠳᠤ ᠶᠢᠨ ᠭᠠᠷ ᠳᠦᠷᠦᠯᠳᠡ ᠶᠢ ᠡᠰᠡᠷᠬᠦᠴᠡᠵᠥ᠂ ᠪᠡᠶ᠎ᠡ ᠪᠠᠨ ᠳᠠᠭᠠᠭᠠᠵᠥ ᠬᠦᠭᠵᠢᠯᠳᠡ ᠶᠢᠨ ᠵᠠᠮ ᠢᠶᠠᠨ ᠰᠤᠩᠭᠤᠬᠤ ᠶᠢ ᠡᠷᠡᠰ ᠳᠡᠮᠵᠢᠨ᠎ᠡ᠃

  ᠳᠤᠮᠳᠠᠳᠤ ᠠᠹᠷᠢᠺᠠ ᠶᠢᠨ ᠬᠠᠮᠲᠤᠷᠠᠯᠴᠠᠭᠠᠨ᠎ ᠤ ᠶᠠᠷᠢᠶᠠᠨ᠎ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠵᠤ᠂ ᠨᠠᠢᠮᠠᠨ ᠶᠡᠭᠡ ᠠᠵᠢᠯᠯᠠᠭ᠎ᠠ ᠶᠢᠨ ᠬᠠᠮᠢᠶ᠎ᠠ ᠪᠦᠬᠦᠢ ᠠᠷᠭ᠎ᠠ ᠬᠡᠮᠵᠢᠶᠡᠨ᠎ ᠤ ᠡᠷᠲᠡᠬᠡᠨ ᠨᠠᠶᠢᠳᠠᠪᠤᠷᠢᠵᠢᠭᠤᠯᠤᠭᠳᠠᠬᠤ ᠶᠢ ᠠᠬᠢᠭᠤᠯᠵᠤ᠂ ᠨᠢᠭᠡ ᠪᠦᠰᠡ ᠨᠢᠭᠡ ᠵᠠᠮ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠵᠤ᠂ ᠲᠤᠰ ᠲᠤᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠯᠴᠠᠭᠤᠯᠬᠤ ᠶᠢ ᠴᠢᠩᠭᠠᠳᠬᠠᠵᠤ᠂ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠨᠡᠮᠡᠭᠳᠡᠯ ᠤᠨ ᠴᠡᠭ ᠢ ᠦᠷᠭᠡᠳᠭᠡᠵᠦ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠳᠤ ᠰᠢᠨ᠎ᠡ ᠭᠢᠯᠠᠰ ᠴᠡᠭ ᠢ ᠴᠤᠭᠴᠠᠯᠠᠨ ᠦᠭᠴᠦ᠂ ᠠᠩᠭᠤᠯᠠ ᠶᠢᠨ ᠲᠠᠯ᠎ᠠ ᠶᠢᠨ ᠬᠢᠨ᠎ ᠤ ᠠᠵᠦ ᠦᠢᠯᠡᠳᠪᠦᠷᠢᠵᠢᠯᠲᠡ ᠪᠤᠯᠤᠨ ᠠᠵᠤ ᠠᠬᠤᠢ ᠶᠢᠨ ᠤᠯᠠᠨ ᠡᠰᠢᠵᠢᠯᠲᠡ ᠶᠢᠨ ᠠᠬᠢᠴᠠ ᠶᠢ ᠠᠬᠢᠭᠤᠯᠤᠨ᠎ᠠ᠃ ᠠᠵᠢᠯᠲᠠᠨ ᠪᠤᠯᠤᠨ ᠤᠷᠤᠨ ᠨᠤᠲᠤᠭ ᠤᠨ ᠮᠤᠵᠢ ᠬᠤᠲᠠ ᠶᠢᠨ ᠶᠠᠪᠤᠯᠴᠠᠭ᠎ᠠ ᠶᠢ ᠦᠷᠭᠡᠳᠭᠡᠵᠦ᠂ ᠳᠤᠮᠳᠠᠳᠤ ᠠᠩᠭᠤᠯᠠ ᠶᠢᠨ ᠪᠤᠯᠪᠠᠰᠤᠨ᠎ ᠤ ᠬᠠᠷᠢᠯᠴᠠᠨ ᠲᠤᠯᠢᠳᠠᠯ᠂ ᠠᠷᠠᠳ ᠤᠨ ᠰᠡᠳᠭᠢᠯ ᠤᠨ ᠨᠡᠪᠲᠡᠷᠡᠯᠴᠡᠭᠡ ᠶᠢ ᠠᠬᠢᠭᠤᠯᠤᠶ᠎ᠠ᠃ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠨᠢᠭᠦᠯᠵᠦ᠂ ᠤᠯᠠᠨ ᠲᠠᠯ᠎ᠠ ᠶᠢᠨ ᠵᠤᠬᠢᠴᠠᠭᠤᠯᠭ᠎ᠠ ᠬᠠᠮᠵᠢᠯᠴᠠᠭ᠎ᠠ ᠪᠠᠨ ᠨᠢᠬᠲᠠᠷᠠᠭᠤᠯᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠵᠤ᠂ ᠨᠡᠬᠡᠭᠡᠯᠲᠡᠲᠦ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠵᠤ᠂ ᠤᠯᠠᠨ ᠤᠯᠤᠰ ᠤᠨ ᠡᠮᠬᠢ ᠲᠢᠭᠯᠢᠮ ᠤᠨ ᠨᠡᠩ ᠲᠦᠪ ᠭᠤᠤᠯᠴᠢ ᠵᠤᠬᠢᠰᠲᠠᠢ ᠪᠤᠯᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃

  ᠯᠦᠸᠧᠯᠦ᠋ᠨᠰᠦ᠋ᠸᠧ᠂ ᠠᠩᠭᠤᠯᠠ ᠳᠤᠮᠳᠠᠳᠤ ᠳᠡᠭᠡᠲᠦ ᠳᠠᠪᠬᠤᠷᠭ᠎ᠠ ᠶᠢᠨ ᠨᠢᠬᠲᠠ ᠶᠠᠪᠤᠯᠴᠠᠭ᠎ᠠ ᠪᠠᠨ ᠪᠠᠲᠤᠯᠠᠭᠰᠠᠠ ᠨᠢ ᠬᠤᠶᠠᠷ ᠲᠠᠯ᠎ᠠ ᠶᠢᠨ ᠬᠤᠶᠠᠷ ᠤᠯᠤᠰ ᠤᠨ ᠬᠠᠷᠢᠯᠴᠠᠭ᠎ᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠢᠯᠡᠷᠡᠭᠦᠯᠵᠦ ᠪᠠᠶᠢᠨ᠎ᠠ᠃ ᠤᠷᠲᠤ ᠬᠤᠭᠤᠴᠠᠭᠠᠨ᠎ ᠤ ᠲᠤᠷᠰᠢᠳᠠ᠂ ᠠᠩᠭᠤᠯᠠ ᠳᠤᠮᠳᠠᠳᠤ ᠶᠢᠨ ᠬᠠᠮᠲᠤᠷᠠᠯᠴᠠᠭ᠎ᠠ ᠨᠢ ᠠᠩᠭᠤᠯᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠪᠡ᠃ ᠠᠩᠭᠤᠯᠠ ᠶᠢᠨ ᠲᠠᠯ᠎ᠠ ᠶᠢᠨ ᠬᠢᠨ ᠬᠤᠶᠠᠷ ᠤᠯᠤᠰ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠩᠭᠤᠯᠠ ᠶᠢᠨ ᠤᠯᠤᠰ ᠤᠨ ᠬᠦᠭᠵᠢᠯᠲᠡ ᠳᠤ ᠨᠡᠩ ᠰᠠᠶᠢᠲᠤᠷ ᠲᠦᠯᠬᠢᠭᠴᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ᠎ ᠤ ᠶᠠᠷᠢᠶᠠᠨ᠎ ᠤ ᠲᠠᠪᠴᠠᠩ ᠨᠢ ᠳᠤᠮᠳᠠᠳᠤ ᠤᠯᠤᠰ ᠤᠨ ᠪᠦᠬᠦ᠋ᠢᠯᠡ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠠᠬᠢᠭᠤᠯᠪᠠ᠃ ᠠᠹᠷᠢᠺᠠ ᠲᠢᠪ ᠤᠨ ᠤᠯᠤᠰ ᠤᠳ ᠲᠤᠮᠳᠠᠳᠤ ᠤᠯᠤᠰ ᠠᠴᠠ ᠠᠹᠷᠢᠺᠠ ᠲᠢᠪ ᠤᠨ ᠡᠭᠡ ᠬᠠᠭᠤᠷᠠᠢ ᠶᠢᠨ ᠪᠤᠳᠠᠳᠠᠢ ᠱᠠᠭᠠᠷᠳᠠᠯᠭ᠎ᠠ ᠶᠢ ᠦᠨᠳᠤᠰᠤᠯᠡᠨ ᠠᠹᠷᠢᠺᠠ ᠲᠢᠪ  ᠯᠦᠭᠡ ᠬᠠᠮᠳᠤᠷᠠᠯᠴᠠᠭ᠎ᠠ ᠦᠷᠨᠢᠭᠦᠯᠵᠤ ᠂ ᠦᠨᠡᠨ ᠪᠤᠲᠠᠲᠠᠢ ᠠᠷᠭ᠎ᠠ ᠠᠪᠴᠠᠯ ᠠᠪᠴᠤ ᠪᠠᠶᠢᠭ᠎ᠠ ᠮᠦᠷᠳᠡᠭᠡᠨ ᠶᠠᠮᠠᠷᠪᠠ ᠤᠯᠤᠰ ᠲᠦᠷᠤ ᠶᠢᠨ ᠨᠦᠭᠦᠴᠡᠯ ᠲᠠᠭᠠᠯᠳᠤᠭᠤᠯᠬᠤ ᠦᠭᠡᠢ᠂ ᠠᠹᠷᠢᠺᠠ ᠲᠢᠪ ᠤᠨ ᠤᠯᠤᠰ ᠤᠳ ᠤᠨ ᠲᠤᠳᠤᠭᠠᠳᠤ ᠵᠠᠰᠠᠭ ᠲᠤ ᠭᠠᠷ ᠲᠦᠷᠤᠭᠦ ᠦᠭᠡᠢ ᠪᠠᠶᠢᠬᠤ ᠶᠢ ᠲᠡᠭᠡᠳᠤ ᠬᠡᠮᠵᠢᠶ᠎ᠠ ᠪᠠᠷ ᠮᠠᠭᠳᠠᠨ ᠰᠠᠶᠢᠰᠢᠶᠠᠨ᠎ᠠ᠃ ᠲᠤᠮᠳᠠᠳᠤ ᠶᠢᠨ ᠲᠠᠯ᠎ᠠ ᠶᠢᠨ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ᠎ ᠤ ᠶᠠᠷᠢᠶᠠᠨ᠎ ᠤ ᠲᠠᠪᠴᠠᠩ ᠤᠨ ᠪᠤᠷᠤ ᠲᠦᠯᠦᠪ ᠤᠨ ᠲᠤᠳᠤᠷ᠎ᠠ ᠲᠤᠷᠠᠳᠤᠨ ᠭᠠᠷᠭᠠᠭᠰᠠᠨ ᠬᠠᠮᠳᠤᠷᠠᠯᠴᠠᠭᠠᠨ᠎ ᠤ ᠲᠦᠯᠦᠪᠯᠡᠭᠡ ᠨᠢ ᠠᠹᠷᠢᠺᠠ ᠲᠢᠪ ᠤᠨ ᠤᠯᠤᠰ ᠤᠳ ᠤᠨ ᠭᠦᠭᠵᠢᠯᠳᠠ ᠳᠤ ᠴᠢᠬᠤᠯᠠ ᠢᠳᠡᠪᠬᠢ ᠨᠦᠯᠤᠭᠡ ᠲᠠᠢ ᠶᠤᠮ᠃ ᠠᠩᠭᠤᠯᠠ ᠲᠤᠮᠳᠠᠳᠤ ᠶᠢᠨ ᠬᠠᠮᠳᠤᠷᠠᠯᠴᠠᠭ᠎ᠠ ᠠᠹᠷᠢᠺᠠ ᠲᠤᠮᠳᠠᠳᠤ ᠶᠢᠨ ᠬᠠᠮᠳᠤᠷᠠᠯᠴᠠᠭᠠᠨ᠎ ᠤ ᠦᠯᠢᠭᠡᠷ ᠵᠢᠱᠢᠶ᠎ᠠ ᠪᠤᠯᠬᠤ ᠶᠢ ᠭᠦᠰᠡᠵᠤ ᠪᠠᠶᠢᠨ᠎ᠠ᠃ ᠠᠩᠭᠤᠯᠠ ᠶᠢᠨ ᠬᠢᠨ ᠲᠤᠮᠳᠠᠳᠤ ᠤᠯᠤᠰ ᠤᠨ ᠤᠯᠡᠨ ᠤᠯᠤᠰ ᠤᠨ ᠶᠠᠪᠤᠳᠠᠯ ᠳᠠᠬᠢ ᠴᠢᠬᠤᠯᠠ ᠨᠦᠯᠤᠭᠡ ᠶᠢ ᠴᠢᠬᠤᠯᠠᠴᠢᠯᠠᠨ ᠦᠵᠡᠵᠤ᠂ ᠲᠤᠮᠳᠠᠳᠤ ᠶᠢᠨ ᠲᠠᠯ᠎ᠠ ᠶᠢᠨ ᠠᠹᠷᠢᠺᠠ ᠲᠢᠪ ᠤᠨ ᠬᠠᠯᠠᠮᠰᠢᠯ ᠠᠰᠠᠭᠤᠳᠠᠯ ᠢ ᠵᠤᠬᠢᠰᠳᠠᠢ ᠰᠢᠢᠳᠪᠤᠷᠢᠯᠡᠭᠦ ᠳᠤ ᠪᠠᠳᠠᠷᠠᠭᠤᠯᠤᠭᠰᠠᠨ ᠪᠦᠲᠦᠭᠡᠯᠴᠢ ᠴᠢᠨᠠᠷ ᠲᠠᠢ ᠦᠢᠯᠡᠳᠤᠯ ᠢ ᠲᠡᠭᠡᠳᠤ ᠬᠡᠮᠵᠢᠶ᠎ᠠ ᠪᠠᠷ ᠦᠨᠡᠯᠡᠵᠤ ᠪᠠᠶᠢᠨ᠎ᠠ᠃ ᠠᠩᠭᠤᠯᠠ ᠶᠢᠨ ᠬᠢᠨ ᠤᠯᠠᠨ ᠲᠠᠯᠠᠳᠤ ᠦᠵᠡᠯ ᠢ ᠲᠡᠮᠵᠢᠵᠤ᠂ ᠲᠡᠯᠡᠭᠡᠢ ᠶᠢᠨ ᠢᠷᠡᠭᠡᠳᠤᠢ ᠶᠢ ᠡᠯ᠎ᠠ ᠤᠯᠤᠰ ᠬᠠᠮᠳᠤ ᠪᠠᠷ ᠲᠤᠭᠳᠠᠭᠠᠬᠤ ᠶᠢ ᠰᠠᠨᠠᠭᠠᠴᠢᠯᠠᠵᠤ᠂ ᠲᠤᠷᠠᠳᠠᠶ᠎ᠠ ᠲᠤᠮᠳᠠᠳᠤ ᠤᠯᠤᠰ ᠯᠤᠭ᠎ᠠ ᠤᠯᠠᠨ ᠲᠠᠯᠠᠳᠤ ᠭᠡᠷᠡᠭ ᠶᠠᠪᠤᠳᠠᠯ ᠳᠠᠬᠢ ᠬᠠᠮᠳᠤᠷᠠᠯᠴᠠᠭ᠎ᠠ ᠪᠠᠨ ᠨᠢᠭᠳᠠᠷᠠᠭᠤᠯᠤᠨ᠎ᠠ ᠭᠡᠵᠤ ᠢᠯᠡᠳᠭᠡᠪᠡ᠃

  ᠭᠡᠯᠡᠯᠴᠡᠭᠡ ᠲᠡᠬᠦᠰᠦᠭᠰᠡᠨ᠎ ᠤ ᠲᠠᠷᠠᠭ᠎ᠠ᠂ ᠬᠤᠶᠠᠷ ᠤᠯᠤᠰ ᠤᠨ ᠲᠡᠷᠢᠬᠦᠨ ᠪᠠᠰᠠ ᠬᠤᠶᠠᠷ ᠲᠠᠯ᠎ᠠ ᠶᠢᠨ ᠬᠠᠮᠳᠤᠷᠠᠯᠴᠠᠭᠠᠨ᠎ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠳᠤ ᠪᠠᠷ ᠬᠡᠷᠡᠴᠢᠯᠡᠪᠡ᠃

  ᠬᠡᠯᠡᠯᠴᠡᠭᠡ ᠬᠢᠬᠦ ᠠᠴᠠ ᠡᠮᠤᠨ᠎ᠠ᠂ ᠰᠢ ᠶᠢᠨ ᠫᠢᠡᠭ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ᠎ ᠤ ᠭᠠᠳᠠᠨᠠᠬᠢ ᠲᠠᠯᠠᠪᠠᠢ ᠳᠤ ᠯᠦᠸᠧᠯᠦ᠋ᠨᠰᠦ᠋ᠸᠧ ᠶᠢ ᠤᠭᠳᠤᠬᠤ ᠶᠤᠰᠤᠯᠠᠯ ᠶᠠᠪᠤᠭᠳᠠᠭᠤᠯᠪᠠ᠃ ᠫᠸᠡᠭ ᠯᠢ ᠶᠤᠸᠠᠨ᠂ ᠶᠠᠩ ᠵᠢᠶᠧ ᡂᠢ᠂ ᠱᠸᠠ ᠶᠦᠸᠠᠢ ᠶᠤᠸᠠᠢ᠂ ᠸᠠᠩ ᠢ᠂ ᠾᠧ ᠯᠢ ᠹᠸᠡᠭ᠂ ᠾᠧ ᠸᠧᠢ ᠨᠠᠷ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com