ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ 《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ》 ᠰᠤᠷᠤᠯᠴᠠᠯᠭ᠎ᠠ ᠬᠦᠮᠦᠵᠢᠯ ᠤᠨ ᠬᠤᠶᠠᠳᠤᠭᠠᠷ ᠤᠳᠠᠭ᠎ᠠ ᠶᠢᠨ ᠲᠤᠰᠬᠠᠢ ᠰᠡᠳᠦᠪᠲᠤ ᠰᠤᠳᠤᠯᠤᠨ ᠶᠠᠷᠢᠯᠴᠠᠬᠤ ᠬᠤᠷᠠᠯ ᠬᠢᠪᠡ

  8 ᠰᠠᠷ᠎ᠠ ᠶᠢᠨ 8᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ ᠰᠤᠷᠤᠯᠴᠠᠯᠭ᠎ᠠ ᠬᠦᠮᠦᠵᠢᠯ ᠤᠨ ᠬᠤᠶᠠᠳᠤᠭᠠᠷ ᠤᠳᠠᠭ᠎ᠠ ᠶᠢᠨ ᠲᠤᠰᠬᠠᠢ ᠰᠡᠳᠦᠪᠲᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠥ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠳᠦᠷᠢᠮ ᠢ ᠪᠠᠲᠤ ᠰᠠᠬᠢᠬᠤ᠎ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃

  

  

  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠧᠩ ᠰᠢᠨ ᠬᠤᠷᠠᠯ ᠡᠷᠬᠢᠯᠡᠵᠥ ᠶᠠᠷᠢᠶ᠎ᠠ ᠲᠠᠯᠪᠢᠪᠠ᠃

 

 

 ᠯᠢ ᠫᠧᠩ ᠰᠢᠨ ᠵᠢᠭᠠᠵᠥ ᠭᠠᠷᠭᠠᠭᠰᠠᠠ ᠨᠢ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠳᠦᠷᠢᠮ ᠪᠤᠯ ᠬᠠᠮᠤᠭ ᠤᠨ ᠴᠢᠬᠤᠯᠠ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠶᠢᠨ ᠰᠠᠬᠢᠯᠭ᠎ᠠ ᠪᠠᠲᠤ ᠪᠠ ᠶᠤᠰᠤ ᠳᠦᠷᠢᠮ ᠮᠥᠨ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠠᠮ ᠤᠨ ᠬᠤᠷᠢᠶ᠎ᠠ ᠶᠢᠨ ᠤᠯᠤᠰ ᠲᠦᠷᠦ ᠶᠢᠨ ᠪᠠᠶᠢᠭᠤᠯᠤᠯᠭ᠎ᠠ ᠪᠤᠯᠤᠭᠰᠠᠨ ᠤ ᠬᠤᠪᠢ ᠳᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠳᠦᠷᠢᠮ ᠢ ᠪᠠᠲᠤ ᠰᠠᠬᠢᠬᠤ ᠡᠩᠨᠡᠭᠡᠨ ᠤ ᠲᠡᠷᠢᠭᠦᠨ ᠳᠤ ᠶᠠᠪᠤᠵᠤ᠂ ᠦᠯᠢᠭᠡᠷ ᠳᠠᠭᠤᠷᠢᠶᠠᠯ ᠪᠤᠯᠪᠠᠯ ᠵᠤᠬᠢᠨ᠎ᠠ᠃ ᠦᠷᠭᠡᠨ ᠤᠯᠠᠨ ᠵᠤᠬᠢᠶᠠᠨ ᠪᠠᠶᠢᠭᠤᠯᠬᠤ ᠠᠵᠢᠯ ᠤᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠳᠦᠷᠢᠮ ᠢ ᠴᠢᠩᠭᠠᠳᠬᠠᠬᠤ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠤᠯ ᠬᠡᠪ ᠢᠶᠠᠷ ᠨᠢ ᠰᠤᠷᠤᠯᠴᠠᠵᠤ᠂ ᠠᠰᠠᠭᠤᠯᠲᠠ ᠳᠤ ᠴᠢᠭᠯᠡᠭᠦᠯᠦᠨ ᠰᠤᠷᠤᠯᠴᠠᠵᠤ᠂ ᠪᠤᠲᠠᠲᠠᠢ ᠲᠠᠢ ᠤᠶᠠᠯᠳᠤᠭᠤᠯᠤᠨ ᠰᠤᠷᠤᠯᠴᠠᠵᠤ᠂ ᠵᠢᠩᠬᠢᠨᠢ ᠭᠦᠨᠵᠡᠭᠡᠢ ᠰᠤᠷᠤᠯᠴᠠᠨ ᠤᠢᠢᠯᠠᠭᠠᠵᠥ᠂ ᠲᠠᠷᠢᠬᠢᠨ ᠳᠠᠭᠠᠨ ᠰᠠᠭᠤᠯᠭᠠᠵᠥ ᠰᠡᠳᠬᠢᠯ ᠳᠡᠭᠡᠨ ᠬᠠᠳᠠᠩᠰᠢᠭᠤᠯᠵᠤ᠂ ᠦᠵᠡᠯ ᠰᠠᠨᠠᠭ᠎ᠠ᠂ ᠤᠯᠤᠰ ᠲᠦᠷᠦ᠂ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠵᠤ᠂ ᠬᠡᠯᠡᠵᠦ ᠬᠢᠬᠦ ᠪᠠᠨ ᠨᠢᠭᠡᠳᠬᠡᠵᠦ᠂ ᠮᠡᠳᠡᠬᠦᠢ ᠬᠢᠬᠦᠢ ᠪᠠᠨ ᠨᠢᠭᠡᠳᠬᠡᠬᠦ ᠬᠡᠷᠡᠭᠲᠡᠢ ᠬᠡᠪᠡ᠃

  ᠯᠢ ᠫᠧᠩ ᠰᠢᠨ ᠴᠢᠬᠤᠯᠠᠴᠢᠯᠠᠭᠰᠠᠠ ᠨᠢ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠬᠤ ᠶᠢ ᠵᠤᠬᠢᠶᠠᠨ ᠪᠠᠶᠢᠭᠤᠯᠬᠤ ᠠᠵᠢᠯ ᠪᠤᠯᠤᠨ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠲᠤᠰ ᠪᠡᠶ᠎ᠠ ᠶᠢᠨ ᠪᠠᠶᠢᠭᠤᠯᠤᠯᠲᠠ ᠶᠢᠨ ᠪᠦᠬᠦ ᠶᠠᠪᠤᠴᠠ ᠪᠦᠬᠦ ᠲᠠᠯ᠎ᠠ ᠳᠤ ᠦᠨᠡᠨᠬᠦ ᠢᠯᠡᠷᠡᠭᠦᠯᠦᠨ ᠨᠠᠶᠢᠳᠠᠪᠤᠷᠢᠵᠢᠭᠤᠯᠵᠤ᠂ ᠨᠠᠮ ᠤᠨ ᠳᠦᠷᠢᠮ ᠤᠨ ᠤᠬᠠᠮᠰᠠᠷ ᠢ ᠪᠠᠲᠦ ᠪᠤᠢ ᠪᠤᠯᠭᠠᠵᠤ᠂ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠲᠠᠪᠤᠨ ᠡᠷᠬᠡᠪᠰᠢ᠎ ᠶᠢ ᠲᠦᠷᠦᠭᠦᠯᠦᠨ ᠬᠦᠢᠴᠡᠳᠬᠡᠬᠦ ᠬᠡᠷᠡᠭᠲᠡᠢ᠃ ᠲᠦᠪ ᠭᠤᠤᠯᠴᠢ ᠪᠠᠶᠢᠬᠤ ᠶᠢ ᠡᠷᠡᠰ ᠪᠠᠷᠢᠮᠳᠠᠯᠠᠵᠤ᠂ ᠺᠠᠳ᠋ᠷ ᠢ ᠰᠢᠯᠭᠠᠨ ᠪᠠᠶᠢᠴᠠᠭᠠᠬᠤ᠂ ᠺᠠᠳ᠋ᠷ ᠢ ᠦᠨᠡᠯᠡᠬᠦ᠂ ᠺᠠᠳ᠋ᠷ ᠢ ᠰᠤᠩᠭᠤᠨ ᠳᠡᠪᠰᠢᠭᠦᠯᠬᠦ ᠳᠤ ᠴᠦ ᠲᠡᠷᠡ᠂ ᠨᠠᠮ ᠤᠨ ᠭᠡᠰᠢᠭᠦᠨ ᠡᠯᠰᠡᠬᠦ᠂ ᠴᠢᠳᠠᠪᠤᠷᠢᠲᠠᠨ ᠢ ᠬᠡᠷᠡᠭᠯᠡᠬᠦ ᠳᠤ ᠴᠦ ᠲᠡᠷᠡ ᠪᠦᠷ ᠵᠠᠷᠴᠢᠮ ᠢ ᠪᠠᠷᠢᠮᠲᠠᠯᠠᠵᠤ᠂ ᠬᠤᠪᠢᠨᠴᠢᠷ ᠰᠠᠨᠠᠭ᠎ᠠ ᠡᠪᠦᠷᠯᠡᠵᠤ ᠪᠤᠯᠬᠤ ᠦᠭᠡᠢ᠃ ᠵᠤᠷᠢᠯᠲᠠ ᠶᠢᠨ ᠤᠬᠠᠮᠰᠠᠷ ᠢᠶᠠᠨ ᠲᠡᠭᠡᠭᠰᠢᠯᠡᠬᠦᠯᠬᠦ ᠬᠡᠷᠡᠭᠳᠡᠢ᠂ ᠺᠠᠳ᠋ᠷ ᠲᠠᠢ ᠤᠢᠢᠷᠠᠳᠤᠵᠦ᠂ ᠦᠨᠳᠦᠰᠦᠨ ᠱᠠᠳᠤᠨ ᠤ ᠰᠠᠨᠠᠯ ᠢ ᠰᠤᠨᠤᠰᠴᠤ᠂ ᠦᠨᠳᠦᠰᠦᠨ ᠱᠠᠳᠤᠨ ᠤ ᠶᠠᠷᠢᠶ᠎ᠠ ᠬᠡᠯᠡᠯᠴᠡᠭᠡ ᠶᠢ ᠴᠢᠬᠤᠯᠠᠴᠢᠯᠠᠨ ᠦᠵᠡᠵᠤ᠂ ᠨᠠᠮ ᠤᠨ ᠤᠯᠠᠨ ᠲᠦᠮᠡᠨᠴᠢ ᠱᠤᠭᠤᠮ ᠢ ᠰᠠᠶᠢᠲᠤᠷ ᠢᠯᠡᠷᠡᠭᠦᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠦᠪᠡᠷ ᠢ ᠪᠠᠨ ᠴᠢᠩᠭ᠎ᠠ ᠱᠠᠭᠠᠷᠳᠠᠬᠤ ᠬᠡᠷᠡᠭᠳᠡᠢ᠂ ᠨᠠᠮ ᠤᠨ ᠡᠯ᠎ᠠ ᠵᠦᠢᠯ ᠤᠨ ᠰᠠᠬᠢᠯᠭ᠎ᠠ ᠪᠠᠲᠦ ᠲᠤᠭᠳᠠᠭᠠᠯ ᠢ ᠰᠠᠬᠢᠬᠤ ᠲᠠᠯ᠎ᠠ ᠪᠠᠷ ᠵᠢᠱᠢᠶ᠎ᠠ ᠦᠵᠡᠭᠦᠯᠵᠤ᠂ ᠤᠯᠤᠰ ᠲᠦᠷᠦ ᠶᠢ ᠡᠷᠬᠢᠮᠯᠡᠬᠦ᠂ ᠲᠦᠪ ᠭᠤᠤᠯᠴᠢ ᠪᠠᠶᠢᠬᠤ ᠶᠢ ᠴᠢᠬᠤᠯᠠᠴᠢᠯᠠᠬᠤ᠂ ᠠᠵᠢᠯ ᠳᠠᠭᠠᠨ ᠭᠠᠷᠮᠠᠭᠠᠢ᠂ ᠤᠪᠤᠷ ᠰᠤᠷᠳᠠᠯ ᠰᠠᠶᠢᠨ ᠵᠢᠱᠢᠶᠡᠴᠢ ᠰᠠᠯᠠᠭ᠎ᠠ ᠮᠦᠴᠢᠷ ᠪᠠ ᠳᠠᠭᠠᠭᠠᠮᠠᠭᠠᠢ ᠡᠩᠨᠡᠭᠡ ᠶᠢ ᠪᠠᠶᠢᠭᠤᠯᠬᠤ ᠳᠤ ᠪᠠᠳᠤ ᠰᠠᠭᠤᠷᠢ ᠲᠠᠯᠪᠢᠬᠤ ᠬᠡᠷᠡᠭᠲᠡᠢ ᠬᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com