11 ᠰᠠᠷ᠎ᠠ ᠶᠢᠨ 15 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠲᠤᠬᠠᠢ ᠲᠤᠰᠬᠠᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠤᠨ ᠮᠡᠳᠡᠬᠦᠯᠦᠯᠳᠠ ᠶᠢ ᠰᠤᠨᠤᠰᠴᠦ᠂ ᠶᠡᠷᠦᠩᠭᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠬᠤᠷᠠᠯ ᠢ ᠡᠷᠬᠢᠯᠡᠵᠡᠢ᠃
ᠬᠤᠷᠠᠯ ᠠᠴᠠ᠂ ᠲᠤᠰᠬᠠᠢ ᠱᠠᠯᠠᠪᠳᠠᠭᠤᠯᠤᠨ ᠪᠠᠶᠢᠴᠠᠭᠠᠯᠳᠠ ᠦᠷᠨᠢᠬᠦᠯᠵᠦ ᠪᠠᠶᠢᠭ᠎ᠠ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠨᠵᠡᠭᠡᠶᠢᠷᠡᠬᠦᠯᠬᠦ ᠶᠢᠨ ᠴᠢᠬᠤᠯᠠ ᠠᠷᠭ᠎ᠠ ᠭᠡᠮᠵᠢᠶ᠎ᠠ ᠮᠦᠨ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠰᠠᠶᠢᠳᠤᠷ ᠠᠳᠬᠤᠵᠦ᠂ ᠱᠠᠯᠠᠪᠳᠠᠭᠤᠯᠤᠨ ᠪᠠᠶᠢᠴᠠᠭᠠᠭᠰᠠᠨ ᠦᠷ᠎ᠠ ᠪᠦᠲᠦᠭᠡᠯ ᠢ ᠬᠦᠢᠴᠡᠳ ᠠᠰᠢᠬᠯᠠᠨ᠂ ᠱᠠᠯᠠᠪᠳᠠᠭᠤᠯᠤᠨ ᠪᠠᠶᠢᠴᠠᠭᠠᠬᠤ ᠶᠢᠨ ᠰᠡᠭᠦᠯᠴᠢ ᠶᠢᠨ ᠠᠵᠢᠯ ᠢ ᠰᠠᠶᠢᠳᠤᠷ ᠬᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠠᠰᠤᠷᠠᠯᠳᠠ ᠦᠭᠡᠢ ᠬᠦᠨᠵᠡᠭᠡᠶᠢᠷᠡᠬᠦᠯᠦᠨ᠂ ᠬᠠᠳᠠᠩᠰᠢᠭᠤᠯᠵᠦ᠂ ᠪᠤᠳᠠᠳᠠᠶᠢᠵᠢᠭᠤᠯᠬᠤ ᠶᠢ ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃
ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠠᠭᠤᠯᠤᠭᠳᠠᠬᠤᠨ ᠨᠢ ᠡᠯᠪᠡᠭ ᠪᠠᠶᠠᠯᠢᠭ᠂ ᠤᠳᠤᠷᠢᠳᠤᠮᠵᠢ ᠨᠢ ᠢᠯᠡ ᠳᠤᠳᠤᠷᠬᠠᠢ ᠪᠠᠶᠢᠵᠦ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠠᠬᠢ ᠬᠦᠨ ᠵᠤᠵᠠᠭᠠᠨ ᠬᠠᠶᠢᠷ᠎ᠠ ᠬᠠᠯᠠᠮᠵᠢ ᠠᠭᠤᠯᠤᠭᠳᠠᠵᠤ᠂ ᠰᠢᠨ᠎ᠠ ᠴᠠᠭ ᠦᠶ᠎ᠠ ᠶᠢᠨ ᠦᠪᠡᠷᠲᠡᠭᠡᠨ ᠵᠠᠰᠠᠬᠤ ᠤᠷᠤᠨ ᠤ ᠡᠯ᠎ᠠ ᠲᠦᠷᠦᠯ ᠤᠨ ᠠᠵᠢᠯ ᠦᠢᠯᠡᠰ ᠤᠨ ᠬᠦᠭᠵᠢᠯᠳᠠ ᠶᠢ ᠵᠢᠯᠤᠭᠤᠳᠬᠤ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠦᠷ ᠮᠤᠩᠭᠤᠯ ᠤᠨ ᠬᠠᠭᠤᠳᠠᠰᠤ ᠪᠤᠯᠤᠨ᠎ᠠ᠃ ᠪᠦᠬᠦ ᠤᠷᠤᠨ ᠤ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠡᠷᠬᠡᠪᠰᠢ ᠳᠡᠭᠡᠳᠦ ᠭᠡᠮᠵᠢᠶᠠᠨ ᠤ ᠤᠯᠤᠰ ᠲᠦᠷᠦ ᠶᠢᠨ ᠵᠤᠬᠰᠤᠴᠠ ᠠᠴᠠ ᠡᠨᠡ ᠬᠦ ᠥᠪᠦᠷ ᠮᠤᠩᠭᠤᠯ ᠤᠨ ᠬᠠᠭᠤᠳᠠᠰᠤ ᠶᠢ ᠤᠢᠢᠯᠠᠭᠠᠨ ᠡᠵᠡᠮᠳᠡᠵᠦ᠂ ᠳᠡᠭᠡᠳᠦ ᠭᠡᠮᠵᠢᠶᠠᠨ ᠤ ᠤᠯᠤᠰ ᠲᠦᠷᠦ ᠶᠢᠨ ᠤᠬᠠᠮᠰᠠᠷ ᠢᠶᠠᠷ ᠡᠨᠡ ᠬᠦ ᠥᠪᠦᠷ ᠮᠤᠩᠭᠤᠯ ᠤᠨ ᠬᠠᠭᠤᠳᠠᠰᠤ ᠶᠢ ᠰᠤᠷᠤᠯᠴᠠᠨ ᠡᠵᠡᠮᠰᠢᠵᠦ᠂ ᠪᠦᠬᠦ ᠲᠠᠯ᠎ᠠ ᠪᠠᠷ ᠬᠦᠨᠵᠡᠭᠡᠢ ᠰᠤᠷᠤᠯᠴᠠᠨ᠂ ᠪᠤᠳᠠᠳᠠᠢ ᠲᠠᠢ ᠤᠶᠠᠯᠳᠤᠭᠤᠯᠤᠨ ᠰᠤᠷᠤᠯᠴᠠᠵᠦ᠂ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠡᠵᠡᠮᠰᠢᠬᠦ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ᠂ ᠪᠦᠬᠦᠨ ᠢ ᠤᠢᠢᠯᠠᠭᠠᠨ ᠲᠤᠭᠤᠷᠠᠳᠠᠯ᠎ᠠ ᠮᠡᠳᠡᠬᠦ ᠪᠠᠷ ᠴᠢᠷᠮᠠᠶᠢᠵᠤ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠦᠵᠡᠯ ᠰᠠᠨᠠᠭᠠᠨ ᠤ ᠠᠭᠤᠯᠤᠭᠳᠠᠬᠤᠨ᠂ ᠵᠤᠷᠢᠭ ᠰᠠᠨᠠᠭᠠᠨ ᠤ ᠮᠦᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠬᠦᠨᠵᠡᠭᠡᠢ ᠨᠡᠪᠲᠡᠷᠬᠡᠢ ᠡᠵᠡᠮᠰᠢᠨ ᠤᠢᠢᠯᠠᠭᠠᠬᠤ ᠭᠡᠷᠡᠭᠲᠡᠢ᠃ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠳᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠶᠤᠰᠤ ᠲᠦᠷᠢᠮ᠂ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠤᠯᠭᠠᠵᠦ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠬᠦᠨ ᠺᠠᠳ᠋ᠷ ᠤᠨ ᠲᠦᠷᠪᠡᠨ ᠤᠬᠠᠮᠰᠠᠷ ᠴᠢᠩᠭ᠎ᠠ ᠪᠠᠶᠢᠬᠤ ᠡᠰᠡᠬᠦ᠂ ᠬᠤᠶᠠᠷ ᠢ ᠬᠠᠮᠠᠭᠠᠯᠠᠬᠤ ᠨᠢ ᠡᠷᠡᠰ ᠪᠠᠳᠤ ᠪᠠᠶᠢᠬᠤ ᠡᠰᠡᠬᠦ ᠶᠢᠨ ᠴᠢᠬᠤᠯᠠ ᠰᠢᠯᠭᠠᠯᠳᠠ ᠪᠤᠯᠭᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠢᠭᠤᠷᠬᠠᠢ ᠲᠡᠷᠡ ᠶᠤᠰᠤᠭᠠᠷ ᠨᠢ ᠠᠬᠢᠭᠤᠯᠬᠤ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ ᠲᠤᠭᠤᠢᠢᠯᠠᠩ ᠪᠠ ᠡᠯ᠎ᠠ ᠱᠠᠳᠤᠨ ᠤ ᠤᠳᠤᠷᠢᠳᠬᠤ ᠺᠠᠳ᠋ᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠦ᠂ ᠲᠤᠰ ᠤᠳᠠᠭᠠᠨ ᠤ ᠲᠤᠰᠬᠠᠢ ᠱᠠᠯᠠᠪᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠠᠳᠬᠤᠬᠰᠠᠨ ᠰᠠᠭᠤᠷᠢᠨ ᠳᠡᠭᠡᠷ᠎ᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠢᠮᠠᠬᠳᠠ ᠲᠤᠪᠤᠶᠢᠯᠭᠠᠨ᠂ ᠪᠠᠶᠢᠩᠭᠤᠵᠢᠭᠰᠠᠨ ᠰᠢᠭᠰᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠬᠦᠯᠦᠨ᠂ ᠠᠯᠳᠠᠭ᠎ᠠ ᠪᠤᠷᠤᠭᠤ ᠪᠠᠨ ᠵᠠᠯᠠᠷᠠᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠰᠠᠶᠢᠵᠢᠷᠠᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠦᠪᠰᠢᠨ ᠪᠠ ᠦᠷ᠎ᠠ ᠪᠦᠳᠦᠮᠵᠢ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠢᠯᠠᠩᠭᠤᠶ᠎ᠠ ᠨᠢᠭᠡᠳᠦᠮᠡᠯ ᠹᠷᠤᠨᠲ ᠤᠨ ᠰᠠᠯᠠᠭ᠎ᠠ ᠮᠦᠴᠢᠷ ᠤᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠡᠵᠡᠮᠰᠢᠵᠦ᠂ ᠤᠬᠠᠮᠰᠠᠷ ᠠᠴᠠ ᠪᠠᠨ ᠡᠨᠡ ᠬᠦ ᠰᠢᠨᠵᠢᠯᠡᠬᠦ ᠤᠬᠠᠭᠠᠨᠴᠢ ᠤᠨᠤᠯ ᠢᠶᠠᠷ ᠨᠢᠭᠡᠳᠦᠮᠡᠯ ᠹᠷᠤᠨᠲ ᠤᠨ ᠠᠵᠢᠯ ᠤᠨ ᠦᠢᠯᠡᠳᠦᠯᠭᠡ ᠪᠠᠨ ᠵᠢᠯᠤᠭᠤᠳᠤᠭᠤᠯᠵᠦ᠂ ᠮᠠᠨ ᠤ ᠤᠷᠤᠨ ᠤ ᠨᠢᠭᠡᠳᠦᠮᠡᠯ ᠹᠷᠤᠨᠲ ᠤᠨ ᠠᠵᠢᠯ ᠢ ᠨᠡᠩ ᠦᠷ᠎ᠠ ᠪᠦᠳᠦᠮᠵᠢᠳᠠᠢ ᠰᠠᠶᠢᠳᠤᠷ ᠬᠢᠬᠦ ᠭᠡᠷᠡᠭᠲᠡᠢ ᠭᠡᠵᠦ ᠱᠠᠭᠠᠷᠳᠠᠵᠠᠢ᠃
ᠬᠤᠷᠠᠯ ᠠᠴᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠳᠤᠮᠳᠠ ᠤᠷᠤᠰᠢᠵᠦ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ ᠢ ᠲᠤᠭᠤᠰᠢᠯᠠᠭᠤᠯᠬᠤ ᠶᠢᠨ ᠭᠡᠷᠡᠭᠵᠢᠬᠦᠯᠬᠦ ᠠᠷᠭ᠎ᠠ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠱᠠᠰᠢᠨ ᠰᠤᠷᠳᠠᠬᠤᠨ ᠤ ᠶᠠᠪᠤᠳᠠᠯ ᠤᠨ ᠲᠦᠷᠢᠮ ᠢ ᠰᠤᠳᠤᠯᠵᠠᠢ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃