ᠰᠢᠨ᠎ᠡ ᠴᠠᠭ ᠦᠶ᠎ᠡ ᠶᠢ ᠤᠬᠳᠤᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠥ ᠰᠢᠨ᠎ᠡ ᠢᠷᠡᠬᠡᠳᠤᠢ ᠶᠢ ᠨᠡᠬᠡᠬᠡᠨ ᠡᠬᠦᠳᠰᠦᠬᠡᠢ

  — ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠦᠭᠬᠦᠭᠰᠡᠨ ᠰᠢᠨ᠎ᠡ ᠵᠢᠯ ᠤᠨ ᠪᠠᠶᠠᠷ ᠤᠨ ᠦᠬᠡ

  ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠤᠷ ᠮᠤᠩᠭᠤᠯ ᠤᠨ ᠦᠪᠡᠷᠳᠡᠭᠡᠨ

  ᠵᠠᠰᠠᠬᠤ ᠤᠷᠤᠨ ᠤ ᠬᠤᠷᠢᠶ᠎ᠠ ᠶᠢᠨ ᠱᠦᠵᠢ ᠯᠢ ᠵᠢᠢ ᠡᡁᠧᠩ

  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ

  ᠵᠠᠰᠠᠭ ᠤᠨ ᠤᠷᠳᠤᠨ ᠤ ᠲᠡᠷᠢᠬᠦᠯᠡᠭᠴᠢ ᠪᠦ᠋ ᠰᠢᠶᠤᠤ ᠯᠢᠨ

  ᠡᠯᠪᠡᠭ ᠬᠤᠷᠢᠶᠡᠯᠳᠡ ᠶᠢᠨ ᠪᠠᠶᠠᠷ ᠪᠠᠭ᠋ᠠᠳᠤᠯ ᠢ ᠲᠠᠭᠠᠯᠳᠤᠨ᠂ ᠤᠷᠤᠭᠰᠢᠯᠠᠨ ᠲᠠᠪᠰᠢᠬᠤ ᠤᠮᠤᠬᠰᠢᠯᠳᠤ ᠰᠡᠳᠬᠢᠯᠬᠡ ᠶᠢ ᠡᠪᠤᠷᠯᠡᠨ᠂ ᠪᠢᠳᠡ 2018 ᠤᠨ ᠤ ᠰᠢᠨ᠎ᠡ ᠵᠢᠯ ᠢᠶᠠᠨ ᠤᠬᠳᠤᠨ ᠠᠪᠬᠤ ᠪᠤᠯᠤᠯ᠎ᠠ᠃ ᠡᠨᠡᠬᠦ ᠬᠠᠭᠤᠴᠢᠨ ᠵᠢᠯ ᠢᠶᠠᠨ ᠦᠳᠡᠵᠥ ᠰᠢᠨ᠎ᠡ ᠵᠢᠯ ᠢᠶᠠᠨ ᠤᠬᠳᠤᠵᠥ ᠪᠠᠶᠢᠭ᠎ᠠ ᠰᠠᠶᠢᠨ ᠰᠠᠶᠢᠬᠠᠨ ᠴᠠᠭ ᠮᠦᠴᠡ ᠳᠤ᠂ ᠪᠢᠳᠡ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠤᠨ᠎ᠡ ᠠᠴᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ᠂ ᠮᠠᠨ ᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠳᠤ ᠴᠠᠭᠳᠠᠭ᠎ᠠ ᠶᠢᠨ ᠲᠠᠷᠤᠭ᠎ᠠ ᠪᠠᠶᠢᠯᠳᠤᠭᠴᠢ ᠪᠤᠯᠤᠨ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ᠂ ᠡᠯ᠎ᠡ ᠠᠷᠠᠳᠴᠢᠯᠠᠭᠰᠠᠠ ᠨᠠᠮ ᠪᠦᠯᠥᠭ᠂ ᠦᠢᠯᠡᠳᠪᠤᠷᠢ ᠬᠤᠳᠠᠯᠳᠤᠭ᠎ᠠ ᠶᠢᠨ ᠬᠤᠯᠪᠤᠭ᠎ᠠ ᠪᠤᠯᠤᠨ ᠨᠠᠮ ᠪᠦᠯᠥᠭ ᠤᠨ ᠪᠤᠰᠤ ᠬᠦᠮᠥᠰ ᠲᠤ᠂ ᠦᠪᠤᠷ ᠮᠤᠩᠭᠤᠯ ᠤᠨ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ ᠤᠯᠤᠰ ᠤᠨ ᠲᠤᠳᠤᠭᠠᠳᠤ ᠭᠠᠳᠠᠭᠠᠳᠤ ᠶᠢᠨ ᠪᠤᠢ ᠪᠦᠬᠦᠢ ᠨᠠᠶᠢᠵᠢ ᠨᠠᠷ ᠲᠤ ᠰᠢᠨ᠎ᠡ ᠵᠢᠯ ᠤᠨ ᠵᠦᠩᠨᠡᠯ ᠲᠡᠪᠰᠢᠬᠦᠯᠵᠥ ᠪᠠᠶᠢᠨ᠎ᠠ︕

  2017 ᠤᠨ ᠪᠤᠯ ᠦᠪᠤᠷ ᠮᠤᠩᠭᠤᠯ ᠤᠨ ᠬᠦᠭᠵᠢᠯᠳᠡ ᠶᠢᠨ ᠲᠡᠤᠬᠡᠨ ᠳᠠᠬᠢ ᠲᠤᠩ ᠶᠠᠷᠤ ᠪᠤᠰᠤ ᠶᠢᠨ᠂ ᠮᠠᠷᠳᠠᠭᠳᠠᠰᠢ ᠦᠭᠡᠢ ᠨᠢᠬᠡ ᠵᠢᠯ ᠪᠤᠯᠤᠨ᠎ᠡ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠢᠯᠦᠭᠤᠳᠤᠮᠵᠢ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠭᠠᠭᠤᠯᠤᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ ᠪᠦᠯᠬᠦᠮᠳᠡᠨ ᠲᠡᠮᠡᠴᠡᠵᠥ᠂ ᠪᠡᠷᠭᠡ ᠶᠢ ᠲᠤᠭᠤᠯᠤᠨ ᠬᠦᠴᠢᠷ ᠢ ᠲᠡᠪᠡᠵᠥ ᠡᠷᠡᠮᠡᠬᠡᠶᠢᠯᠡᠨ ᠤᠷᠤᠭᠰᠢᠯᠠᠵᠥ᠂ ᠠᠵᠥ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠡ᠂ ᠰᠤᠶᠤᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠪᠠ ᠨᠠᠮ ᠤᠨ ᠪᠠᠶᠢᠭᠤᠯᠤᠯᠳᠡ ᠪᠦᠷ ᠰᠢᠨ᠎ᠡ ᠠᠬᠢᠴᠠ ᠲᠠᠢ ᠪᠤᠯᠵᠥ ᠰᠢᠨ᠎ᠡ ᠠᠮᠵᠢᠯᠳᠡ ᠤᠯᠪᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠢ ᠤᠬᠳᠤᠬᠤ ᠪᠠ ᠤᠬᠠᠭᠤᠯᠤᠨ ᠲᠤᠤᠱᠯᠠᠭᠤᠯᠬᠤ ᠶᠢ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠬᠡ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠤᠳᠠ ᠬᠦᠳᠡᠭᠡ ᠦᠨᠳᠦᠰᠦᠨ ᠱᠠᠳᠤᠨ ᠳᠤ ᠬᠦᠷᠬᠡᠬᠦ᠂ ᠲᠦᠮᠡᠨ ᠭᠠᠵᠠᠷ ᠤᠨ ᠲᠠᠯ᠎ᠠ ᠨᠤᠳᠤᠭ ᠲᠤ ᠤᠯᠠᠮᠵᠢᠯᠠᠬᠤ ᠶᠢ ᠠᠬᠢᠭᠤᠯᠵᠥ᠂ ᠪᠦᠬᠦ ᠤᠷᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠲᠦᠷᠪᠡᠨ ᠤᠬᠠᠮᠰᠠᠷ ᠪᠤᠯᠤᠨ ᠲᠦᠷᠪᠡᠨ ᠢᠳᠡᠬᠡᠯ᠎ ᠢ ᠤᠯᠠᠮ ᠢᠯᠡᠬᠦᠤ ᠪᠠᠳᠤ ᠪᠤᠢ ᠪᠤᠯᠭᠠᠵᠥ᠂ ᠨᠡᠩ ᠡᠷᠡᠰ ᠪᠠᠳᠤ ᠪᠠᠷ ᠦᠵᠡᠯ ᠰᠠᠨᠠᠭ᠎ᠠ ᠤᠯᠤᠰ ᠲᠦᠷᠦ ᠤᠢᠢ᠊‍ᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶ᠎ᠡ ᠪᠠᠷ ᠨᠢᠬᠡᠳᠤᠯᠳᠡᠢ ᠪᠠᠶᠢᠯᠭᠠᠪᠠ᠃ ᠪᠢᠳᠡ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠠ 70 ᠵᠢᠯ ᠤᠨ ᠤᠢ ᠪᠠᠨ ᠦᠪᠡᠳᠡᠭᠰᠢ ᠶᠡᠬᠡᠪᠡᠷ ᠪᠡᠯᠬᠡᠯᠡᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠨ ᠳᠤ ᠦᠪᠤᠷ ᠮᠤᠩᠭᠤᠯ ᠤᠨ ᠦᠨᠳᠦᠰᠦᠳᠡᠨ ᠤ ᠪᠦᠯᠬᠦᠮᠳᠡᠯ ᠲᠡᠪᠰᠢᠯᠳᠡ ᠶᠢᠨ ᠬᠡᠷᠡᠯ ᠰᠠᠴᠤᠷᠠᠩᠭᠤᠢ ᠲᠡᠤᠬᠡᠨ ᠶᠠᠪᠤᠴᠠ ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠯᠤᠳᠤ ᠶᠡᠭᠡ ᠠᠮᠵᠢᠯᠳᠡ ᠶᠢ ᠬᠦᠢᠴᠡᠳ ᠦᠵᠡᠬᠦᠯᠵᠥ᠂ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠦᠭᠡᠨ ᠪᠠᠶᠢᠭᠤᠯᠵᠥ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ ᠠᠤᠭ᠎ᠠ ᠬᠦᠴᠦᠨ ᠢ ᠤᠯᠠᠮ ᠴᠢᠨᠠᠭᠰᠢᠳᠠ ᠨᠢᠬᠳᠠᠷᠠᠭᠤᠯᠪᠠ᠃ ᠪᠢᠳᠡ ᠲᠤᠭᠳᠠᠭᠤᠨ ᠤ ᠲᠤᠮᠳᠡ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠨ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠲᠤᠤᠱᠯᠠᠭᠤᠯᠵᠥ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠢ ᠠᠬᠢᠭᠤᠯᠵᠥ᠂ ᠬᠦᠭᠵᠢᠯᠳᠡ ᠶᠢᠨ ᠰᠢᠨ᠎ᠡ ᠬᠦᠳᠡᠯᠬᠡᠬᠦ ᠴᠢᠳᠠᠪᠤᠷᠢ ᠶᠢ ᠲᠦᠷᠬᠡᠨ ᠪᠤᠶᠢᠵᠢᠭᠤᠯᠵᠥ᠂ ᠪᠦᠬᠦ ᠤᠷᠤᠨ ᠤ ᠠᠵᠥ ᠠᠬᠤᠢ ᠶᠢᠨ ᠬᠦᠭᠵᠢᠯᠳᠡ ᠨᠡᠩ ᠴᠢᠨᠠᠷ ᠰᠠᠶᠢᠳᠠᠢ᠂ ᠨᠡᠩ ᠦᠷ᠎ᠡ ᠪᠦᠳᠦᠮᠵᠢᠳᠡᠢ᠂ ᠨᠡᠩ ᠡᠷᠬᠡ ᠲᠡᠭᠰᠢ᠂ ᠨᠡᠩ ᠦᠷᠬᠦᠯᠵᠢᠯᠡᠬᠦ ᠴᠢᠭᠯᠡᠯ ᠢᠶᠠᠷ ᠢᠳᠡᠷᠬᠡᠭ ᠠᠯᠬᠤᠮ ᠢ ᠠᠯᠬᠤᠪᠠ᠃ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠥ᠂ ᠠᠷᠠᠳ ᠤᠨ ᠠᠮᠢᠳᠤᠷᠠᠯ ᠢ ᠰᠠᠨᠠᠭᠠᠴᠢᠯᠠᠭ᠎ᠠ ᠲᠠᠢ ᠬᠦᠴᠦᠳᠡᠢ ᠪᠠᠳᠤᠯᠠᠨ ᠰᠠᠶᠢᠵᠢᠷᠠᠭᠤᠯᠵᠥ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠨᠡᠯᠢᠶᠡᠳ ᠲᠦᠷᠬᠡᠨ ᠨᠡᠮᠡᠭᠳᠡᠵᠥ᠂ ᠵᠢᠱᠢᠯᠳᠡ ᠪᠠᠷ 20 ᠲᠦᠮᠡᠨ ᠶᠠᠳᠠᠭᠤ ᠬᠦᠴᠢᠷᠳᠡᠯᠳᠡᠢ ᠬᠦᠮᠥᠨ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠡᠵᠥ᠂ ᠨᠡᠶᠢᠬᠡᠮ ᠤᠨ ᠦᠢᠯᠡᠰ ᠪᠦᠬᠦ ᠲᠠᠯ᠎ᠠ ᠪᠠᠷ ᠬᠦᠭᠵᠢᠵᠤ᠂ ᠨᠡᠶᠢᠬᠡᠮ ᠤᠨ ᠪᠠᠳᠤᠯᠠᠪᠤᠷᠢ ᠶᠢᠨ ᠲᠦᠪᠰᠢᠨ ᠲᠤᠭᠳᠠᠭᠤᠨ ᠢᠶᠠᠷ ᠲᠡᠬᠡᠭᠰᠢᠯᠡᠵᠥ᠂ ᠨᠡᠶᠢᠬᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠭᠳᠠᠭᠤᠨ ᠪᠠᠶᠢᠵᠥ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠲᠡᠭᠡᠭᠰᠢᠯᠡᠪᠡ᠃ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠬᠦᠷᠢᠳᠡ ᠦᠯᠦ ᠵᠤᠭᠰᠤᠬᠤ ᠰᠡᠷᠭᠡᠭ ᠴᠢᠨᠠᠷ ᠪᠠ ᠪᠠᠳᠤ ᠢᠳᠡᠬᠡᠯ ᠲᠠᠢ ᠪᠠᠷ ᠴᠢᠩᠭ᠎ᠠ ᠠᠳᠬᠤᠵᠤ᠂ ᠲᠦᠪ ᠤᠨ ᠲᠤᠭᠤᠷᠢᠨ ᠪᠠᠶᠢᠴᠠᠭᠠᠵᠤ ᠡᠷᠭᠢᠵᠤ ᠬᠠᠷᠠᠭᠰᠠᠨ ᠬᠠᠷᠢᠭᠤ ᠳᠤᠰᠬᠠᠭᠰᠠᠨ ᠰᠠᠨᠠᠯ ᠶᠤᠰᠤᠭᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠤᠷᠳᠠᠯ ᠢ ᠵᠠᠰᠠᠵᠤ ᠰᠠᠬᠢᠯᠭ᠎ᠠ ᠪᠠᠲᠦ ᠶᠢ ᠴᠢᠩᠳᠠᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠲᠠᠰᠤᠷᠠᠯᠳᠠ ᠦᠭᠡᠢ ᠳᠡᠭᠡᠭᠰᠢᠯᠡᠵᠤ᠂ ᠪᠦᠬᠦ ᠤᠷᠤᠨ ᠤ ᠤᠯᠤᠰ ᠲᠦᠷᠦ ᠶᠢᠨ ᠠᠮᠢ ᠠᠬᠤᠢ ᠦᠷᠬᠦᠯᠵᠢᠯᠡᠨ ᠰᠠᠶᠢᠵᠢᠷᠠᠵᠠᠢ᠃

  ᠡᠳᠡᠭᠡᠷ ᠠᠮᠵᠢᠯᠳᠠ ᠶᠢ ᠤᠯᠤᠭᠰᠠ ᠨᠢ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠳᠤᠳᠤᠨᠤ ᠬᠠᠯᠠᠮᠵᠢᠯᠠᠯ ᠤᠨ ᠦᠶ᠎ᠠ ᠳ᠋ᠦᠩ ᠪᠤᠯᠤᠨ᠎ᠠ᠂ ᠪᠠᠰᠠᠴᠤ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ᠂ ᠦᠨᠡᠨ ᠪᠤᠳᠠᠳᠠᠢ ᠠᠵᠢᠯᠯᠠᠭᠰᠠᠨ ᠤ ᠦᠷ᠎ᠠ ᠳ᠋ᠦᠩ ᠪᠤᠯᠤᠨ᠎ᠠ᠃ ᠡᠭᠦᠨ ᠤ ᠬᠠᠮᠲᠦ ᠪᠢᠳᠡ ᠪᠠᠰᠠ ᠮᠠᠨ ᠤ ᠤᠷᠤᠨ ᠤ ᠬᠦᠭᠵᠢᠯᠳᠡ ᠳᠤ ᠮᠠᠰᠢ ᠤᠯᠠᠨ ᠬᠦᠴᠢᠷ ᠠᠰᠠᠭᠤᠳᠠᠯ ᠤᠷᠤᠰᠢᠵᠤ᠂ ᠤᠷᠤᠭᠰᠢᠯᠠᠯᠳᠠ ᠶᠢᠨ ᠵᠠᠮ ᠳᠤ ᠮᠠᠰᠢ ᠤᠯᠠᠨ ᠠᠶᠤᠯ ᠲᠦᠭᠰᠢᠭᠦᠷᠢ ᠪᠠ ᠦᠷᠢᠰᠦᠯᠳᠦᠭᠡᠨ ᠲᠤᠯᠭᠠᠷᠠᠵᠤ᠂ ᠮᠠᠨ ᠤ ᠠᠵᠢᠯ ᠳᠤ ᠪᠠᠰᠠ ᠮᠠᠰᠢ ᠤᠯᠠᠨ ᠰᠠᠶᠢᠨ ᠬᠢᠵᠤ ᠳᠡᠶᠢᠯᠦᠬᠡᠳᠤᠢ ᠭᠠᠵᠠᠷ ᠲᠠᠢ ᠪᠠᠶᠢᠬᠤ ᠶᠢ ᠰᠡᠷᠬᠡᠭ ᠢᠶᠠᠷ ᠲᠠᠨᠢᠵᠤ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦ ᠪᠤᠯᠤᠨ ᠬᠤᠷᠴᠠ ᠰᠡᠷᠭᠡᠭ ᠲᠠᠷᠢᠬᠢ ᠲᠤᠯᠤᠭᠠᠢ ᠲᠠᠢ ᠪᠠᠶᠢᠵᠤ᠂ ᠨᠡᠩ ᠰᠢᠷᠭᠠᠭᠤ ᠴᠢᠷᠮᠠᠶᠢᠯᠭ᠎ᠠ ᠭᠠᠷᠭᠠᠬᠤ ᠬᠡᠷᠡᠭᠲᠠᠢ᠃

  ᠰᠢᠨ᠎ᠠ ᠵᠢᠯ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠪᠠᠷᠢᠮᠳᠠᠯᠠᠵᠤ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠵᠢᠭᠤᠯᠵᠤ᠂ ᠲᠠᠪᠤ ᠶᠢ ᠨᠢᠭᠡ ᠴᠤᠭᠴᠠᠵᠢᠭᠤᠯᠬᠤ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠳᠦᠷᠪᠡᠨ ᠪᠦᠬᠦ ᠲᠠᠯ᠎ᠠ᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠨᠡᠮᠡᠭᠳᠡᠯ ᠢ ᠲᠤᠭᠳᠠᠭᠤᠨ ᠪᠠᠶᠢᠯᠭᠠᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠠ ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠲᠤᠷ ᠬᠢᠵᠤ᠂ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠵᠠᠪᠠᠯ ᠰᠠᠶᠢᠨ ᠬᠢᠵᠤ᠂ ᠦᠭᠡᠷᠡᠴᠢᠯᠡᠯᠳᠡ ᠨᠡᠬᠡᠬᠡᠯᠳᠡ ᠶᠢ ᠶᠡᠬᠡᠪᠡᠷ ᠠᠬᠢᠭᠤᠯᠵᠤ᠂ ᠰᠢᠨ᠎ᠠ ᠴᠠᠭ ᠦᠶ᠎ᠠ ᠳᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ ᠰᠢᠨ᠎ᠠ ᠠᠮᠵᠢᠯᠳᠠ ᠪᠦᠳᠦᠮᠵᠢ ᠤᠯᠵᠤ ᠰᠢᠨ᠎ᠠ ᠪᠠᠶᠢᠳᠠᠯ ᠢ ᠨᠡᠬᠡᠬᠡᠨ ᠡᠬᠦᠳᠦᠨ᠎ᠠ᠃

  ᠲᠦᠮᠡᠨ ᠬᠡᠷᠡᠭ ᠮᠢᠩᠭᠠᠨ ᠶᠠᠪᠤᠳᠠᠯ ᠳᠤ ᠠᠷᠠᠳ ᠤᠨ ᠠᠮᠢᠳᠤᠷᠠᠯ ᠲᠡᠷᠢᠭᠦᠨ ᠴᠢᠬᠤᠯᠠ ᠪᠤᠯᠠᠢ᠃ ᠪᠢᠳᠡ ᠬᠦᠭᠵᠢᠯᠳᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠠᠴᠠ ᠭᠠᠷᠳᠠᠨ ᠬᠢᠵᠤ᠂ ᠠᠷᠠᠳ ᠲᠦᠮᠡᠨ ᠳᠤ ᠬᠠᠨᠤᠮᠵᠢᠳᠠᠢ ᠶᠠᠪᠤᠳᠠᠯ ᠠᠴᠠ ᠡᠬᠢᠯᠡᠨ ᠬᠢᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠶᠢ ᠲᠠᠰᠤᠷᠠᠯᠳᠠ ᠦᠭᠡᠢ ᠠᠬᠢᠭᠤᠯᠵᠤ᠂ ᠠᠷᠠᠳ ᠲᠦᠮᠡᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠤᠨ᠎ᠠ᠃

  ᠪᠤᠳᠠᠳᠠᠢ ᠠᠵᠢᠯᠯᠠᠪᠠᠯ ᠬᠦᠰᠡᠯ ᠵᠡᠭᠦᠳᠦ ᠪᠠᠨ ᠪᠡᠶᠡᠯᠡᠭᠦᠯᠵᠤ᠂ ᠴᠢᠷᠮᠠᠶᠢᠨ ᠲᠡᠮᠡᠴᠡᠪᠡᠯ ᠢᠷᠡᠭᠡᠳᠦᠢ ᠶᠢᠨ ᠠᠮᠵᠢᠯᠳᠠ ᠶᠢ ᠤᠯᠵᠤ ᠴᠢᠳᠠᠨ᠎ᠠ᠃ ᠪᠢᠳᠡ ᠭᠠᠷ ᠬᠤᠯᠪᠤᠨ ᠤᠷᠤᠭᠰᠢᠯᠠᠵᠤ᠂ ᠴᠦᠬᠦᠷᠡᠰᠢ ᠦᠭᠡᠢ ᠴᠢᠷᠮᠠᠶᠢᠬᠤ ᠵᠤᠷᠢᠭ ᠰᠠᠨᠠᠭᠠᠨ ᠤ ᠳᠦᠷᠢ ᠪᠠᠶᠢᠳᠠᠯ ᠪᠤᠯᠤᠨ ᠴᠤᠴᠠᠯᠳᠠ ᠦᠭᠡᠢ ᠲᠡᠮᠡᠴᠡᠬᠦ ᠳᠦᠷᠢ ᠳᠦᠷᠬᠦ ᠪᠠᠷ ᠡᠳᠦᠷ ᠪᠦᠷᠢ ᠰᠠᠶᠢᠨ ᠠᠵᠢᠯᠯᠠᠵᠤ᠂ ᠶᠠᠪᠤᠳᠠᠯ ᠨᠢᠭᠡᠪᠦᠷᠢ ᠶᠢ ᠯᠠᠪᠳᠠᠭᠤᠨ ᠬᠢᠵᠤ᠂ ᠡᠬᠡ ᠤᠯᠤᠰ ᠤᠨ ᠤᠮᠠᠷᠠᠳᠦ ᠶᠢᠨ ᠡᠨᠡᠬᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠵᠤ ᠴᠤᠭᠴᠠᠯᠠᠰᠤᠭᠠᠢ᠃

  ᠠᠭᠤᠤ ᠶᠡᠭᠡ ᠡᠬᠡ ᠤᠯᠤᠰ ᠮᠢᠨᠢ ᠬᠦᠭᠵᠢᠨ ᠴᠡᠴᠡᠭᠯᠡᠬᠦ ᠶᠢ ᠬᠦᠰᠡᠨ ᠵᠦᠩᠨᠡᠶ᠎ᠠ︕

  ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠵᠤᠯ ᠵᠢᠷᠭᠠᠯᠳᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠦᠩᠨᠡᠶ᠎ᠠ︕

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com