ᠲᠠᠯ᠎ᠠ ᠨᠤᠳᠤᠭ ᠤᠨ ᠡᠮᠡᠭᠳᠡᠶᠢᠴᠤᠳ ᠠᠭᠤᠤ ᠨᠠᠮ ᠢᠶᠠᠨ ᠬᠦᠷᠢᠶᠠᠯᠠᠵᠤ ᠠᠤᠭ᠎ᠠ ᠵᠢᠤᠨᠬᠦᠯ ᠦᠵᠡᠬᠦᠯᠦᠨ᠎ᠠ

  — ᠮᠠᠨ᠎ ᠤ ᠤᠷᠤᠨ᠎ ᠤ 32 ᠲᠦᠯᠦᠭᠡᠯᠡᠭᠴᠢ ᠪᠡᠭᠡᠵᠢᠩ ᠳᠤ ᠬᠦᠷᠴᠤ ᠲᠤᠮᠳᠠᠳᠤ ᠤᠯᠤᠰ ᠤᠨ ᠡᠮᠡᠭᠳᠡᠶᠢᠴᠤᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠪᠠ

  ᠲᠠᠯ᠎ᠠ ᠨᠤᠳᠤᠭ ᠤᠨ ᠡᠮᠡᠭᠳᠡᠶᠢᠴᠤᠳ ᠠᠭᠤᠤ ᠨᠠᠮ ᠢᠶᠠᠨ ᠬᠦᠷᠢᠶᠠᠯᠠᠵᠤ᠂ ᠰᠢᠨ᠎ᠠ ᠴᠠᠭ ᠦᠶ᠎ᠠ ᠳᠤ ᠰᠢᠨ᠎ᠠ ᠵᠢᠳᠬᠦᠯ ᠦᠵᠡᠬᠦᠯᠤᠨ᠎ᠠ᠃ ᠦᠭᠡᠷᠡᠴᠢᠯᠡᠯᠳᠠ ᠨᠡᠭᠡᠭᠡᠯᠳᠡ ᠬᠢᠭᠰᠡᠨ 40 ᠵᠢᠯ ᠤᠨ ᠲᠤᠷᠰᠢ᠂ ᠨᠠᠮ ᠵᠠᠰᠠᠭ ᠤᠨ ᠲᠡᠭᠡᠳᠦ ᠬᠡᠮᠵᠢᠶᠡᠠ᠎ ᠤ ᠴᠢᠬᠤᠯᠠᠴᠢᠯᠠᠭ᠎ᠠ ᠪᠠ ᠲᠠᠮᠵᠢᠯᠭᠡ ᠲᠤᠤᠷ᠎ᠠ᠂ ᠦᠪᠦᠷ ᠮᠤᠩᠭᠤᠯ ᠤᠨ ᠡᠮᠡᠭᠳᠡᠶᠢᠴᠤᠳ ᠤᠨ ᠦᠢᠯᠡᠰ ᠠᠰᠤᠷᠤ ᠰᠠᠶᠢᠨ ᠠᠮᠵᠢᠯᠳᠠ ᠤᠯᠪᠠ᠃ ᠦᠷᠭᠡᠨ ᠤᠯᠠᠨ ᠡᠮᠡᠭᠳᠡᠶᠢᠴᠤᠳ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠨᠨ᠂ ᠦᠪᠡᠷᠰᠡᠳ ᠤᠨ ᠬᠤᠪᠢ ᠵᠠᠶᠠᠭ᠎ᠠ ᠪᠠᠨ ᠤᠯᠤᠰ ᠦᠨᠳᠦᠰᠦᠳᠡᠨ᠎ ᠤ ᠬᠤᠪᠢ ᠵᠠᠶᠠᠭ᠎ᠠ ᠲᠠᠢ ᠨᠢᠬᠳᠠ ᠬᠤᠯᠪᠤᠵᠤ᠂ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ ᠪᠠ ᠠᠮᠢ ᠠᠬᠤᠢ ᠶᠢᠨ ᠪᠤᠯᠪᠠᠰᠤᠨ᠎ ᠤ ᠪᠠᠶᠢᠭᠤᠯᠤᠯᠳᠠ ᠳᠤ ᠪᠦᠬᠦ ᠲᠠᠯ᠎ᠠ ᠪᠠᠷ ᠤᠷᠤᠯᠴᠠᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠠᠭᠤᠤ ᠶᠡᠭᠡ ᠦᠢᠯᠡᠳᠦᠯᠭᠡ ᠳᠤ ᠲᠦᠷᠦ ᠶᠢᠨ ᠬᠠᠭᠠᠰ ᠲᠤᠯᠭᠠᠭᠤᠷᠢ ᠶᠢᠨ ᠦᠢᠯᠡᠳᠦᠯ ᠢᠶᠠᠨ ᠪᠠᠳᠠᠷᠠᠭᠤᠯᠵᠤ᠂ ᠡᠮᠡᠭᠳᠡᠶᠢᠴᠤᠳ ᠤᠨ ᠦᠡᠭᠭᠡ ᠭᠠᠯᠪᠢᠷ ᠢ ᠤᠯᠠᠨ᠎ᠠ ᠭᠠᠶᠢᠬᠠᠭᠤᠯᠵᠤ ᠬᠡᠷᠡᠯ ᠰᠠᠴᠤᠷᠡᠩᠭᠤᠢ ᠠᠮᠵᠢᠯᠳᠠ ᠪᠦᠳᠤᠮᠵᠢ ᠤᠯᠤᠭᠰᠠᠨ ᠪᠠᠶᠢᠨ᠎ᠠ᠃

  2018 ᠤᠨ᠎ ᠤ 10 ᠰᠠᠷ᠎ᠠ ᠶᠢᠨ 30 ᠠᠴᠠ 11 ᠰᠠᠷ᠎ᠠ ᠶᠢᠨ 2 ᠤᠨ ᠡᠳᠦᠷ ᠪᠤᠯᠳᠠᠯ᠎ᠠ᠂ ᠲᠤᠮᠳᠠᠳᠤ ᠤᠯᠤᠰ ᠤᠨ ᠡᠮᠡᠭᠳᠡᠶᠢᠴᠤᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠨᠠᠶᠢᠰᠯᠠᠯ ᠪᠡᠭᠡᠵᠢᠩ ᠳᠤ ᠶᠠᠪᠤᠭᠳᠠᠵᠠᠢ᠃ ᠲᠤᠰ ᠤᠳᠠᠭ᠎ᠠ ᠶᠢᠨ ᠶᠡᠭᠡ ᠬᠤᠷᠠᠯ ᠨᠢ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷᠠᠬᠢ ᠮᠠᠨ᠎ ᠤ ᠤᠯᠤᠰ ᠤᠨ ᠡᠮᠡᠭᠳᠡᠶᠢᠴᠤᠳ ᠤᠨ ᠨᠢᠭᠡ ᠤᠳᠠᠭᠠᠨ᠎ ᠤ ᠲᠡᠤᠭᠡᠳᠦ ᠴᠢᠨᠠᠷᠳᠠᠢ ᠦᠪᠡᠳᠡᠭᠰᠢ ᠶᠡᠭᠡ ᠬᠤᠷᠠᠯ ᠪᠤᠯᠬᠤ ᠪᠦᠭᠡᠳ ᠡᠯ᠎ᠠ ᠦᠨᠳᠦᠰᠦᠳᠡᠨ ᠡᠯ᠎ᠠ ᠡᠳᠡᠭᠡᠳ ᠤᠨ ᠡᠮᠡᠭᠳᠡᠶᠢᠴᠤᠳ ᠤᠨ ᠤᠯᠤᠰ ᠲᠦᠷᠦ ᠶᠢᠨ ᠠᠮᠢᠳᠤᠷᠠᠯ ᠲᠤᠮᠳᠠᠬᠢ ᠨᠢᠭᠡᠨ ᠲᠤᠮᠤ ᠶᠠᠪᠤᠳᠠᠯ ᠪᠤᠯᠤᠨ᠎ᠠ᠃ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ 32 ᠲᠦᠯᠦᠭᠡᠯᠡᠭᠴᠢ ᠠᠴᠠ 1200 ᠭᠠᠷᠤᠢ ᠲᠦᠮᠡᠨ ᠲᠠᠯ᠎ᠠ ᠨᠤᠳᠤᠭ ᠤᠨ ᠡᠮᠡᠭᠳᠡᠶᠢᠴᠤᠳ ᠤᠨ ᠲᠤᠳᠤᠨᠤ ᠨᠠᠶᠢᠳᠠᠯᠭ᠎ᠠ ᠶᠢ ᠡᠪᠤᠷᠯᠠᠵᠤ᠂ ᠶᠡᠭᠡ ᠬᠤᠷᠠᠯ ᠲᠡᠭᠡᠷ᠎ᠠ ᠰᠠᠨᠠᠯ ᠰᠠᠨᠠᠭᠤᠯᠭ᠎ᠠ ᠪᠠᠨ ᠲᠡᠪᠰᠢᠬᠦᠯᠵᠦ᠂ ᠡᠮᠡᠭᠳᠡᠢ ᠤᠯᠠᠨ ᠲᠦᠮᠡᠨ᠎ ᠤ ᠬᠦᠰᠡᠯ ᠪᠤᠳᠤᠯ ᠢ ᠲᠤᠰᠬᠠᠭᠰᠠᠨ ᠪᠠᠶᠢᠨ᠎ᠠ᠃

  32 ᠲᠦᠯᠦᠭᠡᠯᠡᠭᠴᠢ ᠶᠢᠨ ᠲᠤᠳᠤᠷ᠎ᠠ᠂ ᠡᠯ᠎ᠠ ᠦᠨᠳᠦᠰᠦᠳᠡᠨ ᠡᠯ᠎ᠠ ᠡᠳᠡᠭᠡᠳ᠂ ᠡᠯ᠎ᠠ ᠠᠵᠢᠯ ᠲᠦᠷᠦᠯ ᠤᠨ ᠬᠦᠳᠡᠯᠮᠦᠷᠢᠴᠢᠨ ᠡᠮᠡᠭᠳᠡᠶᠢᠴᠤᠳ ᠪᠠ ᠰᠡᠭᠡᠭᠡᠳᠠᠨ ᠡᠮᠡᠭᠳᠡᠶᠢᠴᠤᠳ ᠤᠨ ᠲᠦᠯᠦᠭᠡᠯᠡᠭᠴᠢ 22᠂ ᠡᠮᠡᠭᠳᠡᠶᠢᠴᠤᠳ ᠤᠨ ᠠᠵᠢᠯ ᠢ ᠬᠤᠪᠢᠳᠠᠨ ᠬᠢᠵᠤ ᠪᠠᠶᠢᠭ᠎ᠠ ᠲᠤᠰᠬᠠᠢ ᠠᠵᠢᠯᠳᠠᠨ 12᠂ ᠡᠮᠡᠭᠳᠡᠶᠢᠴᠤᠳ ᠤᠨ ᠠᠵᠢᠯ ᠢ ᠬᠠᠪᠰᠤᠷᠭᠠᠨ ᠬᠢᠵᠤ ᠪᠠᠶᠢᠭ᠎ᠠ ᠠᠵᠢᠯᠳᠠᠨ 9 ᠪᠠᠶᠢᠵᠤ᠂ ᠴᠦᠭᠡᠨ ᠲᠤᠭᠠᠳᠤ ᠦᠨᠳᠦᠰᠦᠳᠡᠨ᠎ ᠤ ᠲᠦᠯᠦᠭᠡᠯᠡᠭᠴᠢ 21 ᠪᠠᠶᠢᠵᠤ᠂ ᠦᠨᠳᠦᠰᠦᠨ ᠱᠠᠳᠤᠨ᠎ ᠤ ᠲᠦᠯᠦᠭᠡᠯᠡᠭᠴᠢ ᠶᠢᠨ ᠬᠠᠷᠢᠴᠠᠯ ᠠᠩᠬ᠎ᠠ ᠤᠳᠠᠭ᠎ᠠ 70% ᠶᠢ ᠲᠠᠪᠠᠵᠤ᠂ ᠲᠤᠰ ᠤᠳᠠᠭ᠎ᠠ ᠶᠢᠨ ᠡᠮᠡᠭᠳᠡᠢ ᠲᠦᠯᠦᠭᠡᠯᠡᠭᠴᠢ ᠶᠢᠨ ᠭᠤᠤᠯᠯᠠᠬᠴᠢ ᠬᠦᠴᠦᠨ ᠪᠤᠯᠪᠠ᠃ ᠲᠡᠳᠡᠨᠡᠷ ᠰᠢᠨ᠎ᠠ ᠶᠢ ᠡᠭᠦᠳᠤᠨ ᠦᠢᠯᠡᠰ ᠪᠤᠰᠬᠠᠵᠤ᠂ ᠨᠠᠮ ᠤᠨ ᠦᠭᠡ ᠶᠢ ᠰᠤᠨᠤᠰᠴᠦ ᠨᠠᠮ ᠢᠶᠠᠨ ᠲᠠᠭᠠᠵᠤ᠂ ᠦᠪᠡᠷᠰᠡᠳ ᠤᠨ ᠢᠶᠠᠨ ᠡᠭᠡᠯ ᠵᠢᠷ ᠤᠨ ᠠᠵᠢᠯ ᠤᠨ ᠪᠠᠶᠢᠷᠢ ᠳᠠᠭᠠᠨ ᠵᠢᠷ ᠤᠨ ᠪᠤᠰᠤ ᠠᠮᠵᠢᠯᠳᠠ ᠪᠦᠳᠦᠮᠵᠢ ᠭᠠᠷᠭᠠᠬᠰᠠᠨ ᠪᠠᠶᠢᠨ᠎ᠠ᠃

  ᠡᠨᠡ ᠵᠢᠯ 71 ᠨᠠᠰᠤᠳᠠᠢ ᠲᠠᠯ᠎ᠠ ᠪᠤᠯ ᠲᠠᠷᠤᠢ ᠲᠡᠳᠡᠨᠡᠷ ᠤᠨ ᠲᠤᠳᠤᠷᠠᠬᠢ ᠨᠢᠭᠡᠨ ᠲᠦᠯᠦᠭᠡᠯᠡᠭᠴᠢ ᠪᠤᠯᠤᠨ᠎ᠠ᠃ 46 ᠵᠢᠯ ᠤᠨ ᠡᠮᠦᠨ᠎ᠠ᠂ ᠭᠠᠯᠪᠢᠷ ᠵᠠᠯᠠᠭᠤ ᠨᠠᠰᠤᠨ ᠳᠠᠭᠠᠨ ᠪᠠᠶᠢᠬᠰᠠᠨ ᠲᠡᠯ᠎ᠠ ᠴᠡᠷᠢᠭ ᠠᠷᠮᠢ ᠶᠢᠨ ᠲᠠᠶᠢᠴᠢᠨ ᠨᠦᠭᠦᠷ ᠲᠠᠢ ᠪᠠᠨ ᠬᠠᠮᠳᠤ ᠲᠠᠯ᠎ᠠ ᠨᠤᠳᠤᠭ ᠤᠨ ᠲᠦᠢᠮᠡᠷ ᠢ ᠡᠷᠡᠮᠡᠭᠡᠶᠢᠯᠡᠨ ᠤᠨᠳᠠᠷᠠᠭᠠᠬᠤ ᠶᠠᠪᠤᠴᠠ ᠳᠠᠭᠠᠨ ᠪᠦᠬᠦ ᠪᠡᠶ᠎ᠠ ᠶᠢᠨ ᠶᠡᠭᠡ ᠬᠡᠪᠴᠢᠶ᠎ᠠ ᠨᠢ ᠰᠢᠷᠠᠬᠳᠠᠵᠤ ᠵᠡᠮᠳᠡᠭ ᠪᠤᠯᠪᠠ᠃ ᠲᠠᠷᠡ ᠤᠯᠤᠰ ᠠᠴᠠ ᠠᠷᠠᠴᠢᠯᠠᠨ ᠲᠡᠵᠢᠬᠡᠬᠦ ᠶᠢ ᠬᠦᠯᠢᠶᠠᠨ ᠠᠪᠤᠬᠰᠠᠨ ᠦᠭᠡᠢ ᠬᠠᠷᠢᠨ ᠪᠠᠳᠤ ᠴᠢᠩᠭ᠎ᠠ ᠡᠷᠴᠢ ᠵᠤᠷᠢᠭ ᠢᠶᠠᠷ ᠶᠡᠭᠡ ᠰᠤᠷᠭᠠᠭᠤᠯᠢ ᠳᠤ ᠰᠢᠯᠭᠠᠨ ᠤᠷᠤᠵᠤ᠂ ᠬᠠᠤᠯᠢᠴᠢ ᠶᠢᠨ ᠦᠨᠡᠮᠯᠡᠯ ᠢ ᠭᠠᠷᠳᠠᠵᠤ᠂ ᠬᠠᠤᠯᠢ ᠴᠠᠭᠠᠵᠠ ᠶᠢᠨ ᠡᠷᠭᠡ ᠰᠦᠷ ᠢ ᠪᠠᠳᠤᠯᠠᠨ ᠬᠠᠮᠠᠭᠠᠯᠠᠵᠤ ᠶᠠᠪᠤᠪᠠ᠃ ᠠᠵᠢᠯ ᠠᠴᠠ ᠪᠠᠨ ᠠᠮᠠᠷᠠᠬᠰᠠᠨ 16 ᠵᠢᠯ ᠤᠨ ᠬᠤᠭᠤᠴᠠᠭ᠎ᠠ ᠳᠤ᠂ ᠲᠡᠷᠡ ᠡᠮᠡᠭᠳᠡᠶᠢᠴᠤᠳ ᠬᠡᠤᠬᠡᠳ ᠤᠨ ᠡᠷᠭᠡ ᠠᠰᠢᠭ᠂ ᠵᠡᠮᠳᠡᠭᠴᠤᠳ ᠤᠨ ᠡᠷᠭᠡ ᠠᠰᠢᠭ᠂ ᠬᠡᠷᠡᠭᠯᠡᠭᠴᠢᠳ ᠤᠨ ᠡᠷᠭᠡ ᠠᠰᠢᠭ ᠢ ᠪᠠᠳᠤᠯᠠᠨ ᠬᠠᠮᠠᠭᠠᠯᠠᠬᠤ ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠲᠤ ᠭᠠᠪᠰᠢᠭᠠᠢᠢᠯᠠᠵᠤ᠂ ᠡᠷᠭᠡ ᠲᠡᠭᠰᠢ ᠪᠠ ᠲᠦᠪ ᠭᠤᠤᠯᠴᠢ ᠶᠢ ᠪᠠᠷᠢᠮᠳᠠᠯᠠᠵᠤ᠂ ᠲᠤᠷᠤᠢ ᠪᠠᠭᠤᠷᠠᠶᠢᠴᠤᠤᠯ ᠳᠤ ᠬᠦᠯᠦᠰᠦ ᠬᠠᠷᠠᠮᠵᠢ ᠦᠭᠡᠢ ᠪᠠᠷ ᠬᠠᠪᠰᠤᠷᠤᠯᠭ᠎ᠠ ᠲᠡᠮᠵᠢᠯᠭᠡ ᠦᠵᠡᠬᠦᠯᠦᠭᠰᠡᠭᠡᠷ ᠢᠷᠡᠪᠡ᠃ 2017 ᠤᠨ ᠳᠤ᠂ ᠲᠠᠯ᠎ᠠ ᠪᠦᠬᠦ ᠤᠯᠤᠰ ᠤᠨ ᠡᠮᠡᠭᠳᠡᠶᠢᠴᠤᠳ ᠬᠡᠤᠬᠡᠳ ᠤᠨ ᠡᠷᠭᠡ ᠠᠰᠢᠭ ᠢ ᠪᠠᠳᠤᠯᠠᠨ ᠬᠠᠮᠠᠭᠠᠯᠠᠬᠰᠠᠨ ᠵᠢᠱᠢᠶᠡᠴᠢ ᠬᠤᠪᠢ ᠬᠦᠮᠦᠨ ᠢᠶᠠᠷ ᠬᠦᠬᠢᠬᠦᠯᠦᠭᠳᠡᠪᠡ᠃

  ᠦᠪᠡᠷᠳᠡᠭᠡᠨ ᠵᠠᠰᠠᠬᠤ ᠤᠷᠤᠨ᠎ ᠤ ᠡᠮᠡᠭᠳᠡᠢ ᠠᠵᠤ ᠠᠬᠤᠢᠢᠯᠠᠯᠳᠠᠳ ᠤᠨ ᠨᠡᠶᠢᠭᠡᠮᠯᠢᠭ ᠤᠨ ᠲᠠᠷᠤᠭ᠎ᠠ ᠵᠦ ᠭᠦᠢ ᠯᠢᠶᠠᠨ᠂ ᠦᠭᠡᠷᠡᠴᠢᠯᠡᠯᠳᠠ ᠨᠡᠭᠡᠭᠡᠯᠳᠡ ᠶᠢᠨ ᠦᠢᠯᠡᠳᠦᠯᠭᠡ ᠲᠤᠮᠳᠠ ᠬᠦᠴᠢᠷ ᠪᠡᠷᠭᠡᠰᠢᠶᠠᠯ ᠢ ᠰᠦᠷᠦᠨ ᠤᠷᠤᠬᠰᠢᠯᠠᠵᠤ᠂ ᠤᠯᠠᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠲᠠᠮᠵᠢᠨ᠂ ᠦᠷᠢ ᠦᠭᠴᠡᠭᠡ ᠪᠠᠨ ᠪᠤᠴᠠᠭᠠᠵᠤ ᠲᠡᠶᠢᠯᠬᠦ ᠦᠭᠡᠢ ᠪᠠᠶᠢᠬᠰᠠᠨ ᠭᠤᠷᠪᠠᠳᠤᠭᠠᠷ ᠲᠡᠰ ᠤᠨ ᠪᠠᠷᠢᠯᠭ᠎ᠠ ᠶᠢᠨ ᠠᠵᠤ ᠠᠬᠤᠢᠢᠯᠠᠯ ᠢ ᠵᠢᠯ ᠤᠨ ᠦᠢᠯᠡᠳᠪᠤᠷᠢᠯᠠᠯ ᠤᠨ ᠦᠷᠳᠡᠭ 2 ᠳ᠋ᠦᠡᠭᠰᠢᠭᠤᠷ ᠭᠠᠷᠤᠢ ᠲᠦᠭᠦᠷᠢᠭ ᠢ ᠲᠠᠪᠠᠭᠰᠠᠨ ᠨᠢᠭᠡᠳᠦᠭᠡᠷ ᠲᠡᠰ ᠤᠨ ᠪᠠᠷᠢᠯᠭ᠎ᠠ ᠶᠢᠨ ᠠᠵᠤ ᠠᠬᠤᠢᠢᠯᠠᠯ ᠪᠤᠯᠭᠠᠨ ᠭᠦᠭᠵᠢᠬᠦᠯᠪᠡ᠃ ᠠᠵᠤ ᠠᠬᠤᠢᠢᠯᠠᠯ ᠤᠨ ᠵᠢᠯ ᠤᠨ ᠦᠢᠯᠡᠳᠪᠤᠷᠢᠯᠠᠯ ᠤᠨ ᠦᠷᠳᠡᠭ ᠨᠢ ᠲᠠᠰᠤᠷᠠᠯᠳᠠ ᠦᠭᠡᠢ ᠨᠡᠮᠡᠭᠳᠡᠵᠦ᠂ ᠤᠯᠤᠰ ᠲᠤ ᠲᠤᠰᠢᠶᠠᠬᠰᠠᠨ ᠭᠠᠶᠢᠯᠢ ᠶᠢᠨ ᠲᠤᠭ᠎ᠠ ᠴᠤ ᠵᠢᠯ ᠲᠠᠷᠠᠭᠠᠯᠠᠨ ᠨᠡᠮᠡᠭᠳᠡᠵᠦ᠂ ᠵᠢᠯ ᠪᠦᠷᠢ ᠳᠤ 800 ᠭᠠᠷᠤᠢ ᠬᠦᠮᠦᠨ ᠳᠤ ᠠᠵᠢᠯ ᠤᠯᠭᠤᠵᠤ᠂ ᠠᠵᠢᠯᠳᠠᠨ᠎ ᠤ ᠴᠠᠯᠢᠩ ᠨᠢ ᠬᠡᠳᠦᠨ ᠲᠠᠬᠢᠨ ᠢᠶᠠᠷ ᠨᠡᠮᠡᠭᠳᠡᠪᠡ᠃ ᠲᠡᠷᠡ ᠤᠷᠢᠳ ᠬᠤᠵᠢᠳ 30 ᠭᠠᠷᠤᠢ ᠲᠦᠮᠡᠨ ᠲᠦᠭᠦᠷᠢᠭ ᠬᠠᠨᠳᠢᠪᠯᠠᠵᠤ᠂ ᠪᠠᠶᠠᠨᠨᠠᠭᠤᠷ ᠬᠤᠳᠠ ᠶᠢᠨ ᠳ᠋ᠸᠡᠭᠺᠸᠦ ᠰᠢᠶᠠᠨ ᠵᠡᠷᠭᠡ 5 ᠬᠤᠰᠢᠭᠤ ᠰᠢᠶᠠᠨ ᠳᠤ ᠴᠢᠩᠬᠤᠸᠠ ᠶᠡᠭᠡ ᠰᠤᠷᠭᠠᠭᠤᠯᠢ ᠶᠢᠨ ᠠᠯᠤᠰ ᠡᠵᠡᠮᠳᠡᠬᠦ ᠵᠢᠭᠠᠨ ᠰᠤᠷᠭᠠᠯᠳᠠ ᠶᠢᠨ ᠦᠷᠳᠡᠭᠡ ᠪᠠᠶᠢᠭᠤᠯᠪᠠ᠃ ᠬᠡᠳᠦᠨ ᠵᠢᠯ ᠤᠨ ᠲᠤᠷᠰᠢ᠂ ᠵᠢᠭᠠᠨ ᠰᠤᠷᠭᠠᠯᠳᠠ ᠶᠢᠨ ᠦᠷᠳᠡᠭᠡ ᠨᠢ 1000 ᠭᠠᠷᠤᠢ ᠬᠦᠮᠦᠨ ᠳᠤ ᠪᠤᠯᠪᠠᠰᠤᠷᠠᠯ ᠬᠦᠷᠳᠡᠭᠡᠵᠦ᠂ ᠴᠢᠩᠬᠤᠸᠠ ᠶᠡᠭᠡ ᠰᠤᠷᠭᠠᠭᠤᠯᠢ ᠳᠤ ᠬᠦᠷᠴᠦ ᠨᠢᠭᠤᠷᠳᠠᠨ ᠬᠢᠴᠢᠶᠡᠯᠯᠡᠭᠰᠡᠨ ᠰᠤᠷᠭᠠᠨ ᠬᠦᠮᠦᠵᠢᠯ ᠤᠨ ᠰᠢᠰᠲ᠋ᠧᠮ ᠤᠨ ᠺᠠᠳ᠋ᠷ ᠪᠠᠭᠰᠢ 100 ᠭᠠᠷᠤᠢ ᠳᠤ ᠬᠦᠷᠴᠦ᠂ 600 ᠭᠠᠷᠤᠢ ᠰᠤᠷᠤᠭᠴᠢ ᠳᠤ ᠴᠢᠩᠬᠤᠸᠠ ᠶᠡᠭᠡ ᠰᠤᠷᠭᠠᠭᠤᠯᠢ ᠶᠢᠨ ᠲᠤᠮᠳᠠᠳᠤ ᠭᠠᠳᠠᠭᠠᠳᠤ ᠶᠢᠨ ᠤᠶᠤᠳᠠᠳ ᠤᠨ ᠰᠤᠷᠭᠠᠨ ᠬᠦᠮᠦᠵᠢᠯ ᠢ ᠲᠡᠳᠭᠦᠭᠦ ᠪᠦᠯᠬᠦᠮ ᠤᠨ ᠠᠩᠭ᠍ᠯᠢ ᠬᠡᠯᠡᠨ᠎ ᠤ ᠬᠢᠴᠢᠶᠠᠯ ᠤᠨ ᠵᠢᠯᠤᠭᠤᠳᠤᠮᠵᠢ ᠶᠢ ᠬᠦᠷᠳᠡᠭᠡᠭᠰᠡᠨ ᠪᠠᠶᠢᠨ᠎ᠠ᠃

  ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯ ᠤᠳᠤ ᠶᠢᠨ ᠲᠡᠷᠢᠬᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ᠎ᠠ᠃ ᠮᠠᠨ᠎ ᠤ ᠤᠷᠤᠨ᠎ ᠤ ᠦᠷᠭᠡᠨ ᠤᠯᠠᠨ ᠡᠮᠡᠭᠳᠡᠶᠢᠴᠤᠳ ᠰᠢᠷᠭᠠᠭᠤ ᠬᠠᠳᠠᠭᠤᠵᠢᠯᠳᠠᠢ ᠦᠢᠯᠡᠰ ᠪᠤᠰᠬᠠᠵᠤ᠂ ᠴᠢᠨᠡᠭᠡᠯᠢᠭᠵᠢᠯ ᠤᠨ ᠵᠠᠮ ᠢᠶᠠᠷ ᠵᠠᠮᠨᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠴᠢᠬᠤᠯᠠ ᠬᠦᠴᠦᠨ ᠴᠢᠳᠠᠯ ᠪᠤᠯᠤᠬᠰᠠᠨ ᠪᠠᠶᠢᠨ᠎ᠠ᠃ ᠠᠤᠬᠠᠨ ᠬᠤᠰᠢᠭᠤᠨ᠎ ᠤ ᠲᠠᠷᠢᠶᠠᠴᠢᠨ ᠪᠦᠰᠡᠬᠦᠢ ᠭᠦᠸᠧ ᠰᠢᠤ ᠯᠢᠩ ᠤᠯᠠᠨ ᠵᠢᠯ ᠤᠨ ᠲᠤᠷᠰᠢ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠠᠮᠢ ᠠᠬᠤᠢ ᠶᠢᠨ ᠲᠠᠷᠢᠶᠠᠴᠢᠨ ᠠᠶᠢᠯ᠂ ᠬᠤᠪᠴᠠᠰᠤ ᠤᠶᠤᠬᠤ ᠦᠢᠯᠡᠳᠪᠣᠷᠢ ᠪᠠᠶᠢᠭᠤᠯᠬᠤ ᠵᠡᠷᠭᠡ ᠪᠠᠷ ᠲᠠᠮᠵᠢᠨ ᠲᠤᠬᠠᠢ ᠶᠢᠨ ᠭᠠᠵᠠᠷ ᠤᠨ ᠦᠢᠯᠡᠰ ᠪᠤᠰᠬᠠᠵᠤ ᠴᠢᠨᠡᠭᠡᠯᠢᠭᠵᠢᠭᠰᠡᠨ ᠵᠢᠱᠢᠶᠡᠴᠢ ᠪᠤᠯᠪᠠ᠃ ᠦᠪᠡᠷ ᠢᠶᠠᠨ ᠴᠢᠨᠡᠭᠡᠯᠢᠭᠵᠢᠭᠰᠡᠨ ᠪᠤᠯᠪᠠᠴᠤ ᠶᠠᠳᠠᠭᠤ ᠬᠦᠴᠢᠷᠳᠡᠯᠳᠡᠢ ᠡᠭᠡᠴᠢ ᠲᠡᠭᠦᠦ ᠨᠠᠷ ᠲᠠᠢ ᠪᠠᠨ ᠬᠠᠮᠳᠤ ᠪᠠᠷ ᠴᠢᠨᠡᠭᠡᠯᠢᠭᠵᠢᠬᠦ ᠶᠢ ᠲᠡᠷᠡ ᠬᠡᠵᠢᠶᠠᠳᠠ ᠮᠠᠷᠳᠠᠭ᠎ᠠ ᠦᠭᠡᠢ᠃ ᠬᠤᠪᠴᠠᠰᠤ ᠤᠶᠤᠬᠤ ᠦᠢᠯᠡᠳᠪᠤᠷᠢ ᠪᠠᠶᠢᠭᠤᠯᠬᠤ ᠬᠤᠭᠤᠴᠠᠭᠠᠨ ᠳᠠᠭᠠᠨ᠂ ᠲᠡᠷᠡ 30 ᠭᠠᠷᠤᠢ ᠬᠤᠭᠤᠴᠠᠭ᠎ᠠ ᠶᠢᠨ ᠡᠰᠬᠡᠨ ᠤᠶᠤᠬᠤ ᠪᠤᠯᠪᠠᠰᠤᠷᠠᠯ ᠤᠨ ᠠᠩᠭᠢ ᠡᠷᠬᠢᠯᠡᠵᠦ᠂ ᠶᠠᠳᠠᠭᠤ ᠬᠦᠴᠢᠷᠳᠡᠯᠳᠡᠢ ᠡᠮᠡᠭᠳᠡᠶᠢᠴᠤᠳ ᠲᠤ ᠪᠤᠯᠪᠠᠰᠤᠷᠠᠯ ᠬᠦᠷᠳᠡᠭᠡᠬᠦ ᠶᠢᠨ ᠬᠠᠮᠳᠤ ᠡᠰᠬᠡᠨ ᠤᠶᠤᠬᠤ ᠪᠠᠭᠠᠵᠢ ᠬᠡᠷᠡᠭᠰᠡᠯ ᠬᠠᠨᠳᠢᠪᠯᠠᠪᠠ᠃ ᠲᠡᠷᠡ ᠪᠠᠰᠠ ᠠᠤᠬᠠᠨ ᠬᠤᠰᠢᠭᠤᠨ᠎ ᠤ ᠲᠡᠷᠢᠶᠠᠴᠢᠨ ᠡᠮᠡᠭᠳᠡᠶᠢᠴᠤᠳ ᠤᠨ ᠲᠡᠵᠢᠭᠡᠨ ᠦᠷᠡᠵᠢᠬᠦᠯᠬᠦ ᠲᠠᠷᠢᠶᠠᠴᠢᠨ᠎ ᠤ ᠲᠤᠰᠬᠠᠢ ᠬᠤᠷᠰᠢᠶ᠎ᠠ ᠶᠢ ᠪᠠᠶᠢᠭᠤᠯᠵᠤ᠂ 600 ᠡᠷᠦᠭᠡ ᠮᠠᠯᠴᠢᠨ ᠲᠠᠷᠢᠶᠠᠴᠢᠨ ᠲᠠᠢ ᠬᠠᠮᠳᠤ ᠪᠠᠷ ᠵᠠᠬ᠎ᠠ ᠲᠡᠯᠭᠡᠭᠦᠷ ᠤᠨ ᠰᠢᠷᠦᠬᠦᠨ ᠦᠷᠢᠰᠦᠯᠳᠦᠭᠡᠨ ᠳᠤ ᠲᠦᠷᠦᠯ ᠲᠡᠮᠳᠡᠭ ᠲᠠᠩᠰᠠᠯᠠᠭᠤᠯᠬᠤ ᠪᠠᠷ ᠴᠢᠷᠮᠠᠶᠢᠨ᠎ᠠ᠃

  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠴᠠᠬ ᠦᠶ᠎ᠠ ᠶᠢᠨ ᠠᠤᠭ᠎ᠠ ᠲᠦᠰᠦᠪ ᠢ ᠵᠢᠷᠤᠬᠯᠠᠵᠤ᠂ 2020 ᠤᠨ ᠪᠤᠯᠳᠠᠯ᠎ᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ 2035 ᠤᠨ ᠪᠤᠯᠳᠠᠯ᠎ᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠵᠦ᠂ ᠲᠤᠰ ᠵᠠᠭᠤᠨ᠎ ᠤ ᠲᠤᠮᠳᠠᠴᠢ ᠪᠤᠯᠳᠠᠯ᠎ᠠ ᠮᠠᠨ᠎ ᠤ ᠤᠯᠤᠰ ᠢᠶᠠᠨ ᠪᠠᠶᠠᠨ ᠬᠦᠴᠦᠷᠭᠡᠭ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠤᠨ᠎ᠠ᠃ ᠡᠨᠡ ᠪᠤᠯ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ᠎ ᠤ ᠬᠠᠮᠳᠤ ᠶᠢᠨ ᠡᠭᠦᠷᠭᠡ ᠮᠦᠷᠳᠡᠭᠡᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠡᠮᠡᠭᠳᠡᠶᠢᠴᠤᠳ ᠤᠨ ᠲᠡᠤᠬᠡᠳᠦ ᠬᠠᠷᠢᠭᠤᠴᠠᠯᠭ᠎ᠠ ᠪᠤᠯᠤᠨ᠎ᠠ᠃

  ᠰᠢᠨ᠎ᠠ ᠴᠠᠭ ᠦᠶ᠎ᠠ ᠳᠤ ᠦᠪᠦᠷ ᠮᠤᠩᠭᠤᠯ ᠤᠨ ᠡᠮᠡᠭᠳᠡᠶᠢᠴᠤᠳ ᠰᠢᠨ᠎ᠠ ᠡᠭᠦᠷᠭᠡ ᠬᠠᠷᠢᠭᠤᠴᠠᠯᠭ᠎ᠠ ᠡᠬᠦᠷᠭᠡᠯᠡᠨ᠂  ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤ ᠪᠠᠷ ᠲᠡᠷᠭᠡᠯᠰᠢᠬᠦᠯᠬᠦ ᠦᠢᠯᠡᠳᠦᠯᠭᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠨᠠᠮᠠᠷᠢᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠬᠤ ᠪᠠᠷ ᠴᠤᠴᠠᠯᠳᠠ ᠦᠭᠡᠢ ᠴᠢᠷᠮᠠᠶᠢᠨ᠎ᠠ᠃

 

  ᠶᠡᠭᠡ ᠬᠤᠷᠠᠯ ᠡᠬᠢᠯᠡᠬᠦ ᠠᠴᠠ ᠡᠮᠤᠨ᠎ᠠ᠂ ᠲᠦᠯᠦᠭᠡᠯᠡᠭᠴᠢᠳ ᠠᠷᠠᠳ ᠤᠨ ᠶᠡᠭᠡ ᠬᠤᠷᠠᠯ ᠤᠨ ᠲᠠᠩᠬᠢᠮ ᠤᠨ ᠡᠮᠤᠨ᠎ᠠ ᠬᠠᠮᠳᠤ ᠶᠢᠨ ᠰᠡᠬᠦᠳᠡᠷ ᠲᠠᠳᠠᠵᠤ᠂ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠵᠦᠡᠭᠨᠡᠨ᠎ᠠ᠃

  ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠬᠦᠤᠳᠠᠭᠤᠯᠠ ᠲᠦᠯᠦᠭᠡᠯᠡᠭᠴᠢᠳ ᠢᠶᠠᠨ ᠲᠠᠭᠠᠭᠤᠯᠵᠤ ᠶᠡᠭᠡ ᠬᠤᠷᠠᠯ ᠳᠤ ᠤᠷᠤᠯᠴᠠᠬᠤ ᠭᠠᠷ ᠬᠦᠢᠴᠡᠳᠭᠡᠯ ᠬᠢᠨ᠎ᠠ᠃

  ᠲᠦᠯᠦᠭᠡᠯᠡᠭᠴᠢᠳ ᠶᠡᠭᠡ ᠬᠤᠷᠠᠯ ᠳᠤ ᠵᠤᠷᠢᠭᠤᠯᠵᠤ ᠤᠷᠠᠯᠠᠭᠰᠠᠨ ᠭᠠᠷ ᠤᠳᠠᠰᠤᠨ᠎ ᠤ ᠬᠠᠪᠢᠰᠤ ᠪᠠᠨ ᠦᠵᠡᠬᠦᠯᠤᠨ᠎ᠠ᠃

  ᠲᠦᠯᠦᠭᠡᠯᠡᠭᠴᠢᠳ ᠰᠤᠯᠠ ᠰᠡᠯᠡᠬᠦᠤ ᠴᠠᠭ ᠢᠶᠠᠨ ᠠᠰᠢᠬᠯᠠᠵᠤ ᠶᠡᠭᠡ ᠬᠤᠷᠠᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠰᠤᠷᠤᠯᠴᠠᠨ᠎ᠠ᠃

  ᠮᠤᠩᠭᠤᠯ ᠢᠶᠠᠷ ᠢᠶᠠᠨ ᠭᠤᠶᠤᠯᠠᠵᠤ ᠦᠪᠡᠳᠡᠭᠰᠢ ᠬᠤᠷᠠᠯ ᠳᠠᠭᠠᠨ ᠤᠷᠤᠯᠴᠠᠨ᠎ᠠ᠃

  ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠲᠠᠳ᠋ ᠲᠡᠷᠢᠬᠦᠯᠡᠭᠴᠢ᠂ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ ᠵᠠᠩ ᠰᠢᠶᠤᠤ ᠯᠠᠨ ᠪᠠ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠬᠠᠮᠳᠤ ᠪᠠᠷ ᠶᠠᠷᠢᠯᠴᠠᠨ᠎ᠠ᠃

  ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠬᠦᠤᠳᠠᠭᠤᠯᠠ ᠲᠦᠯᠦᠭᠡᠯᠡᠭᠴᠢᠳ ᠢᠶᠠᠨ ᠲᠠᠭᠠᠭᠤᠯᠵᠤ ᠨᠠᠮ ᠤᠨ ᠲᠦᠪ ᠬᠤᠷᠢᠶ᠎ᠠ ᠶᠢᠨ ᠪᠠᠶᠠᠷ ᠤᠨ ᠦᠭᠡ ᠪᠠ ᠠᠵᠢᠯ ᠤᠨ ᠮᠡᠳᠡᠬᠦᠯᠤᠯᠳᠠ ᠶᠢ ᠶᠠᠷᠢᠯᠴᠠᠨ᠎ᠠ᠃

  ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠪᠢᠯᠧᠲ ᠦᠭᠬᠦ ᠭᠡᠯᠪᠡᠷᠢ ᠪᠠᠷ ᠶᠡᠭᠡ ᠬᠤᠷᠠᠯ ᠤᠨ ᠬᠦᠢᠴᠡᠳᠭᠡᠬᠦ ᠺᠤᠮᠢᠰ ᠤᠨ ᠵᠢᠱᠢᠭᠳᠡᠭᠴᠢᠳ ᠢ ᠰᠤᠩᠭᠤᠨ᠎ᠠ᠃

  ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠬᠢᠨ ᠲᠦᠯᠦᠭᠡᠯᠡᠭᠴᠢᠳ ᠢ ᠵᠤᠬᠢᠶᠠᠨ ᠪᠠᠶᠢᠭᠤᠯᠵᠤ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠲᠤᠷᠰᠢᠬᠢ ᠡᠮᠡᠭᠳᠡᠶᠢᠴᠤᠳ ᠭᠡᠤᠭᠡᠳ ᠤᠨ ᠦᠢᠯᠡᠰ ᠤᠨ ᠬᠦᠭᠵᠢᠯᠳᠠ ᠶᠢᠨ ᠠᠮᠵᠢᠯᠳᠠ ᠪᠦᠳᠤᠮᠵᠢ ᠶᠢᠨ ᠦᠵᠡᠬᠦᠯᠭᠡ ᠶᠢ ᠰᠤᠨᠢᠷᠬᠠᠭᠤᠯᠤᠨ᠎ᠠ᠃ (ᠲᠤᠰ ᠨᠢᠭᠤᠷ ᠤᠨ ᠭᠡᠷᠡᠯ ᠵᠢᠷᠤᠭ ᠢ ᠦᠪᠡᠷᠳᠡᠭᠡᠨ ᠵᠠᠰᠬᠠᠤ ᠤᠷᠤᠨ᠎ ᠤ ᠡᠮᠡᠭᠳᠡᠶᠢᠴᠤᠳ ᠤᠨ ᠬᠤᠯᠪᠤᠭ᠎ᠠ ᠠᠴᠠ ᠬᠠᠨᠭ᠍ᠭᠠᠪᠠ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com