《ᠡᠶᠡᠯᠰᠡᠭ ᠲᠤᠳᠤᠨᠤᠰᠤᠭ᠄ ᠰᠢ ᠶᠢᠨ ᠫᠢᠩ ᠤᠨ ᠦᠭᠡ ᠬᠡᠯᠡᠨ᠎ ᠤ ᠢᠳᠡ ᠬᠦᠴᠦᠨ (ᠭᠠᠳᠠᠭᠠᠳᠤ ᠬᠠᠷᠢᠯᠴᠠᠭᠠᠨ᠎ ᠤ ᠪᠤᠳᠢ)》 ᠢ ᠬᠡᠪᠯᠡᠨ ᠲᠠᠷᠬᠠᠭᠠᠪᠠ

  ᠰᠢᠨᠬᠤᠸᠠ ᠬᠤᠷᠢᠶᠠᠨ᠎ ᠤ ᠱᠠᠩᠬᠠᠢ ᠶᠢᠨ 11 ᠰᠠᠷ᠎ᠠ ᠶᠢᠨ 2 ᠤᠨ ᠴᠠᠬᠢᠯᠭᠠᠨ ᠮᠡᠳᠡᠭᠡ ᠡᠶᠡᠯᠰᠡᠭ ᠲᠤᠳᠤᠨᠤᠰᠤᠭ᠄ ᠰᠢ ᠶᠢᠨ ᠫᠢᠩ ᠤᠨ ᠦᠭᠡ ᠬᠡᠯᠡᠨ᠎ ᠤ ᠢᠳᠡ ᠬᠦᠴᠦᠨ (ᠭᠠᠳᠠᠭᠠᠳᠤ ᠬᠠᠷᠢᠯᠴᠠᠭᠠᠨ᠎ ᠤ ᠪᠤᠳᠢ) ᠬᠡᠬᠦ ᠨᠤᠮ ᠢ ᠤᠢᠢᠷ᠎ᠠ ᠳᠤ ᠱᠠᠩᠬᠠᠢ ᠶᠢᠨ ᠵᠠᠮ ᠬᠠᠷᠢᠯᠴᠠᠭᠠᠨ᠎ ᠤ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠠᠴᠠ ᠬᠡᠪᠯᠡᠨ ᠲᠠᠷᠬᠠᠭᠠᠪᠠ᠃

  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ ᠤᠨ ᠤᠨᠴᠠᠯᠢᠬ ᠲᠠᠢ ᠶᠡᠭᠡ ᠤᠯᠤᠰ ᠤᠨ ᠭᠠᠳᠠᠭᠠᠳᠤ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠤᠯᠵᠤ᠂ ᠰᠢᠨ᠎ᠡ ᠪᠠᠶᠢᠳᠠᠯ ᠢ ᠨᠡᠭᠡᠭᠡᠨ ᠡᠭᠦᠳᠴᠤ᠂ ᠪᠦᠷᠢᠨ ᠪᠦᠲᠦᠨ ᠤᠨᠤᠯ ᠤᠨ ᠰᠢᠰᠲ᠋ᠧᠮ᠂ ᠡᠯᠪᠡᠭ ᠪᠠᠶᠠᠯᠢᠬ ᠦᠢᠯᠡᠳᠦᠯᠭᠡ ᠶᠢᠨ ᠠᠭᠤᠯᠭ᠎ᠠ ᠪᠠ ᠢᠯᠡ ᠲᠤᠳᠤ ᠬᠡᠪ ᠨᠠᠮᠪᠠ ᠤᠨᠴᠠᠯᠢᠬ ᠢ ᠪᠦᠷᠢᠯᠳᠦᠭᠦᠯᠪᠡ᠃ ᠲᠤᠰ ᠨᠤᠮ ᠨᠢ ᠦᠬᠡ ᠬᠡᠯᠡᠨ᠎ ᠤ ᠢᠳᠡ ᠬᠦᠴᠤᠨ ᠢᠶᠠᠷ ᠭᠠᠷᠤᠭ᠎ᠠ ᠪᠤᠯᠭᠠᠵᠤ᠂ ᠰᠢ ᠶᠢᠨ ᠫᠢᠩ ᠨᠦᠬᠦᠷ ᠤᠨ ᠭᠠᠳᠠᠭᠠᠳᠤ ᠬᠠᠷᠢᠯᠴᠠᠭᠠᠨ᠎ ᠤ ᠠᠵᠢᠯᠯᠠᠭ᠎ᠠ ᠳᠤ ᠭᠡᠷᠡᠭᠯᠡᠭᠰᠡᠨ ᠦᠪᠡᠷᠮᠢᠴᠠ ᠤᠨᠴᠠᠯᠢᠬ ᠲᠠᠢ ᠦᠬᠡ ᠬᠡᠯᠡᠯᠬᠡ ᠶᠢ ᠰᠤᠩᠭᠤᠵᠤ᠂ ᠡᠬᠢᠯᠡᠯᠳᠡ ᠶᠢᠨ ᠭᠡᠰᠡᠭ᠂ ᠲᠦᠷᠰᠦᠯᠢᠭ ᠵᠦᠢᠷᠡᠯᠡᠯ ᠤᠨ ᠭᠡᠰᠡᠭ᠂ ᠠᠮᠠᠨ ᠶᠠᠷᠢᠶᠠᠨ᠎ ᠤ ᠭᠡᠰᠡᠭ᠂ ᠰᠢᠯᠦᠭ ᠵᠤᠬᠢᠶᠠᠯ ᠠᠴᠠ ᠡᠰᠢᠯᠡᠭᠰᠡᠨ ᠭᠡᠰᠡᠭ ᠵᠡᠷᠬᠡ ᠲᠦᠷᠪᠡᠨ ᠪᠦᠯᠦᠭ ᠬᠤᠪᠢᠶᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠠᠷᠤᠩᠬᠡᠢ ᠪᠠᠶᠢᠷᠢᠰᠢᠭᠤᠯᠤᠯᠳᠠ᠂ ᠤᠨᠤᠯ ᠤᠨ ᠰᠢᠨ᠎ᠡ ᠡᠭᠦᠳᠦᠯᠲᠡ᠂ ᠤᠢᠢᠯᠡᠳᠤᠯᠬᠡ ᠶᠢᠨ ᠠᠮᠵᠢᠯᠳᠠ ᠪᠦᠳᠤᠮᠵᠢ ᠵᠡᠷᠬᠡ ᠳᠤ ᠲᠠᠶᠢᠯᠪᠤᠷᠢᠯᠠᠯᠳᠠ ᠬᠢᠭᠰᠡᠡ ᠠᠴᠠ᠂ ᠤᠩᠰᠢᠬᠴᠢᠳ ᠤᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠭᠠᠳᠠᠭᠠᠳᠤ ᠬᠠᠷᠢᠯᠴᠠᠭ᠎ᠠ ᠶᠢᠨ ᠦᠵᠡᠯ ᠰᠠᠨᠠᠭᠠᠨ᠎ ᠤ ᠭᠤᠤᠯ ᠠᠭᠤᠯᠭ᠎ᠠ ᠪᠤᠯᠤᠨ ᠤᠶᠤᠨ ᠰᠠᠨᠠᠭᠠᠨ᠎ ᠤ ᠮᠦᠨ ᠴᠢᠨᠠᠷ ᠢ ᠨᠡᠩ ᠰᠠᠶᠢᠨ ᠤᠢᠢᠯᠠᠭᠠᠵᠤ᠂ ᠡᠬᠦᠨ᠎ ᠤ ᠳᠤᠮᠳᠠ ᠠᠭᠤᠯᠤᠬᠳᠠᠵᠤ ᠪᠦᠬᠦᠢ ᠰᠡᠳᠬᠢᠬᠦᠢ ᠶᠢᠨ ᠠᠷᠭ᠎ᠠ ᠪᠠᠷᠢᠯ ᠪᠤᠯᠤᠨ ᠭᠠᠳᠠᠭᠠᠳᠤ ᠬᠠᠷᠢᠯᠴᠠᠭ᠎ᠠ ᠶᠢᠨ ᠤᠷᠠᠯᠢᠬ ᠢ ᠡᠵᠡᠮᠳᠡᠬᠦ ᠳᠤ ᠠᠰᠢᠬᠳᠠᠢ ᠶᠤᠮ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com