ᠰᠢ ᠶᠢᠨ ᠫᠢᠩ ᠢᠷᠠᠺ ᠤᠨ ᠰᠢᠨ᠎ᠡ ᠪᠠᠷ ᠳᠤᠰᠢᠶᠠᠯ ᠳᠤ ᠭᠠᠷᠤᠬᠰᠠᠨ ᠶᠡᠷᠦᠩᠬᠡᠶᠢᠯᠡᠭᠴᠢ ᠪᠠᠷᠬᠠᠮᠦ᠋ · ᠰᠠᠯᠢᠾᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ

  ᠰᠢᠨᠬᠤᠸᠠ ᠬᠤᠷᠢᠶᠠᠨ᠎ ᠤ ᠪᠡᠬᠡᠵᠢᠩ ᠤᠨ 10 ᠰᠠᠷ᠎ᠠ ᠶᠢᠨ 9᠎ ᠤ ᠴᠠᠬᠢᠯᠭᠠᠨ ᠮᠡᠳᠡᠭᠡ ᠤᠯᠤᠰ ᠤᠨ ᠳᠡᠷᠢᠬᠦᠯᠡᠭᠴᠢ ᠰᠢ ᠶᠢᠨᠫᠢᠩ 10 ᠰᠠᠷ᠎ᠠ ᠶᠢᠨ 9᠎ ᠤ ᠡᠳᠤᠷ ᠪᠠᠷᠬᠠᠮᠦ᠋ · ᠰᠠᠯᠢᠾᠧ ᠳᠤ ᠴᠠᠬᠢᠯᠭᠠᠨ ᠴᠢᠮᠡᠭᠡ ᠶᠠᠪᠤᠭᠤᠯᠵᠥ᠂ ᠳᠡᠬᠦᠨ᠎ ᠤ ᠪᠦᠬᠦᠳᠡ ᠨᠠᠶᠢᠷᠠᠮᠳᠠᠬᠤᠢᠷᠠᠺ ᠤᠯᠤᠰ ᠤᠨ ᠶᠡᠷᠦᠩᠬᠡᠶᠢᠯᠡᠭᠴᠢ ᠪᠠᠷ ᠰᠤᠩᠭᠤᠬᠳᠠᠬᠰᠠᠨ ᠳᠤ ᠪᠠᠶᠠᠷ ᠬᠦᠷᠬᠡᠪᠡ᠃

  ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠢᠷᠠᠺ ᠤᠤᠯ ᠠᠴᠠ ᠪᠠᠨ ᠨᠦᠬᠦᠷᠰᠡᠭ ᠶᠤᠮ᠂ᠦᠢᠷ᠎ᠠ ᠶᠢᠨ ᠵᠢᠯ ᠠᠴᠠ ᠬᠤᠶᠠᠷ ᠤᠯᠤᠰ ᠤᠨ ᠤᠯᠤᠰ ᠳᠦᠷᠦ ᠶᠢᠨ ᠢᠳᠡᠬᠡᠯᠴᠡᠭᠡ ᠳᠠᠰᠤᠷᠠᠯᠳᠠ ᠦᠬᠡᠢ ᠬᠦᠨᠵᠡᠬᠡᠶᠢᠷᠡᠵᠥ᠂ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠳᠦᠷᠬᠡᠨ ᠬᠦᠭᠵᠢᠵᠥ᠂ ᠰᠤᠶᠤᠯ ᠢᠷᠬᠡᠨᠰᠢᠯ ᠤᠨ ᠰᠤᠯᠢᠯᠴᠠᠭ᠎ᠠ ᠨᠡᠩ ᠨᠢᠬᠳᠠᠷᠠᠭᠰᠠᠨ ᠳᠤᠪᠢ ᠪᠠᠶᠠᠷᠯᠠᠵᠥ ᠪᠤᠢ᠃ ᠳᠠᠨ᠎ ᠤ ᠤᠳᠤᠷᠢᠳᠤᠯᠭ᠎ᠠ ᠳᠤᠤᠷ᠎ᠠ᠂ ᠢᠷᠠᠺ ᠤᠨ ᠤᠯᠤᠰ ᠳᠦᠷᠦ ᠶᠢᠨ ᠡᠶᠡᠳᠡᠯ ᠪᠤᠯᠤᠨ ᠠᠵᠥ ᠠᠬᠤᠢ ᠶᠢᠨᠳᠠᠬᠢᠨ ᠪᠦᠳᠦᠬᠡᠨ ᠪᠠᠶᠢᠭᠤᠯᠤᠯᠳᠠ ᠶᠢᠨ ᠠᠬᠢᠴᠠ ᠯᠠᠪᠳᠠᠭᠤᠨ ᠢᠶᠠᠷ ᠠᠬᠢᠵᠥ᠂ ᠳᠤᠰ ᠤᠯᠤᠰ ᠤᠨ ᠢᠶᠠᠨ ᠪᠠᠶᠢᠳᠠᠯ ᠳᠤ ᠵᠤᠬᠢᠴᠠᠬᠰᠠᠨᠬᠦᠭᠵᠢᠯᠳᠡ ᠶᠢᠨ ᠵᠠᠮ ᠢ ᠰᠦᠪᠡᠭᠴᠢᠯᠡᠬᠦ ᠳᠠᠯ᠎ᠠ ᠪᠠᠷ ᠨᠡᠩ ᠶᠡᠭᠡ ᠠᠮᠵᠢᠯᠳᠠ ᠤᠯᠬᠤ ᠶᠢ ᠬᠦᠰᠡᠵᠥ ᠪᠤᠢ᠃ ᠪᠢ ᠳᠤᠮᠳᠠᠳᠤ ᠢᠷᠠᠺ ᠤᠨᠬᠠᠷᠢᠯᠴᠠᠭᠠᠨ᠎ ᠤ ᠬᠦᠭᠵᠢᠯᠳᠠ ᠶᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠎ᠠ᠂ ᠳᠤᠷᠠᠳᠠᠶ᠎ᠠ ᠳᠠᠨ ᠲᠠᠢ ᠬᠠᠮᠳᠤ ᠦᠷᠬᠦᠯᠵᠢᠯᠡᠨᠴᠢᠷᠮᠠᠶᠢᠵᠥ᠂ ᠳᠤᠮᠳᠠᠳᠤ ᠢᠷᠠᠺ ᠤᠨ ᠬᠠᠷᠢᠯᠴᠠᠭ᠎ᠠ ᠪᠠᠶᠢᠭᠤᠯᠤᠬᠰᠠᠨ 60 ᠵᠢᠯ ᠤᠨ ᠤᠢ ᠪᠠᠷ ᠠᠵᠠ ᠳᠤᠬᠢᠶᠠᠯ ᠪᠤᠯᠭᠠᠵᠥ᠂ ᠳᠤᠮᠳᠠᠳᠤᠢᠷᠠᠺ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ᠎ ᠤ ᠬᠠᠷᠢᠯᠴᠠᠭ᠎ᠠ ᠶᠢ ᠠᠬᠢᠭᠤᠯᠤᠨ ᠨᠡᠩ ᠶᠡᠭᠡ ᠬᠦᠭᠵᠢᠯᠳᠠ ᠶᠢ ᠤᠯᠵᠥ᠂ ᠬᠤᠶᠠᠷᠤᠯᠤᠰ ᠪᠤᠯᠤᠨ ᠬᠤᠶᠠᠷ ᠤᠯᠤᠰ ᠤᠨ ᠠᠷᠠᠳ ᠳᠦᠮᠡᠨ ᠳᠤ ᠪᠤᠶᠠᠨ ᠦᠢᠯᠡᠳᠦᠨ᠎ᠡ ᠬᠡᠵᠥ ᠵᠢᠭᠠᠵᠥ ᠭᠠᠷᠭᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com