ᠰᠢ ᠶᠢᠨ ᠫᠢᠩ᠄ ᠪᠠᠶᠢᠯᠳᠤᠭᠠᠨ᠎ ᠤ ᠲᠤᠭᠤᠷᠢᠭ ᠤᠨ ᠵᠢᠯᠤᠭᠤᠳᠬᠤ ᠴᠢᠳᠠᠪᠤᠷᠢ ᠶᠢᠨ ᠪᠠᠶᠢᠭᠤᠯᠤᠯᠳᠠ ᠶᠢ ᠲᠦᠷᠬᠡᠳᠬᠡᠨ‌ᠠᠬᠢᠭᠤᠯᠵᠥ ᠡᠬᠦᠷᠬᠡᠯᠡᠵᠥ ᠪᠠᠶᠢᠭ᠎ᠠ ᠡᠬᠦᠷᠬᠡ ᠬᠠᠷᠢᠭᠤᠴᠠᠯᠭ᠎ᠠ ᠪᠠᠨ ᠡᠷᠡᠰ ᠪᠡᠶᠡᠯᠡᠬᠦᠯᠬᠦ ᠬᠡᠷᠡᠭᠳᠡᠢ

  10 ᠰᠠᠷ᠎ᠠ ᠶᠢᠨ 25᠎ ᠤ ᠦᠳᠡ ᠶᠢᠨ ᠡᠮᠤᠨ᠎ᠡ᠂ ᠨᠠᠮ ᠤᠨ ᠲᠦᠪ ᠬᠤᠷᠢᠶᠠᠨ᠎ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠲᠡᠷᠢᠬᠦᠯᠡᠭᠴᠢ ᠰᠢ ᠶᠢᠨ ᠫᠢᠩ ᠡᠮᠤᠨᠡᠳᠤ ᠤᠷᠤᠨ᠎ ᠤ ᠪᠠᠶᠢᠯᠳᠤᠭᠠᠨ᠎ ᠤ ᠲᠤᠭᠤᠷᠢᠭ ᠲᠤ ᠠᠵᠢᠯ ᠪᠠᠶᠢᠴᠠᠭᠠᠪᠠ᠃ ᠵᠢᠷᠤᠭ ᠪᠤᠯ ᠰᠢ ᠶᠢᠨ ᠫᠢᠩ ᠵᠢᠯᠤᠭᠤᠳᠬᠤ ᠶᠡᠭᠡ ᠲᠢᠩᠬᠢᠮ ᠳᠤ ᠢᠷᠡᠵᠥ ᠠᠵᠢᠯ ᠪᠠᠶᠢᠴᠠᠭᠠᠨ᠂ ᠪᠠᠶᠢᠯᠳᠤᠭᠠᠨ᠎ ᠤ ᠲᠤᠭᠤᠷᠢᠭ ᠤᠨ ᠬᠠᠮᠳᠤᠷᠠᠭᠰᠠᠠ ᠪᠠᠶᠢᠯᠳᠤᠭᠠᠨ᠎ ᠤ ᠵᠢᠯᠤᠭᠤᠳᠬᠤ ᠰᠢᠰᠲ᠋ᠧᠮ ᠢ ᠪᠠᠶᠢᠭᠤᠯᠤᠨ ᠠᠵᠢᠯᠯᠠᠭᠤᠯᠵᠥ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠵᠦ᠂ ᠪᠠᠶᠢᠯᠳᠤᠭᠠᠨ᠎ ᠤ ᠲᠤᠭᠤᠷᠢᠭ ᠢ ᠦᠭᠡᠷᠡᠴᠢᠯᠡᠯᠳᠡ ᠰᠢᠨᠡᠴᠢᠯᠡᠯᠳᠡ ᠶᠢᠨ ᠵᠤᠷᠢᠭ ᠰᠠᠨᠠᠭ᠎ᠠ ᠪᠠᠨ ᠪᠠᠳᠠᠷᠠᠭᠤᠯᠵᠥ᠂ ᠦᠢᠯᠡᠳᠦᠯᠬᠡ ᠶᠢᠨ ᠬᠠᠶᠢᠨ ᠰᠦᠪᠡᠭᠴᠢᠯᠡᠯᠳᠡ ᠪᠠᠨ ᠦᠷᠬᠦᠯᠵᠢᠯᠡᠨ ᠬᠦᠨᠵᠡᠬᠡᠶᠢᠷᠡᠬᠦᠯᠵᠥ᠂ ᠵᠢᠯᠤᠭᠤᠳᠬᠤ ᠴᠢᠳᠠᠪᠤᠷᠢ ᠳᠠᠭᠠᠨ ᠲᠦᠷᠬᠡᠨ ᠴᠠᠭᠠᠷᠠᠬᠤ ᠬᠡᠷᠡᠭᠳᠡᠢ ᠬᠡᠵᠥ ᠵᠤᠷᠢᠬᠵᠢᠭᠤᠯᠵᠦ ᠪᠠᠶᠢᠭ᠎ᠠ ᠨᠢ᠃

  ᠰᠢᠨᠬᠤᠸᠠ ᠬᠤᠷᠢᠶᠠᠨ᠎ ᠤ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ

  ᠰᠢᠨᠬᠤᠸᠠ ᠬᠤᠷᠢᠶᠠᠨ᠎ ᠤ ᠭᠤᠸᠠᠩᠵᠸᠥ ᠶᠢᠨ 10 ᠰᠠᠷ᠎ᠠ ᠶᠢᠨ 26᠎ ᠤ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢ ᠰᠢᠤᠸᠠᠨ ᠯᠢᠶᠠᠩ ᠸᠠᠩ ᠬᠤᠩ ᠱᠠᠨ) ᠨᠠᠮ ᠤᠨ ᠲᠦᠪ ᠬᠤᠷᠢᠶᠠᠨ᠎ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠲᠡᠷᠢᠬᠦᠯᠡᠭᠴᠢ ᠰᠢ ᠶᠢᠨ ᠫᠢᠩ 25᠎ ᠤ ᠦᠳᠡ ᠶᠢᠨ ᠡᠮᠤᠨ᠎ᠡ ᠡᠮᠤᠨᠡᠳᠤ ᠤᠷᠤᠨ᠎ ᠤ ᠪᠠᠶᠢᠯᠳᠤᠭᠠᠨ᠎ ᠤ ᠲᠤᠭᠤᠷᠢᠭ ᠲᠤ ᠠᠵᠢᠯ ᠪᠠᠶᠢᠴᠠᠭᠠᠵᠥ᠂ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠡᠮᠤᠨ᠎ᠡ ᠠᠴᠠ᠂ ᠡᠮᠤᠨᠡᠳᠤ ᠤᠷᠤᠨ᠎ ᠤ ᠪᠠᠶᠢᠯᠳᠤᠭᠠᠨ᠎ ᠤ ᠲᠤᠭᠤᠷᠢᠭ ᠤᠨ ᠪᠦᠬᠦ ᠵᠢᠯᠤᠭᠤᠳᠤᠭᠴᠢ ᠪᠠᠶᠢᠯᠳᠤᠭᠴᠢ ᠳᠤ ᠴᠢᠩ ᠦᠨᠡᠨᠴᠢ ᠮᠡᠨᠳᠤᠴᠢᠯᠡᠯ ᠲᠡᠪᠰᠢᠬᠦᠯᠪᠡ᠃ ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠥ᠂ ᠰᠢᠨ᠎ᠡ ᠪᠠᠶᠢᠳᠠᠯ ᠲᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠲᠤᠭᠤᠰᠢᠯᠠᠭᠤᠯᠵᠥ᠂ ᠲᠠᠶᠢᠨ ᠬᠢᠬᠦ ᠶᠢ ᠰᠤᠳᠤᠯᠬᠤ᠂ ᠪᠠᠶᠢᠯᠳᠤᠭᠠᠨ ᠢ ᠵᠢᠯᠤᠭᠤᠳᠬᠤ ᠪᠠᠷ ᠭᠤᠤᠯᠳᠠᠭᠤᠯᠵᠤ ᠡᠯ᠎ᠡ ᠵᠦᠢᠯ ᠤᠨ ᠠᠵᠢᠯ ᠢᠶᠠᠨ ᠠᠬᠢᠭᠤᠯᠵᠥ᠂ ᠪᠠᠳᠤ ᠴᠢᠩᠭ᠎ᠠ ᠦᠨᠳᠤᠷ ᠪᠦᠳᠦᠮᠵᠢᠳᠡᠢ ᠪᠠᠶᠢᠯᠳᠤᠭᠠᠨ᠎ ᠤ ᠲᠤᠭᠤᠷᠢᠭ ᠤᠨ ᠬᠠᠮᠳᠤᠷᠠᠭᠰᠠᠠ ᠪᠠᠶᠢᠯᠳᠤᠭᠠᠨ᠎ ᠤ ᠵᠢᠯᠤᠭᠤᠳᠬᠤ ᠪᠠᠶᠢᠭᠤᠯᠤᠮᠵᠢ ᠶᠢ ᠲᠦᠷᠬᠡᠨ ᠪᠠᠶᠢᠭᠤᠯᠵᠥ᠂ ᠢᠯᠠᠯᠳᠠ ᠤᠯᠬᠤ ᠴᠢᠳᠠᠪᠤᠷᠢ ᠪᠠᠨ ᠪᠦᠬᠦ ᠲᠡᠯ᠎ᠡ ᠪᠠᠷ ᠲᠡᠭᠡᠭᠰᠢᠯᠡᠬᠦᠯᠵᠥ᠂ ᠨᠠᠮ ᠪᠤᠯᠤᠨ ᠠᠷᠠᠳ ᠲᠦᠮᠡᠨ᠎ ᠤ ᠲᠠᠭᠠᠭᠠᠯᠭᠠᠭᠰᠠᠠ ᠡᠬᠦᠷᠬᠡ ᠶᠢ ᠡᠷᠡᠰ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃

  10 ᠰᠠᠷ᠎ᠠ ᠶᠢᠨ ᠯᠢᠩᠨᠠᠨ᠎ ᠤ ᠡᠬᠡ ᠭᠠᠵᠠᠷ ᠬᠦᠬᠡᠷᠡᠨ ᠨᠤᠭᠤᠭᠠᠷᠠᠵᠥ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 9 ᠴᠠᠬ 15 ᠮᠢᠨᠦ᠋ᠲ ᠤᠨ ᠦᠶ᠎ᠡ ᠪᠠᠷ᠂ ᠰᠢ ᠶᠢᠨ ᠫᠢᠩ ᠡᠮᠤᠨᠡᠳᠤ ᠤᠷᠤᠨ᠎ ᠤ ᠪᠠᠶᠢᠯᠳᠤᠭᠠᠨ᠎ ᠤ ᠲᠤᠭᠤᠷᠢᠭ ᠤᠨ ᠵᠢᠯᠤᠭᠤᠳᠬᠤ ᠭᠠᠵᠠᠷ ᠲᠤ ᠢᠷᠡᠵᠥ᠂ ᠪᠠᠶᠢᠯᠳᠤᠭᠠᠨ᠎ ᠤ ᠲᠤᠭᠤᠷᠢᠭ ᠤᠨ ᠬᠠᠮᠳᠤᠷᠠᠭᠰᠠᠠ ᠪᠠᠶᠢᠯᠳᠤᠭᠠᠨ᠎ ᠤ ᠵᠢᠯᠤᠭᠤᠳᠬᠤ ᠰᠢᠰᠲ᠋ᠧᠮ ᠢ ᠪᠠᠶᠢᠭᠤᠯᠤᠨ ᠠᠵᠢᠯᠯᠠᠭᠤᠯᠵᠥ ᠪᠠᠶᠢᠭ᠎ᠠ ᠪᠠᠶᠢᠳᠠᠯ ᠢ ᠤᠢᠢᠯᠠᠭᠠᠪᠠ᠃ ᠵᠢᠯᠤᠭᠤᠳᠬᠤ ᠶᠡᠭᠡ ᠲᠢᠩᠬᠢᠮ ᠳᠤ᠂ ᠵᠢᠵᠢᠬᠦᠷᠯᠡᠭᠴᠢ ᠡᠯ᠎ᠡ ᠲᠦᠷᠦᠯ ᠤᠨ ᠮᠡᠳᠡᠭᠡ ᠵᠠᠩᠬᠢ ᠶᠢ ᠶᠠᠭᠠᠷᠠᠯᠳᠠᠢ ᠡᠮᠬᠢ ᠵᠢᠷᠤᠮ ᠲᠠᠢ ᠰᠢᠢᠳᠪᠤᠷᠢᠯᠡᠵᠥ ᠪᠠᠶᠢᠯ᠎ᠠ᠂ ᠰᠢ ᠶᠢᠨ ᠫᠢᠩ ᠬᠡᠰᠡᠭ ᠰᠠᠭᠤᠳᠠᠯ ᠤᠨ ᠡᠮᠤᠨ᠎ᠡ ᠵᠤᠭᠰᠤᠨ ᠪᠠᠶᠢᠴᠠᠭᠠᠨ ᠦᠵᠡᠵᠥ᠂ ᠬᠠᠮᠢᠶ᠎ᠠ ᠪᠦᠬᠦᠢ ᠪᠠᠶᠢᠳᠠᠯ ᠢ ᠯᠠᠪᠯᠠᠨ ᠠᠰᠠᠭᠤᠵᠥ᠂ ᠤᠯᠠᠨ ᠲᠠᠢ ᠰᠠᠨᠠᠯ ᠢᠶᠠᠨ ᠬᠦᠨᠵᠡᠬᠡᠢ ᠰᠤᠯᠢᠯᠴᠠᠪᠠ᠃ ᠰᠢ ᠶᠢᠨ ᠫᠢᠩ ᠪᠠᠶᠢᠯᠳᠤᠭᠠᠨ᠎ ᠤ ᠲᠤᠭᠤᠷᠢᠭ ᠤᠨ ᠬᠠᠮᠳᠤᠷᠠᠭᠰᠠᠠ ᠪᠠᠶᠢᠯᠳᠤᠭᠠᠨ᠎ ᠤ ᠵᠢᠯᠤᠭᠤᠳᠬᠤ ᠴᠢᠳᠠᠪᠤᠷᠢ ᠶᠢᠨ ᠪᠠᠶᠢᠭᠤᠯᠤᠯᠳᠠ ᠶᠢᠨ ᠲᠠᠯ᠎ᠠ ᠪᠠᠷ ᠤᠯᠤᠭᠰᠠᠠ ᠠᠮᠵᠢᠯᠳᠠ ᠶᠢ ᠨᠤᠳᠠᠯᠠᠵᠥ᠂ ᠲᠡᠳᠡᠨ ᠢ ᠦᠭᠡᠷᠡᠴᠢᠯᠡᠯᠳᠡ ᠰᠢᠨᠡᠴᠢᠯᠡᠯᠳᠡ ᠶᠢᠨ ᠵᠤᠷᠢᠭ ᠰᠠᠨᠠᠭ᠎ᠠ ᠪᠠᠨ ᠪᠠᠳᠠᠷᠠᠭᠤᠯᠵᠥ᠂ ᠦᠢᠯᠡᠳᠦᠯᠬᠡ ᠶᠢᠨ ᠬᠠᠶᠢᠨ ᠰᠦᠪᠡᠭᠴᠢᠯᠡᠯᠳᠡ ᠪᠠᠨ ᠦᠷᠬᠦᠯᠵᠢᠯᠡᠨ ᠬᠦᠨᠵᠡᠬᠡᠶᠢᠷᠡᠬᠦᠯᠵᠥ᠂ ᠵᠢᠯᠤᠭᠤᠳᠬᠤ ᠴᠢᠳᠠᠪᠤᠷᠢ ᠳᠠᠭᠠᠨ ᠲᠦᠷᠬᠡᠨ ᠴᠠᠭᠠᠷᠠᠬᠤ ᠬᠡᠷᠡᠭᠳᠡᠢ ᠬᠡᠵᠥ ᠵᠤᠷᠢᠬᠵᠢᠭᠤᠯᠪᠠ᠃

  ᠡᠨᠡ ᠭᠡᠳᠦᠨ ᠵᠢᠯ᠂ ᠡᠮᠤᠨᠡᠳᠤ ᠭᠡᠰᠡᠭ ᠤᠨ ᠪᠠᠶᠢᠯᠳᠤᠭᠠᠨ᠎ ᠤ ᠲᠤᠭᠤᠷᠢᠭ ᠤᠨ ᠡᠬᠦᠷᠬᠡᠯᠡᠵᠥ ᠪᠠᠶᠢᠭ᠎ᠠ ᠴᠡᠷᠢᠭ ᠤᠨ ᠶᠠᠪᠤᠳᠠᠯ ᠤᠨ ᠡᠬᠦᠷᠭᠡ ᠲᠦᠢᠯ ᠤᠨ ᠬᠦᠨᠳᠤ ᠪᠠᠶᠢᠭ᠎ᠠ ᠶᠤᠮ᠂ ᠰᠢ ᠶᠢᠨ ᠫᠢᠩ ᠡᠬᠦᠷᠭᠡ ᠬᠦᠢᠴᠡᠳᠭᠡᠵᠤ ᠪᠠᠶᠢᠭ᠎ᠠ ᠴᠡᠷᠢᠭ ᠠᠩᠭᠢ ᠶᠢ ᠰᠡᠳᠬᠢᠯ ᠳᠡᠭᠡᠨ ᠪᠤᠳᠤᠵᠤ ᠶᠠᠪᠤᠳᠠᠭ ᠪᠠᠶᠢᠯ᠎ᠠ᠂ ᠲᠡᠷᠨ ᠬᠢᠯᠢ ᠬᠢᠵᠠᠭᠠᠷ ᠪᠠ ᠲᠠᠯᠠᠢ ᠶᠢᠨ ᠬᠠᠮᠠᠭᠠᠯᠠᠯᠳᠠ ᠶᠢᠨ ᠡᠮᠤᠨ᠎ᠡ ᠹᠷᠤᠨᠲ ᠤᠨ ᠵᠢᠯᠤᠭᠤᠳᠤᠬᠴᠢ ᠲᠠᠢ ᠤᠨᠴᠠᠭᠠᠢᠢᠯᠡᠨ ᠸᠢᠳᠢᠣ᠋ ᠪᠠᠷ ᠶᠠᠷᠢᠯᠴᠠᠪᠠ᠃ ᠡᠬᠦᠷᠭᠡ ᠬᠦᠢᠴᠡᠳᠭᠡᠬᠦ ᠴᠡᠷᠢᠭ ᠠᠩᠭᠢ ᠶᠢᠨ ᠡᠯ᠎ᠡ ᠵᠦᠢᠯ ᠤᠨ ᠪᠠᠯᠡᠳᠭᠡᠯ ᠠᠵᠢᠯ ᠯᠠᠪᠳᠠᠭᠤᠨ ᠪᠠᠳᠤᠳᠠᠢ ᠪᠦᠭᠡᠳ ᠪᠦᠳᠦᠮᠵᠢᠳᠠᠢ ᠶᠠᠪᠤᠬᠳᠠᠵᠤ᠂ ᠦᠷᠭᠡᠨ ᠤᠯᠠᠨ ᠲᠠᠷᠤᠭ᠎ᠠ ᠪᠠᠶᠢᠯᠳᠤᠬᠴᠢ ᠤᠮᠤᠭ ᠵᠤᠷᠢᠭ ᠪᠠᠳᠠᠷᠠᠩᠭᠤᠢ ᠪᠠᠶᠢᠬᠤ ᠶᠢ ᠤᠢᠢᠯᠠᠭᠠᠵᠤ ᠮᠡᠳᠡᠭᠡᠳ᠂ ᠰᠢ ᠶᠢᠨ ᠫᠢᠩ ᠮᠠᠰᠢ ᠪᠠᠶᠠᠷᠯᠡᠪᠡ᠃ ᠲᠡᠷᠨ ᠡᠬᠦᠷᠭᠡ ᠬᠦᠢᠴᠡᠳᠭᠡᠵᠤ ᠪᠠᠶᠢᠭ᠎ᠠ ᠴᠡᠷᠢᠭ ᠠᠩᠭᠢ ᠶᠢᠨ ᠬᠢᠨ ᠳᠤ᠂ ᠨᠠᠮ ᠤᠨ ᠲᠦᠪ ᠬᠤᠷᠢᠶ᠎ᠡ ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠪᠠᠶᠢᠳᠠᠯ ᠤᠨ ᠬᠤᠪᠢᠷᠠᠯᠳᠠ ᠶᠢ ᠨᠢᠬᠳᠠ ᠠᠩᠬᠠᠷᠴᠤ᠂ ᠵᠠᠳᠠᠯᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠡᠷᠢᠭ ᠠᠩᠭᠢ ᠪᠡ ᠤᠷᠤᠨ ᠨᠤᠳᠤᠭ ᠤᠨ ᠬᠠᠮᠳᠤᠷᠠᠯᠴᠠᠭ᠎ᠠ ᠶᠢ ᠰᠠᠶᠢᠳᠤᠷ ᠬᠢᠵᠤ᠂ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠬᠦᠴᠦᠷᠭᠡᠭ ᠶᠡᠭᠡ ᠬᠠᠮᠳᠤᠷᠠᠯ ᠬᠦᠴᠦᠨ ᠢ ᠪᠦᠷᠢᠯᠳᠦᠬᠦᠯᠵᠤ᠂ ᠬᠢᠯᠢ ᠬᠢᠵᠠᠭᠠᠷ ᠤᠨ ᠲᠤᠬᠳᠠᠭᠤᠨ ᠪᠠ ᠠᠷᠠᠳ ᠲᠦᠮᠡᠨ᠎ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠳᠡᠢ ᠭᠡᠵᠤ ᠱᠠᠭᠠᠷᠳᠠᠪᠠ᠃

  ᠵᠢᠯᠤᠭᠤᠳᠬᠤ ᠭᠠᠵᠠᠷ ᠠᠴᠠ ᠰᠠᠯᠤᠭᠠᠳ᠂ ᠰᠢ ᠶᠢᠨ ᠫᠢᠩ ᠡᠮᠤᠨᠠᠳᠤ ᠤᠷᠤᠨ᠎ ᠤ ᠪᠠᠶᠢᠯᠳᠤᠭᠠᠨ᠎ ᠤ ᠲᠤᠭᠤᠷᠢᠭ ᠤᠨ ᠪᠠᠶᠢᠭᠤᠯᠭ᠎ᠠ ᠳᠤ ᠬᠦᠷᠴᠤ ᠭᠤᠸᠠᠩᠳᠦ᠋ᠩ ᠳᠤ ᠰᠠᠭᠤᠭ᠎ᠠ ᠴᠡᠷᠢᠭ ᠠᠩᠭᠢ ᠶᠢᠨ ᠲᠡᠳ᠋ ᠳ᠋ᠢᠸᠢᠽᠢ ᠶᠢᠨ ᠲᠤᠰᠢᠶᠠᠯ ᠠᠴᠠ ᠲᠡᠭᠡᠭᠰᠢᠬᠢ ᠤᠳᠤᠷᠢᠳᠬᠤ ᠺᠠᠳ᠋ᠷ ᠲᠠᠢ ᠲᠤᠳᠤᠨᠤ ᠪᠠᠷ ᠠᠭᠤᠯᠵᠠᠵᠤ᠂ ᠤᠯᠠᠨ ᠲᠠᠢ ᠬᠠᠮᠳᠤ ᠬᠡᠷᠡᠯ ᠵᠢᠷᠤᠭ ᠲᠠᠳᠠᠭᠤᠯᠵᠥ ᠲᠤᠷᠠᠰᠬᠠᠯ ᠦᠯᠡᠳᠡᠭᠡᠪᠡ᠃

  ᠲᠠᠷᠠᠭ᠎ᠠ ᠨᠢ᠂ ᠰᠢ ᠶᠢᠨ ᠫᠢᠩ ᠡᠮᠤᠨᠡᠳᠤ ᠤᠷᠤᠨ᠎ ᠤ ᠴᠡᠷᠢᠭ ᠤᠨ ᠲᠤᠭᠤᠷᠢᠭ ᠤᠨ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ ᠴᠢᠬᠤᠯᠠ ᠶᠡᠷᠢᠶ᠎ᠡ ᠲᠠᠯᠪᠢᠪᠠ᠃ ᠲᠡᠷᠨ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠩᠭᠡ ᠲᠠᠶᠢᠪᠤᠩ ᠤᠨ ᠬᠡᠮ ᠰᠤᠭᠤᠭ ᠢ ᠡᠷᠡᠰ ᠠᠷᠢᠯᠭᠠᠵᠤ᠂ ᠲᠠᠶᠢᠨ ᠳᠤ ᠪᠠᠯᠡᠳᠭᠡᠬᠦ ᠪᠠᠶᠢᠯᠳᠤᠭᠠᠨ ᠬᠢᠬᠦ ᠠᠵᠢᠯ ᠢ ᠬᠦᠴᠦ ᠪᠠᠨ ᠲᠦᠪᠯᠡᠷᠡᠬᠦᠯᠦᠨ ᠠᠬᠢᠭᠤᠯᠬᠤ ᠭᠡᠷᠡᠭᠲᠠᠢ᠃ ᠡᠯ᠎ᠡ ᠵᠦᠢᠯ ᠤᠨ ᠪᠤᠳᠤᠯᠢᠶᠠᠨᠳᠠᠢ ᠪᠠᠶᠢᠳᠠᠯ ᠢ ᠬᠦᠢᠴᠡᠳ ᠪᠤᠳᠤᠯᠬᠢᠯᠠᠵᠤ᠂ ᠡᠯ᠎ᠡ ᠵᠦᠢᠯ ᠤᠨ ᠠᠷᠭᠠᠴᠠᠬᠤ ᠲᠦᠰᠦᠪ ᠢ ᠲᠡᠬᠦᠯᠳᠡᠷᠵᠢᠬᠦᠯᠬᠦ ᠭᠡᠷᠡᠭᠲᠠᠢ᠃ ᠪᠤᠳᠠᠳᠤ ᠪᠠᠶᠢᠯᠳᠤᠭᠠᠨᠴᠢᠯᠠᠬᠰᠡᠨ ᠴᠡᠷᠢᠭ ᠤᠨ ᠪᠤᠯᠪᠠᠰᠤᠷᠠᠯ ᠢ ᠶᠡᠭᠡ ᠪᠠᠷ ᠠᠳᠬᠤᠵᠤ᠂ ᠵᠢᠯᠤᠭᠤᠳᠬᠤ ᠪᠤᠯᠪᠠᠰᠤᠷᠠᠯ ᠪᠠ ᠬᠠᠮᠳᠤᠷᠠᠬᠰᠠᠨ ᠪᠤᠯᠪᠠᠰᠤᠷᠠᠯ ᠢ ᠴᠢᠩᠭᠠᠳᠬᠠᠵᠤ᠂ ᠰᠢᠯᠭᠠᠬᠤ ᠴᠢᠨᠠᠷᠳᠠᠢ᠂ ᠡᠰᠡᠷᠬᠦᠴᠡᠯᠳᠦᠬᠦ ᠴᠢᠨᠠᠷᠳᠠᠢ ᠪᠤᠯᠪᠠᠰᠤᠷᠠᠯ ᠢ ᠴᠢᠩᠭᠠᠳᠬᠠᠵᠤ᠂ ᠴᠡᠷᠢᠭ ᠪᠤᠯᠪᠠᠰᠤᠷᠠᠭᠤᠯᠵᠤ ᠲᠠᠶᠢᠨ ᠳᠤ ᠪᠠᠯᠡᠳᠭᠡᠬᠦ ᠴᠢᠨᠠᠷ ᠪᠠ ᠲᠦᠪᠰᠢᠨ ᠢ ᠲᠡᠭᠡᠭᠰᠢᠯᠡᠬᠦᠯᠬᠦ ᠭᠡᠷᠡᠭᠲᠠᠢ ᠭᠡᠵᠤ ᠴᠢᠬᠤᠯᠠᠴᠢᠯᠠᠪᠠ᠃

  ᠰᠢ ᠶᠢᠨ ᠫᠢᠩ᠂ ᠪᠠᠶᠢᠯᠲᠤᠭᠠᠠ᠎ ᠤ ᠲᠤᠭᠤᠷᠢᠭ ᠤᠨ ᠵᠢᠯᠤᠭᠤᠳᠬᠤ ᠴᠢᠲᠠᠪᠤᠷᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ ᠴᠡᠷᠢᠭ ᠤᠨ ᠶᠠᠪᠤᠲᠠᠯ ᠤᠨ ᠬᠤᠷᠢᠶ᠎ᠠ ᠠᠴᠠ ᠤᠯᠭᠤᠭᠰᠠᠠ ᠵᠢᠯᠤᠭᠤᠳᠬᠤ ᠡᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠡ᠂ ᠵᠢᠯᠤᠭᠤᠳᠬᠤ ᠠᠵᠢᠯᠯᠠᠭᠠᠠ᠎ ᠤ ᠲᠤᠭᠲᠠᠴᠠ ᠶᠢ ᠲᠡᠭᠦᠯᠲᠡᠷᠵᠢᠭᠦᠯᠦᠨ᠂ ᠵᠢᠯᠤᠭᠤᠲᠤᠯᠭ᠎ᠠ ᠢᠯᠭᠤᠮ ᠰᠢᠯᠤᠭᠤᠠ ᠪᠦᠭᠡᠳ ᠦᠨᠲᠦᠷ ᠪᠦᠲᠦᠮᠵᠢᠲᠠᠢ ᠪᠠᠶᠢᠬᠤ ᠶᠢ ᠪᠠᠲᠤᠯᠠᠬᠤ ᠭᠡᠷᠡᠭᠲᠡᠢ᠃ ᠪᠠᠶᠢᠯᠲᠤᠭᠠᠠ᠎ ᠤ ᠭᠡᠷᠡᠭᠴᠡᠭᠡ ᠪᠠᠷ ᠵᠢᠯᠤᠭᠤᠳᠤᠮᠵᠢ ᠪᠤᠯᠭᠠᠬᠤ ᠶᠢ ᠴᠢᠩᠭᠠᠳᠬᠠᠠ᠂ ᠪᠤᠳᠠᠳᠤ ᠪᠠᠶᠢᠯᠲᠤᠭᠠᠠᠴᠢᠯᠠᠨ ᠬᠡᠷᠡᠭᠯᠡᠬᠦ ᠶᠢ ᠰᠠᠶᠢᠲᠤᠷ ᠠᠳᠬᠤᠵᠦ᠂ ᠵᠢᠯᠤᠭᠤᠳᠬᠤ ᠠᠷᠭ᠎ᠠ ᠪᠠᠷᠢᠯ ᠤᠨ ᠲᠡᠷᠢᠭᠦᠨ᠎ ᠤ ᠴᠢᠨᠠᠷ᠂ ᠪᠦᠲᠦᠮᠵᠢᠲᠦ ᠴᠢᠨᠠᠷ ᠪᠤᠯᠤᠨ ᠪᠡᠶ᠎ᠠ ᠪᠠᠨ ᠲᠠᠭᠠᠭᠠᠵᠦ ᠡᠵᠡᠮᠲᠡᠬᠦ ᠲᠦᠪᠰᠢᠨ ᠢᠶᠠᠨ ᠲᠡᠭᠡᠭᠰᠢᠯᠡᠭᠦᠯᠬᠦ ᠬᠡᠷᠡᠭᠲᠡᠢ᠃ ᠡᠯ᠎ᠠ ᠱᠠᠲᠤᠨ᠎ ᠤ ᠵᠢᠯᠤᠭᠤᠲᠤᠭᠴᠢᠳ ᠲᠦᠷᠦᠬᠦᠯᠡᠨ ᠰᠤᠷᠤᠯᠴᠠᠯᠭ᠎ᠠ ᠪᠠᠨ ᠴᠢᠩᠭᠠᠳᠬᠠᠵᠦ᠂ ᠴᠡᠷᠢᠭ ᠤᠨ ᠶᠠᠪᠤᠲᠠᠯ ᠤᠨ ᠲᠡᠮᠡᠴᠡᠯ ᠤᠨ ᠦᠢᠯᠡᠲᠦᠯᠭᠡ ᠪᠠᠷ ᠲᠠᠪᠲᠠᠠ ᠪᠤᠯᠪᠠᠰᠤᠷᠠᠬᠤ ᠪᠠᠨ ᠴᠢᠩᠭᠠᠳᠬᠠᠵᠦ᠂ ᠲᠠᠶᠢᠨ ᠪᠠᠶᠢᠯᠲᠤᠭᠠᠠ ᠪᠠ ᠪᠠᠶᠢᠯᠲᠤᠬᠤ ᠠᠰᠠᠭᠤᠲᠠᠯ ᠤᠨ ᠰᠤᠲᠤᠯᠭᠠᠠ᠎ ᠤ ᠰᠤᠷᠲᠠᠯ ᠢ ᠶᠡᠭᠡ ᠪᠠᠷ ᠮᠠᠠᠲᠤᠭᠤᠯᠵᠦ᠂ ᠤᠲᠤ ᠦᠶ᠎ᠠ ᠶᠢᠨ ᠪᠠᠶᠢᠯᠲᠤᠭᠠᠠ ᠳᠤ ᠢᠯᠠᠯᠲᠠ ᠤᠯᠬᠤ ᠪᠤᠲᠠᠲᠠᠢ ᠡᠷᠲᠡᠮ ᠴᠢᠲᠠᠪᠤᠷᠢ ᠪᠠᠨ ᠲᠡᠭᠡᠭᠰᠢᠯᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃

  ᠰᠢ ᠶᠢᠨ ᠫᠢᠩ᠂ ᠪᠠᠶᠢᠯᠳᠤᠭᠠᠨ᠎ ᠤ ᠲᠤᠭᠤᠷᠢᠭ ᠤᠨ ᠨᠠᠮ ᠤᠨ ᠬᠤᠷᠢᠶ᠎ᠡ ᠨᠠᠮ ᠤᠨ ᠴᠡᠷᠢᠭ ᠠᠩᠬᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠵᠥ᠂ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠬᠤ᠂ ᠪᠦᠬᠦ ᠲᠡᠯ᠎ᠡ ᠪᠠᠷ ᠴᠡᠷᠢᠭ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠭᠤᠰᠢᠯᠠᠭᠤᠯᠵᠥ᠂ ᠡᠬᠦᠷᠬᠡ ᠬᠦᠢᠴᠡᠳᠬᠡᠵᠥ ᠪᠠᠶᠢᠭ᠎ᠠ ᠴᠡᠷᠢᠭ ᠠᠩᠬᠢ ᠶᠢᠨ ᠡᠳᠤᠷ ᠲᠤᠳᠤᠮ ᠤᠨ ᠲᠠᠶᠢᠨ᠎ ᠤ ᠪᠡᠯᠡᠳᠬᠡᠯ ᠪᠤᠯᠤᠨ ᠴᠡᠷᠢᠭ ᠤᠨ ᠶᠠᠪᠤᠳᠠᠯ ᠤᠨ ᠠᠵᠢᠯᠯᠠᠭ᠎ᠠ ᠳᠤ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠬᠡᠷᠡᠭᠵᠢᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠨᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠪᠠᠷ ᠲᠠᠷᠤᠭ᠎ᠠ ᠪᠠᠶᠢᠯᠳᠤᠭᠴᠢ ᠶᠢ ᠵᠡᠪᠰᠡᠭᠯᠡᠵᠤ᠂ ᠨᠠᠮ ᠤᠨ ᠵᠢᠯᠤᠭᠤᠳᠤᠯᠭ᠎ᠠ ᠶᠢ ᠡᠷᠡᠰ ᠲᠠᠭᠠᠬᠤ ᠦᠵᠡᠯ ᠰᠠᠨᠠᠭᠠᠨ᠎ ᠤ ᠦᠨᠳᠦᠰᠦ ᠶᠢ ᠪᠠᠬᠢᠵᠢᠬᠦᠯᠵᠥ᠂ ᠴᠡᠷᠢᠭ ᠢ ᠬᠦᠴᠦᠷᠬᠡᠭᠵᠢᠬᠦᠯᠬᠦ ᠦᠢᠯᠡᠰ ᠲᠤ ᠤᠷᠤᠯᠴᠠᠬᠤ ᠤᠯᠤᠰ ᠲᠦᠷᠦ ᠶᠢᠨ ᠬᠠᠯᠠᠭᠤᠨ ᠰᠡᠳᠬᠢᠯᠬᠡ ᠶᠢ ᠨᠢ ᠬᠦᠭᠵᠢᠬᠡᠬᠦ ᠬᠡᠷᠡᠭᠳᠡᠢ᠃ ᠰᠢᠨ᠎ᠡ ᠪᠠᠶᠢᠭᠤᠯᠤᠮᠵᠢ ᠰᠢᠨ᠎ᠡ ᠡᠬᠦᠷᠬᠡ ᠴᠢᠳᠠᠪᠬᠢ ᠳᠤ ᠵᠤᠬᠢᠴᠠᠵᠥ᠂ ᠪᠠᠶᠢᠯᠳᠤᠭᠠᠨ᠎ ᠤ ᠲᠤᠭᠤᠷᠢᠭ ᠤᠨ ᠪᠠᠶᠢᠭᠤᠯᠭ᠎ᠠ ᠶᠢᠨ ᠡᠯ᠎ᠡ ᠱᠠᠳᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠵᠥ᠂ ᠲᠠᠶᠢᠨ ᠳᠤ ᠪᠡᠯᠡᠳᠬᠡᠬᠦ ᠲᠠᠶᠢᠨ ᠬᠢᠬᠦ ᠶᠢ ᠵᠢᠯᠤᠭᠤᠳᠬᠤ ᠂ ᠡᠬᠦᠷᠬᠡ ᠪᠠᠨ ᠪᠡᠶᠡᠯᠡᠬᠦᠯᠬᠦ ᠶᠢ ᠵᠢᠯᠤᠭᠤᠳᠬᠤ ᠴᠢᠳᠠᠪᠤᠷᠢ ᠪᠠᠨ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃

  ᠰᠢᠤᠢ ᠴᠢ ᠯᠢᠶᠠᠩ᠂ ᠯᠢ ᠽᠦᠸᠧ ᠴᠧᠩ ᠨᠠᠷ ᠲᠡᠬᠡᠷᠡᠬᠢ ᠠᠵᠢᠯᠯᠠᠭ᠎ᠠ ᠳᠤ ᠤᠷᠤᠯᠴᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com