ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ 《ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠠ ᠶᠢᠨ ᠲᠦᠰᠦᠯ》᠎ ᠢ ᠳᠠᠷᠤᠮᠠᠯᠯᠠᠨ ᠳᠠᠷᠬᠠᠭᠠᠪᠠ

  ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 17᠎ ᠤ ᠴᠠᠬᠢᠯᠭᠠᠨ ᠮᠡᠳᠡᠭᠡ ᠤᠢᠢᠷ᠎ᠠ ᠳᠤ᠂ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠠ ᠶᠢᠨ ᠲᠦᠰᠦᠯ᠎ ᠢ ᠳᠠᠷᠤᠮᠠᠯᠯᠠᠨ ᠳᠠᠷᠬᠠᠭᠠᠬᠤ ᠶᠢᠨ ᠬᠠᠮᠳᠦ ᠮᠡᠳᠡᠭᠳᠡᠯ ᠪᠠᠭᠤᠯᠭᠠᠵᠦ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠪᠤᠳᠠᠳᠠᠢ ᠲᠠᠢ ᠪᠠᠨ ᠤᠶᠠᠯᠳᠤᠭᠤᠯᠵᠦ ᠨᠡᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠱᠠᠭᠠᠷᠳᠠᠪᠠ᠃

  ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠠ ᠶᠢᠨ ᠲᠦᠰᠦᠯ᠎ ᠤᠨ ᠪᠦᠬᠦ ᠠᠭᠤᠯᠭ᠎ᠠ ᠨᠢ ᠳᠤᠤᠷᠠᠬᠢ ᠮᠡᠳᠦ᠃

  ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠪᠤᠯ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠭᠡᠰᠡᠭ ᠮᠦᠨ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠶᠢᠨ ᠬᠠᠷᠢᠭᠤᠴᠠᠯᠭ᠎ᠠ ᠡᠬᠦᠷᠭᠡᠯᠡᠭᠴᠢ ᠠᠴᠠ ᠲᠦᠯᠦᠪᠦᠷᠢ ᠠᠪᠬᠤ ᠲᠦᠷᠢᠮ ᠢ ᠲᠦᠪ ᠴᠢᠩᠭ᠎ᠠ ᠪᠠᠷ ᠭᠡᠷᠡᠭᠵᠢᠬᠦᠯᠦᠨ᠎ᠠ ᠭᠡᠵᠦ ᠲᠤᠳᠤᠷᠬᠠᠢ ᠳᠤᠷᠠᠳᠴᠠᠢ᠃ 2015 ᠤᠨ ᠳᠤ᠂ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠠ ᠶᠢᠨ ᠲᠤᠷᠰᠢᠯᠳᠠ ᠶᠢᠨ ᠴᠢᠭ᠋ ᠤᠨ ᠠᠵᠢᠯ ᠤᠨ ᠲᠦᠰᠦᠯ (ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠠᠴᠠ ᠳᠠᠷᠬᠠᠭᠠᠪᠠ ﹇2015﹈ 57 ᠳ᠋ᠤᠭᠠᠷ ᠲᠤᠭᠠᠳᠦ)᠎ ᠢ ᠳᠠᠷᠤᠮᠠᠯᠯᠠᠨ ᠳᠠᠷᠬᠠᠭᠠᠵᠦ᠂ ᠬᠢᠷᠢᠨ ᠵᠡᠷᠭᠡ 7 ᠮᠤᠵᠢ ᠰᠢᠭᠤᠳ ᠬᠠᠷᠢᠶ᠎ᠠ ᠬᠤᠳᠠ ᠳᠤ ᠦᠭᠡᠷᠡᠴᠢᠯᠡᠯᠳᠠ ᠶᠢᠨ ᠲᠤᠷᠰᠢᠯᠳᠠ ᠶᠢᠨ ᠴᠢᠭ᠋ ᠤᠨ ᠠᠵᠢᠯ ᠢ ᠪᠠᠶᠢᠷᠢᠯᠠᠭᠤᠯᠤᠨ ᠦᠷᠨᠢᠬᠦᠯᠵᠦ᠂ ᠢᠯᠠᠳᠳᠡ ᠠᠮᠵᠢᠯᠳᠠ ᠪᠦᠳᠦᠮᠵᠢ ᠤᠯᠤᠭᠰᠠᠨ ᠪᠠᠶᠢᠨ᠎ᠠ᠃ ᠪᠦᠬᠦ ᠤᠯᠤᠰ ᠤᠨ ᠭᠡᠪᠴᠢᠶᠠᠨ ᠳᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠪᠠᠶᠢᠭᠤᠯᠤᠯᠳᠠ ᠶᠢ ᠴᠢᠨᠠᠭᠰᠢᠳᠠ ᠲᠦᠷᠭᠡᠳᠭᠡᠨ ᠠᠬᠢᠭᠤᠯᠬᠤ ᠶᠢᠨ ᠲᠦᠯᠦᠭᠡ᠂ ᠡᠯ᠎ᠠ ᠭᠠᠵᠠᠷ ᠤᠷᠤᠨ ᠤ ᠦᠭᠡᠷᠡᠴᠢᠯᠡᠯᠳᠠ ᠶᠢᠨ ᠲᠤᠷᠰᠢᠯᠳᠠ ᠶᠢᠨ ᠴᠢᠭ᠋ ᠤᠨ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠶᠢᠨ ᠰᠠᠭᠤᠷᠢᠨ ᠳᠡᠭᠡᠷ᠎ᠠ ᠲᠤᠰ ᠲᠦᠰᠦᠯ ᠢ ᠲᠤᠭᠳᠠᠭᠠᠪᠠ᠃

  ᠨᠢᠭᠡ᠂ ᠶᠡᠷᠦᠩᠭᠡᠢ ᠱᠠᠭᠠᠷᠳᠠᠯᠭ᠎ᠠ ᠪᠠ ᠬᠠᠷᠠᠯᠳᠠ

  ᠪᠦᠬᠦ ᠤᠯᠤᠰ ᠤᠨ ᠬᠡᠪᠴᠢᠶᠠᠨ ᠳᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠢ ᠲᠤᠷᠰᠢᠨ ᠭᠡᠷᠡᠭᠵᠢᠬᠦᠯᠬᠦ ᠪᠠᠷ ᠲᠠᠮᠵᠢᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠭᠡᠪᠴᠢᠶ᠎ᠠ᠂ ᠬᠠᠷᠢᠭᠤᠴᠠᠯᠭ᠎ᠠ ᠶᠢᠨ ᠭᠤᠤᠯ ᠴᠤᠭᠴᠠ᠂ ᠲᠦᠯᠦᠪᠤᠷᠢ ᠠᠪᠬᠤ ᠭᠤᠤᠯ ᠴᠤᠭᠴᠠ᠂ ᠡᠪᠳᠡᠵᠤ ᠬᠤᠬᠢᠷᠠᠭᠤᠯᠤᠭᠰᠠᠨ ᠲᠦᠯᠦᠪᠦᠷᠢ ᠶᠢ ᠰᠢᠢᠳᠪᠤᠷᠢᠯᠡᠬᠦ ᠠᠷᠭ᠎ᠠ ᠵᠠᠮ ᠵᠡᠷᠭᠡ ᠶᠢ ᠴᠢᠨᠠᠬᠰᠢᠳᠠ ᠳᠤᠳᠤᠷᠬᠠᠢᠢᠯᠠᠵᠦ᠂ ᠬᠤᠯᠪᠤᠭᠳᠠᠯ ᠪᠦᠬᠦᠢ ᠬᠢᠨᠡᠨ ᠲᠤᠭᠳᠠᠭᠠᠵᠦ ᠦᠨᠡᠯᠡᠬᠦ ᠬᠠᠮᠢᠶᠠᠷᠤᠯᠳᠠ ᠪᠠ ᠮᠡᠷᠭᠡᠵᠢᠯ ᠤᠨ ᠰᠢᠰᠲ᠋ᠧᠮ᠂ ᠪᠡᠯᠡ ᠮᠦᠩᠬᠦᠨ ᠤ ᠪᠠᠳᠤᠯᠠᠭ᠎ᠠ ᠪᠠ ᠠᠵᠢᠯᠯᠠᠭᠠᠨ ᠤ ᠲᠤᠭᠳᠠᠴᠠ ᠶᠢ ᠪᠦᠷᠢᠯᠳᠦᠬᠦᠯᠵᠦ᠂ ᠡᠪᠳᠡᠵᠦ ᠬᠤᠬᠢᠷᠠᠭᠤᠯᠤᠭᠰᠠᠨ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠨ ᠰᠡᠷᠬᠦᠭᠡᠬᠦ ᠪᠠ ᠲᠦᠯᠦᠪᠦᠷᠢ ᠠᠪᠬᠤ ᠲᠦᠷᠢᠮ ᠢ ᠠᠭᠠᠵᠢᠮ ᠢᠶᠠᠷ ᠪᠠᠶᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃

  2018 ᠤᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠪᠦᠬᠦ ᠤᠯᠤᠰ ᠤᠨ ᠬᠡᠪᠴᠢᠶᠠᠨ ᠳᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠢ ᠲᠤᠷᠰᠢᠨ ᠭᠡᠷᠡᠭᠵᠢᠬᠦᠯᠦᠨ᠎ᠠ᠃ 2020 ᠤᠨ ᠪᠤᠯᠬᠤ ᠳᠤ᠂ ᠪᠦᠭᠦ ᠤᠯᠤᠰ ᠤᠨ ᠭᠡᠪᠴᠢᠶᠡᠨ ᠳᠤ ᠬᠠᠷᠢᠭᠤᠴᠠᠯᠭ᠎ᠠ ᠨᠢ ᠲᠤᠳᠤᠷᠬᠠᠢ᠂ ᠠᠷᠭ᠎ᠠ ᠵᠠᠮ ᠨᠢ ᠰᠠᠭᠠᠳ ᠦᠭᠡᠢ᠂ ᠮᠡᠷᠭᠡᠵᠢᠯ ᠨᠢ ᠵᠢᠷᠦᠮᠵᠢᠬᠰᠡᠨ᠂ ᠪᠠᠳᠤᠯᠠᠭ᠎ᠠ ᠨᠢ ᠬᠦᠴᠦᠳᠠᠢ᠂ ᠲᠦᠯᠦᠪᠦᠷᠢ ᠨᠢ ᠭᠦᠢᠴᠡᠳ᠂ ᠵᠠᠰᠠᠵᠤ ᠰᠡᠷᠭᠦᠭᠡᠭᠰᠡᠨ ᠨᠢ ᠪᠦᠲᠦᠮᠵᠢᠳᠠᠢ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠢ ᠠᠩᠬ᠎ᠠ ᠠᠯᠬᠤᠮ ᠪᠠᠶᠢᠭᠤᠯᠬᠤ ᠪᠠᠷ ᠴᠢᠷᠮᠠᠶᠢᠨ᠎ᠠ᠃

  ᠬᠤᠶᠠᠷ᠂ ᠠᠵᠢᠯ ᠤᠨ ᠵᠠᠷᠴᠢᠮ

  — ᠬᠠᠤᠯᠢ ᠶᠤᠰᠤᠭᠠᠷ ᠠᠬᠢᠭᠤᠯᠵᠦ᠂ ᠰᠢᠨ᠎ᠠ ᠶᠢ ᠡᠬᠦᠳᠬᠦ ᠶᠢ ᠵᠤᠷᠢᠬᠵᠢᠭᠤᠯᠤᠨ᠎ᠠ᠃ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠤᠨ ᠲᠤᠭᠳᠠᠭᠠᠯ ᠶᠤᠰᠤᠭᠠᠷ᠂ ᠤᠯᠤᠰ ᠤᠨ ᠪᠠᠶᠢᠳᠠᠯ ᠪᠠ ᠤᠷᠤᠨ ᠨᠤᠳᠤᠭ ᠤᠨ ᠪᠤᠳᠠᠳᠤ ᠪᠠᠶᠢᠳᠠᠯ ᠳᠠᠭᠠᠨ ᠰᠠᠭᠤᠷᠢᠯᠠᠵᠦ᠂ ᠬᠢᠯᠪᠠᠷ ᠠᠴᠠ ᠬᠦᠴᠢᠷ ᠲᠡᠰᠢ ᠯᠠᠪᠳᠠᠭᠤᠨ ᠪᠠᠳᠤᠳᠠᠢ ᠡᠮᠬᠢ ᠴᠡᠭᠴᠡ ᠲᠠᠢ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠠ ᠶᠢᠨ ᠠᠵᠢᠯ ᠢ ᠦᠷᠨᠢᠬᠦᠯᠦᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠶᠢᠨ ᠳᠤᠭᠳᠠᠭᠠᠯ ᠦᠭᠡᠢ ᠪᠤᠳᠠᠳᠠᠢ ᠠᠰᠠᠭᠤᠳᠠᠯ ᠳᠤ ᠭᠡᠷᠡᠭᠴᠡᠭᠡ ᠶᠢ ᠦᠨᠳᠦᠰᠦᠯᠡᠨ ᠲᠦᠷᠦ ᠶᠢᠨ ᠪᠤᠳᠤᠯᠭ᠎ᠠ ᠪᠠ ᠬᠠᠤᠯᠢ ᠲᠤᠭᠳᠠᠭᠠᠬᠤ ᠰᠠᠨᠠᠭᠤᠯᠭ᠎ᠠ ᠳᠤᠷᠠᠳᠬᠤ ᠭᠡᠷᠡᠭᠲᠡᠢ᠃

  — ᠤᠷᠴᠢᠨ ᠲᠤᠭᠤᠷᠢᠨ ᠳᠤ ᠦᠨ᠎ᠠ ᠦᠷᠳᠡᠭ ᠲᠠᠢ᠂ ᠡᠪᠳᠡᠵᠤ ᠬᠤᠬᠢᠷᠠᠭᠤᠯᠪᠠᠯ ᠬᠠᠷᠢᠭᠤᠴᠠᠯᠭ᠎ᠠ ᠡᠬᠦᠷᠭᠡᠯᠡᠨ᠎ᠠ᠃ ᠤᠷᠴᠢᠨ ᠲᠤᠭᠤᠷᠢᠨ ᠤ ᠡᠬᠢ ᠪᠠᠶᠠᠯᠢᠭ ᠤᠨ ᠠᠮᠢ ᠠᠬᠤᠢ ᠶᠢᠨ ᠴᠢᠳᠠᠪᠬᠢ ᠶᠢᠨ ᠦᠨ᠎ᠠ ᠦᠷᠳᠡᠭ ᠢ ᠢᠯᠠᠷᠡᠬᠦᠯᠵᠦ᠂ ᠲᠦᠯᠦᠪᠤᠷᠢ ᠦᠭᠬᠦ ᠡᠭᠦᠷᠭᠡᠳᠤ ᠬᠦᠮᠦᠨ ᠤ ᠡᠪᠳᠡᠵᠤ ᠬᠤᠬᠢᠷᠠᠭᠤᠯᠤᠭᠰᠠᠨ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠨ ᠰᠡᠷᠬᠦᠭᠡᠬᠦ ᠶᠢ ᠠᠬᠢᠭᠤᠯᠤᠨ᠎ᠠ᠃ ᠡᠪᠳᠡᠵᠦ ᠬᠤᠬᠢᠷᠠᠭᠤᠯᠤᠭᠰᠠᠨ ᠠᠮᠢ ᠠᠬᠤᠢ ᠶᠢᠨ ᠤᠷᠴᠢᠨ ᠲᠤᠭᠤᠷᠢᠨ ᠢ ᠨᠢ ᠵᠠᠰᠠᠨ ᠰᠡᠷᠬᠦᠭᠡᠵᠤ ᠳᠡᠶᠢᠯᠬᠦ ᠦᠭᠡᠢ ᠪᠤᠯᠤᠭᠰᠠᠨ ᠪᠤᠯ ᠵᠤᠭᠤᠰ ᠮᠦᠩᠭᠦᠨ ᠤ ᠲᠦᠯᠦᠪᠦᠷᠢ ᠠᠪᠴᠤ᠂ ᠤᠷᠤᠯᠠᠵᠤ ᠵᠠᠰᠠᠨ ᠰᠡᠷᠬᠦᠭᠡᠬᠦ ᠳᠤ ᠭᠡᠷᠡᠭᠯᠡᠨ᠎ᠠ᠃ ᠲᠦᠯᠦᠪᠦᠷᠢ ᠦᠭᠬᠦ ᠡᠭᠦᠷᠭᠡᠳᠤ ᠬᠦᠮᠦᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠪᠤᠯᠵᠤ ᠵᠠᠰᠠᠬ ᠵᠠᠬᠢᠷᠭᠠᠨ ᠤ ᠬᠠᠷᠢᠭᠤᠴᠠᠯᠭ᠎ᠠ ᠪᠠ ᠡᠷᠡᠬᠦᠦ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ ᠪᠤᠯᠤᠭᠰᠠᠨ ᠨᠢ ᠲᠡᠭᠦᠨ ᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠶᠢᠨ ᠲᠦᠯᠦᠪᠦᠷᠢ ᠦᠭᠬᠦ ᠬᠠᠤᠯᠢ ᠶᠤᠰᠤᠨ ᠤ ᠬᠠᠷᠢᠭᠤᠴᠠᠯᠭ᠎ᠠ ᠪᠠᠨ ᠡᠭᠦᠷᠭᠡᠯᠡᠬᠦ ᠶᠢ ᠨᠦᠯᠦᠬᠡᠯᠡᠬᠦ ᠦᠭᠡᠢ᠃

  — ᠰᠠᠨᠠᠭᠠᠴᠢᠯᠠᠭ᠎ᠠ ᠠᠴᠠ ᠪᠠᠨ ᠵᠦᠪᠳᠡᠯᠴᠡᠵᠦ᠂ ᠬᠠᠤᠯᠢ ᠴᠠᠭᠠᠵᠠ ᠪᠠᠷ ᠪᠠᠳᠤᠯᠠᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠡᠬᠦᠰᠦᠭᠰᠡᠨ ᠤ ᠳᠠᠷᠠᠭ᠎ᠠ᠂ ᠲᠦᠯᠦᠪᠦᠷᠢ ᠠᠪᠬᠤ ᠡᠷᠭᠡᠳᠦ ᠬᠦᠮᠦᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠪᠠᠶᠢᠳᠠᠯ ᠤᠨ ᠪᠠᠶᠢᠴᠠᠭᠠᠯᠳᠠ ᠬᠢᠬᠦ᠂ ᠬᠢᠨᠠᠨ ᠲᠤᠭᠳᠠᠭᠠᠵᠦ ᠦᠨᠡᠯᠡᠬᠦ᠂ ᠵᠠᠰᠠᠨ ᠰᠡᠷᠬᠦᠭᠡᠬᠦ ᠲᠦᠰᠦᠯ ᠢ ᠨᠠᠶᠢᠷᠠᠭᠤᠯᠤᠨ ᠲᠤᠭᠤᠷᠪᠢᠬᠤ ᠵᠡᠷᠭᠡ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠰᠠᠨᠠᠭᠠᠴᠢᠯᠠᠭ᠎ᠠ ᠠᠴᠠ ᠪᠠᠨ ᠲᠦᠯᠦᠪᠦᠷᠢ ᠦᠭᠬᠦ ᠡᠬᠦᠷᠭᠡᠳᠦ ᠬᠦᠮᠦᠨ ᠲᠠᠢ ᠵᠦᠪᠳᠡᠯᠴᠡᠨ᠎ᠠ᠃ ᠵᠦᠪᠳᠡᠯᠴᠡᠭᠡᠳ ᠰᠠᠨᠠᠯ ᠨᠢᠭᠡᠳᠴᠦ ᠴᠢᠳᠠᠬᠰᠠᠨ ᠦᠭᠡᠢ ᠪᠤᠯ ᠲᠦᠯᠦᠪᠦᠷᠢ ᠠᠪᠬᠤ ᠡᠷᠭᠡᠳᠦ ᠬᠦᠮᠦᠨ ᠬᠠᠤᠯᠢ ᠶᠤᠰᠤᠭᠠᠷ ᠵᠠᠭᠠᠯᠳᠤᠯᠭ᠎ᠠ ᠬᠢᠵᠦ ᠪᠤᠯᠤᠨ᠎ᠠ᠃

  — ᠮᠡᠳᠡᠭᠡ ᠵᠠᠩᠬᠢ ᠶᠢ ᠬᠠᠮᠳᠤᠪᠡᠷ ᠡᠳ᠋ᠯᠡᠵᠦ᠂ ᠤᠯᠠᠨ ᠲᠦᠮᠡᠨ ᠠᠴᠠ ᠬᠢᠨᠠᠯᠳᠠ ᠲᠠᠯᠪᠢᠨ᠎ᠠ᠃ ᠮᠡᠳᠡᠭᠡ ᠵᠠᠩᠬᠢ ᠶᠢ ᠢᠯᠡ ᠨᠡᠶᠢᠳᠡᠯᠡᠬᠦ ᠳᠦᠷᠢᠮ ᠢ ᠭᠡᠷᠡᠭᠵᠢᠬᠦᠯᠵᠦ᠂ ᠵᠠᠰᠠᠭ ᠤᠨ ᠤᠷᠳᠤᠨ ᠵᠢᠴᠢ ᠲᠡᠬᠦᠨ ᠤ ᠡᠬᠦᠷᠭᠡ ᠴᠢᠳᠠᠪᠬᠢᠳᠦ ᠰᠠᠯᠠᠭ᠎ᠠ ᠮᠦᠴᠢᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠤᠭᠰᠠᠨ ᠮᠡᠳᠡᠭᠡ ᠵᠠᠩᠬᠢ ᠶᠢ ᠬᠠᠮᠳᠤᠪᠡᠷ ᠡᠳ᠋ᠯᠡᠬᠦ ᠶᠢ ᠠᠬᠢᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠪᠠᠶᠢᠳᠠᠯ ᠤᠨ ᠪᠠᠶᠢᠴᠠᠭᠠᠯᠳᠠ ᠬᠢᠬᠦ᠂ ᠬᠢᠨᠡᠨ ᠲᠤᠭᠳᠠᠭᠠᠵᠦ ᠦᠨᠡᠯᠡᠬᠦ᠂ ᠵᠠᠰᠠᠨ ᠰᠡᠷᠬᠦᠭᠡᠬᠦ ᠲᠦᠰᠦᠯ ᠢ ᠨᠠᠶᠢᠷᠠᠭᠤᠯᠤᠨ ᠲᠤᠭᠤᠷᠪᠢᠬᠤ ᠵᠡᠷᠭᠡ ᠠᠵᠢᠯ ᠳᠤᠮᠳᠠ ᠤᠯᠠᠨ ᠨᠡᠶᠢᠳᠡ ᠶᠢᠨ ᠠᠰᠢᠬ ᠲᠤᠰᠠ ᠳᠤ ᠬᠤᠯᠪᠤᠭᠳᠠᠭᠰᠠᠨ ᠴᠢᠬᠤᠯᠠ ᠶᠡᠭᠡ ᠭᠡᠷᠡᠭ ᠢ ᠨᠡᠶᠢᠭᠡᠮ ᠳᠤ ᠢᠯᠡ ᠨᠡᠶᠢᠳᠡᠯᠡᠬᠦ ᠶᠢᠨ ᠬᠠᠮᠳᠦ ᠲᠤᠰᠬᠠᠢ ᠮᠡᠷᠭᠡᠵᠢᠯᠳᠠᠨ ᠪᠠ ᠠᠰᠢᠬ ᠲᠤᠰᠠ ᠶᠢᠨ ᠬᠤᠯᠪᠤᠭ᠎ᠠ ᠲᠠᠢ ᠠᠷᠠᠳ ᠢᠷᠭᠡᠨ᠂ ᠬᠠᠤᠯᠢ ᠶᠢᠨ ᠡᠷᠭᠡᠳᠡᠨ ᠵᠢᠴᠢ ᠪᠤᠰᠤᠳ ᠵᠤᠬᠢᠶᠠᠨ ᠪᠠᠶᠢᠭᠤᠯᠤᠯᠳᠠ ᠶᠢ ᠤᠷᠢᠵᠦ ᠤᠷᠤᠯᠴᠠᠭᠤᠯᠪᠠᠯ ᠵᠤᠬᠢᠨ᠎ᠠ᠃

  ᠭᠤᠷᠪᠠ᠂ ᠲᠤᠬᠢᠷᠠᠬᠤ ᠬᠦᠷᠢᠶ᠎ᠠ ᠬᠡᠪᠴᠢᠶ᠎ᠠ

  ᠲᠤᠰ ᠲᠦᠰᠦᠯ ᠳᠤ ᠲᠤᠷᠠᠳᠤᠭᠰᠠᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠭᠡᠳᠡᠭ ᠨᠢ ᠤᠷᠴᠢᠨ ᠲᠤᠭᠤᠷᠢᠨ ᠢ ᠪᠤᠬᠢᠷᠳᠤᠭᠤᠯᠵᠤ᠂ ᠠᠮᠢ ᠠᠬᠤᠢ ᠶᠢ ᠡᠪᠳᠡᠭᠰᠡᠨ ᠠᠴᠠ ᠪᠤᠯᠵᠤ ᠠᠭᠠᠷ ᠮᠠᠨᠳᠠᠯ᠂ ᠭᠠᠵᠠᠷ ᠤᠨ ᠭᠠᠳᠠᠷᠭᠤ ᠶᠢᠨ ᠤᠰᠤ᠂ ᠭᠠᠵᠠᠷ ᠲᠤᠤᠷᠠᠬᠢ ᠤᠰᠤ᠂ ᠬᠦᠷᠦᠰᠦ ᠰᠢᠷᠤᠢ᠂ ᠤᠢ ᠰᠢᠭᠤᠢ ᠵᠡᠷᠭᠡ ᠤᠷᠴᠢᠨ ᠲᠤᠭᠤᠷᠢᠨ ᠤ ᠴᠢᠬᠤᠯᠠ ᠡᠯᠧᠮᠧᠨ᠋ᠲ ᠪᠠ ᠤᠷᠭᠤᠮᠠᠯ᠂ ᠠᠮᠢᠳᠠᠨ᠂ ᠪᠢᠴᠢᠯ ᠠᠮᠢᠳᠤ ᠪᠤᠳᠠᠰ ᠵᠡᠷᠭᠡ ᠠᠮᠢᠳᠤ ᠪᠤᠳᠠᠰ ᠤᠨ ᠴᠢᠬᠤᠯᠠ ᠡᠯᠧᠮᠧᠨ᠋ᠲ ᠲᠤ ᠠᠰᠢᠬ ᠦᠭᠡᠢ ᠬᠤᠪᠢᠷᠠᠯᠳᠠ ᠶᠢ ᠡᠭᠦᠰᠭᠡᠭᠰᠡᠨ ᠵᠢᠴᠢ ᠳᠡᠭᠡᠷ᠎ᠠ ᠳᠤᠷᠠᠳᠤᠭᠰᠠᠨ ᠴᠢᠬᠤᠯᠠ ᠡᠯᠧᠮᠧᠨ᠋ᠲ ᠠᠴᠠ ᠪᠦᠷᠢᠯᠳᠦᠭᠰᠡᠨ ᠠᠮᠢ ᠠᠬᠤᠢ ᠶᠢᠨ ᠰᠢᠰᠲ᠋ᠧᠮ ᠤᠨ ᠴᠢᠳᠠᠪᠬᠢ ᠶᠢ ᠮᠠᠭᠤᠳᠠᠭᠤᠯᠤᠭᠰᠠᠨ ᠢ ᠵᠢᠭᠠᠨ᠎ᠠ᠃

  (ᠨᠢᠭᠡ) ᠲᠤᠤᠷᠠᠬᠢ ᠪᠠᠶᠢᠲᠠᠯ ᠤᠨ ᠨᠢᠭᠡ ᠨᠢ ᠪᠠᠶᠢᠪᠠᠯ᠂ ᠲᠦᠰᠦᠯ ᠤᠨ ᠱᠠᠭᠠᠷᠲᠠᠯᠭ᠎ᠠ ᠶᠤᠰᠤᠭᠠᠷ ᠬᠠᠤᠯᠢ ᠶᠤᠰᠤᠭᠠᠷ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠦᠷᠢ ᠡᠪᠬᠤ ᠬᠠᠷᠢᠭᠤᠴᠠᠯᠭ᠎ᠠ ᠨᠡᠭᠡᠮᠵᠢᠯᠡᠨ᠎ᠠ᠄

  1. ᠨᠡᠯᠢᠶᠡᠳ ᠶᠡᠭᠡ ᠵᠢᠴᠢ ᠨᠡᠩ ᠶᠡᠭᠡ ᠭᠡᠨᠡᠳᠲᠡ ᠪᠠᠷ ᠡᠭᠦᠰᠦᠭᠰᠡᠡ ᠤᠷᠴᠢᠨ ᠲᠤᠭᠤᠷᠢᠨ ᠤ ᠭᠡᠷᠡᠭ︔

  2. ᠤᠯᠤᠰ ᠪᠠ ᠮᠤᠵᠢ ᠶᠢᠨ ᠱᠠᠲᠤᠨ ᠤ ᠭᠤᠤᠯ ᠴᠤᠭᠴᠠ ᠶᠢᠨ ᠴᠢᠲᠠᠪᠬᠢᠳᠤ ᠤᠷᠤᠨ ᠤ ᠲᠦᠯᠦᠪᠵᠢᠭᠦᠯᠭᠡ ᠳᠤ ᠵᠢᠷᠤᠵᠤ ᠲᠤᠭᠲᠠᠭᠠᠭᠰᠠᠠ ᠭᠤᠤᠯᠲᠠᠯᠭ᠎ᠠ ᠲᠠᠢ ᠠᠮᠢ ᠠᠬᠤᠢ ᠶᠢᠨ ᠴᠢᠲᠠᠪᠬᠢᠳᠤ ᠤᠷᠤᠨ᠂ ᠨᠡᠭᠡᠭᠡᠡ ᠬᠦᠭᠵᠢᠭᠦᠯᠬᠦ ᠶᠢ ᠴᠠᠭᠠᠵᠠᠯᠠᠵᠦ ᠪᠠᠶᠢᠭ᠎ᠠ ᠤᠷᠤᠨ ᠳᠤ ᠡᠬᠦᠰᠦᠭᠰᠡᠡ ᠤᠷᠴᠢᠨ ᠲᠤᠭᠤᠷᠢᠨ ᠢ ᠪᠤᠬᠢᠷᠲᠤᠭᠤᠯᠵᠦ᠂ ᠠᠮᠢ ᠠᠬᠤᠢ ᠶᠢ ᠡᠪᠲᠡᠭᠰᠡᠡ ᠭᠡᠷᠡᠭ︔

  3. ᠠᠮᠢ ᠠᠬᠤᠢ ᠶᠢᠨ ᠤᠷᠴᠢᠠ ᠲᠤᠭᠤᠷᠢᠨ ᠢ ᠬᠦᠨᠲᠦ ᠨᠤᠴᠢᠲᠠᠢ ᠨᠦᠯᠦᠭᠡᠯᠡᠭᠰᠡᠡ ᠦᠷ᠎ᠠ ᠳ᠋ᠦᠩ ᠲᠠᠢ ᠪᠤᠰᠤᠳ ᠭᠡᠷᠡᠭ᠃ ᠡᠯ᠎ᠠ ᠭᠠᠵᠠᠷ ᠤᠷᠤᠨ ᠤ ᠬᠢᠨ ᠪᠤᠲᠠᠲᠤ ᠪᠠᠶᠢᠲᠠᠯ  ᠎ ᠢᠶᠠᠨ ᠦᠨᠲᠦᠰᠦᠯᠡᠨ ᠤᠷᠴᠢᠨ ᠲᠤᠭᠤᠷᠢᠨ ᠢ ᠪᠤᠬᠢᠷᠲᠤᠭᠤᠯᠤᠭᠰᠠᠠ᠂ ᠠᠮᠢ ᠠᠬᠤᠢ ᠶᠢ ᠡᠪᠲᠡᠭᠰᠡᠡ ᠬᠡᠮᠵᠢᠶ᠎ᠠ ᠵᠢᠴᠢ ᠨᠡᠶᠢᠭᠡᠮ ᠳᠤ ᠦᠵᠡᠭᠦᠯᠦᠭᠰᠡᠡ ᠨᠦᠯᠦᠭᠡ ᠵᠡᠷᠭᠡ ᠡᠯᠧᠮᠧᠨ᠋ᠲ ᠢ ᠶᠡᠷᠦᠩᠭᠡᠶᠢᠯᠡᠡ ᠪᠤᠲᠤᠯᠬᠢᠯᠠᠵᠦ᠂ ᠪᠤᠲᠠᠲᠠᠢ ᠪᠠᠶᠢᠲᠠᠯ ᠢ ᠲᠤᠭᠲᠠᠭᠠᠬᠤ ᠭᠡᠷᠡᠭᠲᠡᠢ᠃

  (ᠬᠤᠶᠠᠷ) ᠲᠤᠤᠷᠠᠬᠢ ᠪᠠᠶᠢᠲᠠᠯ ᠳᠤ ᠲᠤᠰ ᠲᠦᠰᠦᠯ ᠢ ᠭᠡᠷᠡᠭᠵᠢᠭᠦᠯᠬᠦ ᠦᠭᠡᠢ᠄

  1. ᠬᠦᠮᠦᠨ ᠤ ᠪᠡᠶ᠎ᠡ ᠶᠢ ᠬᠦᠨᠦᠭᠡᠭᠰᠡᠨ᠂ ᠬᠤᠪᠢ ᠬᠦᠮᠦᠨ ᠪᠤᠯᠤᠨ ᠬᠠᠮᠳᠤ ᠨᠡᠶᠢᠲᠡ ᠶᠢᠨ ᠡᠳ᠋ ᠬᠦᠷᠦᠩᠭᠡ ᠶᠢ ᠬᠤᠬᠢᠷᠠᠭᠤᠯᠤᠭᠰᠠᠠ ᠳᠤ ᠬᠤᠯᠪᠤᠭᠲᠠᠵᠦ ᠲᠦᠯᠦᠪᠦᠷᠢ ᠠᠪᠬᠤ ᠪᠠᠷ ᠱᠠᠭᠠᠷᠲᠠᠭᠰᠠᠠ ᠪᠠᠶᠢᠪᠠᠯ ᠡᠷᠭᠡ ᠳᠤ ᠬᠠᠯᠲᠠᠭᠰᠠᠠ ᠬᠠᠷᠢᠭᠤᠴᠠᠯᠭ᠎ᠠ ᠶᠢᠨ ᠬᠠᠣᠯᠢ ᠵᠡᠷᠭᠡ ᠬᠠᠤᠯᠢ ᠴᠠᠭᠠᠵᠠ ᠶᠢᠨ ᠲᠤᠭᠲᠠᠭᠠᠯ ᠢ ᠬᠡᠷᠡᠭᠵᠢᠭᠦᠯᠦᠨ᠎ᠠ︔

  2. ᠲᠠᠯᠠᠢ ᠲᠠᠩᠭᠢᠰ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠠ ᠳᠤ ᠬᠤᠯᠪᠤᠭᠲᠠᠵᠦ ᠲᠦᠯᠦᠪᠦᠷᠢ ᠠᠪᠬᠤ ᠪᠠᠷ ᠪᠤᠯᠤᠬᠰᠠᠨ ᠪᠠᠶᠢᠪᠠᠯ ᠲᠠᠯᠠᠢ ᠲᠠᠩᠭᠢᠰ ᠤᠨ ᠤᠷᠴᠢᠨ ᠲᠤᠭᠤᠷᠢᠠ ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠵᠢᠴᠢ ᠬᠤᠯᠪᠤᠭᠲᠠᠯ ᠪᠦᠬᠦᠢ ᠲᠤᠭᠲᠠᠭᠠᠯ ᠢ ᠬᠡᠷᠡᠭᠵᠢᠭᠦᠯᠦᠨ᠎ᠠ᠃

  ᠲᠦᠷᠪᠡ᠂ ᠠᠵᠢᠯ ᠤᠨ ᠠᠭᠤᠯᠭ᠎ᠠ

  (ᠨᠢᠭᠡ) ᠲᠦᠯᠦᠪᠦᠷᠢ ᠠᠪᠬᠤ ᠬᠦᠷᠢᠶ᠎ᠠ ᠬᠡᠪᠴᠢᠶ᠎ᠠ ᠶᠢ ᠲᠤᠲᠤᠷᠬᠠᠢᠢᠯᠠᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠲᠦᠯᠦᠪᠦᠷᠢ ᠶᠢᠨ ᠬᠦᠷᠢᠶ᠎ᠠ ᠬᠡᠪᠴᠢᠶᠠᠠ ᠳᠤ ᠪᠤᠬᠢᠷᠲᠤᠯ ᠢ ᠠᠷᠢᠯᠭᠠᠬᠤ ᠵᠠᠷᠤᠲᠠᠯ᠂ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠬᠦ ᠵᠠᠷᠤᠲᠠᠯ᠂ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠬᠦ ᠬᠤᠭᠤᠴᠠᠭᠠᠠ ᠤ ᠦᠢᠯᠡᠴᠢᠯᠡᠭᠡᠨ ᠤ ᠴᠢᠲᠠᠪᠬᠢ ᠶᠢᠨ ᠬᠤᠬᠢᠷᠠᠯ᠂ ᠠᠮᠢ ᠠᠬᠤᠢ ᠶᠢᠨ ᠤᠷᠴᠢᠨ ᠲᠤᠭᠤᠷᠢᠨ ᠤ ᠴᠢᠳᠠᠪᠬᠢ ᠶᠢ ᠦᠨᠢᠲᠠ ᠶᠢᠨ ᠴᠢᠨᠠᠷᠲᠠᠢ ᠡᠪᠲᠡᠵᠤ ᠬᠤᠬᠢᠷᠠᠭᠤᠯᠤᠭᠰᠠᠠ ᠠᠴᠠ ᠪᠤᠯᠤᠬᠰᠠᠨ ᠬᠤᠬᠢᠷᠠᠯ ᠵᠢᠴᠢ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠲᠦᠯᠦᠪᠦᠷᠢ ᠶᠢᠨ ᠪᠠᠶᠢᠴᠠᠭᠠᠯᠳᠠ ᠬᠢᠬᠦ᠂ ᠬᠢᠨᠠᠨ ᠲᠤᠭᠲᠠᠭᠠᠵᠦ ᠦᠨᠡᠯᠡᠬᠦ ᠵᠡᠷᠭᠡ ᠵᠦᠢ ᠵᠤᠬᠢᠰᠲᠠᠢ ᠵᠠᠷᠤᠲᠠᠯ ᠪᠠᠭᠲᠠᠨ᠎ᠠ᠃ ᠡᠯ᠎ᠠ ᠭᠠᠵᠠᠷ ᠤᠷᠤᠨ ᠤ ᠬᠢᠨ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠠ ᠲᠦᠯᠦᠪᠦᠷᠢ ᠶᠢᠨ ᠠᠵᠢᠯ ᠤᠨ ᠠᠬᠢᠴᠠ ᠶᠢᠨ ᠪᠠᠶᠢᠲᠠᠯ ᠪᠤᠯᠤᠨ ᠭᠡᠷᠡᠭᠴᠡᠭᠡ ᠶᠢ ᠦᠨᠲᠦᠰᠦᠯᠡᠵᠦ᠂ ᠲᠦᠯᠦᠪᠦᠷᠢ ᠶᠢᠨ ᠬᠦᠷᠢᠶ᠎ᠠ ᠬᠡᠪᠴᠢᠶ᠎ᠠ ᠶᠢ ᠨᠠᠷᠢᠯᠢᠬᠵᠢᠭᠤᠯᠬᠤ ᠰᠠᠨᠠᠭᠤᠯᠭ᠎ᠠ ᠲᠤᠷᠠᠳᠴᠤ ᠪᠤᠯᠤᠨ᠎ᠠ᠃ ᠡᠯ᠎ᠠ ᠭᠠᠵᠠᠷ ᠤᠷᠤᠨ ᠤ ᠬᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠲᠦᠯᠦᠪᠦᠷᠢ ᠳᠤ ᠰᠦᠪᠡᠭᠴᠢᠯᠡᠯᠳᠡ ᠶᠢᠨ ᠴᠢᠨᠠᠷᠲᠠᠢ ᠰᠤᠲᠤᠯᠭᠠᠠ ᠪᠠ ᠦᠢᠯᠡᠲᠦᠯᠭᠡ ᠦᠷᠨᠢᠭᠦᠯᠬᠦ ᠶᠢ ᠵᠤᠷᠢᠠᠠᠵᠢᠭᠤᠯᠤᠨ᠎ᠠ᠃

  (ᠬᠤᠶᠠᠷ) ᠲᠦᠯᠦᠪᠦᠷᠢ ᠦᠭᠬᠦ ᠡᠭᠦᠷᠭᠡᠳᠦ ᠬᠦᠮᠦᠨ ᠢ ᠲᠤᠲᠤᠷᠬᠠᠢᠢᠯᠠᠨ᠎ᠠ᠃ ᠬᠠᠤᠯᠢ ᠴᠠᠭᠠᠵᠠ ᠬᠠᠤᠯᠢ ᠲᠤᠭᠲᠠᠭᠠᠯ ᠢ ᠵᠦᠷᠢᠴᠡᠨ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠪᠠᠶᠢᠭᠤᠯᠤᠯᠭ᠎ᠠ ᠨᠢᠭᠡᠴᠡ ᠪᠤᠶᠤ ᠬᠤᠪᠢ ᠬᠦᠮᠦᠨ ᠨᠢ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠪᠤᠯᠤᠭᠰᠠᠨ ᠲᠦᠯᠦᠪᠦᠷᠢ ᠦᠭᠬᠦ ᠬᠠᠷᠢᠭᠤᠴᠠᠯᠭ᠎ᠠ ᠪᠠᠨ ᠡᠬᠦᠷᠭᠡᠯᠡᠵᠤ᠂ ᠲᠦᠯᠦᠪᠦᠷᠢ ᠦᠭᠪᠠᠯ ᠵᠤᠬᠢᠬᠤ ᠵᠦᠢᠯ ᠳᠤ ᠴᠦᠮ ᠲᠦᠯᠦᠪᠦᠷᠢ ᠦᠭᠬᠦ ᠬᠡᠷᠡᠭᠲᠡᠢ᠃ ᠤᠲᠤ ᠶᠢᠨ ᠭᠡᠷᠡᠭᠵᠢᠭᠦᠯᠵᠦ ᠪᠠᠶᠢᠭ᠎ᠠ ᠢᠷᠭᠡᠡ ᠤ ᠭᠡᠷᠡᠭ ᠤᠨ ᠬᠠᠤᠯᠢ ᠴᠠᠭᠠᠵᠠ ᠪᠤᠯᠤᠨ ᠡᠬᠢ ᠪᠠᠶᠠᠯᠢᠭ ᠤᠷᠴᠢᠨ ᠲᠤᠭᠤᠷᠢᠨ ᠢ ᠬᠠᠨᠮᠭᠠᠯᠠᠬᠤ ᠬᠠᠤᠯᠢ ᠴᠠᠭᠠᠵᠠ ᠳᠤ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠪᠤᠯᠤᠭᠰᠠᠨ ᠲᠦᠯᠦᠪᠦᠷᠢ ᠦᠭᠬᠦ ᠬᠠᠷᠢᠭᠤᠴᠠᠯᠭ᠎ᠠ ᠶᠢ ᠭᠡᠯᠲᠦᠷᠢᠭᠦᠯᠬᠦ ᠪᠤᠶᠤ ᠬᠦᠩᠭᠡᠷᠡᠭᠦᠯᠬᠦ ᠬᠠᠮᠢᠶ᠎ᠠ ᠪᠦᠬᠦᠢ ᠲᠤᠭᠲᠠᠭᠠᠯ ᠪᠠᠶᠢᠪᠠᠯ ᠲᠡᠷᠡ ᠲᠤᠭᠲᠠᠭᠠᠯ ᠶᠤᠰᠤᠭᠠᠷ ᠭᠡᠷᠡᠭᠵᠢᠭᠦᠯᠦᠨ᠎ᠠ᠃ ᠡᠯ᠎ᠠ ᠭᠠᠵᠠᠷ ᠤᠷᠤᠨ ᠤ ᠬᠢᠨ ᠬᠡᠷᠡᠭᠴᠡᠭᠡ ᠪᠠᠨ ᠦᠨᠳᠦᠰᠦᠯᠡᠨ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠳᠤ ᠲᠦᠯᠦᠪᠦᠷᠢ ᠦᠭᠬᠦ ᠡᠭᠦᠷᠭᠡᠳᠦ ᠬᠦᠮᠦᠨ ᠤ ᠬᠦᠷᠢᠶ᠎ᠠ ᠬᠡᠪᠴᠢᠶ᠎ᠠ ᠶᠢ ᠦᠷᠭᠡᠳᠭᠡᠵᠦ᠂ ᠬᠤᠯᠪᠤᠭᠲᠠᠯ ᠪᠦᠬᠦᠢ ᠬᠠᠤᠯᠢ ᠲᠤᠭᠲᠠᠭᠠᠬᠤ ᠰᠠᠨᠠᠭᠤᠯᠭ᠎ᠠ ᠲᠤᠷᠠᠳᠴᠤ ᠪᠤᠯᠤᠨ᠎ᠠ᠃

  (ᠭᠤᠷᠪᠠ) ᠲᠦᠯᠦᠪᠦᠷᠢ ᠠᠪᠬᠤ ᠡᠷᠭᠡᠲᠦ ᠬᠦᠮᠦᠨ ᠢ ᠲᠤᠲᠤᠷᠬᠠᠢᠢᠯᠠᠨ᠎ᠠ᠃ ᠲᠦᠷᠦ ᠶᠢᠨ ᠶᠠᠪᠤᠲᠠᠯ ᠤᠨ ᠬᠤᠷᠢᠶ᠎ᠠ ᠠᠴᠠ ᠮᠤᠵᠢ ᠶᠢᠨ ᠱᠠᠲᠤ᠂ ᠬᠤᠲᠠ ᠲᠤᠰᠬᠠᠢ ᠤᠷᠤᠨ ᠤ ᠱᠠᠲᠤᠨ ᠤ ᠵᠠᠰᠠᠭ ᠤᠨ ᠤᠷᠲᠤᠨ (ᠰᠢᠭᠤᠳ ᠬᠠᠷᠢᠶ᠎ᠠ ᠬᠤᠲᠠ ᠳᠤ ᠬᠠᠷᠢᠶᠠᠯᠠᠭᠲᠠᠬᠤ ᠲᠤᠭᠤᠷᠢᠭ ᠰᠢᠶᠠᠠ ᠤ ᠱᠠᠲᠤ ᠶᠢᠨ ᠵᠠᠰᠠᠭ ᠤᠨ ᠤᠷᠲᠤᠨ ᠪᠠᠭᠲᠠᠨ᠎ᠠ᠂ ᠲᠤᠷᠤᠬᠰᠢ ᠠᠲᠠᠯᠢ) ᠎ ᠳᠤ ᠡᠷᠬᠡ ᠤᠯᠭᠤᠵᠤ ᠲᠤᠰ ᠵᠠᠰᠠᠭ ᠵᠠᠬᠢᠷᠭᠠᠠ ᠤ ᠤᠷᠤᠨ ᠤ ᠲᠤᠲᠤᠷᠠᠬᠢ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠤᠷᠢ ᠠᠪᠬᠤ ᠡᠷᠬᠡᠳᠦ ᠬᠦᠮᠦᠨ ᠪᠤᠯᠭᠠᠵᠠᠢ᠃ ᠮᠤᠵᠢ ᠶᠢᠨ ᠲᠤᠲᠤᠷᠠᠬᠢ ᠬᠤᠲᠠ ᠪᠤᠶᠤ ᠲᠤᠰᠬᠠᠢ ᠤᠷᠤᠨ ᠠᠯᠤᠰᠯᠠᠭᠰᠠᠠ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠨ ᠠᠵᠢᠯᠯᠠᠭ᠎ᠠ ᠶᠢ ᠮᠤᠵᠢ ᠶᠢᠨ ᠱᠠᠲᠤᠨ ᠤ ᠵᠠᠰᠠᠭ ᠤᠨ ᠤᠷᠲᠤᠨ ᠠᠴᠠ ᠬᠠᠮᠢᠶᠠᠷᠤᠨ᠎ᠠ︔ ᠪᠤᠰᠤᠳ ᠠᠵᠢᠯ ᠤᠨ ᠬᠦᠷᠢᠶ᠎ᠠ ᠬᠡᠪᠴᠢᠶᠡᠨ ᠤ ᠵᠠᠭᠠᠬ ᠬᠢᠵᠠᠭᠠᠷ ᠢ ᠮᠤᠵᠢ ᠶᠢᠨ ᠱᠠᠲᠤᠨ ᠤ ᠵᠠᠰᠠᠭ ᠤᠨ ᠤᠷᠲᠤᠨ ᠠᠴᠠ ᠲᠤᠰ ᠭᠠᠵᠠᠷ ᠤᠷᠤᠨ ᠤ ᠪᠠᠨ ᠪᠤᠲᠠᠲᠤ ᠪᠠᠶᠢᠲᠠᠯ ᠢᠶᠠᠨ ᠦᠨᠲᠦᠰᠦᠯᠡᠵᠦ ᠲᠤᠭᠲᠠᠭᠠᠨ᠎ᠠ᠃ ᠮᠤᠵᠢ ᠶᠢᠨ ᠱᠠᠲᠤ᠂ ᠬᠤᠲᠠ ᠪᠠ ᠲᠤᠰᠬᠠᠢ ᠤᠷᠤᠨ ᠤ ᠱᠠᠳᠤᠨ ᠤ ᠵᠠᠰᠠᠭ ᠤᠨ ᠤᠷᠲᠤᠨ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠶᠤ ᠪᠠᠶᠢᠭᠤᠯᠤᠮᠵᠢ ᠶᠢ ᠨᠡᠷ᠎ᠠ ᠵᠢᠭᠠᠵᠤ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠦᠷᠢ ᠠᠪᠬᠤ ᠪᠤᠲᠠᠲᠠᠢ ᠠᠵᠢᠯ ᠢ ᠬᠠᠷᠢᠭᠤᠴᠠᠭᠤᠯᠵᠤ ᠪᠤᠯᠤᠨ᠎ᠠ᠃ ᠮᠤᠵᠢ ᠶᠢᠨ ᠱᠠᠲᠤ᠂ ᠬᠤᠲᠠ ᠪᠠ ᠲᠤᠰᠬᠠᠢ ᠤᠷᠤᠨ ᠤ ᠱᠠᠳᠤᠨ ᠤ ᠵᠠᠰᠠᠭ ᠤᠨ ᠤᠷᠲᠤᠨ ᠵᠢᠴᠢ ᠲᠡᠳᠡᠨ ᠤ ᠨᠡᠷ᠎ᠠ ᠵᠢᠭᠠᠵᠤ ᠲᠤᠭᠲᠠᠭᠠᠭᠰᠠᠠ ᠰᠠᠯᠠᠭ᠎ᠠ ᠮᠦᠴᠢᠷ ᠪᠤᠶᠤ ᠪᠠᠶᠢᠭᠤᠯᠤᠮᠵᠢ ᠳᠤ ᠠᠯᠪᠠᠨ ᠵᠠᠭᠠᠯᠳᠤᠯᠭ᠎ᠠ ᠬᠢᠬᠦ ᠡᠷᠭᠡ ᠲᠠᠢ᠃ ᠮᠤᠵᠢ ᠠᠯᠤᠰᠯᠠᠭᠰᠠᠠ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠨ ᠠᠵᠢᠯᠯᠠᠭ᠎ᠠ ᠶᠢ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠭᠠᠵᠠᠷ ᠤᠨ ᠬᠤᠯᠪᠤᠭᠲᠠᠯ ᠪᠦᠬᠦᠢ ᠮᠤᠵᠢ ᠶᠢᠨ ᠱᠠᠲᠤᠨ ᠤ ᠵᠠᠰᠠᠭ ᠤᠨ ᠤᠷᠲᠤᠨ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠲᠦᠯᠦᠪᠦᠷᠢ ᠦᠭᠬᠦ ᠠᠵᠢᠯ ᠢ ᠵᠤᠬᠢᠴᠠᠭᠤᠯᠵᠤ ᠰᠢᠢᠳᠪᠤᠷᠢᠯᠡᠨ᠎ᠡ᠃

  ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠡᠳ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠲᠡᠷᠵᠢᠭᠦᠯᠬᠦ ᠲᠤᠷᠰᠢᠯᠲᠠ ᠶᠢᠨ ᠴᠢᠭ᠋ ᠤᠨ ᠤᠷᠤᠨ ᠳᠤ᠂ ᠨᠠᠶᠢᠲᠠᠯᠭ᠎ᠠ ᠶᠢ ᠬᠦᠯᠢᠶᠡᠭᠰᠡᠡ ᠮᠤᠵᠢ ᠶᠢᠨ ᠱᠠᠲᠤᠨ ᠤ ᠵᠠᠰᠠᠭ ᠤᠨ ᠤᠷᠲᠤᠨ ᠠᠴᠠ ᠪᠦᠬᠦ ᠠᠷᠠᠳ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ ᠬᠦᠷᠦᠩᠭᠡ ᠶᠢᠨ ᠦᠮᠴᠢᠯᠡᠬᠦ ᠡᠷᠬᠡᠳᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠵᠦ ᠪᠠᠶᠢᠭ᠎ᠠ ᠰᠠᠯᠠᠭ᠎ᠠ ᠮᠦᠴᠢᠷ ᠢᠶᠠᠷ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠦᠷᠢ ᠠᠪᠬᠤ ᠪᠤᠲᠠᠲᠠᠢ ᠠᠵᠢᠯ ᠢ ᠬᠠᠷᠢᠭᠤᠴᠠᠭᠤᠯᠬᠤ ᠪᠠᠷ ᠲᠤᠭᠲᠠᠭᠠᠵᠦ ᠪᠤᠯᠤᠨ᠎ᠠ︔ ᠲᠦᠷᠦ ᠶᠢᠨ ᠶᠠᠪᠤᠲᠠᠯ ᠤᠨ ᠬᠤᠷᠢᠶ᠎ᠠ ᠠᠴᠠ ᠪᠦᠬᠦ ᠠᠷᠠᠳ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠭᠡ ᠶᠢ ᠰᠢᠭᠤᠳ ᠭᠡᠷᠡᠭᠵᠢᠭᠦᠯᠵᠦ ᠪᠠᠶᠢᠪᠠᠯ᠂ ᠨᠠᠶᠢᠲᠠᠯᠭ᠎ᠠ ᠶᠢ ᠬᠦᠯᠢᠶᠡᠵᠦ ᠲᠤᠰ ᠦᠮᠴᠢᠯᠡᠬᠦ ᠡᠷᠭᠡ ᠶᠢ ᠤᠷᠤᠯᠠᠠ ᠭᠦᠢᠴᠡᠳᠭᠡᠵᠦ ᠪᠠᠶᠢᠭ᠎ᠠ ᠰᠠᠯᠠᠭ᠎ᠠ ᠮᠦᠴᠢᠷ ᠠᠴᠠ ᠲᠦᠯᠦᠪᠦᠷᠢ ᠠᠪᠬᠤ ᠡᠷᠭᠡᠲᠦ ᠬᠦᠮᠦᠨ ᠤ ᠬᠤᠪᠢ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠦᠷᠢ ᠠᠪᠬᠤ ᠠᠵᠢᠯ ᠢ ᠦᠷᠨᠢᠭᠦᠯᠦᠨ᠎ᠠ᠃

  ᠡᠯ᠎ᠠ ᠮᠤᠵᠢ (ᠦᠪᠡᠷᠲᠡᠭᠡᠡ ᠵᠠᠰᠬᠠᠤ ᠤᠷᠤᠨ᠂ ᠰᠢᠭᠤᠳ ᠬᠠᠷᠢᠶ᠎ᠠ ᠬᠤᠲᠠ)᠎ ᠶᠢᠨ ᠵᠠᠰᠠᠭ ᠤᠨ ᠤᠷᠲᠤᠨ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠦᠷᠢ ᠠᠪᠬᠤ ᠨᠦᠬᠦᠴᠡᠯ᠂ ᠬᠢᠨᠠᠨ ᠲᠤᠭᠲᠠᠭᠠᠵᠦ ᠦᠨᠡᠯᠡᠬᠦ ᠪᠠᠶᠢᠭᠤᠯᠤᠮᠵᠢ ᠶᠢ ᠰᠤᠩᠭᠤᠨ ᠲᠤᠭᠲᠠᠭᠠᠬᠤ ᠲᠡᠰ ᠲᠠᠷᠠᠭᠠᠯᠠᠯ᠂ ᠮᠡᠲᠡᠭᠡ ᠵᠠᠩᠭᠢ ᠶᠢ ᠢᠯᠡ ᠨᠡᠶᠢᠳᠡᠯᠡᠬᠦ ᠵᠡᠷᠭᠡ ᠠᠵᠢᠯ ᠤᠨ ᠲᠦᠷᠢᠮ ᠲᠤᠭᠲᠠᠭᠠᠯ ᠢ ᠲᠤᠭᠲᠠᠭᠠᠵᠦ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠷᠴᠢᠨ ᠲᠤᠭᠤᠷᠢᠨ ᠤ ᠬᠠᠮᠠᠭᠠᠯᠠᠯᠳᠠ᠂ ᠤᠷᠤᠨ ᠰᠠᠭᠤᠴᠠ ᠪᠠ ᠬᠤᠲᠠ ᠬᠦᠲᠡᠭᠡ ᠶᠢᠨ ᠪᠦᠲᠦᠭᠡᠡ ᠪᠠᠶᠢᠭᠤᠯᠤᠯᠲᠠ᠂ ᠤᠰᠤᠨ ᠠᠰᠢᠠᠠᠯᠠᠯᠲᠠ᠂ ᠬᠦᠲᠡᠭᠡ ᠠᠵᠦ ᠠᠬᠤᠢ᠂ ᠤᠢ ᠰᠢᠭᠤᠢ ᠵᠡᠷᠭᠡ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠲᠦᠯᠦᠪᠦᠷᠢ ᠠᠪᠬᠤ ᠠᠵᠢᠯ ᠦᠷᠨᠢᠭᠦᠯᠬᠦ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠳᠤᠷᠬᠠᠢᠢᠯᠠᠬᠤ ᠬᠡᠷᠡᠭᠳᠠᠢ᠃ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠠᠴᠠ ᠲᠦᠯᠦᠪᠦᠷᠢ ᠠᠪᠬᠤ ᠳᠤ ᠬᠢᠨᠠᠯᠲᠠ ᠲᠠᠯᠪᠢᠬᠤ ᠲᠤᠭᠲᠠᠴᠠ ᠶᠢ ᠪᠠᠶᠢᠭᠤᠯᠵᠦ᠂ ᠲᠦᠯᠦᠪᠦᠷᠢ ᠠᠪᠬᠤ ᠡᠷᠬᠡᠳᠤ ᠬᠦᠮᠦᠨ ᠵᠢᠴᠢ ᠲᠡᠳᠡᠨ ᠤ ᠨᠡᠷ᠎ᠠ ᠵᠢᠭᠠᠵᠤ ᠲᠤᠭᠲᠠᠭᠠᠭᠰᠠᠠ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠶᠤ ᠪᠠᠶᠢᠭᠤᠯᠤᠮᠵᠢ ᠶᠢᠨ ᠬᠠᠷᠢᠭᠤᠴᠠᠯᠭᠠᠲᠠᠠ᠂ ᠠᠵᠢᠯᠲᠠᠠ ᠨᠢ ᠲᠦᠯᠦᠪᠦᠷᠢ ᠠᠪᠬᠤ ᠠᠵᠢᠯ ᠲᠤᠮᠲᠠ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠵᠤ᠂ ᠲᠤᠰᠢᠶᠠᠯ ᠢᠶᠠᠨ ᠭᠤᠳᠤᠭᠠᠨ ᠬᠠᠷᠢᠭᠤᠴᠠᠯᠭ᠎ᠠ ᠪᠠᠨ ᠠᠯᠳᠠᠵᠤ᠂ ᠨᠢᠭᠤᠷ ᠲᠠᠯ᠎ᠠ ᠬᠠᠶᠠᠵᠤ ᠬᠤᠪᠢ ᠪᠠᠨ ᠪᠤᠷᠤᠯᠠᠭᠤᠯᠤᠭᠰᠠᠨ ᠠᠵᠢᠯᠯᠠᠭ᠎ᠠ ᠲᠠᠢ ᠪᠤᠯ ᠬᠠᠤᠯᠢ ᠴᠠᠭᠠᠵᠠ ᠰᠠᠬᠢᠯᠭ᠎ᠠ ᠪᠠᠳᠤ ᠶᠤᠰᠤᠭᠠᠷ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ︔ ᠶᠠᠯ᠎ᠠ ᠬᠢᠭᠰᠡᠨ ᠰᠡᠵᠢᠭ ᠲᠠᠢ ᠪᠤᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠳᠠᠢ᠃

  ᠠᠷᠠᠳ ᠢᠷᠭᠡᠨ᠂ ᠬᠠᠤᠯᠢ ᠶᠢᠨ ᠡᠷᠭᠡᠲᠡᠡ ᠪᠠ ᠪᠤᠰᠤᠳ ᠵᠤᠬᠢᠶᠠᠠ ᠪᠠᠶᠢᠭᠤᠯᠤᠯᠲᠠ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠲᠡᠵᠤ ᠬᠤᠬᠢᠷᠠᠭᠤᠯᠤᠭᠰᠠᠠ ᠠᠵᠢᠯᠯᠠᠭ᠎ᠠ ᠶᠢ ᠢᠯᠡᠴᠢᠯᠡᠡ ᠮᠡᠲᠡᠭᠦᠯᠵᠦ ᠲᠦᠯᠦᠪᠦᠷᠢ ᠠᠪᠬᠤ ᠱᠠᠭᠠᠷᠲᠠᠯᠭ᠎ᠠ ᠲᠤᠷᠠᠳᠤᠬᠰᠠᠨ ᠪᠠᠶᠢᠪᠠᠯ᠂ ᠲᠦᠯᠦᠪᠦᠷᠢ ᠠᠪᠬᠤ ᠡᠷᠬᠡᠳᠤ ᠬᠦᠮᠦᠨ ᠵᠢᠴᠢ ᠲᠡᠳᠡᠨ ᠤ ᠨᠡᠷ᠎ᠠ ᠵᠢᠭᠠᠵᠤ ᠲᠤᠭᠲᠠᠭᠠᠭᠰᠠᠠ ᠰᠠᠯᠠᠭ᠎ᠠ ᠮᠦᠴᠢᠷ ᠪᠤᠶᠤ ᠪᠠᠶᠢᠭᠤᠯᠤᠮᠵᠢ ᠴᠠᠭ ᠳᠠᠷᠤᠢ ᠳᠤᠨᠢ ᠰᠤᠲᠤᠯᠵᠤ ᠰᠢᠢᠳᠪᠦᠷᠢᠯᠡᠨ ᠬᠠᠷᠢᠭᠤᠯᠲᠠ ᠦᠭᠬᠦ ᠭᠡᠷᠡᠭᠲᠡᠢ᠃

  (ᠳᠦᠷᠪᠡ) ᠳᠦᠯᠦᠪᠤᠷᠢ ᠶᠢᠨ ᠵᠦᠪᠳᠡᠯᠴᠡᠭᠡ ᠬᠢᠨ᠎ᠠ᠃ ᠪᠠᠶᠢᠴᠠᠭᠠᠯᠳᠠ ᠪᠠᠷ ᠳᠠᠮᠵᠢᠨ ᠠᠮᠢ ᠠᠬᠤᠢ ᠶᠢᠨ ᠤᠷᠴᠢᠨ ᠳᠤᠭᠤᠷᠢᠨ ᠡᠪᠳᠡᠭᠳᠡᠬᠡᠳ ᠵᠠᠰᠠᠵᠦ ᠰᠡᠷᠬᠦᠬᠡᠬᠦ ᠪᠤᠶᠤ ᠳᠦᠯᠦᠪᠦᠷᠢ ᠠᠪᠬᠤ ᠴᠢᠬᠤᠯᠠᠳᠠᠢ ᠪᠠᠶᠢᠬᠤ ᠶᠢ ᠤᠯᠵᠤ ᠢᠯᠡᠷᠡᠬᠦᠯᠦᠭᠰᠡᠨ ᠪᠠᠶᠢᠪᠠᠯ᠂ ᠳᠦᠯᠦᠪᠤᠷᠢ ᠠᠪᠬᠤ ᠡᠷᠬᠡᠳᠤ ᠬᠦᠮᠦᠨ ᠨᠢ ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠢ ᠬᠢᠨᠠᠨ ᠳᠤᠬᠳᠠᠭᠠᠵᠦ ᠦᠨᠡᠯᠡᠯᠳᠡ ᠬᠢᠭᠰᠡᠨ ᠮᠡᠳᠡᠬᠦᠯᠦᠯᠳᠡ ᠶᠢ ᠦᠨᠳᠦᠰᠦᠯᠡᠨ᠂ ᠡᠪᠳᠡᠭᠳᠡᠭᠰᠡᠨ ᠪᠤᠳᠠᠳᠤ ᠶᠠᠪᠤᠳᠠᠯ ᠪᠤᠯᠤᠨ ᠬᠡᠮᠵᠢᠶ᠎ᠠ ᠬᠡᠪᠴᠢᠶ᠎ᠠ᠂ ᠵᠠᠰᠠᠵᠦ ᠰᠡᠷᠬᠦᠬᠡᠬᠦ ᠠᠵᠢᠯ ᠢ ᠡᠬᠢᠯᠡᠬᠦᠯᠬᠦ ᠴᠠᠬ ᠪᠤᠯᠤᠨ ᠬᠢᠵᠠᠭᠠᠷ ᠬᠤᠭᠤᠴᠠᠭ᠎ᠠ᠂ ᠳᠦᠯᠦᠪᠤᠷᠢ ᠶᠢᠨ ᠬᠠᠷᠢᠭᠤᠴᠠᠯᠭ᠎ᠠ ᠶᠢ ᠡᠬᠦᠷᠬᠡᠯᠡᠬᠦ ᠠᠷᠭ᠎ᠠ ᠬᠡᠯᠪᠡᠷᠢ ᠪᠤᠯᠤᠨ ᠬᠢᠵᠠᠭᠠᠷ ᠬᠤᠭᠤᠴᠠᠭ᠎ᠠ ᠵᠡᠷᠬᠡ ᠪᠤᠳᠠᠳᠤ ᠠᠰᠠᠭᠤᠳᠠᠯ ᠤᠨ ᠳᠠᠯ᠎ᠠ ᠪᠠᠷ ᠳᠦᠯᠦᠪᠤᠷᠢ ᠦᠭᠬᠦ ᠡᠭᠦᠷᠭᠡᠳᠦ ᠬᠦᠮᠦᠨ ᠯᠦᠭᠡ ᠵᠦᠪᠳᠡᠯᠴᠡᠭᠡ ᠬᠢᠵᠦ᠂ ᠵᠠᠰᠠᠵᠦ ᠰᠡᠷᠬᠦᠬᠡᠬᠦ ᠳᠦᠰᠦᠯ ᠮᠡᠷᠬᠡᠵᠢᠯ ᠤᠨ ᠶᠠᠪᠤᠬᠳᠠᠵᠦ ᠪᠤᠯᠬᠤᠢᠢᠴᠠ ᠴᠢᠨᠠᠷ᠂ ᠦᠪᠡᠷ ᠤᠨ ᠦᠷᠳᠡᠭ ᠤᠨ ᠦᠷ᠎ᠠ ᠠᠰᠢᠬ ᠢ ᠬᠠᠮᠤᠬ ᠠᠴᠠ ᠰᠢᠯᠢᠳᠡᠭᠵᠢᠬᠦᠯᠬᠦ᠂ ᠳᠦᠯᠦᠪᠤᠷᠢ ᠦᠭᠬᠦ ᠡᠭᠦᠷᠭᠡᠳᠦ ᠬᠦᠮᠦᠨ ᠤ ᠳᠦᠯᠦᠬᠦ ᠴᠢᠳᠠᠪᠤᠷᠢ᠂ ᠭᠤᠷᠪᠠᠳᠠᠬᠢ ᠳᠠᠯ᠎ᠠ ᠠᠴᠠ ᠵᠠᠰᠠᠯᠳᠠ ᠬᠢᠵᠦ ᠪᠤᠯᠬᠤᠢᠢᠴᠠ ᠴᠢᠨᠠᠷ ᠵᠡᠷᠬᠡ ᠪᠠᠶᠢᠳᠠᠯ ᠤᠳ ᠢ ᠨᠢᠬᠡᠳᠦᠯᠳᠡᠢ ᠳᠦᠯᠦᠪᠵᠢᠬᠦᠯᠦᠨ ᠪᠤᠳᠤᠯᠬᠢᠯᠠᠵᠦ᠂ ᠳᠦᠯᠦᠪᠤᠷᠢ ᠶᠢᠨ ᠵᠦᠪᠯᠡᠯᠴᠡᠬᠡᠷ ᠳᠤᠬᠢᠷᠠᠯᠴᠠᠨ᠎ᠠ᠃ ᠵᠦᠪᠳᠡᠯᠴᠡᠵᠦ ᠳᠤᠬᠢᠷᠠᠯᠴᠠᠬᠰᠠᠨ ᠳᠦᠯᠦᠪᠤᠷᠢ ᠶᠢᠨ ᠵᠦᠪᠯᠡᠯᠴᠡᠬᠡᠷ ᠢ ᠢᠷᠬᠡᠨ ᠤ ᠵᠠᠷᠭᠤ ᠶᠢᠨ ᠬᠠᠤᠯᠢ ᠶᠢᠨ ᠠᠷᠭ᠎ᠠ ᠶᠢ ᠦᠨᠳᠦᠰᠦᠯᠡᠨ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠯ ᠳᠡᠪᠰᠢᠬᠦᠯᠦᠬᠡᠳ ᠬᠠᠤᠯᠢ ᠴᠠᠭᠠᠵᠠ ᠶᠢᠨ ᠨᠤᠳᠠᠯᠠᠯᠳᠠ ᠬᠢᠯᠬᠡᠵᠦ ᠪᠤᠯᠤᠨ᠎ᠠ᠃ ᠬᠠᠤᠯᠢ ᠴᠠᠭᠠᠵᠠ ᠶᠢᠨ ᠨᠤᠳᠠᠯᠠᠯᠳᠠ ᠳᠠᠮᠵᠢᠬᠰᠠᠨ ᠳᠦᠯᠦᠪᠤᠷᠢ ᠶᠢᠨ ᠵᠦᠪᠯᠡᠯᠴᠡᠬᠡᠷ ᠢ ᠳᠦᠯᠦᠪᠦᠷᠢ ᠦᠭᠬᠦ ᠡᠭᠦᠷᠭᠡᠳᠤ ᠬᠦᠮᠦᠨ ᠨᠢ ᠬᠦᠢᠴᠡᠳᠬᠡᠬᠦ ᠦᠬᠡᠢ ᠪᠤᠶᠤ ᠬᠦᠢᠴᠡᠳ ᠬᠦᠢᠴᠡᠳᠬᠡᠬᠦ ᠦᠬᠡᠢ ᠪᠠᠶᠢᠪᠠᠯ᠂ ᠳᠦᠯᠦᠪᠦᠷᠢ ᠠᠪᠬᠤ ᠡᠷᠬᠡᠳᠤ ᠬᠦᠮᠦᠨ ᠵᠢᠴᠢ ᠲᠡᠳᠡᠨ ᠤ ᠵᠢᠭᠠᠨ ᠳᠤᠬᠳᠠᠭᠠᠬᠰᠠᠨ ᠰᠠᠯᠠᠭ᠎ᠠ ᠮᠦᠴᠢᠷ ᠪᠤᠶᠤ ᠪᠠᠶᠢᠭᠤᠯᠤᠮᠵᠢ ᠠᠴᠠ ᠠᠷᠠᠳ ᠤᠨ ᠰᠢᠬᠦᠬᠦ ᠬᠤᠷᠢᠶᠠᠨ ᠳᠤ ᠠᠯᠪᠠᠳᠠᠨ ᠬᠦᠢᠴᠡᠳᠬᠡᠬᠦ ᠭᠤᠶᠤᠴᠢᠯᠠᠯ ᠳᠠᠪᠰᠢᠬᠦᠯᠵᠦ ᠪᠤᠯᠤᠨ᠎ᠠ᠃ ᠵᠦᠪᠳᠡᠯᠴᠡᠬᠡᠳ ᠰᠠᠨᠠᠯ ᠨᠢᠬᠡᠳᠦᠭᠰᠡᠨ ᠦᠬᠡᠢ ᠪᠠᠶᠢᠪᠠᠯ᠂ ᠳᠦᠯᠦᠪᠤᠷᠢ ᠠᠪᠬᠤ ᠡᠷᠬᠡᠳᠤ ᠬᠦᠮᠦᠨ ᠵᠢᠴᠢ ᠲᠡᠳᠡᠨ ᠤ ᠵᠢᠭᠠᠨ ᠳᠤᠬᠳᠠᠭᠠᠬᠰᠠᠨ ᠰᠠᠯᠠᠭ᠎ᠠ ᠮᠦᠴᠢᠷ ᠪᠤᠶᠤ ᠪᠠᠶᠢᠭᠤᠯᠤᠮᠵᠢ ᠨᠢ ᠡᠷᠬᠡᠪᠰᠢ ᠴᠠᠬ ᠳᠤᠬᠠᠢ ᠳᠤᠨᠢ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠦᠷᠢ ᠠᠪᠬᠤ ᠢᠷᠬᠡᠨ ᠤ ᠬᠡᠷᠡᠭ ᠤᠨ ᠵᠠᠷᠭᠤ ᠳᠡᠪᠰᠢᠬᠦᠯᠬᠦ ᠬᠡᠷᠡᠭᠳᠡᠢ᠃

  (ᠳᠠᠪᠤ) ᠳᠦᠯᠦᠪᠦᠷᠢ ᠶᠢᠨ ᠵᠠᠷᠭᠤ ᠶᠢᠨ ᠳᠦᠷᠢᠮ ᠳᠤᠬᠳᠠᠭᠠᠯ ᠢ ᠳᠡᠬᠦᠯᠳᠡᠷᠵᠢᠬᠦᠯᠦᠨ᠎ᠠ᠃ ᠡᠯ᠎ᠠ ᠭᠠᠵᠠᠷ ᠤᠨ ᠠᠷᠠᠳ ᠤᠨ ᠰᠢᠬᠦᠬᠦ ᠬᠤᠷᠢᠶ᠎ᠠ ᠡᠷᠬᠡᠪᠰᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠳᠤᠬᠳᠠᠭᠠᠯ ᠢᠶᠠᠷ ᠤᠳᠤᠬᠢ ᠡᠬᠢ ᠪᠠᠶᠠᠯᠢᠬ ᠲᠠᠭᠠᠨ ᠳᠦᠰᠢᠭᠯᠡᠨ᠂ ᠤᠷᠴᠢᠨ ᠳᠤᠭᠤᠷᠢᠨ ᠤ ᠡᠬᠢ ᠪᠠᠶᠠᠯᠢᠬ ᠤᠨ ᠰᠢᠬᠦᠯᠳᠡ ᠶᠢᠨ ᠳᠢᠩᠬᠢᠮ ᠪᠤᠶᠤ ᠵᠢᠭᠠᠨ ᠳᠤᠬᠳᠠᠭᠠᠬᠰᠠᠨ ᠳᠤᠰᠬᠠᠢ ᠰᠢᠬᠦᠬᠦ ᠳᠢᠩᠬᠢᠮ ᠢᠶᠠᠷ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠤᠷᠢ ᠶᠢᠨ ᠢᠷᠬᠡᠨ ᠤ ᠬᠡᠷᠡᠭ ᠤᠨ ᠵᠠᠷᠭᠤ ᠶᠢ ᠰᠢᠬᠦᠨ ᠳᠠᠰᠤᠯᠬᠤ ᠬᠡᠷᠡᠭᠳᠡᠢ︔ ᠳᠦᠯᠦᠪᠦᠷᠢ ᠦᠭᠬᠦ ᠡᠭᠦᠷᠭᠡᠳᠦ ᠬᠦᠮᠦᠨ ᠤ ᠪᠠᠶᠠᠴᠢ ᠳᠠᠯ᠎ᠠ ᠶᠢᠨ ᠠᠯᠳᠠᠭ᠎ᠠ ᠪᠤᠷᠤᠭᠤ᠂ ᠡᠵᠡᠩᠨᠡᠯᠳᠡ ᠶᠢᠨ ᠪᠠᠶᠢᠳᠠᠯ ᠵᠡᠷᠬᠡ ᠬᠦᠴᠦᠨ ᠵᠦᠢᠯ ᠢ ᠦᠨᠳᠦᠰᠦᠯᠡᠨ ᠬᠤᠭᠤᠴᠠᠭ᠎ᠠ ᠬᠤᠪᠢᠶᠠᠨ ᠳᠦᠯᠦᠪᠦᠷᠢ ᠦᠭᠬᠦ ᠶᠢ ᠳᠤᠷᠰᠢᠨ ᠬᠡᠷᠡᠭᠯᠡᠵᠦ᠂ ᠤᠯᠠᠨ ᠶᠠᠩᠵᠦᠴᠢᠯᠠᠬᠰᠠᠨ ᠬᠠᠷᠢᠭᠤᠴᠠᠯᠭ᠎ᠠ ᠡᠬᠦᠷᠬᠡᠯᠡᠬᠦ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠬᠦ ᠬᠡᠷᠡᠭᠳᠡᠢ᠃

  ᠡᠯ᠎ᠠ ᠭᠠᠵᠠᠷ ᠤᠨ ᠠᠷᠠᠳ ᠤᠨ ᠰᠢᠬᠦᠬᠦ ᠬᠤᠷᠢᠶ᠎ᠠ ᠡᠷᠬᠡᠪᠰᠢ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠦᠷᠢ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠵᠠᠷᠭᠤ ᠠᠴᠠ ᠡᠮᠤᠨᠡᠬᠢ ᠬᠡᠷᠡᠴᠢ ᠪᠠᠷᠢᠮᠳᠠ ᠶᠢ ᠪᠦᠷᠢᠨ ᠬᠠᠳᠠᠭᠠᠯᠠᠬᠤ᠂ ᠤᠷᠢᠳᠠᠪᠠᠷ ᠬᠦᠢᠴᠡᠳᠬᠡᠬᠦ᠂ ᠬᠦᠢᠴᠡᠳᠬᠡᠬᠦ ᠳᠤ ᠬᠢᠨᠠᠯᠳᠠ ᠳᠠᠯᠪᠢᠬᠤ ᠵᠡᠷᠬᠡ ᠳᠦᠷᠢᠮ ᠢ ᠰᠤᠳᠤᠯᠬᠤ ᠬᠡᠷᠡᠭᠳᠡᠢ︔ ᠳᠤᠷᠰᠢᠨ ᠬᠡᠷᠡᠭᠵᠢᠬᠦᠯᠦᠭᠰᠡᠨ ᠪᠠᠶᠢᠳᠠᠯ ᠢ ᠦᠨᠳᠦᠰᠦᠯᠡᠨ᠂ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠦᠷᠢ ᠶᠢᠨ ᠵᠠᠷᠭᠤ ᠶᠢᠨ ᠬᠠᠮᠢᠶᠠᠳᠠᠢ ᠬᠠᠤᠯᠢ ᠳᠤᠬᠳᠠᠭᠠᠯᠳᠠ ᠬᠢᠬᠦ ᠪᠡ ᠬᠠᠤᠯᠢ ᠴᠠᠭᠠᠵᠠ ᠶᠢᠨ ᠳᠠᠶᠢᠯᠤᠮᠵᠢ ᠬᠢᠬᠦ ᠰᠠᠨᠠᠭᠤᠯᠭ᠎ᠠ ᠶᠢ ᠳᠤᠷᠠᠳᠤᠨ ᠭᠠᠷᠭᠠᠵᠦ ᠪᠤᠯᠤᠨ᠎ᠠ᠃ ᠬᠠᠤᠯᠢ ᠪᠠᠷ ᠳᠤᠬᠳᠠᠭᠠᠬᠰᠠᠨ ᠪᠠᠶᠢᠭᠤᠯᠤᠯᠭ᠎ᠠ ᠪᠠ ᠨᠦᠬᠦᠴᠡᠯ ᠳᠤ ᠨᠡᠶᠢᠴᠡᠭᠰᠡᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠠᠴᠠ ᠬᠠᠤᠯᠢ ᠶᠤᠰᠤᠭᠠᠷ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠦᠷᠢ ᠶᠢᠨ ᠵᠠᠷᠭᠤ ᠬᠢᠬᠦ ᠶᠢ ᠵᠤᠷᠢᠬᠵᠢᠭᠤᠯᠤᠨ᠎ᠠ᠃

  ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠦᠷᠢ ᠶᠢᠨ ᠵᠠᠷᠭᠤ ᠶᠢᠨ ᠳᠦᠷᠢᠮ ᠪᠤᠯᠤᠨ ᠤᠷᠴᠢᠨ ᠳᠤᠭᠤᠷᠢᠨ ᠤ ᠨᠡᠶᠢᠳᠡ ᠶᠢᠨ ᠠᠰᠠᠷᠠᠮᠵᠢ ᠶᠢᠨ ᠵᠠᠷᠭᠤ ᠶᠢ ᠬᠠᠷᠢᠯᠴᠠᠨ ᠠᠪᠤᠴᠠᠯᠳᠤᠭᠤᠯᠬᠤ ᠠᠰᠠᠭᠤᠳᠠᠯ ᠢ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠦᠪᠳᠡᠯᠴᠡᠬᠡᠳ ᠪᠤᠳᠠᠳᠤ ᠪᠠᠶᠢᠳᠠᠯ ᠢ ᠦᠨᠳᠦᠰᠦᠯᠡᠨ ᠵᠢᠯᠤᠭᠤᠳᠬᠤ ᠰᠠᠨᠠᠯ ᠳᠤᠬᠳᠠᠭᠠᠨ ᠳᠤᠳᠤᠷᠬᠠᠢᠢᠯᠠᠨ᠎ᠠ᠃

  (ᠵᠢᠷᠭᠤᠭ᠎ᠠ) ᠠᠮᠢ ᠠᠬᠤᠢ ᠶᠢᠨ ᠤᠷᠴᠢᠨ ᠳᠤᠭᠤᠷᠢᠨ ᠢ ᠵᠠᠰᠠᠵᠦ ᠰᠡᠷᠬᠦᠬᠡᠬᠦ᠂ ᠬᠤᠬᠢᠷᠠᠯ ᠳᠤ ᠦᠭᠬᠦ ᠳᠦᠯᠦᠪᠦᠷᠢ ᠶᠢ ᠬᠡᠷᠡᠭᠵᠢᠬᠦᠯᠬᠦ ᠪᠡ ᠬᠢᠨᠠᠯᠳᠠ ᠳᠠᠯᠪᠢᠬᠤ ᠠᠵᠢᠯ ᠢ ᠴᠢᠩᠭᠠᠳᠬᠠᠨ᠎ᠠ᠃ ᠳᠦᠯᠦᠪᠦᠷᠢ ᠠᠪᠬᠤ ᠡᠷᠬᠡᠳᠤ ᠬᠦᠮᠦᠨ ᠵᠢᠴᠢ ᠲᠡᠳᠡᠨ ᠤ ᠵᠢᠭᠠᠨ ᠳᠤᠬᠳᠠᠭᠠᠬᠰᠠᠨ ᠰᠠᠯᠠᠭ᠎ᠠ ᠮᠦᠴᠢᠷ ᠪᠤᠶᠤ ᠪᠠᠶᠢᠭᠤᠯᠤᠮᠵᠢ ᠨᠢ ᠵᠦᠪᠳᠡᠯᠴᠡᠭᠰᠡᠨ ᠪᠤᠶᠤ ᠵᠠᠷᠭᠤ ᠬᠢᠭᠰᠡᠨ ᠤ ᠳᠠᠷᠠᠭᠠᠬᠢ ᠠᠮᠢ ᠠᠬᠤᠢ ᠶᠢᠨ ᠤᠷᠴᠢᠨ ᠳᠤᠭᠤᠷᠢᠨ ᠢ ᠵᠠᠰᠠᠵᠦ ᠰᠡᠷᠬᠦᠬᠡᠭᠰᠡᠨ ᠦᠷ᠎ᠠ ᠪᠦᠳᠦᠮᠵᠢ ᠳᠤ ᠦᠨᠡᠯᠡᠯᠳᠡ ᠬᠢᠵᠦ᠂ ᠠᠮᠢ ᠠᠬᠤᠢ ᠶᠢᠨ ᠤᠷᠴᠢᠨ ᠲᠤᠭᠤᠷᠢᠨ ᠢ ᠴᠠᠭ ᠲᠤᠬᠠᠢ ᠳᠤᠨᠢ ᠪᠦᠲᠦᠮᠵᠢᠳᠠᠢ ᠰᠡᠷᠭᠦᠭᠡᠬᠦ ᠶᠢ ᠪᠠᠳᠤᠯᠠᠬᠤ ᠬᠡᠷᠡᠭᠳᠠᠢ᠃ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠵᠦ ᠬᠤᠬᠢᠷᠠᠭᠤᠯᠤᠭᠰᠠᠨ ᠳᠦᠯᠦᠪᠦᠷᠢ ᠳᠤ ᠦᠭᠬᠦᠭᠰᠡᠨ ᠵᠤᠭᠤᠰ ᠮᠦᠩᠬᠦ ᠶᠢ ᠬᠡᠷᠡᠭᠯᠡᠭᠰᠡᠨ ᠪᠠᠶᠢᠳᠠᠯ᠂ ᠠᠮᠢ ᠠᠬᠤᠢ ᠶᠢᠨ ᠤᠷᠴᠢᠨ ᠳᠤᠭᠤᠷᠢᠨ ᠢ ᠵᠠᠰᠠᠵᠦ ᠰᠡᠷᠬᠦᠬᠡᠭᠰᠡᠨ ᠦᠷ᠎ᠠ ᠪᠦᠳᠦᠮᠵᠢ ᠶᠢ ᠨᠡᠶᠢᠭᠡᠮ ᠨᠡᠶᠢᠳᠡ ᠳᠤ ᠢᠯᠡ ᠨᠡᠶᠢᠳᠡᠯᠡᠵᠦ᠂ ᠤᠯᠠᠨ ᠨᠠᠶᠢᠳᠠ ᠶᠢᠨ ᠬᠢᠨᠠᠯᠳᠠ ᠳᠠᠯᠪᠢᠬᠤ ᠶᠢ ᠬᠦᠯᠢᠶᠡᠬᠦ ᠬᠡᠷᠡᠭᠳᠡᠢ᠃

  (ᠳᠤᠯᠤᠭ᠎ᠠ) ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠢ ᠬᠢᠨᠠᠨ ᠳᠤᠬᠳᠠᠭᠠᠵᠦ ᠦᠨᠡᠯᠡᠯᠳᠡ ᠬᠢᠬᠦ ᠠᠵᠢᠯ ᠢ ᠳᠦᠷᠢᠮᠵᠢᠬᠦᠯᠤᠨ᠎ᠠ᠃ ᠡᠯ᠎ᠠ ᠭᠠᠵᠠᠷ ᠤᠷᠤᠨ ᠤ ᠬᠢᠨ ᠡᠷᠬᠡᠪᠰᠢ ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠢ ᠬᠢᠨᠡᠨ ᠳᠤᠬᠳᠠᠭᠠᠵᠦ ᠦᠨᠡᠯᠡᠯᠳᠡ ᠬᠢᠬᠦ ᠳᠤᠰᠬᠠᠢ ᠮᠡᠷᠬᠡᠵᠢᠯ ᠤᠨ ᠬᠦᠴᠦᠨ ᠤ ᠪᠠᠶᠢᠭᠤᠯᠤᠯᠳᠠ ᠶᠢ ᠳᠦᠷᠬᠡᠨ ᠠᠬᠢᠭᠤᠯᠵᠦ᠂ ᠨᠦᠬᠦᠴᠡᠯ ᠳᠤ ᠨᠡᠶᠢᠴᠡᠭᠰᠡᠨ ᠳᠤᠰᠬᠠᠢ ᠮᠡᠷᠬᠡᠵᠢᠯ ᠤᠨ ᠦᠨᠡᠯᠡᠯᠳᠡ ᠬᠢᠬᠦ ᠡᠩᠨᠡᠬᠡᠨ ᠤ ᠪᠠᠶᠢᠭᠤᠯᠤᠯᠳᠠ ᠶᠢ ᠠᠬᠢᠭᠤᠯᠵᠦ᠂ ᠦᠨᠡᠯᠡᠯᠳᠡ ᠬᠢᠬᠦ ᠴᠢᠳᠠᠪᠤᠷᠢ ᠶᠢ ᠳᠠᠷᠤᠢ ᠳᠦᠷᠬᠡᠨ ᠪᠦᠷᠢᠯᠳᠦᠬᠦᠯᠬᠦ ᠬᠡᠷᠡᠭᠳᠡᠢ᠃ ᠬᠢᠨᠠᠨ ᠳᠤᠬᠳᠠᠭᠠᠵᠦ ᠦᠨᠡᠯᠡᠯᠳᠡ ᠬᠢᠬᠦ ᠬᠠᠮᠢᠶᠠᠷᠤᠯᠳᠠ ᠶᠢᠨ ᠳᠦᠷᠢᠮ ᠪᠤᠯᠤᠨ ᠠᠵᠢᠯ ᠤᠨ ᠳᠡᠰ ᠳᠠᠷᠠᠭᠠᠯᠠᠯ ᠢ ᠰᠤᠳᠤᠯᠤᠨ ᠳᠤᠬᠳᠠᠭᠠᠵᠦ᠂ ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠢ ᠬᠢᠨᠠᠨ ᠳᠤᠬᠳᠠᠭᠠᠵᠦ ᠦᠨᠡᠯᠡᠯᠳᠡ ᠬᠢᠬᠦ ᠠᠵᠢᠯ ᠢ ᠪᠠᠶ᠎ᠠ ᠪᠠᠨ ᠳᠠᠭᠠᠭᠠᠨ ᠦᠷᠨᠢᠬᠦᠯᠬᠦ ᠶᠢ ᠦᠨᠡᠨᠬᠦ ᠪᠠᠳᠤᠯᠠᠬᠤ ᠶᠢᠨ ᠬᠠᠮᠳᠤ᠂ ᠬᠠᠤᠯᠢ ᠴᠠᠭᠠᠵᠠ ᠶᠢᠨ ᠳᠡᠰ ᠳᠠᠷᠠᠭᠠᠯᠠᠯ ᠯᠤᠭ᠎ᠠ ᠵᠤᠯᠭᠠᠯᠴᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠵᠦᠪᠳᠡᠯᠴᠡᠭᠡ ᠳᠤ ᠬᠢᠨᠠᠨ ᠳᠤᠬᠳᠠᠭᠠᠬᠰᠠᠨ ᠰᠠᠨᠠᠯ ᠬᠠᠩᠭᠠᠵᠦ ᠦᠭᠬᠦ ᠬᠢᠨᠠᠨ ᠳᠤᠬᠳᠠᠭᠠᠵᠦ ᠦᠨᠡᠯᠡᠯᠳᠡ ᠬᠢᠬᠦ ᠪᠠᠶᠢᠭᠤᠯᠤᠮᠵᠢ ᠨᠢ ᠡᠷᠬᠡᠪᠰᠢ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠲᠠᠢ ᠨᠡᠶᠢᠴᠡᠭᠰᠡᠨ ᠪᠠᠶᠢᠬᠤ ᠬᠡᠷᠡᠭᠳᠡᠢ︔ ᠵᠠᠷᠭᠤ ᠳᠤ ᠬᠢᠨᠡᠨ ᠳᠤᠬᠳᠠᠭᠠᠬᠰᠠᠨ ᠰᠠᠨᠠᠯ ᠬᠠᠩᠭᠠᠵᠦ ᠦᠭᠬᠦ ᠬᠢᠨᠠᠨ ᠳᠤᠬᠳᠠᠭᠠᠵᠦ ᠦᠨᠡᠯᠡᠯᠳᠡ ᠬᠢᠬᠦ ᠪᠠᠶᠢᠭᠤᠯᠤᠮᠵᠢ ᠨᠢ ᠡᠷᠬᠡᠪᠰᠢ ᠬᠠᠤᠯᠢ ᠴᠠᠭᠠᠵᠠ ᠵᠠᠰᠠᠬ ᠵᠠᠬᠢᠷᠭᠠᠨ ᠤ ᠪᠠᠶᠢᠭᠤᠯᠤᠯᠭ᠎ᠠ ᠵᠡᠷᠬᠡ ᠶᠢᠨ ᠬᠠᠮᠢᠶ᠎ᠠ ᠪᠦᠬᠦᠢ ᠳᠦᠷᠢᠮ ᠳᠤᠬᠳᠠᠭᠠᠯ ᠢ ᠵᠢᠷᠤᠮᠯᠠᠬᠤ ᠬᠡᠷᠡᠭᠳᠡᠢ᠃

  (ᠨᠠᠢᠮᠠ) ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠳᠤ ᠦᠭᠬᠦᠭᠰᠡᠨ ᠳᠦᠯᠦᠪᠦᠷᠢ ᠶᠢᠨ ᠪᠡᠯᠡ ᠮᠦᠩᠬᠦᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠵᠦᠪᠳᠡᠯᠴᠡᠭᠡ ᠪᠤᠶᠤ ᠵᠠᠷᠭᠤ ᠪᠠᠷ ᠳᠠᠮᠵᠢᠨ ᠳᠦᠯᠦᠪᠦᠷᠢ ᠦᠭᠬᠦ ᠡᠭᠦᠷᠭᠡᠳᠦ ᠬᠦᠮᠦᠨ ᠢ ᠳᠤᠬᠳᠠᠭᠠᠬᠰᠠᠨ ᠪᠠᠶᠢᠪᠠᠯ᠂ ᠳᠦᠯᠦᠪᠦᠷᠢ ᠦᠭᠬᠦ ᠡᠭᠦᠷᠭᠡᠳᠦ ᠬᠦᠮᠦᠨ ᠨᠢ ᠡᠷᠬᠡᠪᠰᠢ ᠵᠦᠪᠳᠡᠯᠴᠡᠭᠡ ᠪᠤᠶᠤ ᠳᠠᠰᠤᠯᠤᠯᠳᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠢ ᠵᠠᠰᠠᠵᠦ ᠰᠡᠷᠬᠦᠬᠡᠬᠦ ᠠᠵᠢᠯ ᠢ ᠵᠤᠬᠢᠶᠠᠨ ᠪᠠᠶᠢᠭᠤᠯᠤᠨ ᠬᠢᠬᠦ ᠬᠡᠷᠡᠭᠳᠡᠢ᠃ ᠳᠦᠯᠦᠪᠦᠷᠢ ᠦᠭᠬᠦ ᠡᠭᠦᠷᠭᠡᠳᠦ ᠬᠦᠮᠦᠨ ᠨᠢ ᠵᠠᠰᠠᠵᠦ ᠰᠡᠷᠬᠦᠬᠡᠬᠦ ᠠᠵᠢᠯ ᠢ ᠬᠢᠬᠦ ᠴᠢᠳᠠᠯ ᠦᠬᠡᠢ ᠪᠠᠶᠢᠪᠠᠯ᠂ ᠵᠠᠰᠠᠵᠦ ᠰᠡᠷᠬᠦᠬᠡᠬᠦ ᠴᠢᠳᠠᠪᠤᠷᠢ ᠲᠠᠢ ᠨᠡᠶᠢᠭᠡᠮ ᠤᠨ ᠭᠤᠷᠪᠠᠳᠠᠬᠢ ᠳᠠᠯ᠎ᠠ ᠶᠢᠨ ᠪᠠᠶᠢᠭᠤᠯᠤᠮᠵᠢ ᠳᠤ ᠨᠠᠶᠢᠳᠠᠭᠠᠳ ᠵᠠᠰᠠᠵᠦ ᠰᠡᠷᠬᠦᠬᠡᠬᠦ ᠠᠵᠢᠯ ᠢ ᠬᠢᠵᠦ ᠪᠤᠯᠤᠨ᠎ᠠ᠃ ᠵᠠᠰᠠᠵᠦ ᠰᠡᠷᠬᠦᠬᠡᠬᠦ ᠪᠡᠯᠡ ᠮᠦᠩᠬᠦ ᠶᠢ ᠳᠦᠯᠦᠪᠦᠷᠢ ᠦᠭᠬᠦ ᠡᠭᠦᠷᠭᠡᠳᠦ ᠬᠦᠮᠦᠨ ᠠᠴᠠ ᠨᠡᠶᠢᠳᠠᠯᠭ᠎ᠠ ᠬᠦᠯᠢᠶᠡᠭᠰᠡᠨ ᠨᠡᠶᠢᠭᠡᠮ ᠤᠨ ᠭᠤᠷᠪᠠᠳᠠᠬᠢ ᠡᠳᠡᠬᠡᠳ ᠤᠨ ᠪᠠᠶᠢᠭᠤᠯᠤᠮᠵᠢ ᠳᠤ ᠬᠠᠩᠭᠠᠨ᠎ᠠ᠃ ᠳᠦᠯᠦᠪᠦᠷᠢ ᠦᠭᠬᠦ ᠡᠭᠦᠷᠭᠡᠳᠦ ᠬᠦᠮᠦᠨ ᠨᠢ ᠦᠪᠡᠷᠳᠡᠭᠡᠨ ᠵᠠᠰᠠᠵᠦ ᠰᠡᠷᠬᠦᠭᠡᠭᠰᠡᠨ ᠪᠤᠶᠤ ᠨᠠᠶᠢᠳᠠᠵᠤ ᠵᠠᠰᠠᠵᠦ ᠰᠡᠷᠬᠦᠬᠡᠭᠰᠡᠨ ᠪᠠᠶᠢᠳᠠᠯ ᠳᠤ᠂ ᠳᠦᠯᠦᠪᠦᠷᠢ ᠠᠪᠬᠤ ᠡᠷᠭᠡᠳᠦ ᠬᠦᠮᠦᠨ ᠤ ᠡᠮᠤᠨ᠎ᠠ ᠬᠤᠭᠤᠴᠠᠭᠠᠨ ᠳᠤ ᠬᠢᠭᠰᠡᠨ ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠤᠨ ᠪᠠᠶᠢᠴᠠᠭᠠᠯᠳᠠ᠂ ᠬᠢᠨᠠᠨ ᠳᠤᠭᠳᠠᠭᠠᠵᠦ ᠦᠨᠡᠯᠡᠯᠳᠠ ᠬᠢᠭᠰᠡᠨ᠂ ᠵᠠᠰᠠᠵᠦ ᠰᠡᠷᠬᠦᠬᠡᠭᠰᠡᠨ ᠤ ᠳᠠᠷᠠᠭᠠᠬᠢ ᠦᠷ᠎ᠠ ᠪᠦᠳᠦᠮᠵᠢ ᠶᠢᠨ ᠦᠨᠡᠯᠡᠯᠳᠡ ᠬᠢᠭᠰᠡᠨ ᠵᠡᠷᠬᠡ ᠶᠢᠨ ᠵᠠᠷᠤᠳᠠᠯ ᠰᠦᠢᠳᠬᠡᠯ ᠢ ᠳᠦᠯᠦᠪᠦᠷᠢ ᠦᠭᠬᠦ ᠡᠭᠦᠷᠭᠡᠳᠦ ᠬᠦᠮᠦᠨ ᠠᠴᠠ ᠡᠬᠦᠷᠬᠡᠯᠡᠨ᠎ᠠ᠃

  ᠲᠦᠯᠤᠪᠦᠷᠢ ᠦᠭᠭᠦ ᠡᠭᠦᠷᠭᠡᠳᠤ ᠬᠦᠮᠤᠨ ᠠᠴᠠ ᠪᠤᠯᠤᠬᠰᠡᠨ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠨᠢ ᠨᠢᠭᠡᠨᠳᠡ ᠵᠠᠰᠠᠵᠤ ᠰᠡᠷᠭᠦᠭᠡᠬᠦ ᠶᠢᠨ ᠠᠷᠭ᠎ᠠ ᠦᠭᠡᠢ ᠪᠤᠯᠤᠭᠰᠠᠨ ᠪᠤᠯ᠂ ᠲᠡᠳᠡᠨ ᠤ ᠲᠤᠰᠢᠶᠠᠭᠰᠠᠨ ᠲᠦᠯᠦᠪᠦᠷᠢ ᠮᠦᠩᠭᠦ ᠶᠢ ᠨᠢ ᠵᠠᠰᠠᠭ ᠤᠨ ᠤᠷᠳᠤᠨ ᠤ ᠭᠠᠶᠢᠯᠢ ᠶᠢᠨ ᠪᠤᠰᠤ ᠤᠷᠤᠯᠭ᠎ᠠ ᠪᠤᠯᠭᠠᠵᠤ᠂ ᠪᠦᠭᠦ ᠲᠤᠭ᠎ᠠ ᠪᠠᠷ ᠠᠳᠠᠯᠢ ᠱᠠᠳᠤᠨ ᠤ ᠤᠯᠤᠰ ᠤᠨ ᠰᠠᠩ ᠳᠤ ᠲᠤᠰᠢᠶᠠᠵᠤ᠂ ᠲᠦᠰᠦᠪ ᠤᠨ ᠬᠠᠮᠢᠶᠠᠷᠤᠯᠳᠡ ᠳᠤ ᠤᠷᠤᠭᠤᠯᠤᠨ᠎ᠡ᠃ ᠲᠦᠯᠦᠪᠦᠷᠢ ᠠᠪᠬᠤ ᠡᠷᠭᠡᠳᠤ ᠬᠦᠮᠤᠨ ᠵᠢᠴᠢ ᠲᠡᠳᠡᠨ ᠤ ᠵᠢᠭᠠᠨ ᠲᠤᠭᠳᠠᠭᠠᠭᠰᠠᠨ ᠰᠠᠯᠠᠭ᠎ᠠ ᠮᠦᠴᠢᠷ ᠪᠤᠶᠤ ᠪᠠᠶᠢᠭᠤᠯᠤᠮᠵᠢ ᠵᠦᠪᠳᠡᠯᠴᠡᠭᠡ ᠪᠤᠶᠤ ᠰᠢᠭᠦᠨ ᠲᠠᠰᠤᠯᠤᠯᠳᠡ ᠶᠢᠨ ᠱᠠᠭᠠᠷᠳᠠᠯᠭ᠎ᠠ ᠪᠠᠷ᠂ ᠲᠤᠰ ᠤᠷᠤᠨ ᠤ ᠪᠠᠨ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠤᠨ ᠪᠠᠶᠢᠳᠠᠯ ᠲᠠᠢ ᠤᠶᠠᠯᠳᠤᠭᠤᠯᠤᠨ ᠤᠷᠤᠯᠠᠨ ᠰᠡᠷᠭᠦᠭᠡᠭᠦ ᠠᠵᠢᠯ ᠢ ᠦᠷᠨᠢᠭᠦᠯᠦᠨ᠎ᠡ᠃

  ᠲᠠᠪᠤ᠂ ᠪᠠᠳᠤᠯᠠᠭ᠎ᠠ ᠶᠢᠨ ᠠᠷᠭ᠎ᠠ ᠬᠡᠮᠵᠢᠶ᠎ᠡ

  (ᠨᠢᠭᠡ) ᠦᠭᠡᠷᠡᠴᠢᠯᠡᠯᠳᠡ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠡ᠃ ᠡᠯ᠎ᠡ ᠮᠤᠵᠢ (ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ)᠂ ᠬᠤᠳᠡ (ᠲᠤᠰᠬᠠᠢ ᠤᠷᠤᠨ᠂ ᠵᠸᠦ᠂ ᠠᠶᠢᠮᠠᠭ)᠎ ᠶᠢᠨ ᠨᠠᠮ ᠤᠨ ᠬᠤᠷᠢᠶ᠎ᠠ ᠪᠡ ᠵᠠᠰᠠᠭ ᠤᠨ ᠤᠷᠳᠤᠨ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠡ ᠶᠢ ᠨᠢᠭᠡᠳᠦᠯᠳᠡᠢ ᠤᠳᠤᠷᠢᠳᠴᠤ᠂ ᠴᠠᠭ ᠲᠤᠬᠠᠢ ᠳᠤᠨᠢ ᠲᠤᠰ ᠭᠠᠵᠠᠷ ᠤᠷᠤᠨ ᠤ ᠪᠠᠨ ᠭᠡᠷᠡᠭᠵᠢᠭᠦᠯᠭᠦ ᠲᠦᠰᠦᠯ ᠢ ᠲᠤᠭᠳᠠᠭᠠᠵᠤ᠂ ᠦᠭᠡᠷᠡᠴᠢᠯᠡᠯᠳᠡ ᠶᠢᠨ ᠡᠭᠦᠷᠭᠡ ᠪᠡ ᠴᠠᠭ  ᠎ ᠤᠨ ᠬᠢᠵᠠᠭᠠᠷ ᠤᠨ ᠱᠠᠭᠠᠷᠳᠠᠯᠭ᠎ᠠ ᠪᠠᠨ

  ᠲᠤᠳᠤᠷᠬᠠᠢᠢᠯᠠᠵᠤ᠂ ᠵᠤᠷᠢᠭᠳᠠᠢ ᠪᠠᠷ ᠰᠦᠪᠡᠭᠴᠢᠯᠡᠵᠦ᠂ ᠯᠠᠪᠳᠠᠭᠤᠨ ᠪᠠᠳᠤᠳᠠᠢ ᠠᠬᠢᠭᠤᠯᠵᠤ᠂ ᠡᠯ᠎ᠡ ᠵᠦᠢᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠦᠷᠢᠵᠢᠭᠤᠯᠬᠤ ᠶᠢ ᠪᠠᠳᠤᠯᠠᠬᠤ ᠬᠡᠷᠡᠭᠳᠠᠢ᠃ ᠮᠤᠵᠢ (ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ)᠎ ᠶᠢᠨ ᠵᠠᠰᠠᠭ ᠤᠨ ᠤᠷᠳᠤᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠡ ᠶᠢᠨ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠬᠤ ᠬᠡᠷᠡᠭᠳᠠᠢ᠃ ᠮᠤᠵᠢ ᠶᠢᠨ ᠱᠠᠳᠤ ᠂ ᠬᠤᠳᠠ ᠪᠠ ᠲᠤᠰᠬᠠᠢ ᠤᠷᠤᠨ ᠤ ᠱᠠᠳᠤᠨ ᠤ ᠵᠠᠰᠠᠭ ᠤᠨ ᠤᠷᠳᠤᠨ ᠠᠴᠠ ᠵᠢᠭᠠᠨ ᠲᠤᠭᠳᠠᠭᠠᠭᠰᠠᠨ ᠰᠠᠯᠠᠭ᠎ᠠ ᠮᠦᠴᠢᠷ ᠪᠤᠶᠤ ᠪᠠᠶᠢᠭᠤᠯᠤᠮᠵᠢ ᠠᠴᠠ ᠬᠠᠮᠢᠶ᠎ᠠ ᠪᠦᠭᠦᠢ ᠠᠵᠢᠯᠳᠡᠨ ᠢ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠠᠵᠢᠯ ᠢ ᠲᠤᠰᠬᠠᠢ ᠬᠠᠷᠢᠭᠤᠴᠠᠭᠤᠯᠬᠤ ᠪᠠᠷ ᠲᠤᠳᠤᠷᠬᠠᠢ ᠳᠤᠭᠳᠠᠭᠠᠬᠤ ᠬᠡᠷᠡᠭᠳᠠᠢ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠭᠦᠷᠦᠩᠭᠡ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠲᠤᠷᠰᠢᠯᠳᠡ ᠶᠢᠨ ᠴᠢᠬ ᠤᠨ ᠰᠠᠯᠠᠭ᠎ᠠ ᠮᠦᠴᠢᠷ ᠡᠭᠦᠷᠭᠡ ᠶᠢ ᠲᠤᠳᠤᠷᠬᠠᠢᠢᠯᠠᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠬᠤ ᠬᠡᠷᠡᠭᠳᠠᠢ᠃

  ᠬᠢᠷᠢᠨ᠂ ᠵᠢᠶᠠᠩᠰᠤ᠂ ᠱᠠᠨᠳᠦ᠋ᠩ᠂ ᠬᠤᠨᠡᠨ᠂ ᠴᠦᠩᠴᠢᠩ᠂ ᠭᠦᠢᠵᠸᠦ᠂ ᠶᠦᠨᠨᠠᠨ 7 ᠲᠤᠷᠰᠢᠯᠳᠡ ᠶᠢᠨ ᠴᠢᠬ ᠤᠨ ᠮᠤᠵᠢ ᠬᠤᠳᠠ ᠶᠢᠨ ᠬᠢᠨ ᠲᠤᠷᠰᠢᠯᠳᠠ ᠶᠢᠨ ᠴᠢᠭ᠋ ᠤᠨ ᠠᠵᠢᠯ ᠤᠨ ᠬᠤᠭᠤᠴᠠᠭᠠᠨ ᠳᠤ ᠭᠡᠷᠡᠭᠵᠢᠭᠦᠯᠦᠭᠰᠡᠨ ᠲᠦᠰᠦᠯ ᠢᠶᠠᠨ ᠲᠤᠷᠰᠢᠯᠳᠡ ᠶᠢᠨ ᠴᠢᠬ ᠤᠨ ᠪᠠᠶᠢᠳᠠᠯ ᠪᠡ ᠲᠤᠰ ᠲᠦᠰᠦᠯ ᠤᠨ ᠱᠠᠭᠠᠷᠳᠠᠯᠭ᠎ᠠ ᠲᠠᠢ ᠤᠶᠠᠯᠳᠤᠭᠤᠯᠵᠤ ᠪᠠᠶᠢᠭᠠᠳ ᠲᠤᠬᠢᠷᠠᠭᠤᠯᠤᠯᠳᠠ ᠬᠢᠵᠦ ᠲᠡᠭᠦᠯᠳᠡᠷᠵᠢᠭᠦᠯᠵᠤ ᠪᠤᠯᠤᠨ᠎ᠠ᠃

  ᠡᠯ᠎ᠡ ᠮᠤᠵᠢ (ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ) ᠦᠭᠡᠷᠡᠴᠢᠯᠡᠯᠳᠡ ᠶᠢ ᠲᠤᠷᠰᠢᠨ ᠶᠠᠪᠤᠭᠤᠯᠬᠤ ᠶᠠᠪᠤᠴᠡ ᠳᠤᠮᠳᠠ᠂ ᠴᠠᠭ ᠲᠤᠬᠠᠢ ᠳᠤᠨᠢ ᠲᠤᠷᠰᠢᠯᠭ᠎ᠠ ᠪᠠᠨ ᠳ᠋ᠦᠩᠨᠡᠵᠤ᠂ ᠬᠤᠯᠪᠤᠭᠳᠠᠯ ᠪᠦᠭᠦᠢ ᠲᠦᠷᠢᠮ ᠢ ᠲᠠᠭᠦᠯᠳᠡᠷᠵᠢᠭᠦᠯᠬᠦ ᠬᠡᠷᠡᠭᠳᠠᠢ᠃ 2019 ᠤᠨ ᠠᠴᠠ ᠡᠬᠢᠯᠡᠵᠤ᠂ ᠵᠢᠯ ᠪᠦᠷᠢ ᠶᠢᠨ 3 ᠰᠠᠷ᠎ᠡ ᠶᠢᠨ ᠰᠡᠭᠦᠯᠴᠢ ᠠᠴᠠ ᠡᠮᠦᠨ᠎ᠠ ᠲᠡᠭᠡᠷ᠎ᠡ ᠵᠢᠯ ᠤᠨ ᠲᠤᠰ ᠵᠠᠰᠠᠭ ᠵᠠᠬᠢᠷᠭᠠᠨ ᠤ ᠤᠷᠤᠨ ᠤ ᠪᠠᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠡ ᠶᠢᠨ ᠠᠵᠢᠯ ᠤᠨ ᠪᠠᠶᠢᠳᠠᠯ ᠢ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠠᠮᠤᠨ ᠳᠤ ᠭᠦᠷᠭᠡᠵᠤ ᠡᠮᠬᠢᠳᠭᠡᠭᠰᠡᠨ ᠤ ᠲᠠᠷᠠᠭ᠎ᠠ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠡᠨ ᠳᠤ ᠮᠡᠳᠡᠭᠦᠯᠦᠨ᠎ᠡ᠃

  (ᠬᠤᠶᠠᠷ) ᠲᠤᠬᠠᠢᠢᠯᠠᠬᠰᠡᠨ ᠠᠵᠢᠯ ᠤᠨ ᠵᠢᠭᠠᠨ ᠵᠢᠯᠤᠭᠤᠳᠤᠯᠭ᠎ᠠ ᠶᠢ ᠴᠢᠩᠭᠠᠳᠬᠠᠨ᠎ᠡ᠃ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠠᠮᠤᠨ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠵᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠬᠠᠮᠢᠶ᠎ᠠ ᠪᠦᠭᠦᠢ ᠪᠠᠶᠢᠴᠠᠭᠠᠯᠳᠡ ᠬᠢᠬᠦ᠂ ᠬᠢᠨᠡᠨ ᠲᠤᠭᠳᠠᠭᠠᠵᠤ ᠦᠨᠡᠯᠡᠬᠦ᠂ ᠵᠠᠰᠠᠨ ᠰᠡᠷᠭᠦᠭᠡᠭᠦ ᠲᠦᠰᠦᠯ ᠢ ᠨᠠᠶᠢᠷᠠᠭᠤᠯᠤᠨ ᠲᠤᠭᠤᠷᠪᠢᠬᠤ᠂ ᠵᠠᠰᠠᠵᠤ ᠰᠡᠷᠭᠦᠭᠡᠭᠰᠡᠨ ᠤ ᠳᠠᠷᠠᠭᠠᠬᠢ ᠦᠷ᠎ᠠ ᠪᠦᠳᠦᠮᠵᠢ ᠶᠢ ᠨᠢ ᠦᠨᠡᠯᠡᠬᠦ ᠵᠡᠷᠭᠡ ᠲᠤᠬᠠᠢᠢᠯᠠᠨᠰᠡᠨ ᠠᠵᠢᠯ ᠢ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ ᠠᠷᠠᠳ ᠤᠨ ᠲᠡᠭᠡᠳᠤ ᠰᠢᠭᠦᠭᠦ ᠬᠤᠷᠢᠶ᠎ᠡ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠬᠠᠮᠢᠶ᠎ᠠ ᠪᠦᠬᠦᠢ ᠠᠵᠢᠯᠯᠠᠭ᠎ᠠ ᠠᠴᠠ ᠲᠦᠯᠦᠪᠦᠷᠢ ᠠᠪᠬᠤ ᠰᠢᠭᠦᠨ ᠲᠠᠰᠤᠯᠤᠯᠳᠠ ᠶᠢᠨ ᠠᠵᠢᠯ ᠢ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠬᠠᠮᠢᠶ᠎ᠠ ᠪᠦᠬᠦᠢ ᠠᠵᠢᠯᠯᠠᠭ᠎ᠠ ᠠᠴᠠ ᠲᠦᠯᠦᠪᠦᠷᠢ ᠦᠭᠭᠦ ᠪᠠᠶᠢᠴᠠᠭᠠᠯᠳᠠ ᠶᠢᠨ ᠠᠵᠢᠯ ᠢ ᠵᠢᠭᠠᠨ ᠵᠢᠯᠤᠭᠤᠳᠴᠤ ᠬᠠᠷᠢᠭᠤᠴᠠᠨ᠎ᠠ᠃ ᠬᠠᠤᠯᠢ ᠴᠠᠭᠠᠵᠠ ᠶᠢᠨ ᠶᠠᠮᠤᠨ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠬᠰᠡᠨ ᠬᠠᠮᠢᠶ᠎ᠠ ᠪᠦᠬᠦᠢ ᠠᠵᠢᠯᠯᠠᠭ᠎ᠠ ᠶᠢᠨ ᠬᠠᠤᠯᠢ ᠴᠠᠭᠠᠵᠠ ᠶᠢᠨ ᠬᠢᠨᠠᠨ ᠳᠤᠭᠳᠠᠭᠠᠯ ᠢ ᠬᠠᠮᠢᠶᠠᠷᠬᠤ ᠠᠵᠢᠯ ᠢ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠶᠠᠮᠤᠨ ᠡᠴᠡᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠬᠰᠡᠨ ᠬᠠᠮᠢᠶ᠎ᠠ ᠪᠦᠬᠦᠢ ᠠᠵᠢᠯᠯᠠᠭ᠎ᠠ ᠠᠴᠠ ᠠᠪᠤᠭᠰᠠᠨ ᠲᠦᠯᠦᠪᠦᠷᠢ ᠶᠢᠨ ᠪᠡᠯᠡ ᠮᠦᠩᠭᠦ ᠶᠢ ᠬᠠᠮᠢᠶᠠᠷᠬᠤ ᠠᠵᠢᠯ ᠢ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ ᠤᠯᠤᠰ ᠤᠨ ᠡᠷᠡᠭᠦᠯ ᠬᠠᠮᠠᠭᠠᠯᠠᠯ ᠪᠡ ᠲᠦᠯᠦᠪᠯᠡᠭᠡᠳᠤ ᠦᠷᠡᠵᠢᠯ ᠤᠨ ᠵᠦᠪᠯᠡᠯ᠂ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠠᠮᠤᠨ ᠠᠴᠠ ᠡᠯ᠎ᠡ ᠭᠠᠵᠠᠷ ᠤᠷᠤᠨ ᠤ ᠤᠷᠴᠢᠨ ᠲᠤᠭᠤᠷᠢᠨ ᠤ ᠡᠷᠡᠭᠦᠯ ᠮᠡᠨᠳᠤ ᠶᠢᠨ ᠠᠰᠠᠭᠤᠳᠠᠯ ᠳᠤ ᠪᠠᠶᠢᠴᠠᠭᠠᠨ ᠰᠤᠳᠤᠯᠤᠯᠳᠡ ᠦᠷᠨᠢᠭᠦᠯᠬᠦ ᠪᠤᠶᠤ ᠤᠷᠤᠨ ᠨᠤᠳᠤᠭ ᠢ ᠵᠢᠭᠠᠨ ᠵᠢᠯᠤᠭᠤᠳᠴᠤ ᠪᠠᠶᠢᠭᠠᠳ ᠪᠠᠶᠢᠴᠠᠭᠠᠨ ᠰᠤᠳᠤᠯᠤᠯᠳᠡ ᠬᠢᠯᠭᠡᠵᠦ᠂ ᠤᠷᠴᠢᠨ ᠲᠤᠭᠤᠷᠢᠨ ᠪᠡ ᠡᠷᠡᠭᠦᠯ ᠮᠡᠨᠳᠤ ᠶᠢᠨ ᠶᠡᠷᠦᠩᠬᠡᠶᠢᠯᠡᠭᠰᠡᠨ ᠬᠢᠨᠠᠯᠳᠠ ᠪᠠᠶᠢᠴᠠᠭᠠᠯᠳᠠ ᠪᠡ ᠲᠦᠭᠰᠢᠭᠦᠷᠢ ᠶᠢ ᠦᠨᠡᠯᠡᠨ ᠵᠢᠱᠢᠬᠦ ᠪᠠᠨ ᠴᠢᠩᠭᠠᠳᠬᠠᠨ᠎ᠡ᠃

  (ᠭᠤᠷᠪᠡ) ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠳᠡ ᠶᠢ ᠲᠦᠷᠭᠡᠳᠭᠡᠨ᠎ᠠ᠃ ᠤᠯᠤᠰ ᠠᠴᠠ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠢ ᠬᠢᠨᠡᠨ ᠲᠤᠭᠳᠠᠭᠠᠵᠤ ᠦᠨᠡᠯᠡᠬᠦ ᠮᠡᠷᠭᠡᠵᠢᠯ ᠤᠨ ᠪᠠᠷᠢᠮᠵᠢᠶ᠎ᠠ ᠶᠢᠨ ᠰᠢᠰᠲᠧᠮ ᠢ ᠨᠢᠭᠡᠳᠦᠯᠳᠠᠢ ᠪᠠᠶᠢᠭᠤᠯᠵᠤ ᠪᠦᠷᠢᠨᠰᠢᠭᠦᠯᠦᠨ᠎ᠡ᠃ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠠᠮᠤᠨ ᠠᠴᠠ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠢ ᠬᠢᠨᠡᠨ ᠲᠤᠭᠳᠠᠭᠠᠵᠤ ᠦᠨᠡᠯᠡᠬᠦ ᠮᠡᠷᠭᠡᠵᠢᠯ ᠤᠨ ᠪᠠᠷᠢᠮᠵᠢᠶ᠎ᠠ ᠶᠢᠨ ᠰᠢᠰᠲᠧᠮ ᠤᠨ ᠪᠦᠲᠦᠭᠦᠪᠴᠢ ᠵᠠᠭᠪᠤᠷ ᠪᠡ ᠮᠡᠷᠭᠡᠵᠢᠯ ᠤᠨ ᠶᠡᠷᠦᠩᠬᠡᠢ ᠭᠦᠳᠦᠯᠪᠦᠷᠢ ᠶᠢ ᠬᠠᠷᠢᠭᠤᠴᠠᠨ ᠲᠤᠭᠳᠠᠭᠠᠵᠤ ᠲᠡᠭᠦᠯᠳᠡᠷᠵᠢᠭᠦᠯᠦᠨ᠎ᠡ︔ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠵᠤ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠢ ᠬᠢᠨᠡᠨ ᠲᠤᠭᠳᠠᠭᠠᠵᠤ ᠦᠨᠡᠯᠡᠬᠦ ᠲᠤᠰᠬᠠᠢ ᠲᠦᠷᠦᠯ ᠤᠨ ᠮᠡᠷᠭᠡᠵᠢᠯ ᠤᠨ ᠲᠦᠷᠢᠮᠵᠢᠯ ᠢ ᠨᠡᠶᠢᠳᠡᠯᠡᠭᠦ ᠪᠤᠶᠤ ᠵᠠᠰᠠᠪᠦᠷᠢ ᠤᠷᠤᠭᠤᠯᠤᠨ᠎ᠡ︔ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠵᠤ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠢ ᠬᠢᠨᠡᠨ ᠲᠤᠭᠳᠠᠭᠠᠵᠤ ᠦᠨᠡᠯᠡᠬᠦ ᠳᠤ ᠦᠢᠯᠡᠴᠢᠯᠡᠭᠦ ᠲᠤᠭ᠎ᠠ ᠪᠠᠷᠢᠮᠳᠡ ᠶᠢᠨ ᠲᠠᠪᠴᠠᠩ ᠢ ᠪᠠᠶᠢᠭᠤᠯᠤᠨ᠎ᠡ᠃ ᠬᠤᠯᠪᠤᠭᠳᠠᠯ ᠪᠦᠭᠦᠢ ᠰᠠᠯᠠᠭ᠎ᠠ ᠮᠦᠴᠢᠷ ᠰᠠᠭᠤᠷᠢ ᠱᠤᠭᠤᠮ ᠢ ᠲᠤᠭᠳᠠᠭᠠᠬᠤ᠂ ᠰᠢᠯᠳᠠᠭᠠᠨ ᠦᠷ᠎ᠠ ᠳ᠋ᠦᠩ ᠤᠨ ᠬᠠᠷᠢᠴᠠᠭ᠎ᠠ ᠶᠢ ᠮᠠᠭᠠᠳᠯᠠᠬᠤ᠂ ᠡᠪᠳᠡᠭᠰᠡᠨ ᠲᠤᠭ᠎ᠠ ᠬᠡᠮᠵᠢᠶ᠎ᠡ ᠶᠢ ᠨᠢ ᠬᠡᠮᠵᠢᠶᠡᠯᠡᠭᠦ ᠵᠡᠷᠭᠡ ᠡᠪᠳᠡᠭᠳᠡᠯ ᠢ ᠬᠢᠨᠠᠨ ᠲᠤᠭᠳᠠᠭᠠᠬᠤ ᠵᠠᠩᠬᠢᠯᠠᠭ᠎ᠠ ᠶᠢᠨ ᠭᠤᠬᠴᠤᠭ᠎ᠠ ᠳᠤ ᠴᠢᠭᠯᠡᠭᠦᠯᠵᠤ᠂ ᠵᠠᠩᠬᠢᠯᠠᠭ᠎ᠠ ᠶᠢᠨ ᠮᠡᠷᠭᠡᠵᠢᠯ ᠪᠡ ᠪᠠᠷᠢᠮᠵᠢᠶ᠎ᠡ ᠶᠢᠨ ᠰᠤᠳᠤᠯᠭᠠᠨ ᠢ ᠵᠤᠬᠢᠶᠡᠨ ᠪᠠᠶᠢᠭᠤᠯᠵᠤ ᠴᠢᠩᠭᠠᠳᠬᠠᠨ᠎ᠡ᠃

  (ᠲᠦᠷᠪᠡ) ᠵᠠᠷᠤᠳᠠᠯ ᠤᠨ ᠪᠠᠳᠤᠯᠠᠭ᠎ᠠ ᠶᠢ ᠰᠠᠶᠢᠳᠤᠷ ᠬᠢᠨ᠎ᠡ᠃ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠡ ᠶᠢᠨ ᠠᠵᠢᠯ ᠤᠨ ᠭᠡᠷᠡᠭᠰᠡᠭᠦ ᠵᠠᠷᠤᠳᠡᠯ ᠢ ᠠᠳᠠᠯᠢ ᠱᠠᠳᠤᠨ ᠤ ᠡᠳ᠋ ᠤᠨ ᠵᠠᠰᠠᠭ ᠠᠴᠠ ᠲᠤᠬᠢᠷᠠᠭᠤᠯᠤᠨ᠎ᠡ᠃

  (ᠲᠠᠪᠤ) ᠤᠯᠠᠨ ᠲᠦᠮᠡᠨ ᠤ ᠤᠷᠤᠯᠴᠠᠬᠤ ᠶᠢ ᠵᠤᠷᠢᠭᠵᠢᠭᠤᠯᠤᠨ᠎ᠡ᠃ ᠤᠯᠠᠨ ᠲᠦᠮᠡᠨ ᠤ ᠤᠷᠤᠯᠴᠠᠬᠤ ᠠᠷᠭ᠎ᠠ ᠮᠠᠶᠢᠬ ᠢ ᠲᠠᠰᠤᠷᠠᠯᠳᠡ ᠦᠭᠡᠢ ᠰᠢᠨᠡᠴᠢᠯᠡᠵᠦ᠂ ᠲᠤᠰᠬᠠᠢ ᠮᠡᠷᠭᠡᠵᠢᠯᠳᠡᠨ ᠪᠡ ᠠᠰᠢᠭ ᠲᠤᠰᠡ ᠶᠢᠨ ᠬᠤᠯᠪᠤᠭ᠎ᠠ ᠪᠦᠭᠦᠢ ᠠᠷᠠᠳ ᠢᠷᠭᠡᠨ᠂ ᠬᠠᠤᠯᠢ ᠶᠢᠨ ᠡᠷᠭᠡᠳᠡᠨ ᠵᠢᠴᠢ ᠪᠤᠰᠤᠳ ᠵᠤᠬᠢᠶᠡᠨ ᠪᠠᠶᠢᠭᠤᠯᠤᠯᠳᠡ ᠶᠢ ᠤᠷᠢᠵᠤ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠵᠤ ᠰᠡᠷᠭᠦᠭᠡᠭᠦ ᠪᠤᠶᠤ ᠲᠦᠯᠦᠪᠦᠷᠢ ᠠᠪᠬᠤ ᠠᠵᠢᠯ ᠢ ᠵᠦᠪᠳᠡᠭᠦ ᠠᠵᠢᠯ ᠳᠤ ᠤᠷᠤᠯᠴᠠᠭᠤᠯᠤᠨ᠎ᠠ᠃ ᠬᠠᠤᠯᠢ ᠶᠤᠰᠤᠭᠠᠷ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠪᠠᠶᠢᠴᠠᠭᠠᠯᠳᠡ᠂ ᠬᠢᠨᠡᠨ ᠲᠤᠭᠳᠠᠭᠠᠵᠤ ᠦᠨᠡᠯᠡᠭᠰᠡᠨ᠂ ᠲᠦᠯᠦᠪᠦᠷᠢ ᠠᠪᠤᠭᠰᠠᠨ᠂ ᠵᠠᠷᠭᠤ ᠶᠢ ᠰᠢᠭᠦᠨ ᠲᠠᠰᠤᠯᠤᠭᠰᠠᠨ ᠪᠢᠴᠢᠭ᠂ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠨ ᠰᠡᠷᠭᠦᠭᠡᠭᠰᠡᠨ ᠦᠷ᠎ᠠ ᠪᠦᠳᠦᠮᠵᠢ ᠶᠢᠨ ᠮᠡᠳᠡᠭᠦᠯᠦᠯᠳᠡ ᠵᠡᠷᠭᠡ ᠮᠡᠳᠡᠭᠡ ᠵᠠᠩᠬᠢ ᠶᠢ ᠤᠯᠠᠨ ᠳᠤ ᠢᠯᠡ ᠨᠡᠶᠢᠳᠡᠯᠡᠵᠦ᠂ ᠤᠯᠠᠨ ᠲᠦᠮᠡᠨ ᠤ ᠪᠠᠶᠢᠳᠠᠯ ᠢ ᠮᠡᠳᠡᠭᠦ ᠡᠷᠭᠡ ᠶᠢ ᠪᠠᠳᠤᠯᠠᠨ᠎ᠡ᠃

  ᠵᠢᠷᠭᠤᠭ᠎ᠠ᠂ ᠪᠤᠰᠤᠳ ᠵᠦᠢᠯ

  2015 ᠤᠨ ᠳᠤ ᠲᠠᠷᠤᠮᠠᠯᠯᠡᠨ ᠲᠠᠷᠬᠠᠭᠠᠬᠰᠡᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ ᠤᠨ ᠦᠭᠡᠷᠡᠴᠢᠯᠡᠯᠳᠡ ᠶᠢᠨ ᠲᠤᠷᠰᠢᠯᠳᠡ ᠶᠢᠨ ᠴᠢᠬ ᠤᠨ ᠠᠵᠢᠯ ᠤᠨ ᠲᠦᠰᠦᠯ᠎ ᠢ 2018 ᠤᠨ ᠤ 1 ᠰᠠᠷ᠎ᠡ ᠶᠢᠨ 1᠎ ᠤ ᠡᠳᠤᠷ ᠠᠴᠠ ᠡᠬᠢᠯᠡᠵᠤ ᠭᠦᠴᠤᠨ ᠦᠭᠡᠢ ᠪᠤᠯᠭᠠᠨ᠎ᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com