ᠦᠪᠡᠷᠳᠡᠭᠡᠨ ᠵᠠᠰᠠᠬᠤ ᠤᠷᠤᠨ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 9 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠬᠢᠪᠡ

  10 ᠰᠠᠷ᠎ᠠ ᠶᠢᠨ 8᠎ ᠤ ᠡᠳᠦᠷ᠂ ᠦᠪᠡᠷᠳᠡᠭᠡᠨ ᠵᠠᠰᠠᠬᠤ ᠤᠷᠤᠨ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 9 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠬᠢᠵᠤ᠂ ᠶᠡᠷᠦᠩᠭᠡᠢ ᠱᠦᠵᠢ ᠰᠢ ᠶᠢᠨ ᠫᠢᠡᠭ ᠤᠨ ᠵᠡᠭᠦᠨ ᠬᠤᠶᠢᠳᠤ ᠤᠷᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠬᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠲᠡᠭᠡᠷᠡᠭᠢ ᠴᠢᠬᠤᠯᠠ ᠶᠠᠷᠢᠶ᠎ᠠ ᠪᠠ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠠᠯ ᠤᠨ ᠵᠤᠷᠢᠭ ᠰᠠᠨᠠᠭ᠎ᠠ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠭᠦ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠯᠢᠯᠴᠠᠬᠤ ᠬᠤᠷᠠᠯ ᠤᠨ ᠵᠤᠷᠢᠭ ᠰᠠᠨᠠᠭ᠎ᠠ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠠᠤᠯᠢ ᠲᠤᠬᠳᠠᠭᠠᠬᠤ ᠠᠵᠢᠯ ᠤᠨ ᠬᠤᠷᠠᠯ ᠪᠠ ᠬᠤᠷᠢᠨ ᠲᠦᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠤᠷᠤᠨ ᠨᠤᠳᠤᠬ ᠤᠨ ᠬᠠᠤᠯᠢ ᠲᠤᠬᠳᠠᠭᠠᠬᠤ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

  ᠬᠤᠷᠠᠯ ᠠᠴᠠ᠂ ᠪᠦᠭᠦ ᠤᠷᠤᠨ᠎ ᠤ ᠡᠯ᠎ᠠ ᠱᠠᠳᠤᠨ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨ᠂ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠭᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠰᠤᠳᠤᠯᠵᠦ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠳᠤᠷ ᠬᠢᠭᠦ ᠬᠡᠷᠡᠭᠳᠡᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ ᠲᠦᠮᠡᠨ ᠡᠷᠭᠡ ᠮᠡᠳᠡᠨ ᠡᠵᠡᠨ ᠰᠠᠭᠤᠵᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠤᠬᠰᠠᠨ ᠦᠨᠳᠤᠰᠦᠨ ᠲᠦᠷᠢᠮ ᠤᠨ ᠲᠤᠬᠢᠷᠠᠭᠤᠯᠭ᠎ᠠ ᠪᠠᠶᠢᠵᠤ᠂ ᠠᠷᠠᠳᠴᠢᠯᠠᠯ ᠲᠦᠪᠯᠡᠷᠡᠯ ᠤᠨ ᠲᠦᠷᠢᠮ ᠤᠨ ᠵᠠᠷᠴᠢᠮ ᠢ ᠢᠯᠡᠷᠡᠭᠦᠯᠤᠨ᠂ ᠤᠯᠤᠰ ᠤᠨ ᠤᠯᠤᠰ ᠲᠦᠷᠦ ᠶᠢᠨ ᠠᠮᠢᠳᠤᠷᠠᠯ ᠤᠨ ᠠᠮᠢᠵᠢᠷᠠᠯ ᠤᠨ ᠬᠦᠴᠦᠨ ᠲᠠᠢ ᠪᠦᠭᠡᠳ ᠠᠮᠤᠷ ᠲᠤᠬᠳᠠᠭᠤᠨ ᠡᠮᠭᠢ ᠴᠡᠭᠴᠡ ᠲᠠᠢ ᠪᠠᠶᠢᠬᠤ ᠶᠢ ᠪᠠᠳᠤᠯᠠᠬᠤ ᠦᠨᠳᠦᠰᠦᠨ ᠤᠯᠤᠰ ᠲᠦᠷᠦ ᠶᠢᠨ ᠲᠦᠷᠢᠮ ᠪᠤᠯᠤᠨ᠎ᠠ᠂ ᠮᠦᠨ ᠴᠤ ᠤᠯᠤᠰ ᠤᠨ ᠪᠠᠶᠢᠭᠤᠯᠭ᠎ᠠ ᠵᠢᠴᠢ ᠲᠡᠭᠦᠨ᠎ ᠤ ᠠᠵᠢᠯᠳᠠᠨ᠎ ᠤ ᠡᠷᠭᠡ ᠳᠤ ᠬᠢᠵᠠᠭᠠᠷᠯᠠᠯ ᠪᠠ ᠬᠢᠨᠠᠯᠳᠠ ᠲᠠᠯᠪᠢᠬᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠭᠢᠴᠢᠯᠠᠯᠳᠠ ᠶᠢ ᠲᠤᠯᠭᠠᠭᠤᠷᠢᠯᠠᠬᠤ ᠦᠨᠳᠤᠰᠦᠨ ᠤᠯᠤᠰ ᠲᠦᠷᠦ ᠶᠢᠨ ᠲᠦᠷᠢᠮ ᠪᠠᠶᠢᠵᠦ᠂ ᠬᠤᠶᠠᠷ ᠪᠠᠶᠢᠭᠤᠯᠭ᠎ᠠ ᠶᠢᠨ ᠰᠢᠨ᠎ᠠ ᠪᠠᠶᠢᠷᠢ ᠲᠤᠬᠳᠠᠭᠠᠯᠳᠠ ᠳᠤ ᠰᠢᠨ᠎ᠠ ᠴᠠᠭ ᠦᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠰᠢᠨᠵᠢ ᠴᠢᠨᠠᠷ᠂ ᠲᠤᠰᠢᠶᠠᠯ ᠬᠠᠷᠢᠭᠤᠴᠠᠯᠭ᠎ᠠ ᠪᠠ ᠴᠢᠳᠠᠪᠭᠢ ᠦᠢᠯᠡᠳᠤᠯ ᠢ ᠴᠢᠨᠠᠬᠰᠢᠳᠠ ᠲᠤᠳᠤᠷᠬᠠᠢᠢᠯᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠠ ᠶᠢᠨ ᠪᠠᠶᠢᠭᠤᠯᠤᠯᠳᠠ ᠶᠢ ᠴᠢᠩᠭᠠᠳᠬᠠᠬᠤ ᠳᠤ ᠴᠢᠭᠯᠡᠯ ᠵᠢᠭᠠᠵᠦ ᠦᠭᠭᠦᠭᠰᠡᠨ ᠭᠡᠳᠡᠭ ᠢ ᠬᠦᠨᠵᠡᠭᠡᠢ ᠲᠠᠨᠢᠬᠤ ᠬᠡᠷᠡᠭᠳᠡᠢ᠃ ᠪᠦᠭᠦ ᠤᠷᠤᠨ᠎ ᠤ ᠡᠯ᠎ᠠ ᠱᠠᠳᠤᠨ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨ ᠬᠤᠷᠠᠯ ᠤᠨ ᠵᠤᠷᠢᠭ ᠰᠠᠨᠠᠭ᠎ᠠ ᠪᠠ ᠰᠤᠷᠤᠯᠴᠠᠭᠰᠠᠨ ᠦᠷ᠎ᠠ ᠪᠦᠳᠤᠮᠵᠢ ᠪᠠᠨ ᠠᠵᠢᠯ ᠢᠶᠠᠨ ᠠᠬᠢᠭᠤᠯᠬᠤ ᠬᠦᠴᠦᠷᠭᠡᠭ ᠶᠡᠭᠡ ᠬᠦᠳᠡᠯᠭᠡᠭᠦ ᠬᠦᠴᠦᠨ ᠪᠤᠯᠭᠠᠨ ᠬᠤᠪᠢᠷᠠᠭᠤᠯᠵᠤ᠂ ᠰᠢᠨ᠎ᠠ ᠴᠠᠭ ᠦᠶ᠎ᠠ ᠶᠢᠨ ᠮᠠᠨ᠎ ᠤ ᠤᠷᠤᠨ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠠ ᠪᠠᠶᠢᠳᠠᠯ ᠢ ᠡᠭᠦᠳᠬᠦ ᠬᠡᠷᠡᠭᠳᠡᠢ ᠭᠡᠵᠤ ᠵᠢᠭᠠᠵᠦ ᠭᠠᠷᠭᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com