ᠯᠢ ᠵᠢᠢ ᠾᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ ᠴᠢᠬᠤᠯᠠᠴᠢᠯᠠᠬᠰᠠᠨ ᠨᠢ ᠭᠤᠷᠪᠠᠨ ᠰᠢᠪᠲᠤᠯᠤᠯᠲᠠ ᠶᠢᠨ ᠲᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ

  4 ᠳ᠋ᠣᠭᠡᠷ ᠰᠠᠷ᠎ᠠ ᠶᠢᠨ 12᠎ ᠠᠴᠠ 15᠎᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠳ᠋ᠧᠩᠺᠸᠤ ᠰᠢᠶᠠᠨ᠂ ᠤᠷᠠᠳ ᠤᠨ ᠬᠤᠶᠢᠳᠦ ᠬᠤᠰᠢᠭᠤ᠂ ᠤᠷᠠᠳ ᠤᠨ ᠲᠤᠮᠳᠠᠳᠤ ᠬᠤᠰᠢᠭᠤ᠂ ᠤᠷᠠᠳ ᠤᠨ ᠡᠮᠦᠨᠡᠳᠦ ᠬᠤᠰᠢᠭᠤ ᠪᠠᠷ ᠬᠦᠨᠵᠡᠭᠡᠶᠢᠷᠡᠵᠤ᠂ ᠭᠤᠷᠪᠠᠨ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠬᠢᠵᠠᠢ᠃

  ᠯᠢ ᠵᠢᠢ ᠾᠧᠩ ᠱᠧᠩ ᠮᠦ ᠲᠡᠭᠡᠳᠦ ᠰᠢᠨᠵᠢᠯᠡᠭᠦ ᠤᠬᠠᠭᠠᠨ ᠮᠡᠷᠭᠡᠵᠢᠯ ᠤᠨ ᠤᠷᠭᠠᠨᠢᠭ ᠰᠦ ᠶᠢᠨ ᠺᠤᠮᠫᠠᠨᠢ ᠳᠤ ᠬᠦᠷᠴᠦ᠂ ᠠᠵᠤ ᠦᠢᠯᠡᠰ ᠢᠶᠠᠷ ᠡᠯᠡᠰᠦ ᠶᠢ ᠵᠠᠰᠠᠬᠤ ᠰᠢᠨ᠎ᠠ ᠵᠠᠬᠪᠤᠷ ᠢ ᠤᠶᠢᠯᠠᠭᠠᠪᠠ︔ ᠤᠯᠠᠭᠠᠨᠪᠤᠬ᠎ᠠ ᠶᠢᠨ ᠡᠯᠡᠰᠦ ᠎ ᠶᠢ ᠶᠡᠷᠦᠩᠬᠡᠶᠢᠯᠡᠨ ᠵᠠᠰᠠᠬᠤ ᠵᠢᠱᠢᠶ᠎ᠠ ᠦᠵᠡᠭᠦᠯᠭᠦ ᠲᠤᠭᠤᠷᠢᠭ ᠢᠶᠠᠷ ᠬᠦᠨᠵᠡᠭᠡᠶᠢᠷᠡᠵᠤ᠂ ᠨᠠᠷᠠᠨ ᠡᠨᠧᠷᠬᠢ ᠶᠢᠨ ᠲᠠᠷᠢᠶᠠᠯᠠᠩ᠂ ᠡᠯᠡᠰᠦᠨ ᠲᠤᠳᠤᠷᠭ᠎ᠠ᠂ ᠬᠡᠷᠡᠯ ᠸᠤᠯᠲ ᠢᠶᠠᠷ ᠡᠯᠡᠰᠦ ᠶᠢ ᠵᠠᠰᠠᠬᠤ ᠵᠡᠷᠭᠡ ᠲᠦᠷᠦᠯ ᠵᠦᠢᠯ ᠢ ᠪᠠᠶᠢᠴᠠᠭᠠᠨ ᠦᠵᠡᠵᠤ᠂ ᠲᠤᠬᠠᠢ ᠶᠢᠨ ᠭᠠᠵᠠᠷ ᠤᠨ ᠰᠦᠪᠡᠭᠴᠢᠯᠡᠭᠰᠡᠨ ᠠᠮᠢ ᠠᠬᠤᠢ ᠶᠢ ᠵᠠᠰᠠᠬᠤ᠂ ᠪᠤᠬᠢᠷᠳᠦᠯ ᠦᠭᠡᠢ ᠬᠦᠭᠵᠢᠭᠦᠯᠭᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠤᠷᠪᠠ ᠶᠢ ᠨᠢᠭᠡ ᠴᠤᠬᠴᠠᠵᠢᠭᠤᠯᠤᠨ ᠵᠤᠬᠢᠴᠠᠭᠤᠯᠣᠨ ᠠᠬᠢᠭᠤᠯᠵᠣ ᠶᠡᠷᠦᠩᠬᠡᠶᠢᠯᠡᠨ ᠵᠠᠰᠠᠬᠤ ᠵᠠᠬᠪᠤᠷ ᠢ ᠬᠦᠢᠴᠡᠳ ᠨᠤᠳᠠᠯᠠᠵᠤ᠂ ᠵᠤᠷᠢᠬᠳᠠᠢ ᠪᠠᠷ ᠰᠢᠨ᠎ᠠ ᠶᠢ ᠡᠭᠦᠳᠦᠨ᠂ ᠢᠳᠡᠪᠬᠢᠳᠡᠢ ᠪᠠᠷ ᠠᠬᠢᠭᠤᠯᠵᠦ᠂ ᠠᠭᠤᠯᠠ ᠤᠰᠤ ᠤᠢ ᠰᠢᠭᠤᠢ ᠲᠠᠷᠢᠶᠡᠨ ᠭᠠᠵᠠᠷ ᠨᠠᠭᠤᠷ ᠴᠦᠭᠦᠷᠦᠮ ᠪᠡᠯᠴᠢᠭᠡᠷ ᠡᠯᠡᠰᠦ ᠳᠤ ᠨᠤᠭᠤᠭᠠᠨ ᠪᠠᠶᠠᠨ ᠭᠤᠶᠤ᠎ ᠶᠢ ᠤᠷᠭᠠᠨᠢᠭ ᠢᠶᠠᠷ ᠠᠭᠤᠯᠤᠭᠤᠯᠬᠤ ᠬᠡᠷᠡᠭᠳᠡᠢ ᠭᠡᠵᠦ ᠱᠠᠭᠠᠷᠳᠠᠪᠠ᠃ ᠤᠯᠠᠭᠠᠨᠰᠣᠬᠠᠢ ᠨᠠᠭᠤᠷ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠰᠢᠨᠵᠢᠯᠡᠨ ᠪᠠᠶᠢᠴᠠᠭᠠᠬᠤ ᠳᠠᠭᠠᠨ᠂ ᠯᠢ ᠵᠢᠢ ᠾᠧᠩ᠂ ᠤᠯᠠᠭᠠᠨᠰᠣᠬᠠᠢ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠨᠢ ᠶᠡᠷᠦᠩᠬᠡᠢ ᠱᠦᠵᠢ ᠶᠢᠨ ᠠᠩᠬᠠᠷᠣᠯ ᠎ ᠢ ᠳᠠᠳᠠᠵᠣ ᠪᠤᠢ᠂ ᠪᠢᠳᠡ ᠵᠠᠪᠠᠯ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠡᠷᠡᠰ ᠲᠤᠤᠱᠯᠠᠭᠤᠯᠦᠨ᠂ ᠬᠦᠴᠦᠨ ᠢᠶᠠᠨ ᠲᠦᠪᠯᠡᠷᠡᠭᠦᠯᠦᠨ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠵᠤ᠂ ᠤᠯᠠᠭᠠᠨᠰᠣᠬᠠᠢ ᠨᠠᠭᠤᠷ ᠢ ᠦᠨᠡᠨᠭᠦ ᠰᠠᠶᠢᠳᠤᠷ ᠵᠠᠰᠠᠬᠤ ᠬᠡᠷᠡᠭᠳᠡᠢ ᠬᠡᠵᠤ ᠱᠠᠭᠠᠷᠳᠠᠪᠠ᠃

  ᠯᠢ ᠵᠢᠢ ᠾᠧᠩ ᠭᠠᠭᠴᠠᠮᠤᠳᠤ ᠬᠢᠯᠢ ᠶᠢᠨ ᠪᠤᠭᠤᠮᠳᠠ ᠪᠠ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠲᠤ ᠬᠦᠷᠴᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠪᠤᠯᠤᠨ ᠬᠦᠭᠵᠢᠯᠳᠡ ᠶᠢᠨ ᠲᠦᠯᠦᠪᠵᠢᠭᠦᠯᠭᠡ ᠶᠢᠨ ᠲᠠᠨᠢᠯᠴᠠᠭᠤᠯᠭ᠎ᠠ ᠶᠢ ᠰᠤᠨᠤᠰᠪᠠ᠃ ᠳᠡᠷᠡ᠂ ᠬᠤᠯᠪᠣᠯᠳᠣᠨ ᠨᠡᠪᠳᠡᠷᠡᠯᠴᠡᠭᠦ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠡᠬᠢ ᠪᠠᠶᠠᠯᠢᠭ ᠢ ᠲᠣᠬᠠᠢ ᠶᠢᠨ ᠭᠠᠵᠠᠷ ᠲᠤᠨᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠢ ᠶᠡᠭᠡᠪᠡᠷ ᠬᠦᠭᠵᠢᠭᠦᠯᠵᠤ᠂ ᠭᠠᠳᠠᠭᠠᠳᠦ ᠠᠴᠠ ᠤᠷᠤᠭᠤᠯᠬᠤ ᠡᠬᠢ ᠪᠠᠶᠠᠯᠢᠭ ᠢ ᠦᠯᠡᠳᠡᠭᠡᠨ ᠠᠪᠴᠣ ᠦᠷᠳᠡᠭ ᠎ ᠢ ᠨᠢ ᠨᠡᠮᠡᠭᠳᠡᠭᠦᠯᠵᠤ᠂ ᠴᠡᠭᠡᠷ ᠶᠤᠰᠤ ᠶᠢ ᠬᠦᠨᠳᠡᠭᠦ ᠠᠰᠠᠭᠤᠳᠠᠯ ᠢ ᠰᠠᠶᠢᠳᠤᠷ ᠰᠢᠢᠳᠪᠦᠷᠢᠯᠡᠨ᠂ ᠤᠷᠤᠨ ᠪᠠᠶᠢᠷᠢ ᠶᠢᠨ ᠲᠠᠪᠠᠭᠤᠯᠢᠭ ᠢᠶᠠᠨ ᠨᠡᠭᠡᠭᠡᠯᠳᠡ ᠬᠢᠬᠦ ᠲᠠᠪᠠᠭᠤᠯᠢᠭ᠂ ᠬᠦᠭᠵᠢᠯᠳᠡ ᠶᠢᠨ ᠲᠠᠪᠠᠭᠤᠯᠢᠭ ᠪᠤᠯᠭᠠᠨ ᠤᠯᠠᠷᠢᠭᠤᠯᠵᠤ᠂ ᠤᠮᠠᠷᠠᠰᠢ ᠨᠡᠭᠡᠭᠡᠯᠳᠡ ᠬᠢᠬᠦ ᠲᠦᠪᠰᠢᠨ ᠢᠶᠠᠨ ᠲᠡᠭᠡᠭᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃

  ᠤᠷᠠᠳ ᠤᠨ ᠡᠮᠦᠨᠡᠳᠦ ᠬᠤᠰᠢᠭᠤᠨ᠎ ᠤ ᠡᠯᠧᠺᠲᠷᠤᠨ ᠬᠤᠳᠠᠯᠳᠤᠭᠠᠨ᠎ ᠤ ᠠᠵᠤ ᠦᠢᠯᠡᠰ ᠤᠨ ᠬᠦᠷᠢᠶᠡᠯᠡᠩ᠂ ᠬᠦᠩ ᠲᠢᠶᠠᠨ ᠲᠤᠰᠬᠤᠨ᠎ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠦᠭᠵᠢᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠬᠤ ᠳᠠᠭᠠᠨ᠂ ᠯᠢ ᠵᠢᠢ ᠾᠧᠩ ᠲᠤᠬᠠᠢ ᠶᠢᠨ ᠭᠠᠵᠠᠷ ᠤᠨ ᠬᠢᠨ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠭᠦ ᠶᠢ ᠠᠬᠢᠭᠤᠯᠵᠤ᠂ ᠲᠠᠭᠠᠭᠤᠯᠤᠬᠴᠢ ᠠᠵᠤ ᠠᠬᠤᠶᠢᠯᠡᠯ ᠢᠶᠠᠷ ᠲᠠᠶᠢᠴᠢᠯᠡᠨ ᠲᠠᠭᠠᠭᠤᠯᠬᠤ ᠪᠠ ᠤᠷᠤᠨ ᠪᠦᠰᠡ ᠶᠢᠨ ᠲᠦᠷᠦᠯ ᠲᠡᠮᠳᠡᠭ ᠢᠶᠠᠷ ᠬᠦᠳᠦᠯᠦᠨ ᠳᠠᠭᠠᠭᠤᠯᠬᠤ ᠬᠤᠶᠠᠷ ᠵᠦᠢᠯ ᠤᠨ ᠠᠵᠢᠯ ᠢ ᠰᠠᠶᠢᠳᠣᠷ ᠬᠢᠵᠦ᠂ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠲᠦᠪᠰᠢᠨ ᠢᠶᠠᠨ ᠲᠡᠭᠡᠭᠰᠢᠯᠡᠭᠦᠯᠵᠤ᠂ ᠪᠤᠷᠤᠳᠤᠬᠤᠢ ᠭᠡᠰᠡᠨ ᠡᠨᠡᠬᠦ ᠰᠠᠶᠢᠬᠠᠨ ᠭᠠᠵᠠᠷ ᠎ ᠤᠨ ᠦᠢᠯᠡᠳᠪᠦᠷᠢᠯᠡᠭᠰᠡᠨ ᠰᠢᠯᠢᠳᠡᠭ ᠪᠦᠳᠦᠭᠡᠭᠳᠡᠭᠦᠨ ᠢ ᠪᠦᠬᠦ ᠣᠯᠣᠰ ᠳᠠᠶᠠᠭᠠᠷ ᠲᠤ ᠦᠷᠭᠡᠨ ᠢᠶᠠᠷ ᠪᠤᠷᠤᠯᠠᠭᠤᠯᠤᠭᠠᠷᠡᠢ ᠬᠡᠵᠤ ᠵᠤᠷᠢᠬᠵᠢᠭᠤᠯᠪᠠ᠃ ᠡᠷᠳᠡᠨᠢᠪᠤᠯᠠᠭ ᠰᠤᠮᠤ ᠶᠢᠨ ᠮᠢᠩᠭᠠᠨ ᠮᠦ ᠶᠢᠨ ᠲᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠭᠦ ᠲᠤᠭᠤᠷᠢᠭ ᠲᠤ ᠯᠢ ᠵᠢᠢ ᠾᠧᠩ ᠲᠠᠷᠢᠶᠠᠨ ᠵᠠᠬ᠎ᠠ ᠵᠤᠷᠬ᠎ᠠ ᠶᠢᠨ ᠦᠵᠦᠭᠦᠷ ᠲᠤ ᠬᠦᠷᠴᠦ ᠴᠢᠭᠢᠭ ᠤᠨ ᠪᠠᠶᠢᠳᠠᠯ ᠢ ᠠᠵᠢᠬᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠪᠠᠶᠢᠳᠠᠯ ᠢ ᠤᠶᠢᠯᠠᠭᠠᠨ᠂ ᠦᠢᠯᠡᠴᠢᠯᠡᠭᠡ ᠪᠠᠳᠤᠯᠠᠭ᠎ᠠ ᠶᠢ ᠰᠠᠶᠢᠳᠤᠷ ᠬᠢᠵᠤ᠂ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠬᠢᠯᠠᠭ᠎ᠠ ᠶᠢᠨ ᠳᠠᠶᠢᠯᠠᠯᠳᠣᠭᠠᠨ ᠢ ᠰᠠᠶᠢᠳᠤᠷ ᠬᠢᠭᠦ ᠬᠡᠷᠡᠭᠳᠡᠢ ᠬᠡᠵᠤ ᠴᠢᠬᠤᠯᠠᠴᠢᠯᠠᠪᠠ᠃

  ᠪᠠᠶᠢᠴᠠᠭᠠᠨ ᠰᠤᠳᠤᠯᠤᠯᠳᠠ ᠬᠢᠭᠰᠡᠨ ᠵᠠᠮ ᠵᠠᠭᠤᠷ᠎ᠠ ᠪᠠᠨ᠂ ᠯᠢ ᠵᠢᠢ ᠾᠧᠩ ᠪᠠᠶᠠᠨᠨᠠᠭᠤᠷ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠨᠠᠷᠢᠯᠢᠭ ᠤᠶᠢᠯᠠᠭᠠᠵᠤ᠂ ᠲᠤᠬᠠᠢ ᠶᠢᠨ ᠭᠠᠵᠠᠷ ᠤᠨ ᠺᠠᠳ᠋ᠷᠴᠤᠳ ᠢ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ ᠨᠢᠭᠡᠳᠦᠭᠡᠷ ᠹᠷᠤᠨᠲ ᠲᠤ ᠬᠦᠷᠴᠤ᠂ ᠨᠢᠭᠡᠳᠦᠭᠡᠷ ᠹᠷᠤᠨᠲ ᠲᠤ ᠠᠵᠢᠯᠯᠠᠵᠣ᠂ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠤ ᠢᠯᠠᠯᠳᠠ ᠤᠯᠬᠤ ᠲᠤᠮᠳᠠ ᠦᠨᠡᠨᠴᠢ ᠰᠢᠳᠤᠷᠭᠤ ᠬᠢᠭᠡᠳ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠴᠢᠳᠠᠪᠤᠷᠢ ᠬᠢᠭᠡᠳ ᠵᠢᠳᠭᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠲᠠᠷᠤᠢ ᠲᠦᠷᠭᠡᠨ ᠬᠦᠳᠡᠯᠦᠯᠴᠡᠵᠤ᠂ ᠶᠠᠳᠠᠭᠤ ᠶᠢ ᠲᠡᠳᠭᠦᠵᠦ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠶᠡᠭᠡᠪᠡᠷ ᠪᠠᠶᠢᠴᠠᠭᠠᠵᠤ ᠶᠡᠭᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠠᠰᠠᠭᠤᠳᠠᠯ ᠢ ᠰᠠᠶᠢᠳᠤᠷ ᠰᠢᠢᠳᠪᠦᠷᠢᠯᠡᠨ ᠠᠵᠢᠯ ᠢᠶᠠᠨ ᠯᠠᠪᠳᠠᠭᠤᠨ ᠪᠠᠳᠤᠳᠠᠢ ᠬᠢᠭᠦ ᠬᠡᠷᠡᠭᠳᠡᠢ ᠬᠡᠵᠤ ᠲᠠᠬᠢᠨ ᠲᠠᠪᠳᠠᠨ ᠵᠠᠬᠢᠪᠠ᠃

  ᠡᠨᠡ ᠬᠤᠭᠤᠴᠠᠭᠠᠨ ᠳᠤ᠂ ᠯᠢ ᠵᠢᠢ ᠾᠧᠩ ᠪᠠᠰᠠ ᠪᠠᠶᠠᠨᠨᠠᠭᠤᠷ ᠬᠤᠳᠠ ᠶᠢᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ᠎ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠠᠵᠤ ᠦᠢᠯᠡᠰ ᠤᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠭᠦ ᠶᠢ ᠲᠦᠷᠭᠡᠳᠭᠡᠨ ᠠᠬᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ᠎ ᠤ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠰᠢᠰᠲ᠋ᠧᠮ ᠲᠠᠢ ᠠᠬᠢᠭᠤᠯᠦᠨ᠂ ᠨᠡᠭᠡᠭᠡᠯᠳᠡᠳᠦ ᠬᠦᠭᠵᠢᠯᠳᠡ ᠶᠢᠨ ᠲᠦᠪᠰᠢᠨ ᠢᠶᠠᠨ ᠬᠦᠴᠦᠯᠡᠨ ᠲᠡᠭᠡᠭᠰᠢᠯᠡᠭᠦᠯᠵᠤ᠂ ᠦᠷᠢ ᠦᠭᠴᠡᠭᠡ ᠶᠢᠨ ᠲᠦᠭᠰᠢᠭᠦᠷᠢ ᠶᠢ ᠰᠡᠷᠬᠡᠶᠢᠯᠡᠨ ᠠᠷᠢᠯᠠᠭᠠᠬᠤ ᠠᠵᠢᠯ ᠢ ᠬᠢᠨᠠᠮᠠᠭᠠᠢ ᠰᠠᠶᠢᠳᠤᠷ ᠬᠢᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com