ᠬᠤ᠋ ᠴᠦᠨ ᠬᠤᠸᠠ᠄ ᠰᠠᠭᠠᠯᠢᠴᠢᠨ ᠢᠶᠠᠷ ᠭᠤᠤᠯ ᠴᠤᠬᠴᠠ ᠪᠤᠯᠭᠠᠬᠰᠠᠨ ᠦᠢᠯᠡᠳᠪᠦᠷᠢᠯᠡᠯ ᠡᠵᠡᠩᠨᠡᠯᠳᠡ ᠶᠢᠨ ᠰᠢᠰᠲ᠋ᠧᠮ ᠢ ᠬᠦᠭᠵᠢᠭᠦᠯᠵᠤ ᠰᠦ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠲᠦᠷᠭᠡᠳᠭᠡᠨ ᠠᠬᠢᠭᠤᠯᠬᠤ ᠬᠡᠷᠡᠭᠳᠡᠢ

  ᠪᠦᠬᠦ ᠤᠯᠤᠰ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ 9 ᠰᠠᠷ᠎ᠠ ᠶᠢᠨ 27᠎ ᠤ ᠡᠳᠦᠷ ᠬᠦᠯᠦᠨ ᠪᠤᠶᠢᠷ ᠬᠤᠳᠠ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ᠎ ᠤ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠡᠷᠦᠩᠬᠡᠢ ᠰᠠᠶᠢᠳ ᠬᠤ᠋ ᠴᠦᠨ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠤ᠂ ᠰᠦ ᠶᠢᠨ ᠦᠢᠯᠡᠰ ᠤᠨ ᠬᠦᠭᠵᠢᠯᠳᠡ ᠶᠢᠨ ᠠᠷᠭ᠎ᠠ ᠬᠡᠯᠪᠡᠷᠢ ᠶᠢ ᠰᠢᠨᠡᠴᠢᠯᠡᠨ᠂ ᠰᠦ ᠶᠢᠨ ᠦᠢᠯᠡᠰ ᠤᠨ ᠬᠦᠭᠵᠢᠯᠳᠡ ᠶᠢᠨ ᠶᠠᠰᠦ ᠴᠢᠨᠠᠷ ᠦᠷ᠎ᠠ ᠠᠰᠢᠭ ᠪᠤᠯᠤᠨ ᠦᠷᠢᠰᠦᠯᠳᠦᠭᠦ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ ᠳᠤ ᠬᠦᠴᠦᠳᠦ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠤ ᠴᠢᠬᠤᠯᠠᠴᠢᠯᠠᠪᠠ᠃

  9 ᠰᠠᠷ᠎ᠠ ᠶᠢᠨ 27᠎ ᠤ ᠡᠳᠦᠷ᠂ ᠪᠦᠬᠦ ᠤᠯᠤᠰ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠬᠤ ᠠᠴᠠ ᠡᠮᠦᠨ᠎ᠡ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ᠎ ᠤ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠡᠷᠦᠩᠬᠡᠢ ᠰᠠᠶᠢᠳ ᠬᠤ᠋ ᠴᠦᠨ ᠬᠤᠸᠠ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠠᠷ᠎ᠠ ᠪᠤᠯᠤᠯᠭ᠎ᠠ ᠲᠠᠢ ᠪᠠᠷ ᠪᠦᠬᠦ ᠤᠯᠤᠰ ᠤᠨ ᠰᠦ ᠶᠢᠨ ᠦᠢᠯᠡᠰ ᠤᠨ ᠠᠮᠵᠢᠯᠳᠠ ᠪᠦᠲᠦᠮᠵᠢ ᠶᠢᠨ ᠦᠵᠡᠬᠦᠯᠭᠡ ᠶᠢ ᠲᠤᠭᠤᠷᠢᠨ ᠦᠵᠡᠪᠡ᠃

  ᠰᠤᠷᠪᠤᠯᠵᠢᠯᠠᠬᠴᠢ ᠶᠤᠸᠠᠨ ᠶᠦᠩ ᠬᠤᠩ ᠰᠡᠬᠦᠳᠡᠷᠯᠡᠪᠡ

  ᠬᠤ᠋ ᠴᠦᠨ ᠬᠤᠸᠠ᠂ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠪᠤᠯ ᠪᠤᠳᠤᠯᠢᠶᠠᠨᠳᠠᠢ ᠰᠢᠰᠲ᠋ᠧᠮᠳᠦ ᠢᠨᠵᠧᠨᠧᠷᠢᠩ ᠪᠤᠯᠤᠨ᠎ᠠ᠂ ᠡᠷᠬᠡᠪᠰᠢ ᠭᠤᠤᠯᠳᠠᠯᠭ᠎ᠠ ᠶᠢ ᠲᠤᠪᠤᠶᠢᠯᠭᠠᠨ᠂ ᠵᠠᠩᠬᠢᠯᠠᠭ᠎ᠠ ᠶᠢ ᠡᠵᠡᠮᠳᠡᠭᠦ ᠬᠡᠷᠡᠭᠳᠡᠢ᠃ ᠰᠦ ᠶᠢᠨ ᠦᠢᠯᠡᠰ ᠤᠨ ᠬᠦᠭᠵᠢᠯᠳᠡ ᠳᠠᠬᠢ ᠰᠠᠭᠠᠯᠢᠴᠢᠨ᠎ ᠤ ᠬᠡᠪᠴᠢᠶᠡᠵᠢᠭᠰᠡᠨ ᠲᠡᠵᠢᠭᠡᠪᠦᠷᠢ ᠶᠢᠨ ᠰᠠᠭᠤᠷᠢ ᠪᠤᠯᠬᠤ ᠪᠠᠶᠢᠷᠢ ᠰᠠᠭᠤᠷᠢ ᠶᠢ ᠲᠦᠷᠭᠡᠨ ᠲᠤᠬᠳᠠᠭᠠᠵᠤ᠂ ᠰᠠᠭᠠᠯᠢᠴᠢᠨ᠎ ᠤ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠢᠳᠡᠪᠬᠢᠳᠡᠢ ᠬᠦᠭᠵᠢᠭᠦᠯᠦᠨ᠂ ᠰᠠᠭᠠᠯᠢᠴᠢᠨ᠎ ᠤ ᠬᠤᠷᠰᠢᠶ᠎ᠠ ᠶᠢ ᠪᠤᠶᠢᠵᠢᠭᠤᠯᠤᠨ ᠪᠤᠵᠠᠭᠠᠢᠢᠷᠠᠭᠤᠯᠵᠤ᠂ ᠨᠦᠬᠦᠴᠡᠯ ᠲᠠᠢ ᠰᠠᠭᠠᠯᠢᠴᠢᠨ ᠪᠤᠯᠤᠨ ᠬᠤᠷᠰᠢᠶ᠎ᠠ ᠶᠢᠨ ᠴᠠᠭᠠᠨ ᠢᠳᠡᠭᠡ ᠪᠤᠯᠪᠠᠰᠤᠷᠠᠭᠤᠯᠵᠤ ᠬᠦᠢᠯᠭᠡᠭᠡᠬᠦ ᠬᠦᠭᠵᠢᠭᠦᠯᠭᠦ ᠶᠢ ᠲᠡᠮᠵᠢᠭᠦ ᠬᠡᠷᠡᠭᠳᠡᠢ᠃ ᠴᠠᠭᠠᠨ ᠢᠳᠡᠭᠡ ᠶᠢ ᠪᠤᠯᠪᠠᠰᠤᠷᠠᠭᠤᠯᠬᠤ ᠠᠵᠤ ᠠᠬᠤᠢᠢᠯᠠᠯ ᠤᠨ ᠰᠢᠯᠢᠳᠡᠭᠵᠢᠨ ᠬᠦᠴᠦᠷᠭᠡᠭᠵᠢᠭᠦ ᠶᠢ ᠵᠤᠷᠢᠬᠵᠢᠭᠤᠯᠵᠤ᠂ ᠰᠠᠭᠠᠯᠢᠴᠢᠨ᠎ ᠤ ᠠᠰᠢᠭ ᠲᠤᠰᠠ ᠶᠢᠨ ᠬᠤᠯᠪᠤᠭᠠᠨ᠎ ᠤ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠤ᠂ ᠰᠠᠭᠠᠯᠢᠴᠢᠨ᠎ ᠤ ᠠᠰᠢᠭ ᠲᠤᠰᠠ ᠶᠢ ᠦᠨᠡᠨ ᠬᠦ ᠪᠠᠳᠤᠯᠠᠬᠤ ᠬᠡᠷᠡᠭᠳᠡᠢ᠃ ᠨᠢᠯᠬ᠎ᠠ ᠬᠡᠤᠭᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠪᠦᠳᠦᠭᠡᠭᠳᠡᠭᠦᠨ᠎ ᠤ ᠶᠠᠰᠦ ᠴᠢᠨᠠᠷ᠂ ᠦᠷᠢᠰᠦᠯᠳᠦᠭᠦ ᠬᠦᠴᠦᠨ ᠪᠠ ᠨᠡᠷ᠎ᠠ ᠠᠯᠳᠠᠷᠰᠢᠯ ᠢ ᠨᠢ ᠲᠡᠭᠡᠭᠰᠢᠯᠡᠭᠦᠯᠭᠦ ᠬᠡᠷᠡᠭᠳᠡᠢ᠃ ᠴᠠᠭᠠᠨ ᠢᠳᠡᠭᠡ ᠶᠢᠨ ᠶᠠᠰᠦ ᠴᠢᠨᠠᠷ ᠤᠨ ᠠᠮᠤᠷ ᠲᠦᠪᠰᠢᠨ᠎ ᠤ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠵᠤ᠂ ᠬᠢᠨᠠᠨ ᠰᠢᠯᠭᠠᠵᠤ ᠬᠢᠨᠠᠨ ᠪᠠᠶᠢᠴᠠᠭᠠᠬᠤ ᠰᠢᠰᠲ᠋ᠧᠮ ᠢ ᠪᠦᠷᠢᠨᠰᠢᠭᠦᠯᠦᠨ᠂ ᠶᠠᠰᠦ ᠴᠢᠨᠠᠷ ᠤᠨ ᠠᠮᠤᠷ ᠲᠦᠪᠰᠢᠨ᠎ ᠤ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠴᠢᠩᠭᠠᠳᠬᠠᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠦᠢᠯᠡᠴᠢᠯᠡᠭᠡ ᠪᠠᠨ ᠴᠢᠩᠭᠠᠷᠠᠭᠤᠯᠵᠤ᠂ ᠲᠤᠰ ᠪᠡᠶ᠎ᠠ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠦᠷᠢᠰᠦᠯᠳᠦᠭᠦ ᠬᠦᠴᠦᠨ ᠪᠦᠬᠦᠢ ᠦᠨᠳᠦᠰᠦᠳᠡᠨ᠎ ᠤ ᠰᠦ ᠶᠢᠨ ᠦᠢᠯᠡᠰ ᠢ ᠴᠤᠬᠴᠠᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃

  ᠦᠪᠦᠷ ᠮᠤᠩᠭᠤᠯ ᠳᠤ ᠪᠠᠶᠢᠬᠰᠠᠨ ᠬᠤᠭᠤᠴᠠᠭᠠᠨ ᠳᠠᠭᠠᠨ᠂ ᠬᠤ᠋ ᠴᠦᠨ ᠬᠤᠸᠠ ᠬᠦᠯᠦᠨ ᠪᠤᠶᠢᠷ ᠬᠤᠳᠠ ᠶᠢᠨ ᠬᠠᠶᠢᠯᠠᠷ ᠲᠤᠭᠤᠷᠢᠭ ᠪᠠ ᠬᠢᠩᠭᠠᠨ ᠠᠶᠢᠮᠠᠭ ᠤᠨ ᠤᠯᠠᠭᠠᠨᠬᠤᠳᠠ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠳᠤ ᠬᠦᠷᠴᠤ᠂ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ ᠪᠠᠶᠢᠭ᠎ᠠ ᠵᠢᠴᠢ ᠬᠦᠳᠡᠭᠡ ᠲᠤᠰᠬᠤᠨ᠎ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ᠎ ᠤ ᠴᠡᠭᠴᠡᠯᠡᠯᠳᠡ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠠᠵᠢᠯ ᠤᠨ ᠠᠬᠢᠴᠠ ᠶᠢ ᠪᠤᠳᠠᠳᠠᠢ ᠭᠠᠵᠠᠷ ᠲᠤᠨᠢ ᠪᠠᠶᠢᠴᠠᠭᠠᠨ ᠰᠤᠳᠤᠯᠵᠤ᠂ ᠲᠠᠷᠢᠶᠠᠯᠠᠩ ᠤᠨ ᠬᠤᠷᠰᠢᠶ᠎ᠠ ᠶᠢᠨ ᠰᠢᠬᠢᠷ ᠯᠤᠤᠪᠠᠩ ᠤᠨ ᠦᠢᠯᠡᠳᠪᠦᠷᠢᠯᠡᠯ ᠤᠨ ᠰᠠᠭᠤᠷᠢᠨ ᠢᠶᠠᠷ ᠰᠢᠨᠵᠢᠯᠡᠨ ᠪᠠᠶᠢᠴᠠᠭᠠᠬᠤ ᠶᠢᠨ ᠬᠠᠮᠳᠤ᠂ ᠶᠠᠳᠠᠭᠤ ᠬᠦᠴᠢᠷᠳᠡᠯᠳᠡᠢ ᠭᠠᠴᠠᠭ᠎ᠠ ᠪᠤᠯᠤᠨ ᠮᠠᠯᠴᠢᠨ ᠲᠠᠷᠢᠶᠠᠴᠢᠨ᠎ ᠤ ᠬᠡᠷ ᠲᠤ ᠬᠦᠨᠵᠡᠭᠡᠶᠢᠷᠡᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ᠎ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠤᠢᠢᠯᠠᠭᠠᠵᠠᠢ᠃

  ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠪᠠᠶᠠᠷ ᠤᠨ ᠦᠭᠡ ᠬᠡᠯᠡᠵᠤ᠂ ᠲᠦᠪ ᠤᠨ ᠬᠦᠳᠡᠭᠡ ᠲᠤᠰᠬᠤᠨ᠎ ᠤ ᠠᠵᠢᠯ ᠤᠨ ᠠᠯᠪᠠᠨ ᠬᠡᠷ ᠤᠨ ᠡᠷᠬᠢᠯᠡᠭᠴᠢ᠂ ᠬᠦᠳᠡᠭᠡ ᠠᠵᠤ ᠠᠬᠤᠢ ᠬᠦᠳᠡᠭᠡ ᠲᠤᠰᠬᠤᠨ᠎ ᠤ ᠶᠠᠮᠤᠨ᠎ ᠤ ᠰᠠᠶᠢᠳ ᠬᠠᠨ ᠴᠠᠩ ᠹᠦ᠋ ᠬᠤᠷᠠᠯ ᠢ ᠡᠷᠬᠢᠯᠡᠵᠡᠢ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠭᠤᠤ ᠢᠤᠢ᠂ ᠬᠦᠳᠡᠭᠡ ᠠᠵᠤ ᠠᠬᠤᠢ ᠬᠦᠳᠡᠭᠡ ᠲᠤᠰᠬᠤᠨ᠎ ᠤ ᠶᠠᠮᠤᠨ᠎ ᠤ ᠲᠡᠳ᠋ ᠰᠠᠶᠢᠳ ᠬᠠᠨ ᠵᠢᠶᠦ᠋ᠨ᠂ ᠢᠤᠢ ᠺᠠᠩ ᠵᠧᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠭᠦᠭᠦ ᠠᠯᠪᠠᠨ ᠬᠡᠷ ᠤᠨ ᠲᠡᠳ᠋ ᠡᠷᠬᠢᠯᠡᠭᠴᠢ ᠬᠤᠩ ᠲᠢᠶᠠᠨ ᠶᠦᠨ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠬᠠᠤ ᠤᠷᠤᠨ᠎ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ᠂ ᠦᠪᠡᠷᠳᠡᠭᠡᠨ ᠵᠠᠰᠠᠬᠤ ᠤᠷᠤᠨ᠎ ᠤ ᠲᠡᠳ᠋ ᠲᠡᠷᠢᠭᠦᠯᠡᠭᠴᠢ ᠯᠢ ᠪᠢᠩ ᠷᠦᠩ ᠲᠤᠰ ᠲᠤᠰ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com