ᠳᠤᠮᠳᠠᠳᠤ ᠮᠤᠩᠭᠤᠯ ᠤᠷᠤᠰ ᠤᠨ 《ᠨᠢᠭᠡ ᠪᠥᠰᠡ ᠨᠢᠭᠡ ᠵᠠᠮ》 ᠰᠣᠯᠣᠩᠭ᠎ᠠ ᠰᠤᠨᠢᠨ ᠮᠡᠳᠡᠭᠡᠨ ᠤ ᠶᠠᠷᠢᠶᠠᠨ ᠤ ᠲᠠᠪᠴᠠᠩ ᠪᠤᠯᠤᠯ᠎ᠠ

  12 ᠰᠠᠷ᠎ᠠ ᠶᠢᠨ 15᠎ ᠤ ᠡᠳᠦᠷ᠂ ᠭᠤᠷᠪᠠᠳᠤᠭᠠᠷ ᠬᠤᠭᠤᠴᠠᠭ᠎ᠠ ᠶᠢᠨ ᠰᠤᠯᠤᠩᠭ᠎ᠠ ᠶᠢᠨ ᠡᠳᠦᠷᠯᠢᠭ ᠦᠢᠯᠡ ᠠᠵᠢᠯᠯᠠᠭ᠎ᠠ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠳᠤ ᠠᠮᠵᠢᠯᠳᠠᠳᠠᠢ ᠶᠠᠪᠤᠭᠳᠠᠪᠠ᠃

  ᠡᠳᠦᠷᠯᠢᠭ ᠤᠨ ᠴᠢᠬᠤᠯᠠ ᠨᠢᠭᠡᠨ ᠠᠭᠤᠯᠭ᠎ᠠ ᠪᠤᠯᠬᠤ ᠳᠤᠮᠳᠠᠳᠤ ᠮᠤᠩᠭᠤᠯ ᠤᠷᠤᠰ ᠤᠨ ᠨᠢᠭᠡ ᠪᠥᠰᠡ ᠨᠢᠭᠡ ᠵᠠᠮ ᠰᠣᠯᠣᠩᠭ᠎ᠠ ᠰᠤᠨᠢᠨ ᠮᠡᠳᠡᠭᠡᠨ ᠤ ᠶᠠᠷᠢᠶᠠᠨ ᠤ ᠲᠠᠪᠴᠠᠩ ᠳᠤ ᠳᠤᠮᠳᠠᠳᠤ ᠤᠯᠤᠰ ᠤᠨ ᠰᠤᠶᠤᠯ ᠤᠨ ᠲᠦᠪ ᠤᠨ ᠳᠡᠳ᠋ ᠡᠷᠬᠢᠯᠡᠭᠴᠢ ᠬᠠᠰᠪᠠᠭᠠᠨ᠎ᠠ᠂ ᠮᠤᠩᠭᠤᠯ ᠤᠯᠤᠰ ᠠᠴᠠ ᠤᠷᠤᠰ ᠤᠨ ᠬᠤᠯᠪᠤᠭᠠᠨ ᠤ ᠤᠯᠤᠰ ᠲᠤ ᠰᠠᠭᠤᠭ᠎ᠠ ᠤᠤᠯ ᠤᠨ ᠡᠯᠴᠢᠨ ᠰᠠᠶᠢᠳ ᠬᠠᠨᠭ᠍ᠭᠠᠢ᠂ ᠳᠤᠮᠳᠠᠳᠤ ᠤᠯᠤᠰ ᠠᠴᠠ ᠮᠤᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠨᠢᠭᠡᠳᠤᠭᠡᠷ ᠨᠠᠷᠢᠨ ᠪᠢᠴᠢᠬᠡᠴᠢ ᠳ᠋ᠧ ᠪᠦᠸᠧ᠂ ᠤᠷᠤᠰ ᠤᠨ ᠬᠤᠯᠪᠤᠭᠠᠨ ᠤ ᠪᠤᠷᠢᠶᠠᠳ ᠤᠯᠤᠰ ᠤᠨ ᠤᠯᠤᠰ ᠤᠨ ᠬᠡᠪᠯᠡᠬᠦ ᠦᠢᠯᠡᠳᠪᠤᠷᠢ ᠶᠢᠨ ᠶᠡᠷᠤᠭ᠍ᠬᠡᠢ ᠵᠠᠬᠢᠷᠤᠯ ᠯᠤᠭᠢᠨᠤᠸᠠ ᠸᠢᠺᠲᠤᠷᠢᠶ᠎ᠠ ᠢᠸᠠᠨᠤᠸᠠᠨᠠ᠂ ᠮᠤᠩᠭᠤᠯ ᠤᠯᠤᠰ ᠤᠨ ᠰᠡᠳᠭᠦᠯᠴᠢᠳ ᠤᠨ ᠬᠤᠯᠪᠤᠭ᠎ᠠ ᠶᠢᠨ ᠶᠡᠷᠦᠩᠬᠡᠢᠯᠡᠭᠴᠢ ᠭᠠᠯᠠᠷᠢᠳ᠋ ᠨᠠᠷ ᠤᠷᠤᠯᠴᠠᠵᠤ ᠲᠤᠰ ᠲᠤᠰ ᠦᠭᠡ ᠶᠠᠷᠢᠯ᠎ᠠ᠃

  ᠲᠤᠰ ᠶᠠᠷᠢᠶᠠᠨ ᠤ ᠲᠠᠪᠴᠠᠩ ᠳᠤ ᠲᠤᠮᠳᠠᠳᠤ ᠮᠤᠩᠭᠤᠯ ᠣᠷᠤᠰ ᠭᠤᠷᠪᠠᠨ ᠤᠯᠤᠰ ᠤᠨ ᠰᠤᠨᠢᠨ ᠮᠡᠳᠡᠭᠡ᠂ ᠰᠤᠶᠤᠯ᠂ ᠠᠵᠤ ᠠᠬᠤᠢ ᠶᠢᠨ ᠰᠠᠯᠪᠤᠷᠢ ᠶᠢᠨ 70 ᠭᠠᠷᠤᠢ ᠲᠥᠯᠥᠭᠡᠯᠡᠭᠴᠢ᠂ ᠰᠤᠳᠤᠯᠤᠭᠠᠴᠢᠳ ᠤᠷᠤᠯᠴᠠᠵᠦ᠂ ᠨᠢᠭᠡ ᠪᠦᠰᠡ ᠨᠢᠭᠡ ᠵᠠᠮ᠎ ᠤᠨ ᠳᠠᠭᠠᠤ ᠳᠤᠮᠳᠠᠳᠤ᠂ ᠮᠤᠩᠭᠤᠯ᠂ ᠤᠷᠤᠰ ᠭᠤᠷᠪᠠᠨ ᠤᠯᠤᠰ ᠤᠨ ᠬᠡᠪᠯᠡᠯ ᠮᠡᠳᠡᠭᠡᠯᠡᠯ ᠤᠨ ᠬᠠᠮᠳᠤ ᠶᠢᠨ ᠠᠵᠢᠯᠯᠠᠭ᠎ᠠ ᠪᠠ ᠢᠷᠡᠭᠡᠳᠦᠢ ᠵᠡᠷᠭᠡ ᠠᠭᠤᠯᠭ᠎ᠠ ᠶᠢᠨ ᠲᠤᠭᠤᠷᠢᠨ ᠳᠤ ᠴᠢᠯᠦᠭᠡᠳᠡᠢ ᠰᠠᠨᠠᠯ ᠰᠤᠯᠢᠯᠴᠠᠵᠤ᠂ ᠬᠠᠷᠢᠯᠴᠠᠨ ᠠᠰᠢᠭᠲᠠᠢ ᠬᠠᠮᠳᠤᠷᠠᠨ ᠠᠵᠢᠯᠯᠠᠵᠤ᠂ ᠬᠠᠮᠳᠤ ᠳᠠᠭᠠᠨ ᠨᠢᠭᠡ ᠪᠦᠰᠡ ᠨᠢᠭᠡ ᠵᠠᠮ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠤᠯᠤᠨ᠎ᠠ᠃ ᠲᠤᠰ ᠶᠠᠷᠢᠶᠠᠨ ᠤ ᠲᠠᠪᠴᠠᠩ ᠳᠤ ᠰᠤᠯᠤᠩᠭ᠎ᠠ ᠮᠡᠳᠡᠭᠡᠯᠡᠯ ᠤᠨ ᠲᠦᠪ ᠪᠤᠯᠤᠨ ᠤᠷᠤᠰ ᠤᠨ ᠬᠤᠯᠪᠤᠭᠠᠨ ᠤ ᠪᠤᠷᠢᠶᠠᠳ ᠤᠯᠤᠰ ᠤᠨ ᠤᠯᠤᠰ ᠤᠨ ᠬᠡᠪᠯᠡᠬᠦ ᠦᠢᠯᠡᠳᠪᠤᠷᠢ ᠬᠠᠮᠳᠤᠷᠠᠨ ᠠᠵᠢᠯᠯᠠᠬᠤ ᠰᠠᠨᠠᠮᠵᠢ ᠶᠢᠨ ᠪᠢᠴᠢᠭ᠎ ᠲᠤ ᠭᠠᠷ ᠤᠨ ᠦᠰᠦᠭ ᠵᠢᠷᠤᠪᠠ᠃

  ᠡᠨᠡ ᠤᠳᠠᠭ᠎ᠠ ᠶᠢᠨ ᠡᠳᠦᠷᠯᠢᠭ ᠤᠨ ᠠᠵᠢᠯᠯᠠᠭ᠎ᠠ ᠶᠢ ᠦᠪᠤᠷ ᠮᠤᠩᠭᠤᠯ ᠤᠨ ᠡᠳᠥᠷ ᠤᠨ ᠰᠤᠨᠢᠨ ᠤ ᠬᠤᠷᠢᠶ᠎ᠠ ᠭᠤᠤᠯᠯᠠᠨ ᠵᠤᠬᠢᠶᠠᠨ ᠪᠠᠶᠢᠭᠤᠯᠵᠤ᠂ ᠰᠤᠯᠤᠩᠭ᠎ᠠ ᠮᠡᠳᠡᠭᠡᠯᠡᠯ ᠤᠨ ᠲᠥᠪ ᠬᠠᠷᠢᠭᠤᠴᠠᠠ ᠭᠦᠢᠴᠡᠳᠭᠡᠭᠰᠡᠨ ᠪᠠᠶᠢᠨ᠎ᠠ᠃ ᠳᠤᠮᠳᠠᠳᠤ ᠮᠤᠩᠭᠤᠯ ᠤᠷᠤᠰ ᠤᠨ ᠨᠢᠭᠡ ᠪᠥᠰᠡ ᠨᠢᠭᠡ ᠵᠠᠮ ᠰᠤᠨᠢᠨ ᠮᠡᠳᠡᠭᠡᠨ ᠤ ᠶᠠᠷᠢᠶᠠᠨ ᠤ ᠲᠠᠪᠴᠠᠩ᠎ ᠠᠴᠠ ᠭᠠᠳᠠᠨ᠎ᠠ ᠬᠢᠳᠠᠳ ᠮᠤᠩᠭᠤᠯ ᠤᠷᠴᠢᠭᠤᠯᠭ᠎ᠠ ᠶᠢᠨ ᠨᠡᠶᠢᠭᠡᠮᠯᠡᠭ ᠤᠨ ᠠᠭᠤᠯᠵᠠᠯᠳᠠ ᠶᠠᠷᠢᠯᠴᠠᠯᠭ᠎ᠠ᠂ ᠰᠤᠯᠤᠩᠭ᠎ᠠ ᠦᠵᠡᠰᠭᠦᠯᠡᠩ᠂ᠮᠢᠨᠤ ᠮᠡᠳᠡᠬᠦ ᠬᠤᠶᠠᠷ ᠬᠦᠷᠰᠢ ᠰᠤᠯᠤᠩᠭ᠎ᠠ ᠵᠤᠬᠢᠶᠠᠨ ᠪᠢᠴᠢᠯᠭᠡ ᠶᠢᠨ ᠤᠷᠤᠯᠳᠤᠭᠠᠨ ᠢ ᠵᠤᠬᠢᠶᠠᠨ ᠪᠠᠶᠢᠭᠤᠯᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com