ᠮᠠᠨ ᠤ ᠤᠷᠤᠨ ᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠢ ᠵᠢᠯ ᠤᠨ ᠡᠴᠤᠰ ᠲᠤ ᠪᠡᠶᠡᠯᠡᠭᠦᠯᠦᠨ᠎ᠠ

  ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠪᠦᠬᠦ ᠤᠷᠤᠨ ᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠤᠨ ᠠᠬᠢᠴᠠ ᠶᠢ ᠲᠤᠰᠬᠠᠢ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠭᠰᠠᠨ ᠤ ᠳ᠋ᠦᠩ ᠳᠤ᠂ ᠤᠳᠤ ᠪᠦᠬᠦ ᠤᠷᠤᠨ ᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠤᠨ 86%᠎ ᠢ ᠨᠢ ᠪᠡᠶᠡᠯᠡᠭᠦᠯᠦᠭᠡᠳ ᠪᠤᠢ᠃ ᠡᠭᠦᠨ ᠤ ᠲᠤᠳᠤᠷ᠎ᠠ ᠦᠮᠴᠢᠯᠡᠯ ᠤᠨ ᠡᠷᠭᠡ ᠶᠢᠨ ᠲᠠᠯᠠᠪᠠᠢ 73990 ᠲᠦᠮᠡᠨ ᠮᠦ᠂ ᠬᠡᠷᠡᠭᠯᠡᠬᠦ ᠡᠷᠭᠡ ᠶᠢᠨ ᠲᠠᠯᠠᠪᠠᠢ 4094 ᠲᠦᠮᠡᠨ ᠮᠦ᠂ ᠲᠠᠭᠠᠭᠠᠴᠢᠯᠠᠬᠤ ᠡᠷᠭᠡ ᠶᠢᠨ ᠲᠠᠯᠠᠪᠠᠢ 58636 ᠲᠦᠮᠡᠨ ᠮᠦ ᠪᠤᠢ᠃ ᠪᠦᠬᠦ ᠤᠷᠤᠨ ᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠢ ᠵᠢᠯ ᠤᠨ ᠡᠴᠤᠰ ᠲᠤ ᠪᠦᠬᠦᠨ ᠢ ᠪᠡᠶᠡᠯᠡᠭᠦᠯᠬᠦ ᠪᠤᠯᠤᠨ᠎ᠠ᠃

  ᠭᠠᠵᠠᠷ ᠰᠢᠷᠤᠢ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠬᠤ ᠠᠵᠢᠯ ᠪᠤᠯ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠠᠭᠤᠷᠢ ᠢᠨᠵᠧᠨᠧᠷᠢᠩ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠤᠨ ᠡᠵᠡᠩᠨᠡᠯᠳᠡ ᠶᠢᠨ ᠲᠦᠷᠢᠮ ᠢ ᠪᠠᠳᠤᠳᠬᠠᠬᠤ ᠪᠠ ᠲᠡᠭᠦᠯᠳᠡᠷᠵᠢᠭᠦᠯᠬᠦ ᠶᠢᠨ ᠪᠠᠳᠤᠯᠠᠭ᠎ᠠ᠂ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠴᠢᠬᠤᠯᠠ ᠨᠦᠭᠦᠴᠡᠯ ᠪᠤᠯᠤᠨ᠎ᠠ᠃ 20 ᠳ᠋ᠤᠭᠠᠷ ᠵᠠᠭᠤᠨ ᠤ ᠨᠠᠶᠠᠭᠠᠳ ᠤᠨ ᠤ ᠡᠬᠢ ᠪᠠᠷ᠂ ᠮᠠᠨ ᠤ ᠤᠷᠤᠨ ᠤ ᠮᠠᠯᠵᠢᠬᠤ ᠤᠷᠤᠨ ᠮᠠᠯ ᠪᠡᠯᠴᠢᠭᠡᠷ ᠤᠨ ᠬᠤᠤᠰ ᠲᠠᠭᠠᠭᠠᠴᠢᠯᠠᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠡᠬᠢᠯᠡᠨ ᠬᠡᠷᠡᠭᠵᠢᠭᠦᠯᠵᠦ᠂ ᠨᠤᠳᠤᠭ ᠪᠡᠯᠴᠢᠭᠡᠷ ᠤᠨ ᠦᠮᠴᠢᠯᠡᠯ ᠤᠨ ᠡᠷᠭᠡ ᠶᠢ ᠭᠠᠴᠠᠭ᠎ᠠ ᠲᠤᠰᠬᠤᠨ ᠳᠤ ᠬᠠᠷᠢᠶᠠᠯᠠᠭᠤᠯᠵᠤ᠂ ᠠᠩᠬ᠎ᠠ ᠠᠯᠬᠤᠮ ᠨᠤᠳᠤᠭ ᠪᠡᠯᠴᠢᠭᠡᠷ ᠤᠨ ᠵᠠᠭᠠᠭ ᠱᠤᠭᠤᠮ ᠬᠤᠪᠢᠶᠠᠵᠠᠢ᠃ ᠡᠨᠡᠬᠦ ᠲᠦᠷᠦ ᠶᠢᠨ ᠪᠤᠳᠤᠯᠭ᠎ᠠ ᠬᠡᠷᠡᠭᠵᠢᠭᠦᠯᠦᠭᠳᠡᠬᠦ ᠶᠢ ᠲᠠᠭᠠᠯᠳᠤᠨ᠂ ᠮᠠᠯᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠤᠯᠠᠮ ᠠᠴᠠ ᠦᠨᠳᠦᠷᠵᠢᠵᠦ᠂ ᠮᠠᠯ ᠤᠨᠤᠭ᠎ᠠ ᠴᠦ ᠤᠯᠠᠮ ᠢᠶᠠᠷ ᠠᠷᠪᠢᠳᠤᠵᠦ᠂ ᠮᠠᠯ ᠪᠡᠯᠴᠢᠭᠡᠷ ᠤᠨ ᠵᠦᠷᠢᠴᠡᠯ ᠤᠯᠠᠮ ᠲᠤᠪᠤᠶᠢᠮ᠎ᠠ ᠪᠤᠯᠵᠠᠢ᠃ ᠬᠡᠳᠦ᠋ᠢᠪᠡᠷ ᠲᠤᠬᠠᠢ ᠶᠢᠨ ᠦᠶ᠎ᠠ ᠳᠤ ᠨᠤᠳᠤᠭ ᠪᠡᠯᠴᠢᠭᠡᠷ ᠢ ᠬᠡᠷᠡᠭᠯᠡᠬᠦ ᠦᠨᠡᠮᠯᠡᠯ ᠲᠠᠷᠬᠠᠭᠠᠭᠰᠠᠨ ᠴᠦ ᠨᠤᠳᠤᠭ ᠪᠡᠯᠴᠢᠭᠡᠷ ᠤᠨ ᠵᠠᠭᠠᠭ ᠱᠤᠭᠤᠮ ᠪᠤᠯᠤᠨ ᠡᠷᠭᠡ ᠶᠢᠨ ᠬᠠᠷᠢᠶᠠᠯᠠᠯ ᠮᠦᠨᠬᠦ ᠲᠤᠳᠤᠷᠬᠠᠢ ᠦᠭᠡᠢ ᠵᠡᠷᠭᠡ ᠵᠦᠷᠢᠴᠡᠯ ᠵᠢᠭᠤᠷᠠᠯᠳᠤᠭᠠᠨ ᠨᠢ ᠮᠠᠯᠵᠢᠬᠤ ᠤᠷᠤᠨ ᠤ ᠦᠢᠯᠡᠳᠪᠦᠷᠢᠯᠡᠯ ᠤᠨ ᠬᠦᠭᠵᠢᠯᠳᠡ ᠪᠤᠯᠤᠨ ᠨᠡᠶᠢᠭᠡᠮ ᠤᠨ ᠲᠤᠭᠳᠠᠭᠤᠨ ᠢ ᠨᠦᠯᠦᠭᠡᠯᠡᠭᠰᠡᠭᠡᠷ ᠢᠷᠡᠭᠰᠡᠨ ᠬᠦᠴᠢᠷ ᠰᠡᠳᠦᠪ ᠪᠤᠯᠵᠠᠢ᠃

  ᠮᠠᠨ ᠤ ᠤᠷᠤᠨ 2014 ᠤᠨ ᠠᠴᠠ ᠡᠬᠢᠯᠡᠨ ᠪᠦᠬᠦ ᠤᠷᠤᠨ ᠤ 10 ᠬᠤᠰᠢᠭᠤ ᠰᠢᠶᠠᠨ ᠳᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠲᠤᠷᠰᠢᠯᠳᠠ ᠶᠢᠨ ᠴᠢᠭ᠋ ᠤᠨ ᠠᠵᠢᠯ ᠢ ᠡᠬᠢᠯᠡᠭᠦᠯᠵᠦ᠂ ᠲᠠᠷᠠᠭᠠᠴᠢ ᠪᠠᠷ ᠨᠢ ᠡᠨᠡᠬᠦ ᠠᠵᠢᠯ ᠢ ᠪᠦᠬᠦ ᠲᠠᠯ᠎ᠠ ᠪᠠᠷ ᠦᠷᠨᠢᠭᠦᠯᠵᠡᠢ᠃ ᠤᠢᠢᠯᠠᠭᠠᠭᠰᠠᠨ ᠢᠶᠠᠷ᠂ ᠪᠦᠬᠦ ᠤᠷᠤᠨ ᠤ 10.4 ᠳ᠋ᠦᠩᠰᠢᠭᠤᠷ ᠮᠦ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠴᠢᠬᠤᠯᠠᠳᠠᠢ᠂ ᠡᠨᠡᠬᠦ ᠠᠵᠢᠯ ᠢ 2017 ᠤᠨ ᠤ ᠵᠢᠯ ᠤᠨ ᠡᠴᠤᠰ ᠠᠴᠠ ᠡᠮᠦᠨ᠎ᠠ ᠪᠡᠶᠡᠯᠡᠭᠦᠯᠬᠦ ᠪᠤᠯᠤᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com