ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠎ ᠤ ᠢᠯᠠᠯᠳᠠ ᠶᠢ ᠤᠯᠬᠤ ᠬᠤᠰᠢᠭᠤ ᠰᠢᠶᠠᠨ (ᠬᠤᠳᠠ᠂ ᠲᠤᠭᠤᠷᠢᠭ)᠎ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠸᠢᠳᠢᠣ᠋ ᠬᠤᠷᠠᠯ ᠬᠤᠷᠠᠯᠳᠤᠭᠤᠯᠪᠠ

  ᠯᠢ ᠵᠢᠢ ᠾᠧᠩ ᠶᠠᠷᠢᠶ᠎ᠠ ᠲᠠᠯᠪᠢᠵᠤ ᠪᠦ᠋ ᠰᠢᠶᠤᠤ ᠯᠢᠨ ᠯᠢ ᠵᠢᠶᠠ ᠬᠤᠷᠠᠯ ᠳᠤ ᠣᠷᠣᠯᠴᠠᠵᠠᠢ

 

  10 ᠰᠠᠷ᠎ᠠ ᠶᠢᠨ 30᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ ᠤ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠎ ᠤ ᠢᠯᠠᠯᠳᠠ ᠶᠢ ᠤᠯᠬᠤ ᠬᠤᠰᠢᠭᠤ ᠰᠢᠶᠠᠨ (ᠬᠤᠳᠠ᠂ ᠲᠤᠭᠤᠷᠢᠭ)᠎ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠸᠢᠳᠢᠣ᠋ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠬᠤ ᠳᠠᠭᠠᠨ᠂ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠠᠯᠬᠤᠭ᠎ᠠ ᠪᠠᠨ ᠵᠤᠬᠰᠤᠭᠠᠬᠤ ᠦᠭᠡᠢ᠂ ᠨᠡᠩ ᠤᠨᠤᠪᠴᠢᠳᠠᠢ ᠨᠡᠩ ᠪᠤᠳᠠᠳᠠᠢ ᠨᠡᠩ ᠬᠠᠳᠠᠭᠤ ᠠᠷᠭ᠎ᠠ ᠠᠪᠴᠠᠯ ᠢ ᠬᠡᠷᠡᠭᠵᠢᠭᠦᠯᠵᠤ᠂ ᠡᠷᠴᠢᠮ ᠢᠶᠠᠨ ᠴᠢᠩᠭᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ᠂ ᠨᠦᠬᠡᠴᠡ ᠬᠦᠴᠦᠨ ᠢᠶᠠᠨ ᠠᠭᠤᠳᠠᠯᠤᠨ ᠨᠡᠶᠢᠳᠡᠪᠦᠷᠢᠵᠢᠭᠤᠯᠤᠯᠳᠠ ᠶᠢ ᠠᠳᠬᠤᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠴᠢᠨᠠᠷ ᠴᠢᠨᠰᠠᠭ᠎ᠠ ᠪᠤᠯᠤᠨ ᠦᠷ᠎ᠠ ᠪᠦᠳᠦᠮᠵᠢ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠵᠠᠢ᠃

  10 ᠰᠠᠷ᠎ᠠ ᠶᠢᠨ 30᠎ ᠤ ᠡᠳᠦᠷ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠎ ᠤ ᠢᠯᠠᠯᠳᠠ ᠶᠢ ᠤᠯᠬᠤ ᠬᠤᠰᠢᠭᠤ ᠰᠢᠶᠠᠨ (ᠬᠤᠳᠠ᠂ ᠲᠤᠭᠤᠷᠢᠭ)᠎ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠸᠢᠳᠢᠣ᠋ ᠬᠤᠷᠠᠯ ᠬᠥᠬᠡᠬᠤᠲᠡ ᠳᠤ ᠬᠤᠷᠠᠯᠲᠤᠪᠠ᠃

  

  ᠦᠪᠡᠷᠳᠡᠭᠡᠨ ᠵᠠᠰᠬᠠᠤ ᠤᠷᠤᠨ᠎ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ᠎ ᠤ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃ ᠬᠤᠷᠠᠯ ᠠᠴᠠ 2018 ᠤᠨ᠎ ᠤ ᠦᠪᠡᠷᠳᠡᠭᠡᠨ ᠵᠠᠰᠬᠠᠤ ᠤᠷᠤᠨ᠎ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠱᠠᠯᠠᠪᠳᠠᠭᠤᠯᠤᠨ ᠪᠠᠶᠢᠴᠠᠭᠠᠯᠳᠠ ᠶᠢᠨ ᠪᠠᠶᠢᠳᠠᠯ ᠢ ᠵᠠᠷᠯᠠᠨ ᠨᠡᠶᠢᠳᠡᠯᠡᠵᠤ᠂ ᠨᠢᠩᠴᠧᠩ ᠰᠢᠶᠠᠨ᠂ ᠦᠴᠤᠸᠠᠨ ᠰᠢᠶᠠᠨ᠂ ᠬᠦᠶᠠᠩ ᠰᠢᠶᠠᠨ᠂ ᠯᠢᠶᠠᠩᠴᠧᠩ ᠰᠢᠶᠠᠨ᠂ ᠤᠩᠨᠢᠭᠤᠳ ᠬᠤᠰᠢᠭᠤ᠂ ᠰᠢᠯᠤᠭᠤᠨ ᠬᠦᠪᠡᠭᠡᠳᠦ ᠴᠠᠭᠠᠨ ᠬᠤᠰᠢᠭᠤ ᠶᠢᠨ ᠨᠠᠮ ᠤᠨ ᠬᠤᠷᠢᠶ᠎ᠠ ᠶᠢᠨ ᠱᠦᠵᠢ ᠦᠭᠡ ᠬᠡᠯᠡᠵᠡᠢ᠃

  ᠯᠢ ᠵᠢᠢ ᠾᠧᠩ 6 ᠬᠤᠰᠢᠭᠤ ᠰᠢᠶᠠᠨ᠎ ᠤ ᠶᠠᠳᠠᠭᠤ ᠠᠴᠠ ᠠᠩᠬᠢᠵᠢᠷᠭᠤᠯᠬᠤ ᠪᠤᠭᠤᠮᠳᠠ ᠰᠢᠪᠳᠤᠯᠬᠤ ᠠᠵᠢᠯ ᠳᠤ ᠦᠨᠡᠯᠡᠯᠳᠡ ᠬᠢᠵᠤ᠂ ᠠᠵᠢᠯ ᠤᠨ ᠦᠷ᠎ᠠ ᠪᠦᠳᠦᠮᠵᠢ ᠢᠯᠡᠷᠬᠡᠢ ᠪᠠᠶᠢᠬᠤ ᠭᠠᠵᠠᠷ ᠤᠷᠤᠨ ᠨᠠᠷᠢᠯᠢᠭ ᠠᠴᠠ ᠨᠠᠷᠢᠯᠢᠭ ᠢ ᠬᠦᠭᠡᠭᠡᠴᠡᠯᠳᠦᠨ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠠᠵᠢᠯ ᠤᠨ ᠲᠠᠯ᠎ᠠ ᠪᠠᠷ ᠵᠦᠷᠢᠶ᠎ᠡ ᠲᠠᠢ ᠪᠠᠶᠢᠬᠤ ᠭᠠᠵᠠᠷ ᠤᠷᠤᠨ ᠠᠰᠠᠭᠤᠳᠠᠯ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠡᠯ᠎ᠠ ᠭᠠᠵᠠᠷ ᠤᠨ ᠬᠢᠨ ᠬᠠᠷᠢᠯᠴᠠᠨ ᠰᠤᠷᠤᠯᠴᠠᠵᠦ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ᠂ ᠠᠵᠢᠯ ᠢᠶᠠᠨ ᠤᠯᠠᠮ ᠴᠢᠨᠠᠬᠰᠢᠳᠠ ᠪᠤᠳᠠᠳᠠᠢ ᠪᠦᠭᠡᠳ ᠰᠠᠶᠢᠳᠤᠷ ᠬᠢᠭᠦ ᠬᠡᠷᠡᠭᠳᠡᠢ ᠬᠡᠵᠤ ᠱᠠᠭᠠᠷᠳᠠᠵᠠᠢ᠃

  ᠯᠢ ᠵᠢᠢ ᠾᠧᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠭᠦ ᠳᠤ᠂ ᠲᠡᠭᠡᠳᠦ ᠲᠤᠤᠷᠠᠳᠤ ᠱᠠᠳᠤ ᠪᠤᠯᠤᠨ ᠲᠠᠯ᠎ᠠ ᠲᠠᠯ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠦᠪᠡᠷ ᠦᠪᠡᠷ ᠤᠨ ᠬᠠᠷᠢᠭᠤᠴᠠᠯᠭ᠎ᠠ ᠪᠠᠨ ᠬᠦᠢᠴᠡᠳᠭᠡᠭᠦ ᠬᠡᠷᠡᠭᠳᠡᠢ᠃ ᠦᠪᠡᠷᠳᠡᠭᠡᠨ ᠵᠠᠰᠬᠠᠤ ᠤᠷᠤᠨ᠎ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ᠎ ᠤ ᠤᠳᠤᠷᠢᠳᠬᠤ ᠨᠦᠬᠦᠳ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠤ᠂ ᠪᠡᠶᠡᠴᠢᠯᠡᠨ ᠤᠷᠤᠯᠴᠠᠨ ᠠᠳᠬᠤᠵᠤ᠂ ᠨᠠᠷᠢᠯᠢᠭᠵᠢᠭᠤᠯᠤᠨ ᠪᠤᠳᠠᠳᠠᠶᠢᠵᠢᠭᠤᠯᠤᠨ ᠠᠳᠬᠤᠵᠤ᠂ ᠪᠦᠬᠦ ᠶᠠᠪᠤᠴᠠ ᠳᠤ ᠪᠦᠬᠦ ᠬᠦᠴᠦᠨ ᠢᠶᠠᠷ ᠢᠶᠠᠨ ᠠᠳᠬᠤᠬᠤ ᠬᠡᠷᠡᠭᠳᠡᠢ᠃ ᠶᠠᠳᠠᠭᠤ ᠶᠢ ᠲᠡᠳᠭᠦᠭᠦ ᠲᠤᠰᠬᠠᠢ ᠡᠭᠦᠷᠭᠡ ᠶᠢ ᠡᠭᠦᠷᠭᠡᠯᠡᠵᠤ ᠪᠦᠬᠦᠢ ᠤᠷᠤᠨ᠎ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠭᠡᠴᠢ ᠪᠦᠬᠦ ᠬᠦᠴᠦ ᠪᠠᠷ ᠢᠶᠠᠨ ᠴᠢᠷᠮᠠᠶᠢᠵᠤ᠂ ᠦᠨᠡᠨ ᠪᠤᠳᠠᠳᠠᠢ ᠠᠷᠭ᠎ᠠ ᠠᠪᠴᠠᠯ ᠠᠪᠴᠤ᠂ ᠠᠵᠢᠯ ᠲᠦᠷᠦᠯ ᠢᠶᠠᠷ ᠶᠠᠳᠠᠭᠤ ᠶᠢ ᠲᠡᠳᠭᠦᠭᠦ ᠠᠵᠢᠯ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠳᠡᠢ᠃ ᠶᠠᠳᠠᠭᠤ ᠬᠦᠴᠢᠷᠳᠡᠯᠳᠡᠢ ᠭᠠᠵᠠᠷ ᠤᠷᠤᠨ᠎ ᠤ ᠡᠯ᠎ᠠ ᠱᠠᠳᠤᠨ᠎ ᠤ ᠤᠳᠤᠷᠢᠳᠬᠤ ᠺᠠᠳ᠋ᠷ᠂ ᠬᠤᠰᠢᠭᠤ ᠰᠢᠶᠠᠨ ᠳᠤ ᠰᠠᠭᠤᠭ᠎ᠠ ᠠᠵᠢᠯ ᠤᠨ ᠠᠩᠬᠢ᠂ ᠲᠤᠰᠬᠤᠨ ᠳᠤ ᠰᠠᠭᠤᠭ᠎ᠠ ᠠᠵᠢᠯ ᠤᠨ ᠠᠩᠬᠢ᠂ ᠨᠢᠭᠡᠳᠦᠭᠡᠷ ᠱᠦᠵᠢ ᠨᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠦᠬᠦ ᠬᠦᠴᠦ ᠪᠠᠷ ᠢᠶᠠᠨ ᠦᠴᠦᠭᠡᠨ ᠴᠤ ᠰᠤᠯᠠᠷᠠᠭᠤᠯᠤᠯ ᠦᠭᠡᠢ ᠠᠬᠢᠭᠤᠯᠬᠤ ᠬᠡᠷᠡᠭᠳᠡᠢ᠃ ᠶᠠᠳᠠᠭᠤ ᠬᠦᠴᠢᠷᠳᠡᠯᠳᠡᠢ ᠪᠤᠰᠤ ᠭᠠᠵᠠᠷ ᠤᠷᠤᠨ ᠮᠦᠨ ᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠷᠠᠳ ᠤᠨ ᠠᠮᠢᠳᠤᠷᠠᠯ ᠤᠨ ᠲᠡᠷᠢᠭᠦᠨ ᠢᠨᠵᠧᠨᠧᠷᠢᠩ ᠪᠤᠯᠭᠠᠨ ᠠᠳᠬᠤᠬᠤ ᠬᠡᠷᠡᠭᠳᠠᠢ᠂ ᠡᠩ ᠤᠨ ᠠᠵᠢᠯ ᠪᠤᠯᠭᠠᠨ ᠠᠳᠬᠤᠵᠤ ᠪᠤᠯᠬᠤ ᠦᠭᠡᠢ ᠬᠡᠵᠤ ᠴᠢᠬᠤᠯᠠᠴᠢᠯᠠᠪᠠ᠃

  ᠯᠢ ᠵᠢᠢ ᠾᠧᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠯᠠᠳᠤᠭᠠᠨ ᠬᠢᠵᠤ ᠪᠠᠶᠢᠭ᠎ᠠ ᠨᠢ ᠲᠠᠷᠤᠢ ᠰᠤᠷᠳᠠᠯ ᠤᠨ ᠲᠠᠶᠢᠯᠠᠯᠳᠤᠭᠠᠨ ᠬᠢᠵᠤ ᠪᠠᠶᠢᠭ᠎ᠠ ᠶᠠᠪᠤᠳᠠᠯ ᠮᠦᠨ᠃ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠢᠯᠠᠩᠭᠤᠶ᠎ᠠ ᠡᠯ᠎ᠠ ᠱᠠᠳᠤᠨ᠎ ᠤ ᠤᠳᠤᠷᠢᠳᠬᠤ ᠺᠠᠳ᠋ᠷ ᠬᠦᠯᠢᠴᠡᠩᠭᠦᠢ ᠪᠤᠰᠤ ᠰᠤᠷᠳᠠᠯ ᠢ ᠴᠢᠩᠭ᠎ᠠ ᠴᠡᠭᠡᠷᠯᠡᠵᠦ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠨᠡᠶᠢᠳᠡᠪᠦᠷᠢᠵᠢᠭᠤᠯᠤᠯᠳᠠ ᠶᠢ ᠪᠡᠶ᠎ᠠ ᠪᠠᠷ ᠢᠶᠠᠨ ᠠᠳᠬᠤᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠬᠢᠵᠤ᠂ ᠰᠡᠷᠬᠡᠶᠢᠯᠡᠭᠦ ᠪᠠ ᠵᠠᠰᠠᠬᠤ ᠤᠷᠳᠤ ᠬᠤᠭᠤᠴᠠᠭᠠᠨ᠎ ᠤ ᠪᠦᠳᠦᠮᠵᠢᠳᠡᠢ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠤ᠂ ᠠᠳᠠᠯᠢᠬᠠᠨ ᠠᠯᠳᠠᠰᠢ ᠶᠢ ᠲᠠᠬᠢᠨ ᠭᠠᠷᠭᠠᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃ ᠤᠨᠢᠨ ᠲᠡᠭᠡᠷ᠎ᠠ ᠨᠢ ᠭᠡᠬᠦ ᠬᠤᠶᠠᠷ ᠦᠰᠦᠭ ᠢ ᠴᠢᠩᠭ᠎ᠠ ᠡᠵᠡᠮᠳᠡᠵᠤ᠂ ᠬᠤᠸᠠᠷ ᠬᠠᠳᠬᠤᠬᠤ ᠬᠦᠴᠦ ᠤᠷᠤᠭᠤᠯᠦᠨ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠬᠡᠷᠡᠭᠵᠢᠭᠦᠯᠭᠦ ᠶᠢ ᠰᠠᠶᠢᠳᠤᠷ ᠬᠢᠵᠤ᠂ ᠤᠨᠢᠨ ᠲᠡᠭᠡᠷ᠎ᠠ ᠨᠢ ᠲᠡᠳᠭᠦᠵᠤ᠂ ᠦᠨᠳᠦᠰᠦᠨ ᠠᠴᠠ ᠨᠢ ᠲᠡᠳᠭᠦᠭᠦ ᠶᠢ ᠪᠠᠳᠤᠯᠠᠬᠤ ᠬᠡᠷᠡᠭᠳᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠬᠯᠠᠬᠤ ᠶᠢ ᠦᠷᠭᠦᠯᠵᠢᠯᠡᠨ ᠪᠤᠭᠤᠮᠳᠠ ᠰᠢᠪᠳᠤᠯᠬᠤ ᠲᠠᠢ ᠠᠳᠠᠯᠢ ᠪᠠᠷ ᠴᠢᠬᠤᠯᠠ ᠪᠠᠶᠢᠷᠢᠨ ᠳᠤ ᠲᠠᠯᠪᠢᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠭᠡᠯ ᠢ ᠦᠷᠭᠦᠯᠵᠢᠯᠡᠨ ᠪᠠᠬᠢᠵᠢᠭᠦᠯᠭᠦ ᠬᠡᠷᠡᠭᠳᠡᠢ᠃ ᠶᠠᠳᠠᠭᠤ ᠶᠢ ᠲᠡᠳᠭᠦᠭᠦ ᠦᠷᠭᠡᠨ ᠤᠯᠠᠨ ᠺᠠᠳ᠋ᠷ ᠢ ᠪᠤᠯᠪᠠᠰᠤᠷᠠᠭᠤᠯᠬᠤ ᠡᠭᠡᠯᠵᠢᠯᠡᠨ ᠪᠤᠯᠪᠠᠰᠤᠷᠠᠭᠤᠯᠬᠤ ᠠᠵᠢᠯ ᠢ ᠱᠠᠳᠤ ᠬᠤᠪᠢᠶᠠᠨ ᠰᠠᠶᠢᠳᠤᠷ ᠠᠳᠬᠤᠵᠤ᠂ ᠶᠠᠳᠠᠭᠤ ᠶᠢ ᠲᠡᠳᠭᠦᠭᠦ ᠬᠦᠷᠢᠶᠡᠨ ᠳᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠤᠨ ᠲᠤᠰᠬᠠᠢ ᠵᠠᠰᠠᠯᠳᠠ ᠶᠢ ᠬᠦᠨᠵᠡᠭᠡᠢ ᠦᠷᠨᠢᠭᠦᠯᠵᠤ᠂ ᠬᠢᠨᠠᠨ ᠰᠢᠯᠭᠠᠵᠤ ᠬᠢᠨᠠᠯᠳᠠ ᠲᠠᠯᠪᠢᠬᠤ ᠶᠢ ᠴᠢᠩᠭᠠᠳᠬᠠᠨ᠂ ᠦᠷᠭᠡᠨ ᠤᠯᠠᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠯ ᠢᠶᠠᠨ ᠠᠳᠠᠯᠢᠳᠬᠠᠬᠤ᠂ ᠠᠵᠢᠯ ᠤᠨ ᠴᠢᠳᠠᠪᠤᠷᠢ ᠪᠠᠨ ᠠᠳᠠᠯᠢᠳᠬᠠᠬᠤ᠂ ᠤᠶᠤᠨ ᠰᠠᠨᠠᠭᠠᠨ᠎ ᠤ ᠲᠦᠷᠰᠦ ᠪᠠᠶᠢᠳᠠᠯ ᠢᠶᠠᠨ ᠠᠳᠠᠯᠢᠳᠬᠠᠬᠤ᠂ ᠠᠵᠢᠯ ᠤᠨ ᠠᠮᠵᠢᠯᠳᠡ ᠪᠠᠨ ᠠᠳᠠᠯᠢᠳᠬᠠᠬᠤ ᠶᠢ ᠲᠠᠶᠢᠴᠢᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠯᠠᠪᠳᠠᠭᠤᠨ ᠪᠠᠳᠤᠳᠠᠢ ᠤᠷᠤᠬᠰᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com