ᠪᠦ᠋ ᠰᠢᠶᠤᠤ ᠯᠢᠨ ᠶᠠᠫᠤᠨ᠎ ᠤ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠤᠨ ᠦᠪᠦᠷ ᠮᠤᠩᠭᠤᠯ ᠳᠤ ᠠᠶᠢᠯᠴᠢᠯᠠᠬᠤ ᠲᠦᠯᠦᠭᠡᠯᠡᠭᠴᠢᠳ ᠤᠨ ᠪᠦᠯᠬᠦᠮ ᠲᠠᠢ ᠠᠭᠤᠯᠵᠠᠪᠠ

  10 ᠰᠠᠷ᠎ᠠ ᠶᠢᠨ 8᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠢᠸᠠᠨᠠᠭᠠᠮᠠᠰᠠᠰᠦᠭᠦ᠋ ᠪᠠᠷ ᠪᠦᠯᠬᠦᠮ ᠤᠨ ᠲᠠᠷᠤᠭ᠎ᠠ ᠪᠤᠯᠭᠠᠬᠰᠠᠨ ᠶᠠᠫᠤᠨ᠎ ᠤ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠤᠨ ᠦᠪᠦᠷ ᠮᠤᠩᠭᠤᠯ ᠳᠤ ᠠᠶᠢᠯᠴᠢᠯᠠᠬᠤ ᠲᠦᠯᠦᠭᠡᠯᠡᠭᠴᠢᠳ ᠤᠨ ᠪᠦᠯᠬᠦᠮ ᠲᠠᠢ ᠠᠭᠤᠯᠵᠠᠪᠠ᠃

  ᠪᠦ᠋ ᠰᠢᠶᠤᠤ ᠯᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠎ ᠤ ᠵᠠᠰᠠᠭ ᠤᠨ ᠤᠷᠳᠤᠨ᠎ ᠤ ᠡᠮᠦᠨ᠎ᠠ ᠠᠴᠠ ᠲᠦᠯᠦᠭᠡᠯᠡᠭᠴᠢᠳ ᠤᠨ ᠪᠦᠯᠬᠦᠮ ᠤᠨ ᠬᠢᠨ᠎ ᠤ ᠠᠶᠢᠯᠴᠢᠯᠠᠬᠤ ᠪᠠᠷ ᠢᠷᠡᠭᠰᠡᠨ ᠢ ᠤᠬᠳᠤᠵᠤ ᠪᠠᠶᠢᠬᠤ ᠪᠠᠨ ᠢᠯᠡᠳᠭᠡᠭᠰᠡᠨ ᠪᠦᠭᠡᠳ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠎ ᠤ ᠡᠬᠢ ᠪᠠᠶᠠᠯᠢᠭ ᠤᠨ ᠲᠠᠪᠠᠭᠤᠯᠢᠭ ᠪᠤᠯᠤᠨ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠢ ᠲᠠᠨᠢᠯᠴᠠᠭᠤᠯᠵᠠᠢ᠃ ᠪᠦ᠋ ᠰᠢᠶᠤᠤ ᠯᠢᠨ᠂ ᠡᠨᠡ ᠵᠢᠯ ᠪᠤᠯ ᠲᠤᠮᠳᠠᠳᠤ ᠶᠠᠫᠤᠨ᠎ ᠤ ᠨᠦᠬᠦᠷᠯᠡᠯ ᠨᠠᠶᠢᠷᠠᠮᠳᠠᠯ ᠤᠨ ᠬᠡᠷ᠎ᠠ ᠲᠤᠬᠳᠠᠬᠰᠠᠨ 40 ᠵᠢᠯ ᠤᠨ ᠤᠢ ᠪᠤᠯᠤᠨ᠎ᠠ᠂ ᠲᠤᠮᠳᠠᠳᠤ ᠶᠠᠫᠤᠨ ᠬᠤᠶᠠᠷ ᠲᠠᠯ᠎ᠠ ᠪᠠᠷ ᠢᠶᠠᠨ ᠨᠦᠬᠦᠷᠰᠡᠭ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠶᠢᠨ ᠲᠦᠯᠦᠭᠡ ᠪᠤᠳᠠᠳᠠᠢ ᠶᠢ ᠡᠷᠬᠢᠮᠯᠡᠬᠦ ᠠᠵᠢᠯᠯᠠᠭ᠎ᠠ ᠨᠤᠭᠤᠳ ᠢ ᠦᠷᠨᠢᠭᠦᠯᠵᠤ᠂ ᠬᠤᠶᠠᠷ ᠤᠯᠤᠰ ᠤᠨ ᠡᠯ᠎ᠠ ᠬᠦᠷᠢᠶᠡᠨ ᠳᠠᠬᠢ ᠰᠤᠯᠢᠯᠴᠠᠭ᠎ᠠ ᠬᠢᠭᠡᠳ ᠬᠠᠮᠳᠤᠷᠠᠯᠴᠠᠭ᠎ᠠ ᠶᠢ ᠲᠠᠰᠤᠷᠠᠯᠳᠠ ᠦᠭᠡᠢ ᠴᠢᠩᠭᠠᠳᠬᠠᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠶᠠᠫᠤᠨ ᠲᠡᠭᠡᠷ᠎ᠠ ᠵᠠᠭᠤᠨ᠎ ᠤ ᠨᠠᠶᠠᠭᠠᠳ ᠤᠨ ᠠᠴᠠ ᠡᠬᠢᠯᠡᠨ ᠬᠠᠮᠳᠤᠷᠠᠯᠴᠠᠭ᠎ᠠ ᠦᠷᠨᠢᠭᠦᠯᠵᠤ᠂ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠲᠠᠢ ᠬᠠᠮᠳᠤᠷᠠᠯᠴᠠᠭᠠᠨ᠎ ᠤ ᠬᠠᠷᠢᠴᠠᠭ᠎ᠠ ᠪᠠᠨ ᠪᠠᠷᠢᠮᠳᠠᠯᠠᠬᠰᠠᠭᠠᠷ ᠢᠷᠡᠵᠤ᠂ ᠬᠠᠮᠳᠤ ᠪᠠᠷ ᠨᠢᠭᠡᠨᠳᠡ 16 ᠬᠤᠭᠤᠴᠠᠭ᠎ᠠ ᠶᠢᠨ ᠲᠤᠮᠳᠠᠳᠤ ᠶᠠᠫᠤᠨ᠎ ᠤ ᠠᠵᠤ ᠠᠬᠤᠢ ᠶᠢᠨ ᠬᠠᠮᠳᠤᠷᠠᠯᠴᠠᠭᠠᠨ᠎ ᠤ ᠬᠤᠷᠠᠯ ᠢ ᠡᠷᠬᠢᠯᠡᠵᠡᠢ᠃ ᠪᠢᠳᠡ ᠲᠤᠷᠠᠳᠠᠶ᠎ᠠ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠯᠦᠭᠡ ᠬᠠᠮᠳᠤ ᠪᠠᠷ ᠴᠢᠷᠮᠠᠶᠢᠵᠤ᠂ ᠬᠠᠮᠳᠤᠷᠠᠨ ᠠᠵᠢᠯᠯᠠᠬᠤ ᠬᠦᠷᠢᠶ᠎ᠠ ᠴᠠᠷᠠᠭ᠎ᠠ ᠪᠠᠨ ᠴᠢᠨᠠᠬᠰᠢᠳᠠ ᠦᠷᠭᠡᠳᠭᠡᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠶᠠᠫᠤᠨ᠎ ᠤ ᠬᠠᠮᠳᠤᠷᠠᠯᠴᠠᠭᠠᠨ᠎ ᠤ ᠲᠦᠪᠰᠢᠨ ᠢ ᠲᠡᠭᠡᠭᠰᠢᠯᠡᠭᠦᠯᠦᠨ᠎ᠠ᠃ ᠬᠤᠶᠠᠷ ᠲᠠᠯ᠎ᠠ ᠶᠢᠨ ᠶᠠᠪᠤᠯᠴᠠᠭ᠎ᠠ ᠬᠢᠭᠡᠳ ᠰᠤᠯᠢᠯᠴᠠᠭ᠎ᠠ ᠶᠢ ᠴᠢᠩᠭᠠᠳᠬᠠᠬᠤ ᠪᠠᠷ ᠲᠡᠮᠵᠢᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠶᠠᠫᠤᠨ᠎ ᠤ ᠬᠠᠮᠳᠤᠷᠠᠯᠴᠠᠭ᠎ᠠ ᠯᠠᠪᠳᠠᠢ ᠡᠯᠪᠡᠭ ᠦᠷ᠎ᠠ ᠪᠦᠳᠦᠮᠵᠢ ᠤᠯᠤᠨ᠎ᠠ ᠬᠡᠳᠡᠭ ᠢ ᠢᠳᠡᠭᠡᠵᠤ ᠪᠠᠶᠢᠨ᠎ᠠ ᠬᠡᠵᠡᠢ᠃

  ᠢᠸᠠᠨᠠᠭᠠᠮᠠᠰᠠᠰᠦᠭᠦ᠋᠂ ᠤᠢᠢᠷ᠎ᠠ ᠶᠢᠨ ᠵᠢᠯ ᠠᠴᠠ ᠨᠠᠭᠠᠰᠢ᠂ ᠲᠤᠮᠳᠠᠳᠤ ᠤᠯᠤᠰ ᠤᠨ ᠠᠵᠤ ᠠᠬᠤᠢ ᠲᠦᠷᠭᠡᠨ ᠬᠦᠭᠵᠢᠵᠤ᠂ ᠭᠠᠵᠠᠷ ᠪᠤᠯᠭᠠᠨ ᠳᠤ ᠪᠦᠷ ᠥᠪᠡᠷ ᠤᠨ ᠠᠵᠤ ᠦᠢᠯᠡᠰ ᠤᠨ ᠰᠠᠭᠤᠷᠢᠨ ᠲᠠᠢ ᠪᠤᠯᠵᠤ᠂ ᠬᠡᠷᠡᠭᠯᠡᠭᠡᠨ᠎ ᠤ ᠲᠦᠪᠰᠢᠨ ᠲᠠᠰᠤᠷᠠᠯᠳᠠ ᠦᠭᠡᠢ ᠲᠡᠭᠡᠭᠰᠢᠯᠡᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠠᠬᠢᠴᠠ ᠲᠦᠷᠭᠡᠳᠪᠡ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠎ ᠤ ᠡᠬᠢ ᠪᠠᠶᠠᠯᠢᠭ ᠡᠯᠪᠡᠭ ᠲᠠᠯᠪᠡᠭ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ᠎ ᠤ ᠦᠢᠯᠡᠳᠪᠦᠷᠢᠯᠡᠯ᠂ ᠢᠳᠡᠭᠡᠨ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠮᠠᠰᠢ ᠠᠯᠳᠠᠷᠰᠢᠯ ᠲᠠᠢ ᠪᠠᠶᠢᠨ᠎ᠠ᠂ ᠲᠤᠰ ᠤᠳᠠᠭᠠᠨ᠎ ᠤ ᠠᠶᠢᠯᠴᠢᠯᠠᠯᠳᠠ ᠪᠠᠷ ᠲᠠᠮᠵᠢᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠯᠤᠭ᠎ᠠ ᠶᠢᠨ ᠠᠵᠤ ᠠᠬᠤᠢ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭᠠᠳᠬᠠᠠᠬᠤ ᠶᠢ ᠬᠦᠰᠡᠵᠤ ᠪᠠᠶᠢᠨ᠎ᠠ ᠬᠡᠪᠡ᠃

  ᠦᠪᠡᠷᠳᠡᠭᠡᠨ ᠵᠠᠰᠠᠬᠤ ᠤᠷᠤᠨ᠎ ᠤ ᠲᠡᠳ᠋ ᠲᠡᠷᠢᠭᠦᠯᠡᠭᠴᠢ ᠠᠢ ᠯᠢ ᠬᠤᠸᠠ᠂ ᠲᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠦᠪᠡᠷᠳᠡᠭᠡᠨ ᠵᠠᠰᠠᠬᠤ ᠤᠷᠤᠨ᠎ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠠᠶᠢᠮᠠᠭ ᠬᠤᠳᠠ ᠶᠢᠨ ᠬᠠᠷᠢᠭᠤᠴᠠᠯᠭᠠᠳᠠᠨ ᠵᠢᠴᠢ ᠠᠵᠤ ᠠᠬᠤᠢᠢᠯᠡᠯ ᠤᠨ ᠲᠦᠯᠦᠭᠡᠯᠡᠭᠴᠢᠳ ᠠᠭᠤᠯᠵᠠᠯᠳᠠ ᠳᠤ ᠤᠷᠤᠯᠴᠠᠪᠠ᠃ ᠲᠤᠰ ᠡᠳᠦᠷ ᠤᠨ ᠦᠳᠡ ᠶᠢᠨ ᠬᠤᠶᠢᠨ᠎ᠠ ᠪᠠᠰᠠ ᠲᠤᠮᠳᠠᠳᠤ ᠶᠠᠫᠤᠨ᠎ ᠤ ᠬᠠᠮᠳᠤᠷᠠᠯᠴᠠᠭ᠎ᠠ ᠶᠢ ᠲᠠᠨᠢᠯᠴᠠᠭᠤᠯᠬᠤ ᠵᠦᠪᠳᠡᠯᠴᠡᠭᠡᠷ ᠤᠨ ᠬᠤᠷᠠᠯ ᠬᠢᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com