ᠳᠤᠮᠳᠠᠳᠤ ᠤᠯᠤᠰ ᠤᠨ ᠡᠮᠡᠭᠳᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠡᠬᠢᠯᠡᠪᠡ

  ᠰᠢ ᠶᠢᠨ ᠫᠢᠩ ᠯᠢ ᠺᠧ ᠴᠢᠶᠠᠩ ᠯᠢ ᠵᠠᠨ ᠱᠦ ᠸᠠᠩ ᠶᠠᠩ ᠸᠠᠩ ᠬᠤ᠋ ᠨᠢᠩ ᠬᠠᠨ ᠵᠧᠩ

  ᠬᠤᠷᠠᠯ ᠳᠤ ᠤᠷᠤᠯᠴᠠᠵᠥ ᠪᠠᠶᠠᠷ ᠬᠦᠷᠬᠡᠪᠡ

  ᠵᠤᠤ ᠯᠧ ᠵᠢᠢ ᠨᠠᠮ ᠤᠨ ᠳᠦᠪ ᠬᠤᠷᠢᠶᠠᠨ᠎ ᠤ ᠡᠮᠤᠨ᠎ᠡ ᠠᠴᠠ ᠪᠠᠶᠠᠷ ᠤᠨ ᠦᠬᠡ ᠬᠡᠯᠡᠪᠡ

  ᠳᠤᠮᠳᠠᠳᠤ ᠤᠯᠤᠰ ᠤᠨ ᠡᠮᠡᠭᠳᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ 30᠎ ᠤ ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠳᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠬᠠᠨ ᠵᠧᠩ ᠵᠡᠷᠬᠡ ᠨᠠᠮ ᠳᠦᠷᠦ ᠶᠢᠨ ᠤᠳᠤᠷᠢᠳᠬᠤ ᠬᠦᠮᠦᠰ ᠬᠤᠷᠠᠯ  ᠳᠤ ᠤᠷᠤᠯᠴᠠᠵᠥ ᠪᠠᠶᠠᠷ ᠬᠦᠷᠬᠡᠪᠡ᠂ ᠵᠤᠤ ᠯᠧ ᠵᠢᠢ ᠨᠠᠮ ᠤᠨ ᠳᠦᠪ ᠬᠤᠷᠢᠶᠠᠨ᠎ ᠤ ᠡᠮᠤᠨ᠎ᠡ ᠠᠴᠠ ᠪᠠᠶᠠᠷ ᠤᠨ ᠦᠬᠡ ᠬᠡᠯᠡᠪᠡ᠃

  10 ᠰᠠᠷ᠎ᠠ ᠶᠢᠨ 30᠎ ᠤ ᠡᠳᠦᠷ᠂ ᠳᠤᠮᠳᠠᠳᠤ ᠤᠯᠤᠰ ᠤᠨ ᠡᠮᠡᠭᠳᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠳᠠᠩᠬᠢᠮ ᠳᠤ ᠡᠬᠢᠯᠡᠪᠡ᠃ ᠵᠢᠷᠤᠭ ᠪᠤᠯ ᠨᠠᠮ ᠤᠨ ᠲᠥᠪ ᠬᠤᠷᠢᠶᠠᠨ᠎ ᠤ ᠶᠡᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠲᠡᠷᠢᠭᠦᠯᠡᠭᠴᠢ ᠰᠢ ᠶᠢᠨ ᠫᠢᠩ ᠲᠦᠯᠦᠭᠡᠯᠡᠭᠴᠢᠳ ᠲᠠᠢ ᠲᠤᠲᠤᠨᠤ ᠪᠠᠷ ᠭᠠᠷ ᠠᠳᠬᠤᠵᠤ ᠪᠠᠶᠢᠭ᠎ᠠ ᠨᠢ᠃

  ᠰᠢᠨᠬᠤᠸᠠ ᠬᠤᠷᠢᠶᠠᠨ᠎ ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ

  ᠠᠷᠠᠳ ᠤᠨ ᠶᠡᠭᠡ ᠬᠤᠷᠠᠯ ᠤᠨ ᠳᠠᠩᠬᠢᠮ ᠤᠨ ᠶᠤᠰᠤᠯᠠᠯ ᠤᠨ ᠳᠠᠩᠬᠢᠮ ᠳᠤ ᠳᠦᠪ ᠴᠢᠩᠭ᠎ᠠ ᠬᠦᠷ ᠬᠦᠭᠵᠢᠶᠡᠨ ᠲᠠᠢ ᠪᠠᠶᠢᠳᠠᠯ ᠢᠶᠠᠷ ᠪᠢᠯᠬᠠᠨ᠎ᠠ᠃ ᠳᠡᠷᠢᠬᠦᠯᠡᠭᠴᠢᠳ ᠤᠨ ᠳᠠᠶᠢᠰᠠᠠ᠎ ᠤ ᠳᠡᠬᠡᠷ᠎ᠡ ᠳᠠᠯ᠎ᠠ ᠳᠤ ᠳᠤᠮᠳᠠᠳᠤ ᠤᠯᠤᠰ ᠤᠨ ᠡᠮᠡᠭᠳᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠬᠡᠰᠡᠨ ᠬᠤᠷᠠᠯ ᠤᠨ ᠳᠡᠮᠳᠡᠭ ᠢ ᠡᠯᠭᠦᠪᠠ᠃ ᠠᠷᠤ ᠬᠦᠰᠢᠬᠡ ᠶᠢᠨ ᠳᠦᠪ ᠳᠤᠮᠳᠠ ᠳᠤᠮᠳᠠᠳᠤ ᠶᠢᠨ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠬᠤᠷᠠᠯ ᠤᠨ ᠰᠦᠯᠳᠡ ᠶᠢ ᠡᠯᠬᠦᠵᠥ᠂ ᠠᠷᠪᠠᠨ ᠤᠯᠠᠭᠠᠨ ᠳᠤᠭ ᠢ ᠬᠤᠶᠠᠷ ᠳᠠᠯ᠎ᠠ ᠳᠤᠨᠢ ᠵᠢᠬᠰᠠᠭᠠᠨ ᠳᠠᠯᠪᠢᠵᠠᠢ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠳᠠᠶᠢᠰᠠᠨ ᠳᠡᠬᠡᠷ᠎ᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ ᠳᠤᠭ ᠢ ᠦᠨᠳᠦᠷ ᠮᠠᠨᠳᠤᠭᠤᠯᠵᠥ᠂ ᠦᠨᠳᠦᠰᠦᠳᠡᠨ  ᠨᠦᠭᠦᠳ ᠤᠨ ᠡᠯ᠎ᠡ ᠡᠳᠡᠬᠡᠳ ᠤᠨ ᠡᠮᠡᠭᠳᠡᠶᠢᠴᠤᠳ ᠢ ᠪᠦᠯᠬᠦᠮᠳᠡᠭᠦᠯᠤᠨ ᠳᠠᠶᠢᠴᠢᠯᠠᠵᠥ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ᠂ ᠳᠤᠮᠳᠠᠳᠤ ᠶᠢᠨ ᠦᠨᠳᠦᠰᠦᠳᠡᠨ᠎ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠳᠡᠷᠬᠡᠯᠰᠢᠬᠦᠯᠬᠦ ᠶᠢᠨ ᠳᠦᠯᠦᠬᠡ ᠴᠦᠬᠦᠷᠡᠰᠢ ᠦᠬᠡᠢ ᠳᠡᠮᠡᠴᠡᠵᠡᠬᠡᠶ᠎ᠡ︕ ᠬᠡᠰᠡᠨ ᠳᠤᠮᠤ ᠪᠢᠴᠢᠬᠡᠰᠤ ᠶᠢ ᠡᠯᠬᠦᠵᠡᠢ᠃ ᠪᠦᠬᠦ ᠤᠯᠤᠰ ᠤᠨ ᠡᠯ᠎ᠡ ᠠᠵᠢᠯ ᠳᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠡᠮᠡᠭᠳᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠤᠨ 1637 ᠳᠦᠯᠦᠬᠡᠯᠡᠭᠴᠢ ᠪᠤᠯᠤᠨ ᠰᠢᠶᠠᠩᠭᠠᠩ ᠤᠨᠴᠠᠭᠠᠢ ᠵᠠᠰᠠᠬ ᠵᠠᠬᠢᠷᠭᠠᠨ᠎ ᠤ ᠤᠷᠤᠨ᠂ ᠤᠤᠮᠧᠨ ᠤᠨᠴᠠᠭᠠᠢ ᠵᠠᠰᠠᠬ ᠵᠠᠬᠢᠷᠭᠠᠨ᠎ ᠤ ᠤᠷᠤᠨ᠎ ᠤ 79 ᠤᠨᠴᠠ ᠤᠷᠢᠬᠰᠠᠨ ᠳᠦᠯᠦᠬᠡᠯᠡᠭᠴᠢ ᠳᠦᠭ ᠳᠦᠮᠡᠨ ᠡᠮᠡᠭᠳᠡᠶᠢᠴᠤᠳ ᠤᠨ ᠬᠦᠨᠳᠤ ᠨᠠᠶᠢᠳᠠᠯᠭ᠎ᠠ ᠶᠢ ᠡᠬᠦᠷᠬᠡᠯᠡᠵᠥ ᠦᠪᠡᠳᠡᠭᠰᠢ ᠬᠤᠷᠠᠯ ᠳᠤ ᠤᠷᠤᠯᠴᠠᠪᠠ᠃

  ᠦᠳᠡ ᠶᠢᠨ ᠡᠮᠤᠨᠡᠬᠢ 9 ᠴᠠᠬ 30 ᠮᠢᠨᠦ᠋ᠲ ᠲᠤ᠂ ᠨᠠᠮ ᠤᠨ ᠳᠦᠪ ᠬᠤᠷᠢᠶᠠᠨ᠎ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠳᠡᠷᠢᠬᠦᠯᠡᠭᠴᠢ ᠰᠢ ᠶᠢᠨ ᠫᠢᠩ ᠨᠠᠷ ᠬᠤᠷᠠᠯ ᠤᠨ ᠳᠠᠯᠠᠪᠠᠢ ᠳᠤ ᠤᠷᠤᠵᠤ ᠢᠷᠡᠬᠦ ᠳᠤ᠂ ᠳᠠᠯᠠᠪᠠᠢ ᠳᠦᠭᠦᠷᠡᠩ ᠨᠢᠵᠢᠬᠢᠨᠡᠳᠡᠯ᠎ᠡ ᠠᠯᠠᠭ᠎ᠠ ᠳᠠᠰᠢᠪᠠ᠃

  ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ᠎ ᠤ ᠳᠡᠳ᠋ ᠳᠠᠷᠤᠭ᠎ᠠ᠂ ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠳᠡᠷᠢᠬᠦᠯᠡᠭᠴᠢ ᠱᠧᠨ ᠶᠤᠸᠠᠢ ᠶᠤᠸᠠᠢ ᠶᠡᠭᠡ ᠬᠤᠷᠠᠯ ᠡᠬᠢᠯᠡᠭᠰᠡᠨ ᠢ ᠵᠠᠷᠯᠠᠪᠠ᠃ ᠳᠠᠯᠠᠪᠠᠢ ᠳᠠᠶᠠᠭᠠᠷ ᠢᠶᠠᠨ ᠪᠤᠰᠴᠤ ᠵᠤᠬᠰᠤᠵᠥ᠂ ᠤᠯᠤᠰ ᠤᠨ ᠰᠦᠯᠳᠡ ᠳᠠᠭᠤᠤ ᠶᠢ ᠳᠠᠭᠤᠯᠠᠪᠠ᠃

  10 ᠰᠠᠷ᠎ᠠ ᠶᠢᠨ 30᠎ ᠤ ᠡᠳᠦᠷ᠂ ᠳᠤᠮᠳᠠᠳᠤ ᠤᠯᠤᠰ ᠤᠨ ᠡᠮᠡᠭᠳᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠳᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠤ᠂ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠬᠡᠪᠡ᠃

  ᠰᠢᠨᠬᠤᠸᠠ ᠬᠤᠷᠢᠶᠠᠨ᠎ ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ

  ᠵᠤᠤ ᠯᠧ ᠵᠢᠢ ᠨᠠᠮ ᠤᠨ ᠳᠦᠪ ᠬᠤᠷᠢᠶᠠᠨ᠎ ᠤ ᠡᠮᠤᠨ᠎ᠡ ᠠᠴᠠ ᠰᠢᠨ᠎ᠡ ᠴᠠᠭ ᠦᠶ᠎ᠡ ᠶᠢᠨ ᠠᠶᠠᠨ ᠵᠠᠮ ᠳᠠᠭᠠᠨ ᠬᠠᠭᠠᠰ ᠳᠤᠯᠭᠠᠭᠤᠷᠢ ᠶᠢᠨ ᠢᠷᠠᠭᠤ ᠭᠠᠶᠢᠬᠠᠮᠰᠢᠬᠳᠤ ᠬᠠᠭᠤᠳᠠᠰᠤ ᠶᠢ ᠪᠢᠴᠢᠭᠯᠡᠰᠦᠭᠡᠢ ᠬᠡᠬᠦ ᠰᠡᠳᠦᠪ ᠲᠠᠢ ᠪᠠᠶᠠᠷ ᠤᠨ ᠦᠬᠡ ᠬᠡᠯᠡᠪᠡ᠃ ᠵᠤᠤ ᠯᠧ ᠵᠢᠢ ᠡᠩ ᠳᠡᠷᠢᠬᠦᠨ ᠳᠤ ᠶᠡᠭᠡ ᠬᠤᠷᠠᠯ ᠬᠤᠷᠠᠯᠳᠤᠨ ᠡᠬᠢᠯᠡᠭᠰᠡᠨ ᠢ ᠪᠠᠶᠠᠷᠯᠠᠨ ᠪᠡᠯᠭᠡᠯᠡᠵᠤ ᠪᠠᠶᠢᠬᠤ ᠪᠠᠨ ᠢᠯᠡᠳᠬᠡᠵᠥ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠡᠯ᠎ᠡ ᠡᠳᠡᠬᠡᠳ ᠤᠨ ᠡᠮᠡᠭᠳᠡᠶᠢᠴᠤᠳ ᠪᠤᠯᠤᠨ ᠦᠷᠬᠡᠨ ᠤᠯᠠᠨ ᠡᠮᠡᠭᠳᠡᠶᠢᠴᠤᠳ ᠤᠨ ᠠᠵᠢᠯ ᠤᠨ ᠠᠵᠢᠯᠳᠠᠨ ᠳᠤ ᠳᠤᠳᠤᠨᠤ ᠮᠡᠨᠳᠦᠴᠢᠯᠡᠯ ᠬᠦᠷᠬᠡᠵᠥ᠂ ᠰᠢᠶᠠᠩᠭᠠᠩ ᠤᠨᠴᠠᠭᠠᠢ ᠵᠠᠰᠠᠬ ᠵᠠᠬᠢᠷᠭᠠᠨ᠎ ᠤ ᠤᠷᠤᠨ᠂ ᠤᠤᠮᠧᠨ ᠤᠨᠴᠠᠭᠠᠢ ᠵᠠᠰᠠᠬ ᠵᠠᠬᠢᠷᠭᠠᠨ᠎ ᠤ ᠤᠷᠤᠨ ᠪᠤᠯᠤᠨ ᠳᠠᠶᠢᠸᠠᠨ ᠤᠷᠤᠨ᠎ ᠤ ᠡᠬᠡᠴᠢ ᠳᠡᠬᠦᠦ ᠨᠠᠷ᠂ ᠭᠠᠳᠠᠭᠠᠳᠤ ᠳᠤ ᠰᠠᠭᠤᠭ᠎ᠠ ᠡᠮᠡᠭᠳᠡᠢ ᠬᠠᠷᠢᠶᠠᠳᠤ ᠨᠠᠷ ᠲᠤ ᠰᠠᠶᠢᠨ ᠰᠠᠶᠢᠬᠠᠨ ᠬᠦᠰᠡᠯ ᠵᠦᠩᠨᠡᠯ ᠲᠡᠪᠰᠢᠭᠦᠯᠪᠡ᠃

  ᠵᠤᠤ ᠯᠧ ᠵᠢᠢ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠡᠮᠡᠭᠲᠡᠶᠢᠴᠤᠳ ᠤᠨ ᠠᠷᠪᠠᠨ ᠨᠢᠭᠡᠳᠦᠭᠡᠷ ᠶᠡᠭᠡ ᠬᠤᠷᠠᠯ ᠠᠴᠠ ᠨᠠᠭᠠᠰᠢ᠂ ᠡᠯ᠎ᠡ ᠱᠠᠲᠤᠨ᠎ ᠤ ᠡᠮᠡᠭᠲᠡᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠦᠷᠪᠡᠨ ᠤᠬᠠᠮᠰᠠᠷ ᠢᠶᠠᠨ ᠴᠢᠩᠭᠠᠳᠬᠠᠵᠤ᠂ ᠳᠦᠷᠪᠡᠨ ᠢᠲᠡᠭᠡᠯ ᠢᠶᠠᠨ ᠪᠠᠲᠤᠳᠬᠠᠵᠤ᠂ ᠦᠷᠭᠡᠨ ᠤᠯᠠᠨ ᠡᠮᠡᠭᠲᠡᠶᠢᠴᠤᠳ ᠢ ᠳᠠᠶᠢᠴᠢᠯᠠᠨ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠮᠠᠨ᠎ ᠤ ᠤᠯᠤᠰ ᠤᠨ ᠡᠮᠡᠭᠲᠡᠶᠢᠴᠤᠳ ᠤᠨ ᠦᠢᠯᠡᠰ ᠤᠨ ᠬᠦᠭᠵᠢᠯᠲᠠ ᠶᠢ ᠠᠬᠢᠭᠤᠯᠬᠤ᠂ ᠨᠠᠮ ᠤᠨ ᠲᠦᠷᠦ ᠪᠠᠷᠢᠬᠤ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠪᠡ᠃ ᠦᠷᠭᠡᠨ ᠤᠯᠠᠨ ᠡᠮᠡᠭᠲᠡᠶᠢᠴᠤᠳ ᠤᠨ ᠤᠶᠤᠨ ᠰᠠᠨᠠᠭᠠᠨ᠎ ᠤ ᠳᠦᠷᠰᠤ ᠪᠠᠶᠢᠳᠠᠯ ᠴᠣ ᠰᠢᠨ᠎ᠡ ᠬᠤᠪᠢᠷᠠᠯᠳᠠ ᠲᠠᠢ ᠪᠤᠯᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠲᠠᠭᠠᠭᠠᠮᠠᠭᠠᠢ ᠲᠡᠰᠪᠤᠷᠢᠲᠠᠢ ᠪᠠᠶᠢᠬᠤ᠂ ᠤᠶᠤᠨ ᠪᠢᠯᠢᠭ ᠤᠬᠠᠭᠠᠨ ᠰᠡᠷᠭᠦᠯᠡᠩ ᠪᠠᠶᠢᠬᠤ ᠰᠢᠨ᠎ᠡ ᠴᠠᠬ ᠦᠶ᠎ᠡ ᠶᠢᠨ ᠡᠮᠡᠭᠲᠡᠶᠢᠴᠤᠳ ᠤᠨ ᠴᠤᠬ ᠵᠢᠪᠬᠤᠭ᠎ᠠ ᠶᠢ ᠢᠯᠡᠷᠡᠭᠦᠯᠵᠠᠢ ᠭᠡᠪᠡ᠃

  ᠵᠤᠤ ᠯᠧ ᠵᠢᠢ᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠤᠳ ᠪᠠ ᠡᠮᠡᠭᠲᠡᠶᠢᠴᠤᠳ ᠤᠨ ᠠᠵᠢᠯ ᠤᠨ ᠲᠤᠬᠠᠢ ᠴᠢᠬᠤᠯᠠ ᠦᠭᠦᠯᠡᠯᠲᠡ ᠨᠢ ᠰᠢᠨ᠎ᠡ ᠴᠠᠬ ᠦᠶ᠎ᠡ ᠶᠢᠨ ᠡᠮᠡᠭᠲᠡᠶᠢᠴᠤᠳ ᠤᠨ ᠦᠢᠯᠡᠰ ᠪᠠ ᠡᠮᠡᠭᠲᠡᠶᠢᠴᠤᠳ ᠤᠨ ᠬᠤᠯᠪᠤᠭ᠎ᠠ ᠶᠢᠨ ᠠᠵᠢᠯ ᠳᠤ ᠦᠨᠳᠦᠰᠦᠨ ᠵᠢᠷᠤᠮᠵᠢᠯ ᠬᠠᠩᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠬᠰᠠᠨ ᠠᠤᠭ᠎ᠠ ᠲᠦᠰᠦᠪ ᠢ ᠪᠡᠶᠡᠯᠡᠭᠦᠯᠬᠦ ᠳᠤ ᠡᠮᠡᠭᠲᠡᠶᠢᠴᠤᠳ ᠢ ᠪᠠᠭᠲᠠᠭᠠᠬᠰᠠᠨ ᠪᠦᠬᠦ ᠳᠤᠮᠳᠠᠳᠤ ᠶᠢᠨ ᠬᠦᠪᠡᠬᠦᠳ ᠦᠬᠢᠳ ᠬᠠᠮᠲᠤ ᠪᠠᠷ ᠲᠡᠮᠡᠴᠡᠬᠦ ᠬᠡᠷᠡᠭᠲᠡᠢ᠃ ᠦᠷᠭᠡᠨ ᠤᠯᠠᠨ ᠡᠮᠡᠭᠲᠡᠶᠢᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠦᠢᠯᠡᠳᠦᠯᠬᠡᠵᠢᠬᠦᠯᠦᠭᠴᠢ ᠪᠤᠯᠵᠤ᠂ ᠰᠢᠨ᠎ᠡ ᠴᠠᠬ ᠦᠶ᠎ᠡ ᠳᠤ ᠭᠠᠪᠢᠶ᠎ᠠ ᠪᠠᠶᠢᠭᠤᠯᠤᠨ᠂ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠬᠴᠢ ᠪᠤᠯᠵᠤ᠂ ᠰᠢᠨ᠎ᠡ ᠳᠦᠷᠢ ᠳᠦᠷᠬᠦ ᠪᠠᠨ ᠢᠯᠡᠷᠡᠭᠦᠯᠤᠨ᠂ ᠪᠤᠯᠪᠠᠰᠤᠨ ᠬᠡᠪ ᠰᠤᠷᠲᠠᠯ ᠤᠨ ᠰᠠᠨᠠᠭᠠᠴᠢᠯᠠᠬᠴᠢ ᠪᠤᠯᠵᠤ᠂ ᠰᠢᠨ᠎ᠡ ᠠᠶᠠᠨ ᠵᠠᠮ ᠳᠤ ᠳᠠᠷᠪᠠᠭᠤᠯ ᠬᠡᠶᠢᠰᠬᠡᠨ᠂ ᠵᠤᠷᠢᠬᠲᠡᠢ ᠪᠠᠷ ᠵᠡᠭᠦᠳᠦ ᠪᠠᠨ ᠳᠡᠷᠬᠡᠯᠰᠢᠬᠦᠯᠬᠦ ᠲᠡᠮᠡᠴᠡᠭᠴᠢ ᠪᠤᠯᠵᠤ᠂ ᠬᠤᠤᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠠᠯᠡᠭᠦᠯᠬᠦ᠂ ᠳᠤᠮᠳᠠᠳᠤ ᠶᠢᠨ ᠦᠨᠳᠦᠰᠦᠲᠡᠨ᠎ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃

  ᠳᠤᠮᠳᠠᠳᠤ ᠶᠢᠨ ᠪᠦᠬᠦ ᠤᠯᠤᠰ ᠤᠨ ᠠᠵᠢᠯᠴᠢᠨ᠎ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠯᠢ ᠢᠤᠢ ᠹᠦ᠋ ᠳᠤᠮᠳᠠᠳᠤ ᠶᠢᠨ ᠪᠦᠬᠦ ᠤᠯᠤᠰ ᠤᠨ ᠠᠵᠢᠯᠴᠢᠨ᠎ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ᠂ ᠳᠤᠮᠳᠠᠳᠤ ᠤᠯᠤᠰ ᠤᠨ ᠤᠳᠬ᠎ᠠ ᠤᠷᠠᠯᠢᠬ ᠤᠨ ᠬᠢᠨ᠎ ᠤ ᠬᠤᠯᠪᠤᠭ᠎ᠠ᠂ ᠳᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠠᠬᠰᠠᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠤᠭ᠎ᠠ᠂ ᠳᠤᠮᠳᠠᠳᠤ ᠶᠢᠨ ᠪᠦᠬᠦ ᠤᠯᠤᠰ ᠤᠨ ᠲᠠᠶᠢᠸᠠᠨ᠎ ᠤ ᠠᠬ᠎ᠠ ᠳᠡᠭᠦᠦ ᠨᠠᠷ ᠤᠨ ᠨᠦᠬᠦᠷᠯᠡᠯ ᠤᠨ ᠬᠤᠯᠪᠤᠭ᠎ᠠ᠂ ᠳᠤᠮᠳᠠᠳᠤ ᠤᠯᠤᠰ ᠤᠨ ᠵᠡᠮᠳᠡᠭᠴᠤᠳ ᠤᠨ ᠬᠤᠯᠪᠤᠭ᠎ᠠ ᠶᠢᠨ ᠡᠮᠤᠨ᠎ᠡ ᠠᠴᠠ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ ᠪᠠᠶᠠᠷ ᠤᠨ ᠦᠭᠡ ᠳᠡᠭᠡᠨ᠂ ᠤᠯᠠᠨ ᠲᠦᠮᠡᠨ᠎ ᠤ ᠪᠦᠯᠬᠦᠮ ᠤᠨ ᠵᠤᠬᠢᠶᠠᠨ ᠪᠠᠶᠢᠭᠤᠯᠤᠯᠲᠠ ᠰᠢᠨ᠎ᠡ ᠴᠠᠬ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠡ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠤᠯᠠᠨ ᠲᠦᠮᠡᠨ᠎ ᠤ ᠪᠦᠯᠬᠦᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠡ ᠦᠭᠡᠢ ᠳᠡᠭᠡᠭᠰᠢᠯᠡᠭᠦᠯᠵᠦ᠂ ᠤᠯᠠᠨ ᠲᠦᠮᠡᠨ᠎ ᠤ ᠪᠦᠯᠬᠦᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠤᠤᠷ ᠴᠢᠨᠠᠷ ᠢ ᠡᠭᠦᠷᠢᠲᠡ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

  ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠬᠤᠸᠠᠩ ᠰᠢᠶᠤᠤ ᠸᠧᠢ ᠲᠤᠮᠳᠠᠳᠤ ᠶᠢᠨ ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠠᠷᠪᠡᠨ ᠨᠢᠭᠡᠳᠦᠭᠡᠷ ᠬᠤᠭᠤᠴᠠᠭᠠᠨ᠎ ᠤ ᠬᠦᠢᠴᠡᠳᠭᠡᠬᠦ ᠵᠦᠪᠯᠡᠯ ᠤᠨ ᠡᠮᠤᠨ᠎ᠡ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ ᠦᠨᠳᠦᠰᠦᠳᠡᠨ ᠨᠦᠭᠦᠳ ᠤᠨ ᠡᠯ᠎ᠡ ᠡᠳᠡᠭᠡᠳ ᠤᠨ ᠡᠮᠡᠭᠳᠡᠶᠢᠴᠤᠳ ᠢ ᠪᠦᠯᠬᠦᠮᠳᠡᠬᠦᠯᠦᠨ ᠲᠠᠶᠢᠴᠢᠯᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠡᠯᠳᠠ ᠶᠢ ᠤᠯᠬᠤ ᠲᠤᠮᠳᠠᠳᠤ ᠶᠢᠨ ᠦᠨᠳᠦᠰᠦᠳᠡᠨ᠎ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ ᠲᠦᠯᠦᠭᠡ ᠴᠦᠬᠦᠷᠡᠰᠢ ᠦᠭᠡᠢ ᠲᠠᠮᠠᠴᠡᠵᠡᠭᠡᠶ᠎ᠡ ᠬᠡᠬᠦ ᠰᠡᠳᠦᠪ ᠢᠶᠠᠷ ᠮᠡᠳᠡᠬᠦᠯᠦᠯᠳᠠ ᠬᠢᠪᠠ᠃ ᠮᠡᠳᠡᠬᠦᠯᠦᠯᠳᠠ ᠨᠢ᠄ ᠰᠢᠨ᠎ᠡ ᠴᠠᠭ ᠦᠶ᠎ᠡ ᠳᠤ ᠲᠠᠪᠰᠢᠨ ᠤᠷᠤᠬᠰᠡᠨ ᠲᠤᠮᠳᠠᠳᠤ ᠤᠯᠤᠰ ᠤᠨ ᠡᠮᠡᠭᠳᠠᠶᠢᠴᠤᠳ ᠪᠠ ᠡᠮᠡᠭᠳᠠᠶᠢᠴᠤᠳ ᠤᠨ ᠵᠤᠬᠢᠶᠠᠨ ᠪᠠᠶᠢᠭᠤᠯᠤᠯᠳᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠡᠮᠡᠭᠳᠠᠶᠢᠴᠤᠳ ᠤᠨ ᠠᠵᠢᠯ ᠢ ᠶᠡᠷᠦᠩᠬᠡᠶᠢᠯᠡᠨ ᠵᠢᠯᠤᠭᠤᠳᠤᠭᠤᠯᠬᠤ ᠰᠢᠨ᠎ᠡ ᠦᠢᠯᠡᠳᠦᠯᠭᠡ︔ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠮᠡᠭᠳᠠᠶᠢᠴᠤᠳ ᠤᠨ ᠲᠡᠤᠭᠡᠳᠤ ᠡᠬᠦᠷᠭᠡ ᠪᠠ ᠬᠠᠷᠢᠭᠤᠴᠠᠯᠭ᠎ᠠ ᠡᠬᠦᠷᠭᠡᠯᠡᠯ︔ ᠰᠢᠨ᠎ᠡ ᠴᠠᠭ ᠦᠶ᠎ᠡ ᠶᠢᠨ ᠡᠮᠡᠭᠳᠠᠶᠢᠴᠤᠳ ᠤᠨ ᠬᠤᠯᠪᠤᠭ᠎ᠠ ᠶᠢᠨ ᠠᠵᠢᠯ ᠤᠨ ᠰᠢᠨ᠎ᠡ ᠬᠠᠷᠢᠭᠤᠯᠳᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︔ ᠰᠢᠨ᠎ᠡ ᠴᠠᠭ ᠦᠶ᠎ᠡ ᠶᠢᠨ ᠡᠮᠡᠭᠳᠠᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠳᠠ ᠶᠢᠨ ᠦᠭᠡᠷᠡᠴᠢᠯᠡᠯᠳᠠ ᠶᠢ ᠡᠴᠦᠰ ᠲᠤᠨᠢ ᠲᠤᠯᠳᠠᠯ᠎ᠡ ᠬᠢᠶ᠎ᠡ ᠬᠡᠬᠦ 5 ᠭᠡᠰᠡᠭ ᠢᠶᠠᠷ ᠪᠦᠷᠢᠯᠳᠦᠪᠡ᠃

  ᠶᠡᠭᠡ ᠬᠤᠷᠠᠯ ᠠᠴᠠ ᠲᠤᠮᠳᠠᠳᠤ ᠶᠢᠨ ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠲᠦᠷᠢᠮ (ᠵᠠᠰᠠᠪᠤᠷᠢ ᠤᠷᠤᠭᠤᠯᠬᠤ ᠲᠦᠰᠦᠯ) ᠤᠨ ᠲᠦᠰᠦᠯ ᠢ ᠪᠢᠴᠢᠭ ᠤᠨ ᠮᠡᠳᠡᠬᠦᠯᠦᠯᠳᠡ ᠶᠢᠨ ᠭᠡᠯᠪᠡᠷᠢ ᠪᠠᠷ ᠲᠦᠯᠦᠭᠡᠯᠡᠭᠴᠢᠳ ᠲᠤ ᠲᠡᠪᠰᠢᠭᠦᠯᠵᠤ᠂ ᠲᠦᠯᠦᠭᠡᠯᠡᠭᠴᠢᠳ ᠢᠶᠠᠷ ᠬᠢᠨᠠᠨ ᠵᠦᠪᠯᠡᠬᠦᠯᠪᠡ᠃

  ᠨᠠᠮ ᠤᠨ ᠲᠦᠪ ᠬᠤᠷᠢᠶᠠᠨ᠎ ᠤ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠬᠤᠯᠪᠤᠬᠳᠠᠯ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃

  ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠴᠡᠷᠢᠭ ᠠᠩᠭᠢ ᠶᠢᠨ ᠬᠤᠯᠪᠤᠬᠳᠠᠯ ᠪᠦᠬᠦᠢ ᠨᠢᠭᠡᠴᠢ᠂ ᠡᠯ᠎ᠡ ᠠᠷᠠᠳᠴᠢᠯᠡᠬᠰᠡᠨ ᠨᠠᠮ ᠪᠦᠯᠦᠭ ᠤᠨ ᠲᠦᠪ ᠬᠤᠷᠢᠶ᠎ᠡ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ᠎ ᠤ ᠬᠤᠯᠪᠤᠭ᠎ᠠ ᠶᠢᠨ ᠬᠢᠨ᠎ ᠤ ᠬᠠᠷᠢᠭᠤᠴᠠᠯᠭᠠᠳᠠᠨ᠂ ᠡᠯ᠎ᠡ ᠤᠯᠠᠨ ᠲᠦᠮᠡᠨ᠎ ᠤ ᠪᠦᠯᠬᠦᠮ᠂ ᠪᠡᠭᠡᠵᠢᠩ ᠬᠤᠳᠠ ᠶᠢᠨ ᠬᠠᠷᠢᠭᠤᠴᠠᠯᠭᠠᠳᠠᠨ ᠨᠦᠬᠦᠳ᠂ ᠪᠡᠭᠡᠵᠢᠩ ᠳᠤ ᠪᠠᠶᠢᠭ᠎ᠠ ᠭᠡᠰᠡᠭ ᠶᠠᠮᠤᠨ᠎ ᠤ ᠲᠡᠰ ᠤᠨ ᠡᠮᠡᠭᠳᠠᠢ ᠤᠳᠤᠷᠢᠳᠬᠤ ᠺᠠᠳ᠋ᠷ ᠪᠤᠯᠤᠨ ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠠᠬᠠᠮᠠᠳ ᠤᠳᠤᠷᠢᠳᠤᠯᠭ᠎ᠠ᠂ ᠨᠡᠶᠢᠰᠯᠡᠯ ᠤᠨ ᠡᠯ᠎ᠡ ᠡᠳᠡᠭᠡᠳ ᠤᠨ ᠬᠢᠨ᠎ ᠤ ᠡᠮᠡᠭᠳᠠᠶᠢᠴᠤᠳ ᠤᠨ ᠲᠦᠯᠦᠭᠡᠯᠡᠭᠴᠢ ᠡᠬᠢᠯᠠᠯᠳᠡ ᠶᠢᠨ ᠶᠤᠰᠤᠯᠠᠯ ᠳᠤ ᠤᠷᠤᠯᠴᠠᠵᠠᠢ᠃

  (ᠰᠢᠨᠬᠤᠸᠠ ᠬᠤᠷᠢᠶᠠᠨ᠎ ᠤ ᠪᠡᠬᠡᠵᠢᠩ ᠤᠨ 10 ᠰᠠᠷ᠎ᠠ ᠶᠢᠨ 30᠎ ᠤ ᠴᠠᠬᠢᠯᠭᠠᠨ ᠮᠡᠳᠡᠭᠡ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com