ᠦᠪᠡᠷᠳᠡᠭᠡᠨ ᠵᠠᠰᠠᠬᠤ ᠤᠷᠤᠨ᠎ ᠤ ᠤᠳᠤᠷᠢᠳᠤᠯᠭ᠎ᠠ ᠪᠠ ᠤᠷᠤᠨ᠎ ᠤ ᠲᠦᠪ ᠤᠨ ᠡᠯ᠎ᠠ ᠦᠨᠳᠦᠰᠦᠳᠡᠨ ᠡᠯ᠎ᠠᠡᠳᠡᠭᠡᠳ ᠤᠨ ᠲᠦᠯᠦᠭᠡᠯᠡᠭᠴᠢ ᠶᠢᠨ ᠠᠷᠠᠳ ᠤᠨ ᠪᠠᠭᠠᠳᠤᠷᠴᠤᠳ ᠲᠤ ᠴᠡᠴᠡᠭᠳᠦ ᠰᠠᠬᠰᠤ ᠬᠦᠷᠭᠡᠭᠦ ᠶᠤᠰᠤᠯᠠᠯᠬᠦᠬᠡᠬᠤᠳᠠ ᠳᠤ ᠦᠪᠡᠳᠡᠭᠰᠢ ᠶᠡᠭᠡ ᠪᠠᠷ ᠶᠠᠪᠤᠬᠳᠠᠵᠠᠢ ᠯᠢ ᠵᠢᠢ ᠾᠧᠩ ᠪᠦ᠋ ᠰᠢᠶᠤᠤ ᠯᠢᠨ ᠨᠠᠷ ᠤᠷᠤᠯᠴᠠᠪᠠ

  ᠦᠷᠡᠭᠳᠡᠭᠰᠡᠨ ᠪᠠᠭᠠᠲᠤᠷᠴᠤᠳ ᠲᠤ ᠪᠠᠨ ᠰᠤᠷᠭᠤᠭ ᠴᠡᠴᠡᠭ ᠬᠦᠷᠬᠡᠵᠥ᠂ ᠭᠠᠰᠢᠭᠤᠳᠠᠯ ᠤᠨ ᠰᠡᠳᠬᠢᠯ ᠢᠶᠠᠨ ᠢᠯᠡᠳᠬᠡᠵᠥ ᠰᠢᠳᠤᠷᠭᠤ ᠰᠦᠨᠡᠰᠤ ᠶᠢ ᠨᠢ ᠲᠠᠬᠢᠨ᠎ᠠ᠃ 9 ᠳ᠋ᠦ᠋ᠭᠡᠷ ᠰᠠᠷ᠎ᠠ ᠶᠢᠨ 30᠎ ᠤ ᠡᠳᠦᠷ ᠪᠤᠯ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠡᠳᠦᠷ ᠪᠤᠯᠤᠨ᠎ᠠ᠃ ᠲᠤᠰ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ ᠤ ᠲᠡᠷᠢᠭᠦᠯᠡᠭᠴᠢ ᠪᠦ᠋ ᠰᠢᠶᠤᠤ ᠯᠢᠨ ᠵᠡᠷᠬᠡ ᠦᠪᠡᠷᠳᠡᠭᠡᠨ ᠵᠠᠰᠠᠬᠤ ᠤᠷᠤᠨ᠎ ᠤ ᠮᠤᠵᠢ ᠠᠷᠮᠢ ᠶᠢᠨ ᠲᠡᠰ ᠤᠨ ᠤᠳᠤᠷᠢᠳᠬᠤ ᠨᠦᠬᠦᠳ ᠲᠠᠯᠠᠨ ᠬᠠᠷ᠎ᠠ ᠠᠭᠤᠯᠠ ᠶᠢᠨ ᠬᠤᠪᠢᠰᠬᠠᠯᠳᠤ ᠰᠤᠶᠤᠯ ᠤᠨ ᠴᠡᠴᠡᠷᠯᠢᠭ ᠲᠤ ᠢᠷᠡᠵᠤ᠂ ᠣᠷᠣᠨ᠎ ᠤ ᠲᠦᠪ ᠤᠨ ᠡᠯ᠎ᠡ ᠦᠨᠳᠦᠰᠦᠳᠡᠨ ᠡᠯ᠎ᠠ ᠡᠳᠡᠭᠡᠳ  ᠤᠨ ᠲᠦᠯᠦᠭᠡᠯᠡᠭᠴᠢ ᠲᠠᠢ ᠬᠠᠮᠳᠤ ᠪᠠᠷ ᠠᠷᠠᠳ ᠤᠨ ᠪᠠᠭᠠᠳᠤᠷᠴᠤᠳ ᠲᠤ ᠴᠡᠴᠡᠭᠳᠦ ᠰᠠᠬᠰᠦ ᠬᠦᠷᠭᠡᠭᠦ ᠶᠤᠰᠤᠯᠠᠯ ᠳᠤ ᠤᠷᠤᠯᠴᠠᠵᠤ᠂ ᠦᠷᠡᠭᠳᠡᠭᠰᠡᠨ ᠪᠠᠭᠠᠳᠤᠷᠴᠤᠳ ᠢ ᠬᠦᠨ ᠳᠣᠷᠠᠰᠣᠨ ᠰᠠᠨᠠᠭᠠᠯᠵᠠᠵᠤ᠂ ᠠᠷᠤᠤᠬᠠᠨ ᠰᠦᠨᠡᠰᠦ ᠶᠢ ᠨᠢ ᠲᠠᠶᠢᠳᠬᠤᠷᠠᠭᠤᠯᠪᠠ᠃

  ᠲᠦᠪ ᠬᠢᠴᠢᠶᠡᠩᠭᠦᠢ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠬᠦᠰᠢᠶ᠎ᠡ ᠶᠢᠨ ᠠᠭᠤᠳᠠᠮ ᠲᠠᠯᠠᠪᠠᠢ ᠳᠤ᠂ ᠲᠠᠪᠤᠨ ᠤᠳᠤᠳᠤ ᠤᠯᠠᠭᠠᠨ ᠲᠤᠭ ᠰᠠᠯᠬᠢᠨ᠎ ᠤ ᠠᠶ᠎ᠠ ᠪᠠᠷ ᠨᠠᠮᠢᠷᠠᠨ᠂ ᠬᠤᠷᠴᠠ ᠰᠤᠷᠭᠤᠭ ᠴᠡᠴᠡᠭᠳᠦ ᠰᠠᠬᠰᠤ ᠵᠢᠭᠳᠡ ᠡᠩᠨᠡᠷᠡᠵᠤ᠂ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠢ ᠬᠢᠵᠠᠭᠠᠯᠠᠰᠢ ᠦᠭᠡᠢ ᠭᠠᠰᠢᠭᠤᠳᠠᠨ ᠰᠠᠨᠠᠭᠠᠯᠵᠠᠵᠤ ᠪᠠᠶᠢᠬᠤ ᠰᠡᠳᠭᠢᠯᠭᠡ ᠶᠢ ᠢᠯᠡᠳᠭᠡᠨ᠎ᠠ᠃ ᠤᠷᠤᠨ᠎ ᠤ ᠲᠦᠪ ᠤᠨ ᠡᠯ᠎ᠠ ᠦᠨᠳᠦᠰᠦᠳᠡᠨ ᠡᠯ᠎ᠠ ᠡᠳᠡᠭᠡᠳ  ᠤᠨ ᠲᠦᠯᠦᠭᠡᠯᠡᠭᠴᠢ ᠭᠠᠷ ᠲᠤ ᠪᠠᠨ ᠰᠤᠷᠭᠤᠭ ᠴᠡᠴᠡᠭ ᠪᠠᠷᠢᠵᠤ᠂ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ  ᠤᠨ ᠬᠦᠰᠢᠶ᠎ᠠ ᠶᠢᠨ ᠡᠮᠦᠨ᠎ᠡ ᠲᠦᠪ ᠵᠤᠬᠰᠤᠨ᠎ᠠ᠃

  9 ᠴᠠᠭ 55 ᠮᠢᠨᠦ᠋ᠲ ᠲᠤ᠂ ᠯᠢ ᠵᠢᠢ ᠾᠧᠩ᠂ ᠪᠦ᠋ ᠰᠢᠶᠤᠤ ᠯᠢᠨ ᠵᠡᠷᠭᠡ ᠦᠪᠡᠷᠳᠡᠭᠡᠨ ᠵᠠᠰᠠᠬᠤ ᠤᠷᠤᠨ᠎ ᠤ ᠮᠤᠵᠢ ᠠᠷᠮᠢ ᠶᠢᠨ ᠲᠡᠰ ᠤᠨ ᠤᠳᠤᠷᠢᠳᠬᠤ ᠨᠦᠬᠦᠳ ᠵᠢᠬᠰᠠᠭᠠᠯ ᠤᠨ ᠡᠩᠨᠡᠭᠡ ᠶᠢᠨ ᠡᠮᠦᠨ᠎ᠠ ᠠᠯᠬᠤᠨ ᠬᠦᠷᠴᠤ᠂ ᠠᠷᠠᠳ ᠤᠨ ᠪᠠᠭᠠᠳᠤᠷᠴᠤᠳ ᠲᠤ ᠴᠡᠴᠡᠭᠳᠦ ᠰᠠᠬᠰᠤ ᠬᠦᠷᠭᠡᠭᠦ ᠶᠤᠰᠤᠯᠠᠯ ᠳᠤ ᠤᠷᠤᠯᠴᠠᠵᠠᠢ᠃

  ᠴᠡᠷᠢᠭ ᠤᠨ ᠬᠦᠭᠵᠢᠮ ᠤᠨ ᠪᠦᠯᠬᠦᠮ ᠤᠨ 10 ᠲᠷᠦ᠋ᠮᠫᠧᠲ ᠬᠦᠭᠵᠢᠮᠳᠡᠭᠴᠢ ᠦᠷᠡᠭᠳᠡᠭᠰᠡᠡ ᠪᠠᠭᠠᠳᠤᠷᠴᠤᠳ ᠤᠨ ᠲᠤᠷᠠᠰᠬᠠᠯ ᠤᠨ ᠠᠶᠠᠰ ᠢ ᠬᠠᠩᠬᠢᠨᠠᠭᠤᠯᠵᠣ᠂ ᠦᠷᠡᠭᠳᠡᠭᠰᠡᠨ ᠪᠠᠭᠠᠳᠤᠷᠴᠤᠳ ᠲᠤ ᠬᠦᠨᠳᠦᠳᠭᠡᠯ ᠲᠡᠪᠰᠢᠭᠦᠯᠵᠤ᠂ ᠪᠠᠭᠠᠳᠤᠷᠴᠤᠳ ᠲᠤ ᠪᠡᠯᠡᠭ ᠪᠠᠷᠢᠪᠠ᠃

  ᠶᠤᠰᠤᠯᠠᠯ ᠤᠨ ᠴᠡᠷᠢᠭ ᠪᠡᠯᠡᠳᠭᠡᠬᠡᠷᠡᠢ ᠬᠡᠭᠦ ᠵᠠᠷᠯᠢᠭ ᠪᠠᠭᠤᠬᠤ ᠲᠠᠢ ᠵᠡᠷᠭᠡ ᠵᠢᠭᠳᠡ ᠰᠢᠯᠤᠭᠤᠨ ᠪᠡᠶ᠎ᠠ ᠪᠢᠯᠳᠡᠷ᠂ ᠢᠳᠡᠷᠡᠭᠦᠨ ᠵᠢᠪᠬᠤᠭᠠᠳᠤ ᠠᠯᠬᠤᠭ᠎ᠠ ᠬᠢᠰᠬᠢᠭᠡ ᠲᠠᠢ ᠶᠤᠰᠤᠯᠠᠯ ᠤᠨ ᠴᠡᠷᠢᠭ ᠢᠳᠡᠷᠡᠭᠦᠨ ᠠᠯᠬᠤᠭ᠎ᠠ ᠪᠠᠷ ᠲᠤᠷᠠᠰᠬᠠᠯ ᠤᠨ ᠬᠦᠰᠢᠶ᠎ᠠ ᠶᠢᠨ ᠬᠤᠶᠠᠷ ᠲᠠᠯ᠎ᠠ ᠳᠤ ᠬᠦᠷᠴᠤ ᠫᠤᠤ ᠠᠳᠬᠤᠨ ᠲᠦᠪ ᠵᠤᠭᠰᠤᠪᠠ᠃

  10 ᠴᠠᠭ ᠲᠤ᠂ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠬᠡᠬᠦ ᠶᠤᠰᠤᠯᠠᠯ ᠡᠬᠢᠯᠡᠪᠡ᠃ ᠴᠡᠷᠢᠭ ᠤᠨ ᠬᠦᠭᠵᠢᠮ ᠤᠨ ᠪᠦᠯᠬᠦᠮ ᠵᠢᠷᠤᠮ ᠤᠨ ᠴᠡᠷᠢᠭ ᠤᠨ ᠤᠷᠤᠭᠰᠢᠯᠠᠯᠳᠠ ᠶᠢᠨ ᠲᠠᠭᠤᠤ ᠶᠢ ᠬᠦᠭᠵᠢᠮᠳᠡᠵᠥ᠂ ᠲᠠᠯᠠᠪᠠᠢ ᠲᠠᠶᠠᠭᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠯᠳᠡ ᠲᠠᠭᠤᠤ  ᠶᠢ ᠬᠠᠩᠬᠢᠨᠠᠳᠠᠯ᠎ᠠ ᠲᠠᠭᠤᠯᠠᠪᠠ᠃ ᠤᠯᠤᠰ ᠤᠨ ᠰᠦᠯᠳᠡ ᠳᠠᠭᠤᠤ ᠶᠢ ᠳᠠᠭᠤᠯᠠᠵᠦ ᠪᠠᠷᠠᠬᠰᠠᠨ᠎ ᠤ ᠳᠠᠷᠠᠭ᠎ᠠ᠂ ᠲᠠᠯᠠᠪᠠᠢ ᠲᠠᠶᠠᠭᠠᠷ ᠨᠠᠮ ᠵᠢᠮ ᠪᠤᠯᠵᠤ᠂ ᠤᠯᠠᠨ ᠢᠶᠠᠷ ᠢᠶᠠᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠯᠳᠡ ᠶᠢᠨ ᠦᠢᠯᠡᠰ ᠪᠤᠯᠤᠨ ᠪᠦᠭᠦᠳᠡ ᠨᠠᠶᠢᠷᠠᠮᠳᠠᠬᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠲᠦᠯᠦᠭᠡ ᠪᠠᠭᠠᠳᠤᠷᠯᠢᠬ ᠢᠶᠠᠷ ᠪᠡᠶ᠎ᠠ ᠦᠷᠡᠭᠳᠡᠭᠰᠡᠨ ᠪᠠᠭᠠᠳᠤᠷᠴᠤᠳ ᠲᠤ ᠨᠠᠮᠠᠨᠴᠢᠯᠠᠪᠠ᠃ ᠨᠠᠮᠠᠨᠴᠢᠯᠠᠵᠤ ᠪᠠᠷᠠᠬᠰᠠᠨ᠎ ᠤ ᠳᠠᠷᠠᠭ᠎ᠠ᠂ ᠬᠡᠤᠬᠡᠳ ᠪᠠᠭᠠᠴᠤᠳ ᠪᠠᠭᠠᠴᠤᠳ ᠤᠨ ᠬᠤᠰᠢᠭᠤᠴᠢ ᠠᠩᠬᠢ ᠶᠢᠨ ᠲᠠᠭᠤᠤ ᠶᠢ ᠳᠠᠭᠤᠯᠠᠭᠰᠠᠨ ᠪᠦᠭᠡᠳ ᠴᠤᠬᠭᠠᠷ ᠪᠠᠭᠠᠴᠤᠳ ᠤᠨ ᠬᠤᠰᠢᠭᠤᠴᠢ ᠠᠩᠭᠢ ᠶᠢᠨ ᠶᠤᠰᠤ ᠪᠠᠨ ᠭᠦᠢᠴᠡᠳᠭᠡᠪᠡ᠃

  ᠵᠢᠭᠰᠠᠭᠠᠯ ᠤᠨ ᠡᠩᠨᠡᠭᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ᠂ ᠴᠡᠷᠢᠭ ᠤᠨ ᠲᠤᠭᠤᠷᠢᠭ᠂ ᠡᠯ᠎ᠠ ᠠᠷᠠᠳᠴᠢᠯᠠᠭᠰᠠᠨ ᠨᠠᠮ ᠪᠦᠯᠦᠭ ᠪᠤᠯᠤᠨ ᠨᠠᠮ ᠪᠦᠯᠦᠭ ᠤᠨ ᠪᠤᠰᠤ ᠬᠦᠮᠦᠰ᠂ ᠡᠯ᠎ᠠ ᠦᠨᠳᠦᠰᠦᠳᠡᠨ ᠡᠯ᠎ᠡ ᠡᠳᠡᠭᠡᠳ ᠤᠨ ᠬᠦᠷᠭᠡᠭᠰᠡᠨ 7 ᠴᠡᠴᠡᠭᠳᠦ ᠰᠠᠬᠰᠤ ᠶᠢ ᠵᠢᠭᠳᠡ ᠡᠩᠨᠡᠷᠡᠭᠦᠯᠦᠨ ᠳᠠᠯᠪᠢᠵᠣ᠂ ᠴᠡᠴᠡᠭᠲᠦ ᠰᠠᠭᠰᠤ ᠶᠢᠨ ᠤᠨᠵᠢᠯᠠᠭ᠎ᠠ ᠳᠡᠭᠡᠷ᠎ᠠ ᠠᠷᠠᠳ ᠤᠨ ᠪᠠᠭᠠᠲᠤᠷᠴᠤᠳ ᠦᠨᠢᠳᠡ ᠪᠠᠯᠠᠷᠠᠰᠢ ᠦᠭᠡᠢ ᠭᠡᠰᠡᠨ ᠠᠯᠲᠠᠨ ᠰᠢᠷᠭᠠᠯ ᠲᠤᠮᠤ ᠪᠢᠴᠢᠭᠡᠰᠦ ᠶᠢ ᠲᠤᠳᠤᠬᠠᠨ ᠪᠢᠴᠢᠵᠠᠢ᠃

  ᠴᠡᠷᠢᠭ ᠤᠨ ᠬᠦᠭᠵᠢᠮ ᠤᠨ ᠪᠦᠯᠬᠦᠮ ᠤᠨ ᠬᠦᠭᠵᠢᠮᠳᠡᠭᠰᠡᠨ ᠴᠡᠴᠡᠭ ᠬᠦᠷᠭᠡᠬᠦ ᠠᠶᠠᠰ ᠤᠨ ᠲᠤᠮᠳᠠ᠂ 14 ᠶᠤᠰᠤᠯᠠᠯ ᠤᠨ ᠴᠡᠷᠢᠭ ᠴᠡᠴᠡᠭᠳᠤ ᠰᠠᠭᠰᠤ ᠶᠢ ᠳᠠᠮᠨᠠᠨ ᠲᠤᠷᠠᠰᠬᠠᠯ ᠤᠨ ᠬᠦᠰᠢᠶ᠎ᠠ ᠳᠤ ᠠᠯᠭᠤᠷᠬᠠᠨ ᠤᠶᠢᠷᠠᠳᠴᠤ᠂ ᠴᠡᠴᠡᠭᠳᠤ ᠰᠠᠭᠰᠤ ᠶᠢ ᠲᠤᠷᠠᠰᠬᠠᠯ ᠤᠨ ᠬᠦᠰᠢᠶ᠎ᠠ ᠶᠢᠨ ᠲᠤᠤᠷ᠎ᠠ ᠡᠩᠨᠡᠬᠦᠯᠥᠨ ᠲᠠᠯᠪᠢᠪᠠ᠃

  ᠯᠢ ᠵᠢᠢ ᠡᡁᠧᠩ᠂ ᠪᠦ᠋ ᠰᠢᠶᠤᠤ ᠯᠢᠨ ᠠᠯᠭᠤᠷ ᠠᠯᠬᠤᠵᠤ᠂ ᠲᠤᠷᠠᠰᠬᠠᠯ ᠤᠨ ᠬᠦᠰᠢᠶ᠎ᠠ ᠶᠢᠨ ᠡᠮᠦᠨ᠎ᠠ ᠠᠯᠬᠤᠮ ᠢᠶᠠᠨ ᠵᠣᠭᠰᠣᠵᠦ ᠰᠢᠷᠳᠡᠨ ᠪᠠᠷᠠᠳᠠᠪᠠ᠃ ᠯᠢ ᠵᠢᠢ ᠾᠧᠩ ᠤᠷᠤᠭᠰᠢ ᠠᠯᠬᠤᠵᠦ ᠬᠦᠨ ᠨᠡᠮᠡᠨᠴᠢᠯᠡᠨ ᠶᠤᠰᠤᠯᠠᠭᠠᠳ᠂ ᠴᠡᠴᠡᠭᠳᠤ ᠰᠠᠭᠰᠤ ᠶᠢᠨ ᠤᠨᠵᠢᠯᠭ᠎ᠠ ᠶᠢ ᠨᠢᠮᠪᠠᠢ ᠲᠢᠭᠯᠡᠭᠦ ᠶᠢᠨ ᠬᠠᠮᠳᠤ᠂ ᠬᠦᠰᠢᠶ᠎ᠠ ᠶᠢ ᠨᠢᠭᠡ ᠳᠤᠭᠤᠶᠢᠯᠠᠵᠤ ᠬᠦᠨ ᠰᠡᠳᠬᠢᠯᠭᠡ ᠪᠠᠷ ᠬᠦᠨᠳᠦᠳᠭᠡᠨ ᠪᠠᠷᠠᠳᠠᠪᠠ᠃ ᠪᠦ᠋ ᠰᠢᠶᠤᠤ ᠯᠢᠨ ᠵᠡᠷᠭᠡ ᠦᠪᠡᠷᠳᠡᠭᠡᠨ ᠵᠠᠰᠠᠬᠤ ᠤᠷᠤᠨ᠎ ᠤ ᠮᠤᠵᠢ ᠠᠷᠮᠢ ᠶᠢᠨ ᠲᠡᠰ ᠤᠨ ᠤᠳᠤᠷᠢᠳᠬᠤ ᠨᠦᠬᠦᠳ ᠤᠷᠢᠳ ᠬᠤᠵᠢᠳ ᠤᠷᠤᠬᠰᠢ ᠠᠯᠬᠤᠨ ᠮᠡᠭᠦᠶᠢᠨ ᠶᠤᠰᠤᠯᠠᠵᠦ ᠬᠦᠨᠳᠦᠳᠭᠡᠯ ᠢᠶᠠᠨ ᠲᠡᠪᠰᠢᠭᠦᠯᠵᠤ᠂ ᠲᠤᠷᠠᠰᠬᠠᠯ ᠤᠨ ᠬᠦᠰᠢᠶ᠎ᠡ ᠳᠤ ᠬᠦᠨᠳᠦᠳᠭᠡᠨ ᠪᠠᠷᠠᠳᠠᠵᠦ᠂ ᠦᠷᠡᠭᠳᠡᠭᠰᠡᠨ ᠪᠠᠭᠠᠳᠤᠷᠴᠤᠳ ᠲᠤ ᠡᠷᠬᠢᠮ ᠲᠡᠭᠡᠳᠤ ᠬᠦᠨᠳᠦᠳᠭᠡᠯ ᠲᠡᠪᠰᠢᠬᠦᠯᠵᠥ ᠪᠠᠶᠢᠬᠤ ᠪᠠᠨ ᠢᠯᠡᠳᠬᠡᠵᠢ᠃ ᠡᠯ᠎ᠡ ᠦᠨᠳᠦᠰᠦᠳᠡᠨ ᠡᠯ᠎ᠡ ᠡᠳᠡᠭᠡᠳ ᠤᠨ ᠲᠦᠯᠦᠭᠡᠯᠡᠭᠴᠢᠳ ᠠᠯᠬᠤᠮ ᠲᠠᠷᠠᠭ᠎ᠠ ᠲᠠᠢ ᠪᠠᠷ ᠰᠤᠷᠭᠤᠭ ᠴᠡᠴᠡᠭ ᠬᠦᠷᠭᠡᠵᠤ᠂ ᠲᠤᠷᠠᠰᠬᠠᠯ ᠤᠨ ᠬᠦᠰᠢᠶ᠎ᠠ  ᠶᠢ ᠰᠢᠷᠳᠡᠨ ᠪᠠᠷᠠᠳᠠᠵᠦ᠂ ᠦᠷᠡᠭᠳᠡᠭᠰᠡᠨ ᠪᠠᠭᠠᠳᠤᠷᠴᠤᠳ ᠢᠶᠠᠨ ᠲᠤᠷᠠᠰᠤᠨ ᠰᠠᠨᠠᠭᠠᠯᠵᠠᠪᠠ᠃

  ᠬᠦᠬᠡᠬᠤᠳᠠ ᠳᠤ ᠪᠠᠶᠢᠭ᠎ᠠ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ᠎ ᠤ ᠤᠳᠤᠷᠢᠳᠬᠤ ᠨᠦᠬᠦᠳ ᠪᠤᠯᠤᠨ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠠᠷᠮᠢ ᠶᠢᠨ ᠲᠡᠰ ᠤᠨ ᠤᠳᠤᠷᠢᠳᠤᠯᠭ᠎ᠠ᠂ ᠦᠪᠡᠷᠳᠡᠭᠡᠨ ᠵᠠᠰᠠᠬᠤ ᠤᠷᠤᠨ᠎ ᠤ ᠠᠷᠠᠳ ᠤᠨ ᠦᠨᠳᠤᠷ ᠵᠡᠷᠬᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ᠎ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠵᠡᠪᠰᠡᠭᠳᠤ ᠴᠠᠭᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠠᠷᠮᠢ ᠶᠢᠨ ᠲᠡᠰ ᠤᠨ ᠤᠳᠤᠷᠢᠳᠤᠯᠭ᠎ᠠ ᠴᠡᠴᠡᠭᠳᠤ ᠰᠠᠭᠰᠤ ᠬᠦᠷᠭᠡᠬᠦ ᠶᠤᠰᠤᠯᠠᠯ ᠳᠤ ᠤᠷᠤᠯᠴᠠᠪᠠ︔ ᠡᠯ᠎ᠡ ᠠᠷᠠᠳᠴᠢᠯᠠᠭᠰᠠᠠ ᠨᠠᠮ ᠪᠦᠯᠥᠭ ᠪᠤᠯᠤᠨ ᠨᠠᠮ ᠪᠦᠯᠥᠭ ᠤᠨ ᠪᠤᠰᠤ ᠬᠦᠮᠥᠰ᠂ ᠬᠡᠰᠡᠭ ᠠᠬᠠᠮᠠᠳ ᠪᠠᠶᠢᠯᠳᠤᠭᠴᠢ᠂ ᠠᠬᠠᠮᠠᠳ ᠨᠦᠬᠦᠳ᠂ ᠦᠷᠡᠭᠳᠡᠭᠰᠡᠨ ᠪᠠᠭᠠᠳᠤᠷᠴᠤᠳ ᠤᠨ ᠲᠦᠷᠦᠯ ᠰᠠᠳᠤᠨ᠎ ᠤ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ᠎ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠬᠦᠳ᠂ ᠬᠦᠬᠡᠬᠤᠳᠠ ᠶᠢᠨ ᠡᠯ᠎ᠡ ᠦᠨᠳᠦᠰᠦᠳᠡᠨ ᠡᠯ᠎ᠡ ᠡᠳᠡᠭᠡᠳ ᠤᠨ ᠺᠠᠳ᠋ᠷ ᠤᠯᠠᠨ ᠲᠦᠮᠡᠨ᠎ ᠤ ᠲᠦᠯᠥᠭᠡᠯᠡᠭᠴᠢ ᠵᠢᠴᠢ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠎ ᠤ ᠲᠦᠯᠦᠭᠡᠯᠡᠭᠴᠢ᠂ ᠬᠦᠬᠡᠬᠤᠳᠠ ᠳᠤ ᠰᠠᠭᠤᠭ᠎ᠠ ᠴᠢᠯᠥᠬᠡᠯᠡᠬᠦ ᠴᠡᠷᠢᠭ᠂ ᠵᠡᠪᠰᠡᠭᠳᠤ ᠴᠠᠭᠳᠠᠭ᠎ᠠ ᠶᠢᠨ ᠲᠠᠷᠤᠭ᠎ᠠ ᠪᠠᠶᠢᠯᠳᠤᠭᠴᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠪᠤᠯᠤᠨ ᠶᠡᠭᠡ ᠲᠡᠭᠡᠳᠦ ᠰᠤᠷᠭᠠᠭᠤᠯᠢ ᠶᠢᠨ ᠰᠤᠷᠤᠬᠴᠢ᠂ ᠪᠠᠭᠠᠴᠤᠳ ᠤᠨ ᠬᠤᠰᠢᠭᠤᠴᠢ ᠠᠩᠬᠢ ᠶᠢᠨ ᠲᠦᠯᠦᠭᠡᠯᠡᠭᠴᠢ ᠨᠡᠶᠢᠲᠡ 2600 ᠭᠠᠷᠤᠢ ᠬᠦᠮᠥᠨ ᠴᠡᠴᠡᠭᠳᠤ ᠰᠠᠭᠰᠤ ᠬᠦᠷᠭᠡᠬᠦ ᠶᠤᠰᠤᠯᠠᠯ ᠳᠤ ᠤᠷᠤᠯᠴᠠᠵᠠᠢ᠃

  ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠦᠬᠡᠬᠤᠳᠠ ᠶᠢᠨ ᠨᠠᠮ  ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ ᠶᠤᠰᠤᠯᠠᠯ ᠢ ᠡᠷᠬᠢᠯᠡᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com