ᠰᠢ ᠶᠢᠨ ᠫᠢᠡᠭ ᠲᠤᠩᠭ᠎ᠠ ᠶᠢᠨ ᠤᠯᠤᠰ ᠤᠨ ᠸᠠᠩ ᠲᠦᠫᠦ᠋ ᠵᠢᠷᠭᠤᠳᠤᠭᠠᠷ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡᠶᠠᠪᠤᠭᠤᠯᠵᠤ ᠲᠤᠮᠳᠠᠳᠤ ᠲᠤᠩᠭ᠎ᠠ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠶᠢ ᠪᠡᠯᠭᠡᠯᠡᠪᠡ

  ᠰᠢᠨᠬᠤᠸᠠ ᠬᠤᠷᠢᠶᠠᠨ᠎ ᠤ ᠪᠡᠭᠡᠵᠢᠩ ᠤᠨ 11 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠡᠭ 2 ᠤᠨ ᠡᠳᠤᠷ ᠲᠤᠩᠭ᠎ᠠ ᠶᠢᠨ ᠤᠯᠤᠰ ᠤᠨ ᠸᠠᠩ ᠲᠦᠫᠦ᠋ ᠵᠢᠷᠭᠤᠳᠤᠭᠠᠷ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠲᠤᠮᠳᠠᠳᠤ ᠲᠤᠩᠭ᠎ᠠ ᠶᠢᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃

  ᠰᠢ ᠶᠢᠨ ᠫᠢᠡᠭ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠲᠤᠩᠭ᠎ᠠ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠨ ᠭᠦᠭᠵᠢᠵᠤ᠂ ᠪᠤᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠤᠯᠤᠨ ᠰᠤᠶᠤᠯ ᠢᠷᠭᠡᠨᠰᠢᠯ ᠤᠨ ᠰᠤᠯᠢᠯᠴᠠᠭ᠎ᠠ ᠡᠳᠤᠷ ᠢᠷᠡᠭᠦᠶ᠎ᠠ ᠦᠷᠭᠡᠵᠢᠪᠡ᠃ ᠡᠨᠡ ᠵᠢᠯ ᠤᠨ 3 ᠰᠠᠷ᠎ᠠ ᠳᠤ᠂ ᠲᠠ ᠲᠤᠮᠳᠠᠳᠤ ᠤᠯᠤᠰ ᠲᠤ ᠢᠷᠡᠵᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠤ᠂ ᠪᠢᠳᠠ ᠬᠤᠶᠠᠷ ᠤᠯᠤᠰ ᠤᠨ ᠦᠷᠭᠡᠨ ᠭᠦᠷᠢᠶᠠᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠳᠤᠬᠠᠢ ᠴᠢᠬᠤᠯᠠ ᠬᠠᠮᠳᠤ ᠶᠢᠨ ᠲᠠᠨᠢᠯᠳᠠ ᠲᠠᠢ ᠪᠤᠯᠵᠤ᠂ ᠲᠤᠮᠳᠠᠳᠤ ᠲᠤᠩᠭ᠎ᠠ ᠶᠢᠨ ᠬᠠᠷᠢᠯᠴᠠᠭ᠎ᠠ ᠶᠢᠨ ᠭᠦᠭᠵᠢᠯᠳᠠ ᠳᠤ ᠴᠢᠭᠯᠡᠯ ᠢ ᠵᠢᠭᠠᠵᠤ ᠦᠭᠪᠠ᠃ ᠪᠢ ᠲᠤᠮᠳᠠᠳᠤ ᠲᠤᠩᠭ᠎ᠠ ᠶᠢᠨ ᠬᠠᠷᠢᠯᠴᠠᠭ᠎ᠠ ᠶᠢᠨ ᠭᠦᠭᠵᠢᠯᠳᠠ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ ᠦᠵᠡᠵᠤ᠂ ᠲᠤᠷᠠᠳᠠᠶ᠎ᠠ ᠲᠠᠨ ᠲᠠᠢ ᠬᠠᠮᠳᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠨ᠂ ᠡᠯ᠎ᠠ ᠭᠦᠷᠢᠶᠡᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠤᠮᠳᠠᠳᠤ ᠲᠤᠩᠭ᠎ᠠ ᠶᠢᠨ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠠᠰᠢᠭ ᠲᠤᠰᠠ ᠬᠦᠷᠲᠡᠭᠡᠨ᠎ᠡ ᠭᠡᠵᠤ ᠵᠢᠭᠠᠵᠤ ᠭᠠᠷᠭᠠᠪᠠ᠃

  ᠲᠦᠫᠦ᠋ ᠵᠢᠷᠭᠤᠳᠤᠭᠠᠷ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠩᠭ᠎ᠠ ᠲᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠤ ᠪᠠᠶᠢᠨ᠎ᠠ᠃ ᠤᠷᠴᠢᠮ ᠤᠨ ᠵᠢᠯ ᠠᠴᠠ ᠨᠠᠭᠠᠰᠢ᠂ ᠬᠤᠶᠠᠷ ᠤᠯᠤᠰ ᠤᠨ ᠲᠡᠭᠡᠳᠤ ᠲᠠᠪᠬᠤᠷᠭ᠎ᠠ ᠶᠢᠨ ᠶᠠᠪᠤᠯᠴᠠᠭ᠎ᠠ ᠨᠢᠭᠳᠠ ᠪᠠᠶᠢᠵᠤ᠂ ᠡᠯ᠎ᠠ ᠭᠦᠷᠢᠶᠠᠨ ᠳᠠᠬᠢ ᠬᠠᠮᠳᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠤ᠂ ᠬᠤᠶᠠᠷ ᠤᠯᠤᠰ ᠤᠨ ᠠᠷᠠᠳ ᠳᠦᠮᠡᠨ᠎ ᠤ ᠤᠢᠢᠯᠠᠭᠠᠯᠴᠠᠭ᠎ᠠ ᠪᠤᠯᠤᠨ ᠨᠦᠭᠦᠷᠯᠡᠯ ᠡᠳᠤᠷ ᠢᠷᠡᠭᠦᠶ᠎ᠠ ᠨᠡᠮᠡᠭᠳᠠᠪᠠ᠃ ᠪᠢ ᠲᠤᠮᠳᠠᠳᠤ ᠤᠯᠤᠰ ᠴᠡᠴᠡᠭᠯᠡᠨ ᠮᠠᠨᠳᠤᠵᠤ᠂ ᠠᠷᠠᠳ ᠲᠦᠮᠡᠨ ᠠᠮᠤᠷ ᠮᠡᠨᠳᠤ ᠵᠤᠯ ᠵᠢᠷᠭᠠᠯ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠵᠦᠡᠭᠨᠡᠵᠤ ᠪᠠᠶᠢᠨ᠎ᠠ ᠭᠡᠵᠤ ᠢᠯᠡᠳᠭᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com