ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠡ ᠶᠢᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠤᠳᠤᠷᠢᠳᠬᠤ ᠲᠤᠭᠤᠢᠢᠯᠠᠩ 36 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ

  ᠯᠢ ᠵᠢᠢ ᠾᠧᠩ ᠬᠤᠷᠠᠯ ᠢ ᠡᠷᠬᠢᠯᠠᠵᠤ ᠪᠦ᠋ ᠰᠢᠶᠤᠤ ᠯᠢᠨ ᠯᠢ ᠵᠢᠶᠠ ᠬᠤᠷᠠᠯ ᠳᠤ ᠤᠷᠤᠯᠴᠠᠵᠡᠢ

  10 ᠰᠠᠷ᠎ᠡ ᠶᠢᠨ 31᠎ ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠤᠳᠤᠷᠢᠳᠬᠤ ᠲᠤᠭᠤᠢᠢᠯᠠᠩ ᠤᠨ 36 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶ᠎ᠡ ᠲᠠᠯᠪᠢᠪᠠ᠃ ᠲᠡᠷᠨ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ ᠦᠷ᠎ᠡ ᠪᠦᠳᠦᠮᠵᠢ ᠭᠠᠷᠭᠠᠬᠤ ᠲᠡᠭᠡᠷ᠎ᠡ ᠨᠡᠩ ᠶᠡᠭᠡ ᠬᠦᠴᠤ ᠤᠷᠤᠭᠤᠯᠵᠤ᠂ ᠦᠭᠡᠷᠡᠴᠢᠯᠡᠯᠳᠠ ᠶᠢᠨ ᠡᠷᠴᠢᠮ᠂ ᠨᠢᠭᠡᠳᠦᠯᠳᠠᠢ ᠲᠦᠯᠦᠪᠵᠢᠬᠦᠯᠬᠦ ᠡᠷᠴᠢᠮ᠂ ᠬᠦᠴᠢᠷ ᠠᠰᠠᠭᠤᠳᠠᠯ ᠢ ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠦᠭᠡᠷᠡᠴᠢᠯᠡᠯᠳᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠶᠢ ᠠᠬᠢᠭᠤᠯᠬᠤ ᠭᠡᠷᠡᠭᠲᠠᠢ ᠭᠡᠵᠤ ᠴᠢᠬᠤᠯᠠᠴᠢᠯᠠᠪᠠ᠃

  ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠵᠢᠶᠠ ᠬᠤᠷᠠᠯ ᠳᠤ ᠤᠷᠤᠯᠴᠠᠪᠠ᠃

  ᠬᠤᠷᠠᠯ ᠠᠴᠠ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠵᠦᠪᠯᠡᠯ ᠤᠨ ᠲᠦᠷᠪᠡᠳᠦᠭᠡᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠳᠠᠪᠤᠷᠢᠳᠠᠨ ᠢ ᠦᠨᠡᠯᠡᠬᠦ ᠲᠤᠬᠳᠠᠴᠠ ᠶᠢᠨ ᠦᠭᠡᠷᠡᠴᠢᠯᠡᠯᠳᠠ ᠶᠢ ᠲᠦᠷᠦᠯ ᠬᠤᠪᠢᠶᠠᠨ ᠠᠬᠢᠭᠤᠯᠬᠤ ᠲᠤᠬᠠᠢ ᠭᠡᠷᠡᠭᠵᠢᠬᠦᠯᠬᠦ ᠲᠦᠰᠦᠯ᠂ ᠮᠡᠷᠭᠡᠵᠢᠯ ᠢ ᠰᠢᠯᠵᠢᠬᠦᠯᠬᠦ ᠰᠢᠰᠲ᠋ᠧᠮ ᠤᠨ ᠪᠠᠶᠢᠭᠤᠯᠤᠯᠳᠠ ᠶᠢᠨ ᠲᠦᠰᠤᠯ᠂ ᠮᠡᠳᠡᠯᠭᠡ ᠶᠢᠨ ᠦᠮᠴᠢᠯᠡᠯ ᠤᠨ ᠡᠷᠭᠡ ᠶᠢ ᠭᠠᠳᠠᠬᠰᠢ ᠰᠢᠯᠵᠢᠬᠦᠯᠦᠨ ᠦᠭᠬᠦ ᠠᠵᠢᠯ ᠢ ᠭᠡᠷᠡᠭᠵᠢᠬᠦᠯᠬᠦ ᠨᠠᠷᠢᠨ ᠲᠦᠷᠢᠮ᠂ ᠰᠢᠨᠵᠢᠯᠡᠬᠦ ᠤᠬᠠᠭᠠᠨ᠎ ᠤ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ ᠠᠷᠭ᠎ᠠ᠂ ᠬᠢᠨᠡᠨ ᠦᠨᠡᠯᠡᠬᠦ ᠬᠢᠨᠡᠨ ᠵᠦᠪᠰᠢᠶᠠᠷᠡᠬᠦ ᠲᠦᠷᠢᠮ ᠤᠨ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ ᠡᠮ ᠤᠨ ᠵᠦᠢᠯᠡᠰ ᠡᠮᠴᠢᠯᠡᠭᠡᠨ᠎ ᠤ ᠪᠠᠭᠠᠵᠢ ᠭᠡᠷᠡᠭᠰᠡᠯ ᠤᠨ ᠰᠢᠨ᠎ᠡ ᠡᠬᠦᠳᠤᠯᠳᠡ ᠶᠢ ᠵᠤᠷᠢᠬᠵᠢᠭᠤᠯᠬᠤ ᠲᠤᠬᠠᠢ ᠭᠡᠷᠡᠭᠵᠢᠬᠦᠯᠬᠦ ᠰᠠᠨᠠᠯ᠂ ᠲᠠᠭᠤᠷᠢᠶᠠᠮᠡᠯ ᠡᠮ ᠤᠨ ᠬᠠᠨᠭ᠍ᠭᠠᠯᠭ᠎ᠠ ᠶᠢᠨ ᠪᠠᠳᠤᠯᠠᠭ᠎ᠠ ᠵᠢᠴᠢ ᠭᠡᠷᠡᠭᠯᠡᠯᠳᠠ ᠶᠢᠨ ᠲᠦᠷᠦ ᠶᠢᠨ ᠪᠤᠳᠤᠯᠭ᠎ᠠ ᠶᠢ ᠦᠭᠡᠷᠡᠴᠢᠯᠡᠨ ᠲᠡᠬᠦᠯᠳᠡᠷᠵᠢᠬᠦᠯᠬᠦ ᠠᠵᠢᠯ ᠤᠨ ᠲᠦᠰᠦᠯ᠂ ᠦᠪᠦᠷ ᠮᠤᠩᠭᠤᠯ ᠤᠨ ᠤᠯᠤᠰ ᠤᠨ ᠲᠤᠮᠤ ᠳ᠋ᠠᠶᠢᠲᠨ ᠶᠢᠨ ᠶᠡᠷᠤᠩᠭᠡᠶᠢᠯᠡᠭᠰᠡᠨ ᠲᠤᠷᠰᠢᠯᠳᠠ ᠶᠢᠨ ᠤᠷᠤᠨ᠎ ᠤ ᠦᠭᠡᠷᠡᠴᠢᠯᠡᠯᠳᠠ ᠶᠢᠨ ᠭᠡᠷᠡᠭᠵᠢᠬᠦᠯᠬᠦ ᠲᠦᠰᠦᠯ᠂ ᠮᠠᠯ ᠠᠵᠤ ᠠᠬᠤᠢ ᠲᠠᠷᠢᠶᠠᠯᠠᠩ ᠤᠨ ᠪᠤᠬᠢᠷᠳᠤᠯ ᠦᠭᠡᠢ ᠬᠦᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠂ ᠳᠤᠮᠳᠠᠳᠤ ᠭᠠᠳᠠᠭᠠᠳᠤ ᠶᠢᠨ ᠰᠤᠶᠤᠯ ᠢᠷᠭᠡᠨᠰᠢᠯ ᠤᠨ ᠰᠤᠯᠢᠯᠴᠠᠭᠠᠨ ᠎ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠦᠪᠯᠡᠵᠤ ᠪᠠᠳᠤᠯᠠᠵᠤ᠂ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠪᠠ ᠬᠤᠯᠪᠤᠬᠳᠠᠯ ᠪᠦᠬᠦᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠭᠤᠤᠯ ᠪᠤᠯᠬᠤ ᠬᠠᠷᠢᠭᠤᠴᠠᠯᠭᠠᠲᠠᠳ ᠤᠨ ᠦᠭᠡᠷᠡᠴᠢᠯᠡᠯᠲᠡ ᠶᠢ ᠠᠳᠬᠤᠬᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃

  ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠭᠡᠷᠡᠴᠢᠯᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠬᠦ ᠵᠦᠪᠯᠡᠯ ᠤᠨ ᠲᠦᠷᠪᠡᠳᠤᠭᠡᠷ ᠬᠤᠷᠡᠯ ᠳᠡᠭᠡᠷᠡᠬᠢ ᠴᠢᠬᠤᠯᠠ ᠶᠠᠷᠢᠶ᠎ᠠ ᠨᠢ ᠨᠠᠶᠢᠳᠠᠪᠤᠷᠢᠵᠢᠭᠤᠯᠤᠯᠳᠠ ᠶᠢ ᠠᠳᠬᠤᠵᠤ ᠦᠷ᠎ᠡ ᠪᠦᠲᠦᠮᠵᠢ ᠭᠠᠷᠭᠠᠬᠤ ᠴᠢᠩᠭ᠎ᠠ ᠳᠤᠬᠢᠶ᠎ᠠ ᠶᠢ ᠲᠠᠮᠵᠢᠭᠤᠯᠵᠤ᠂ ᠨᠠᠮ ᠤᠨ ᠲᠦᠪ ᠬᠤᠷᠢᠶᠠᠨ᠎ ᠤ ᠦᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠪᠠᠲᠤ ᠵᠤᠷᠢᠬ ᠢ ᠬᠠᠷᠠᠭᠤᠯᠪᠠ᠃ ᠪᠦᠬᠦ ᠤᠷᠤᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠬᠤ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠳᠦᠷᠪᠡᠨ ᠤᠬᠠᠮᠰᠠᠷ ᠢᠶᠠᠨ ᠴᠢᠩᠭᠠᠳᠬᠠᠵᠤ᠂ ᠬᠤᠶᠠᠷ ᠢ ᠬᠠᠮᠠᠭᠠᠯᠠᠬᠤ ᠶᠢ ᠬᠡᠷᠡᠭᠵᠢᠭᠦᠯᠵᠦ᠂ ᠨᠠᠮ ᠤᠨ ᠲᠦᠪ ᠬᠤᠷᠢᠶᠠᠨ᠎ ᠤ ᠦᠭᠡᠷᠡᠴᠢᠯᠡᠯᠲᠡ ᠶᠢᠨ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠬᠦᠴᠦᠲᠡᠢ ᠪᠦᠲᠦᠮᠵᠢᠲᠡᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠦᠭᠡᠷᠡᠴᠢᠯᠡᠯᠲᠡ ᠶᠢᠨ ᠲᠦᠰᠦᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠪᠤᠭᠤᠮᠲᠠ ᠰᠠᠬᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠳᠤᠯᠤᠨ ᠪᠠᠶᠢᠴᠠᠭᠠᠬᠤ ᠪᠡᠯᠡᠳᠬᠡᠯ ᠠᠵᠢᠯ ᠢ ᠯᠠᠪᠳᠠᠭᠤᠨ ᠰᠠᠶᠢᠳᠤᠷ ᠬᠢᠵᠦ᠂ ᠮᠡᠳᠡᠭᠦᠯᠦᠨ ᠬᠢᠨᠠᠭᠤᠯᠬᠤ ᠲᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠠᠵᠢᠯ ᠤᠨ ᠦᠷ᠎ᠡ ᠠᠰᠢᠬ ᠢ ᠬᠦᠴᠦᠯᠡᠨ ᠳᠡᠭᠡᠭᠰᠢᠯᠡᠭᠦᠯᠵᠦ᠂ ᠦᠭᠡᠷᠡᠴᠢᠯᠡᠯᠲᠡ ᠶᠢᠨ ᠡᠬᠢᠨ᠎ ᠤ ᠨᠢᠭᠡ ᠺᠢᠯᠣᠮᠧᠲᠷ ᠢ ᠰᠠᠶᠢᠳᠤᠷ ᠵᠠᠮᠨᠠᠬᠤ ᠬᠡᠷᠡᠭᠲᠡᠢ᠃ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠰᠠᠶᠢᠳᠤᠷ ᠠᠳᠬᠤᠵᠤ᠂ ᠦᠭᠡᠷᠡᠴᠢᠯᠡᠯᠲᠡ ᠶᠢᠨ ᠠᠵᠢᠯ ᠤᠨ ᠲᠤᠬᠠᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠡᠳᠦᠯᠲᠡᠢ ᠲᠦᠯᠦᠪᠵᠢᠭᠦᠯᠦᠨ ᠨᠠᠶᠢᠳᠡ ᠳᠤᠨᠢ ᠬᠠᠷᠠᠭᠠᠯᠵᠠᠵᠤ᠂ ᠪᠤᠲᠠᠲᠠᠢ ᠶᠢ ᠡᠷᠬᠢᠮᠯᠡᠨ ᠬᠠᠭᠤᠷᠮᠠᠬᠯᠠᠬᠤ ᠶᠢ ᠳᠡᠪᠴᠢᠵᠦ᠂ ᠰᠠᠬᠢᠯᠭ᠎ᠠ ᠪᠠᠲᠤ ᠶᠢ ᠴᠢᠩᠳᠠᠯᠠᠵᠤ ᠨᠠᠶᠢᠳᠠᠪᠤᠷᠢᠵᠢᠭᠤᠯᠬᠤ ᠶᠢ ᠠᠳᠬᠤᠵᠤ᠂ ᠦᠭᠡᠷᠡᠴᠢᠯᠡᠯᠲᠡ ᠶᠢᠨ ᠡᠴᠦᠰ ᠤᠨ ᠨᠢᠭᠡ ᠺᠢᠯᠣᠮᠧᠲᠷ ᠢ ᠡᠷᠡᠰ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠦᠪᠡᠷᠲᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠢᠢᠯᠠᠩ ᠤᠨ ᠪᠦᠷᠢᠯᠳᠦᠭᠦᠨ ᠨᠠᠷ ᠤᠷᠤᠯᠴᠠᠵᠤ᠂ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com