ᠯᠢ ᠵᠢᠢ ᠡᡁᠧᠩ᠄ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠬᠡᠬᠦ ᠡᠨᠡ ᠬᠦ ᠨᠠᠮ ᠤᠨ ᠦᠨᠳᠦᠰᠦᠨ ᠴᠢᠨᠠᠷᠳᠠᠢ ᠪᠠᠶᠢᠭᠤᠯᠤᠯᠳᠠ ᠶᠢ ᠪᠦᠬᠦ ᠲᠡᠯ᠎ᠡ ᠪᠠᠷ ᠰᠠᠶᠢᠳᠤᠷ ᠠᠳᠬᠤᠬᠤ ᠬᠡᠷᠡᠭᠳᠡᠢ

  10 ᠰᠠᠷ᠎ᠠ ᠶᠢᠨ 31᠎ ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ 2018 ᠤᠨ᠎ ᠤ 10 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠪᠡ᠃ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠲᠦᠷᠪᠡᠨ ᠤᠬᠠᠮᠰᠠᠷ ᠢᠶᠠᠨ ᠴᠢᠩᠭᠠᠳᠬᠠᠵᠥ᠂ ᠲᠦᠷᠪᠡᠨ ᠢᠳᠡᠬᠡᠯ ᠢᠶᠠᠨ ᠪᠠᠳᠤᠳᠬᠠᠵᠥ᠂ ᠬᠤᠶᠠᠷ ᠢ ᠬᠠᠮᠠᠭᠠᠯᠠᠬᠤ ᠶᠢ ᠦᠢᠯᠡᠳᠦᠯᠬᠡᠵᠢᠬᠦᠯᠵᠥ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠬᠡᠬᠦ ᠡᠨᠡ ᠬᠦ ᠨᠠᠮ ᠤᠨ ᠦᠨᠳᠦᠰᠦᠨ ᠴᠢᠨᠠᠷᠳᠠᠢ ᠪᠠᠶᠢᠭᠤᠯᠤᠯᠳᠠ ᠶᠢ ᠪᠦᠬᠦ ᠲᠡᠯ᠎ᠡ ᠪᠠᠷ ᠰᠠᠶᠢᠳᠤᠷ ᠠᠳᠬᠤᠬᠤ ᠬᠡᠷᠡᠭᠳᠡᠢ ᠬᠡᠵᠥ ᠴᠢᠬᠤᠯᠠᠴᠢᠯᠠᠪᠠ᠃

  ᠬᠤᠷᠡᠯ ᠠᠴᠠ ᠡᠮᠤᠨ᠎ᠡ᠂ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠪᠦᠷᠢᠯᠳᠦᠬᠦᠨ ᠦᠪᠡᠷ ᠢᠶᠠᠨ ᠰᠤᠷᠤᠯᠴᠠᠭᠰᠠᠠ ᠪᠦᠬᠡᠳ ᠤᠢᠢᠯᠠᠭᠠᠯᠳᠠ ᠲᠦᠷᠦᠭᠳᠡᠯ ᠢᠶᠠᠨ ᠪᠢᠴᠢᠪᠡ᠃ ᠬᠠᠮᠳᠤ ᠶᠢᠨ ᠰᠤᠷᠤᠯᠴᠠᠯᠭ᠎ᠠ ᠲᠡᠭᠡᠷ᠎ᠡ᠂ ᠪᠦ᠋ ᠰᠢᠶᠤᠤ ᠯᠢᠨ᠂ ᠯᠢ ᠵᠢᠶᠠ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠯᠢᠤ ᠴᠢ ᠹᠠᠨ᠂ ᠨᠠᠰᠤᠨᠮᠦ᠋ᠩᠬᠡ ᠰᠠᠨᠠᠯ ᠢᠶᠠᠨ ᠰᠤᠯᠢᠯᠴᠠᠵᠥ ᠦᠬᠡ ᠬᠡᠯᠡᠪᠡ᠃

  ᠯᠢ ᠵᠢᠢ ᠡᡁᠧᠩ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠬᠦ ᠪᠤᠯ ᠮᠠᠨ᠎ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠪᠤᠯᠤᠭᠰᠠᠠ᠎ ᠤ ᠦᠨᠳᠦᠰᠦᠨ ᠱᠠᠭᠠᠷᠳᠠᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠶᠡᠷᠤᠩᠬᠡᠢ ᠱᠦᠵᠢ ᠰᠢ ᠶᠢᠨ ᠫᠢᠩ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢᠨ ᠲᠤᠬᠠᠢ ᠠᠯᠢ ᠤᠯᠠᠨ ᠪᠦᠳᠦᠬᠡᠯᠴᠢ ᠴᠢᠨᠠᠷᠳᠠᠢ ᠰᠢᠨ᠎ᠡ ᠦᠵᠡᠯ ᠰᠠᠨᠠᠭ᠎ᠠ ᠰᠢᠨ᠎ᠡ ᠦᠭᠦᠯᠡᠯᠳᠡ ᠰᠢᠨ᠎ᠡ ᠠᠷᠭ᠎ᠠ ᠬᠡᠮᠵᠢᠶ᠎ᠡ ᠨᠦᠭᠦᠳ ᠢ ᠲᠤᠷᠠᠳᠴᠦ᠂ ᠮᠠᠷᠺᠰ ᠤᠨ ᠦᠵᠡᠯ ᠤᠨ ᠨᠠᠮ ᠤᠨ ᠪᠠᠶᠢᠭᠤᠯᠤᠯᠳᠠ ᠶᠢᠨ ᠤᠨᠤᠯ ᠢ ᠶᠡᠭᠡ ᠪᠠᠷ ᠪᠠᠶᠠᠯᠢᠬᠵᠢᠭᠤᠯᠵᠥ᠂ ᠰᠢᠨ᠎ᠡ ᠴᠠᠭ ᠦᠶ᠎ᠡ ᠳᠤ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠤᠷᠤᠭᠰᠢᠯᠠᠯᠳᠠ ᠶᠢᠨ ᠴᠢᠭᠯᠡᠯ ᠢ ᠲᠤᠳᠤᠷᠬᠠᠢ ᠵᠢᠭᠠᠵᠥ᠂ ᠦᠨᠳᠦᠰᠦᠨ ᠵᠢᠷᠤᠮᠯᠠᠯ ᠬᠠᠩᠭᠠᠭᠰᠠᠠ ᠪᠠᠶᠢᠨ᠎ᠠ᠃ ᠡᠯ᠎ᠡ ᠱᠠᠳᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ ᠶᠡᠷᠤᠩᠬᠡᠢ ᠱᠦᠵᠢ ᠰᠢ ᠶᠢᠨ ᠫᠢᠩ ᠤᠨ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠡᠵᠡᠮᠰᠢᠵᠥ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠠᠬᠢᠭᠤᠯᠬᠤ ᠤᠬᠠᠮᠰᠠᠷᠳᠤ ᠴᠢᠨᠠᠷ ᠡᠷᠡᠰ ᠪᠠᠳᠤ ᠴᠢᠨᠠᠷ ᠢᠶᠠᠨ ᠦᠨᠡᠨ ᠬᠦ ᠴᠢᠩᠭᠠᠳᠬᠠᠵᠥ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠪᠤᠳᠠᠳᠠᠢ ᠠᠵᠢᠯᠯᠠᠭ᠎ᠠ ᠲᠤᠮᠳᠡ ᠪᠠᠨ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃

  ᠯᠢ ᠵᠢᠢ ᠡᡁᠧᠩ᠂ ᠤᠯᠤᠰ ᠲᠦᠷᠤ ᠶᠢᠨ ᠴᠢᠭᠯᠡᠯ ᠢ ᠵᠦᠪ ᠡᠵᠡᠮᠳᠡᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠭᠡᠷᠡᠭᠯᠠᠵᠤ᠂ ᠦᠷᠬᠦᠯᠵᠢ ᠬᠠᠷᠢᠴᠠᠭᠤᠯᠤᠨ ᠬᠠᠷᠭᠤᠭᠤᠯᠵᠤ᠂ ᠡᠯ᠎ᠠ ᠵᠦᠢᠯ ᠤᠨ ᠤᠢᠢᠯᠡᠰ ᠢᠮᠠᠬᠳᠠ ᠵᠦᠪ ᠴᠢᠭᠯᠡᠯ ᠢᠶᠠᠷ ᠬᠦᠭᠵᠢᠬᠦ ᠶᠢ ᠪᠠᠳᠤᠯᠠᠬᠤ ᠭᠡᠷᠡᠭᠳᠠᠢ᠃ ᠨᠠᠮ ᠤᠨ ᠤᠯᠤᠰ ᠲᠦᠷᠤ ᠶᠢᠨ ᠤᠳᠤᠷᠢᠳᠤᠯᠭ᠎ᠠ ᠶᠢ ᠪᠠᠷᠢᠮᠳᠠᠯᠠᠵᠤ᠂ ᠶᠠᠷᠤᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ᠎ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ᠎ ᠤ ᠰᠠᠨᠠᠭᠠᠴᠢᠯᠠᠭ᠎ᠠ ᠶᠢ ᠡᠷᠡᠰ ᠲᠠᠭᠠᠵᠤ᠂ ᠨᠠᠮ ᠤᠨ ᠲᠦᠪ ᠬᠤᠷᠢᠶᠠᠨ᠎ ᠤ ᠲᠤᠭᠳᠠᠭᠠᠯ ᠢ ᠡᠷᠡᠰ ᠭᠡᠷᠡᠭᠵᠢᠬᠦᠯᠵᠤ᠂ ᠨᠠᠮ ᠤᠨ ᠲᠦᠪ ᠬᠤᠷᠢᠶᠠᠨ᠎ ᠤ ᠴᠠᠭᠠᠵᠠᠯᠠᠬᠰᠠᠨ ᠵᠦᠢᠯ ᠢ ᠡᠷᠡᠰ ᠬᠢᠬᠦ ᠦᠭᠡᠢ ᠪᠠᠶᠢᠬᠤ ᠬᠡᠷᠡᠭᠳᠠᠢ᠃ ᠤᠯᠤᠰ ᠲᠦᠷᠤ ᠶᠢᠨ ᠰᠠᠭᠤᠷᠢ ᠶᠢ ᠪᠠᠳᠤᠳᠬᠠᠵᠤ᠂ ᠨᠠᠮ ᠤᠨ ᠤᠯᠠᠨ ᠲᠦᠮᠡᠨᠴᠢ ᠱᠤᠭᠤᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠦᠷᠪᠡᠨ ᠰᠤᠷᠳᠠᠯ ᠢ ᠴᠦᠬᠦᠷᠡᠰᠢ ᠦᠬᠡᠢ ᠵᠠᠯᠠᠷᠠᠭᠤᠯᠵᠤ᠂ ᠠᠷᠠᠳ ᠤᠨ ᠰᠡᠳᠬᠢᠯ ᠢ ᠤᠯᠵᠤ᠂ ᠠᠷᠠᠳ ᠤᠨ ᠤᠶᠤᠨ ᠤᠬᠠᠭᠠᠨ ᠬᠦᠴᠤᠨ ᠴᠢᠳᠠᠯ ᠢ ᠨᠢᠬᠳᠠᠷᠠᠭᠤᠯᠬᠤ ᠭᠡᠷᠡᠭᠳᠠᠢ᠃ ᠤᠯᠤᠰ ᠲᠦᠷᠤ ᠶᠢᠨ ᠠᠮᠢ ᠠᠬᠤᠢ ᠶᠢ ᠬᠠᠮᠠᠭᠠᠯᠠᠵᠤ᠂ ᠰᠢᠨ᠎ᠠ ᠴᠠᠬ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠠ ᠪᠠᠶᠢᠳᠠᠯ ᠲᠤᠤᠷᠠᠬᠢ ᠨᠠᠮ ᠤᠨ ᠳᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠢ ᠴᠢᠩᠭ᠎ᠠ ᠭᠡᠷᠡᠭᠵᠢᠬᠦᠯᠵᠤ᠂ ᠨᠠᠮ ᠤᠨ ᠳᠤᠳᠤᠭᠠᠳᠤ ᠶᠢᠨ ᠤᠯᠤᠰ ᠲᠦᠷᠤ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠤᠯᠤᠰ ᠲᠦᠷᠤ ᠶᠢᠨ ᠠᠶᠤᠯ ᠲᠦᠩᠰᠢᠬᠦᠷᠢ ᠶᠢ ᠰᠡᠷᠬᠡᠶᠢᠯᠠᠵᠤ᠂ ᠤᠯᠤᠰ ᠤᠨ ᠶᠠᠷᠤᠩᠬᠡᠢ ᠠᠮᠤᠷ ᠲᠦᠪᠰᠢᠨ᠎ ᠤ ᠦᠵᠡᠯᠳᠠ ᠶᠢ ᠬᠦᠨᠵᠡᠬᠡᠢ ᠲᠤᠭᠤᠰᠢᠯᠠᠭᠤᠯᠵᠤ᠂ ᠡᠯ᠎ᠠ ᠵᠦᠢᠯ ᠤᠨ ᠤᠯᠤᠰ ᠲᠦᠷᠤ ᠶᠢᠨ ᠬᠡᠮ ᠰᠤᠭᠤᠬ ᠢ ᠴᠠᠬ ᠲᠤᠬᠠᠢ ᠳᠤᠨᠢ ᠠᠷᠢᠯᠭᠠᠬᠤ ᠭᠡᠷᠡᠭᠳᠠᠢ᠃ ᠤᠯᠤᠰ ᠲᠦᠷᠤ ᠶᠢᠨ ᠤᠬ ᠰᠠᠨᠠᠭ᠎ᠠ ᠪᠠᠨ ᠦᠨᠢᠳᠠ ᠪᠠᠳᠤᠯᠠᠵᠤ᠂ ᠬᠡᠵᠢᠶᠡᠳᠡ ᠲᠠᠭᠤᠰᠤᠰᠢ ᠦᠬᠡᠢ ᠶᠠᠪᠤᠬᠳᠠᠬᠤ ᠵᠤᠷᠢᠬ ᠪᠤᠯᠤᠨ ᠪᠠᠷᠢᠮᠳᠠᠯᠠᠯ ᠢᠶᠠᠷ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠲᠡᠮᠡᠴᠡᠯ ᠢ ᠠᠬᠢᠭᠤᠯᠬᠤ ᠭᠡᠷᠡᠭᠳᠠᠢ᠃ ᠤᠯᠤᠰ ᠲᠦᠷᠤ ᠶᠢᠨ ᠴᠢᠳᠠᠪᠤᠷᠢ ᠶᠢ ᠲᠡᠭᠡᠭᠰᠢᠯᠡᠬᠦᠯᠵᠤ᠂ ᠡᠯ᠎ᠠ ᠱᠠᠳᠤᠨ᠎ ᠤ ᠤᠳᠤᠷᠢᠳᠬᠤ ᠺᠠᠳ᠋ᠷ ᠤᠯᠤᠰ ᠲᠦᠷᠤ ᠶᠢᠨ ᠲᠠᠯ᠎ᠠ ᠠᠴᠠ ᠠᠰᠠᠭᠤᠳᠠᠯ ᠳᠤ ᠬᠠᠨᠳᠤᠬᠤ ᠪᠠ ᠡᠵᠡᠮᠳᠡᠵᠤ᠂ ᠠᠰᠠᠭᠤᠳᠠᠯ ᠢ ᠵᠠᠳᠠᠯᠤᠨ ᠰᠢᠨᠵᠢᠯᠡᠬᠦ ᠪᠠ ᠰᠢᠢᠳᠪᠤᠷᠢᠯᠠᠬᠦ ᠳᠡᠭᠡᠨ ᠴᠢᠳᠠᠮᠠᠭᠠᠢ ᠪᠠᠶᠢᠵᠤ᠂ ᠲᠤᠰ ᠪᠠᠶ᠎ᠠ ᠶᠢᠨ ᠤᠯᠤᠰ ᠲᠦᠷᠤ ᠶᠢᠨ ᠴᠢᠳᠠᠪᠤᠷᠢ ᠪᠠᠨ ᠬᠠᠷᠢᠭᠤᠴᠠᠵᠤ ᠪᠠᠶᠢᠭ᠎ᠠ ᠤᠳᠤᠷᠢᠳᠬᠤ ᠬᠠᠷᠢᠭᠤᠴᠠᠯᠭ᠎ᠠ ᠲᠠᠢ ᠪᠠᠨ ᠵᠤᠬᠢᠴᠠᠭᠤᠯᠬᠤ ᠶᠢ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃

  ᠯᠢ ᠵᠢᠢ ᠡᡁᠧᠩ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠨᠢ ᠨᠠᠮ ᠤᠨ ᠪᠠᠶᠢᠭᠤᠯᠤᠯᠳᠠ ᠶᠢᠨ ᠴᠢᠭᠯᠡᠯ ᠪᠤᠯᠤᠨ ᠦᠷ᠎ᠠ ᠠᠰᠢᠬ ᠢ ᠲᠤᠬᠳᠠᠭᠠᠵᠤ ᠪᠠᠶᠢᠨ᠎ᠠ᠂ ᠡᠯ᠎ᠠ ᠱᠠᠳᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠨᠢ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢ ᠦᠨᠡᠨ ᠬᠦ ᠲᠡᠷᠢᠬᠦᠨ ᠴᠢᠬᠤᠯᠠ ᠪᠠᠶᠢᠷᠢᠨ ᠳᠤ ᠲᠠᠯᠪᠢᠵᠤ᠂ ᠱᠦᠵᠢ ᠠᠳᠬᠤᠵᠤ᠂ ᠱᠦᠵᠢ ᠶᠢ ᠠᠳᠬᠤᠬᠤ ᠶᠢ ᠪᠠᠷᠢᠮᠳᠠᠯᠠᠵᠤ᠂ ᠲᠡᠰ ᠲᠡᠰ ᠢᠶᠠᠷ ᠬᠠᠷᠢᠭᠤᠴᠠᠯᠭ᠎ᠠ ᠲᠤᠯᠭᠠᠵᠤ᠂ ᠱᠠᠳᠤ ᠱᠠᠳᠤ ᠪᠠᠷ ᠲᠠᠷᠤᠯᠳᠠ‌ᠦᠭᠴᠦ᠂ ᠡᠯ᠎ᠠ ᠵᠦᠢᠯ ᠤᠨ ᠪᠠᠶᠢᠷᠢᠯᠠᠭᠤᠯᠤᠯᠳᠠ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠳᠠᠢ᠃ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠲᠠᠪᠤ ᠶᠢ ᠨᠢᠬᠡ ᠴᠤᠬᠴᠠᠵᠢᠭᠤᠯᠬᠤ ᠶᠠᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ ᠪᠠ ᠲᠦᠷᠪᠡᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠡᠯ᠎ᠠ ᠵᠦᠢᠯ ᠤᠨ ᠠᠵᠢᠯ ᠳᠤ ᠲᠤᠭᠤᠰᠢᠯᠠᠭᠤᠯᠵᠤ᠂ ᠤᠯᠤᠰ ᠲᠦᠷᠤ ᠶᠢᠨ ᠠᠵᠢᠯ ᠢᠶᠠᠷ ᠠᠵᠤ ᠠᠬᠤᠢ ᠨᠡᠶᠢᠬᠡᠮ ᠤᠨ ᠡᠯ᠎ᠠ ᠵᠦᠢᠯ ᠤᠨ ᠠᠵᠢᠯ ᠢ ᠪᠠᠳᠤᠯᠠᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠠᠮᠵᠢᠯᠳᠠ ᠪᠦᠳᠤᠮᠵᠢ ᠪᠠᠷ ᠤᠯᠤᠰ ᠲᠦᠷᠤ ᠶᠢᠨ ᠪᠠᠶᠢᠭᠤᠯᠤᠯᠳᠠ ᠶᠢᠨ ᠠᠮᠵᠢᠯᠳᠠ ᠪᠦᠳᠤᠮᠵᠢ ᠶᠢ ᠰᠢᠯᠭᠠᠬᠤ ᠭᠡᠷᠡᠭᠳᠠᠢ ᠬᠡᠵᠤ ᠴᠢᠬᠤᠯᠠᠴᠢᠯᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com