ᠪᠦᠬᠦ ᠤᠷᠤᠨ ᠤ ᠬᠤᠭᠤᠴᠠᠭ᠎ᠠ ᠰᠤᠯᠢᠬᠤ ᠰᠤᠷᠳᠠᠯ ᠳᠤ ᠬᠢᠨᠠᠯᠳᠠ ᠲᠠᠯᠪᠢᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ

  8 ᠰᠠᠷ᠎ᠠ ᠶᠢᠨ 9᠎ ᠤ ᠡᠳᠦᠷ᠂ ᠪᠦᠬᠦ ᠤᠷᠤᠨ ᠤ ᠬᠤᠭᠤᠴᠠᠭ᠎ᠠ ᠰᠤᠯᠢᠬᠤ ᠰᠤᠷᠳᠠᠯ ᠳᠤ ᠬᠢᠨᠠᠯᠳᠠ ᠲᠠᠯᠪᠢᠬᠤ ᠠᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠵᠤ᠂ ᠬᠤᠷᠠᠯ ᠢ ᠸᠢᠳᠢᠣ᠋ ᠨᠡᠪᠳᠡᠷᠡᠬᠦᠯᠭᠡ ᠶᠢᠨ ᠬᠡᠯᠪᠡᠷᠢ ᠪᠠᠷ ᠬᠤᠰᠢᠭᠤ ᠰᠢᠶᠠᠨ ᠬᠦᠷᠳᠡᠯ᠎ᠠ ᠬᠤᠷᠠᠯᠳᠤᠭᠤᠯᠪᠠ᠃ ᠬᠤᠷᠠᠯ ᠠᠴᠠ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠭᠤᠴᠠᠭ᠎ᠠ ᠰᠤᠯᠢᠬᠤ ᠰᠤᠷᠳᠠᠯ ᠳᠤ ᠬᠢᠨᠠᠯᠳᠠ ᠲᠠᠯᠪᠢᠬᠤ ᠠᠵᠢᠯ ᠢ ᠴᠢᠩᠭᠠᠳᠬᠠᠬᠤ ᠲᠠᠯ᠎ᠠ ᠪᠠᠷ ᠴᠢᠨᠠᠬᠰᠢᠳᠠ ᠲᠤᠬᠢᠷᠠᠭᠤᠯᠤᠨ ᠪᠠᠶᠢᠷᠢᠯᠠᠭᠤᠯᠵᠤ᠂ ᠲᠦᠪ ᠴᠢᠭᠡᠴᠢ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠡᠢ ᠭᠡᠪᠠ᠃

  

 

  

  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢ ᠫᠧᠩ ᠰᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃

  

 

  ᠵᠠᠩ ᠯᠢ ᠴᠢᠬᠤᠯᠠᠴᠢᠯᠠᠬᠰᠠᠨ ᠨᠢ᠂ ᠬᠤᠭᠤᠴᠠᠭ᠎ᠠ ᠰᠤᠯᠢᠬᠤ ᠰᠤᠷᠳᠠᠯ ᠢ ᠬᠠᠯᠠᠨ ᠰᠠᠶᠢᠵᠢᠷᠠᠭᠤᠯᠬᠤ ᠳᠤ ᠨᠠᠮ ᠤᠨ ᠬᠤᠷᠢᠶ᠎ᠠ ᠵᠠᠩᠬᠢᠯᠠᠭ᠎ᠠ ᠶᠢᠨ ᠦᠢᠯᠡᠳᠤᠯ ᠦᠵᠡᠬᠦᠯᠵᠤ᠂ ᠨᠠᠮ ᠤᠨ ᠬᠤᠷᠢᠶ᠎ᠠ ᠶᠢᠨ ᠱᠦᠵᠢ ᠵᠠᠩᠬᠢᠯᠠᠭ᠎ᠠ ᠶᠢᠨ ᠲᠤᠮᠳᠠᠬᠢ ᠵᠠᠩᠬᠢᠯᠠᠭ᠎ᠠ ᠶᠢᠨ ᠦᠢᠯᠡᠳᠤᠯ ᠦᠵᠡᠬᠦᠯᠬᠦ ᠪᠤᠯᠤᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠱᠦᠵᠢ ᠨᠢᠭᠡᠳᠦᠭᠡᠷ ᠬᠠᠷᠢᠭᠤᠴᠠᠯᠭ᠎ᠠ ᠶᠢᠨ ᠬᠦᠮᠦᠨ ᠤ ᠬᠠᠷᠢᠭᠤᠴᠠᠯᠭ᠎ᠠ ᠶᠢ ᠡᠭᠦᠷᠭᠡᠯᠡᠵᠤ᠂ ᠲᠤᠤᠱᠯᠠᠭᠤᠯᠤᠨ ᠭᠡᠷᠡᠭᠵᠢᠬᠦᠯᠬᠦ ᠪᠠ ᠬᠢᠨᠠᠯᠳᠠ ᠲᠠᠯᠪᠢᠬᠤ ᠠᠵᠢᠯ ᠢ ᠴᠢᠩᠭ᠎ᠠ ᠠᠳᠬᠤᠵᠤ᠂ ᠴᠢᠩᠳᠠᠯᠠᠬᠤ ᠴᠢᠬᠤᠯᠠᠳᠠᠢ ᠶᠢ ᠨᠢ ᠴᠢᠩᠳᠠᠯᠠᠨ᠂ ᠬᠢᠭᠦ ᠶᠤᠰᠤᠳᠠᠢ ᠶᠢ ᠨᠢ ᠰᠠᠶᠢᠳᠤᠷ ᠬᠢᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠪᠠᠳᠤᠯᠠᠬᠤ ᠬᠡᠷᠡᠭᠳᠡᠢ᠃ ᠬᠤᠰᠢᠭᠤ ᠰᠢᠶᠠᠨ᠂ ᠰᠤᠮᠤ ᠰᠢᠶᠠᠩ ᠪᠠᠯᠭᠠᠰᠦ ᠶᠢᠨ ᠬᠤᠭᠤᠴᠠᠭ᠎ᠠ ᠰᠤᠯᠢᠬᠤ ᠲᠤᠮᠳᠠ ᠬᠤᠷᠠᠮᠳᠤᠭᠤᠯᠤᠬᠰᠠᠨ ᠰᠠᠶᠢᠨ ᠲᠤᠷᠰᠢᠯᠭ᠎ᠠ ᠠᠷᠭ᠎ᠠ ᠬᠢᠳᠡᠯ ᠢ ᠪᠦᠬᠦ ᠲᠠᠯ᠎ᠠ ᠪᠠᠷ ᠳ᠋ᠦᠩᠨᠡᠨ ᠰᠠᠶᠢᠳᠤᠷ ᠠᠰᠢᠬᠯᠠᠵᠤ᠂ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠠᠷᠠᠭᠠᠴᠢ ᠶᠢᠨ ᠱᠠᠳᠤᠨ ᠤ ᠠᠵᠢᠯ ᠤᠨ ᠭᠤᠤᠯᠳᠠᠯᠭ᠎ᠠ ᠪᠠᠨ ᠲᠤᠳᠤᠷᠬᠠᠢᠢᠯᠠᠵᠤ᠂ ᠬᠤᠭᠤᠴᠠᠭ᠎ᠠ ᠰᠤᠯᠢᠬᠤ ᠠᠵᠢᠯ ᠤᠨ ᠦᠷ᠎ᠠ ᠠᠰᠢᠭ ᠪᠠ ᠴᠢᠨᠠᠷ ᠴᠢᠨᠰᠠᠭ᠎ᠠ ᠶᠢ ᠦᠨᠡᠨᠭᠦ ᠲᠡᠭᠡᠭᠰᠢᠯᠡᠭᠦᠯᠭᠦ ᠬᠡᠷᠡᠭᠳᠡᠢ᠃ ᠬᠤᠭᠤᠴᠠᠭ᠎ᠠ ᠰᠤᠯᠢᠬᠤ ᠠᠵᠢᠯ ᠢ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠬᠤᠳᠠ ᠶᠢᠨ ᠱᠠᠳᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠠᠵᠢᠯ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠵᠠᠳᠠᠯᠤᠨ ᠰᠤᠳᠤᠯᠤᠯᠳᠠ ᠬᠢᠵᠤ᠂ ᠭᠤᠤᠯᠳᠠᠯᠭ᠎ᠠ ᠲᠠᠢ ᠵᠦᠢᠯᠡᠰ ᠢ ᠤᠷᠢᠳᠴᠢᠯᠠᠨ ᠰᠡᠷᠬᠡᠶᠢᠯᠡᠵᠤ᠂ ᠴᠢᠩᠭ᠎ᠠ ᠪᠠᠶᠢᠴᠠᠭᠠᠨ ᠰᠢᠢᠳᠪᠦᠷᠢᠯᠡᠭᠦ ᠬᠡᠷᠡᠭᠳᠡᠢ ᠬᠡᠪᠡ᠃

  

  

  ᠯᠢ ᠫᠧᠩ ᠰᠢᠨ ᠴᠢᠬᠤᠯᠠᠴᠢᠯᠠᠬᠰᠠᠨ ᠨᠢ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠬᠤᠭᠤᠴᠠᠭ᠎ᠠ ᠰᠤᠯᠢᠬᠤ ᠰᠤᠷᠳᠠᠯ ᠳᠤ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠨ᠂ ᠲᠠᠪᠤᠨ ᠬᠠᠷᠢᠭᠤᠴᠠᠯᠭ᠎ᠠ ᠶᠢᠨ ᠭᠤᠤᠯ ᠴᠤᠬᠴᠠ᠎ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠵᠤ᠂ ᠦᠪᠡᠷ ᠦᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠦᠪᠡᠷ ᠦᠪᠡᠷ ᠤᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠭᠦ ᠬᠡᠷᠡᠭᠳᠡᠢ᠃ ᠦᠵᠡᠯ ᠰᠠᠨᠠᠭᠠᠨ ᠤ ᠬᠦᠮᠦᠵᠢᠯ᠂ ᠰᠠᠬᠢᠯᠭ᠎ᠠ ᠪᠠᠳᠤ ᠶᠢᠨ ᠬᠦᠮᠦᠵᠢᠯ ᠪᠤᠯᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠭᠤᠶᠢᠪᠢᠰᠢ ᠦᠭᠡᠢ ᠨᠡᠶᠢᠳᠠᠪᠤᠷᠢᠵᠢᠭᠤᠯᠵᠤ᠂ ᠬᠤᠭᠤᠴᠠᠭ᠎ᠠ ᠰᠤᠯᠢᠬᠤ ᠠᠵᠢᠯ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ᠃ ᠬᠤᠭᠤᠴᠠᠭ᠎ᠠ ᠰᠤᠯᠢᠬᠤ ᠰᠤᠷᠳᠠᠯ ᠤᠨ ᠬᠢᠨᠠᠯᠳᠠ ᠲᠠᠯᠪᠢᠬᠤ ᠭᠤᠤᠯᠳᠠᠯᠭ᠎ᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠬᠡᠮ ᠰᠤᠭᠤᠭ ᠪᠠ ᠵᠠᠩᠬᠢᠯᠠᠭ᠎ᠠ ᠶᠢᠨ ᠭᠤᠬᠴᠤᠭ᠎ᠠ ᠶᠢ ᠪᠠᠳᠤ ᠡᠵᠡᠮᠰᠢᠨ᠂ ᠬᠤᠭᠤᠴᠠᠭ᠎ᠠ ᠰᠤᠯᠢᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ᠃ ᠵᠢᠭᠠᠨ ᠵᠢᠯᠤᠭᠤᠳᠴᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠳᠤᠷ ᠬᠢᠵᠤ᠂ ᠬᠤᠭᠤᠴᠠᠭ᠎ᠠ ᠰᠤᠯᠢᠬᠤ ᠰᠤᠷᠳᠠᠯ ᠳᠤ ᠬᠢᠨᠠᠯᠳᠠ ᠲᠠᠯᠪᠢᠬᠤ ᠠᠵᠢᠯ ᠢ ᠴᠢᠨᠠᠬᠰᠢᠳᠠ ᠴᠢᠩᠭ᠎ᠠ ᠠᠳᠬᠤᠨ ᠪᠤᠳᠠᠳᠠᠢ ᠳᠤ ᠨᠡᠶᠢᠳᠡᠪᠦᠷᠢᠵᠢᠭᠤᠯᠵᠤ᠂ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠠᠵᠢᠯ ᠤᠨ ᠡᠮᠬᠢ ᠲᠠᠷᠠᠭᠠᠯᠠᠯ ᠲᠠᠢ ᠡᠷᠡᠭᠦᠯ ᠢᠶᠠᠷ ᠲᠤᠭᠳᠠᠭᠤᠨ ᠠᠬᠢᠬᠤ ᠪᠠ ᠲᠦᠪ ᠴᠢᠭᠡᠴᠢ ᠪᠠᠶᠢᠬᠤ ᠶᠢ ᠪᠠᠳᠤᠯᠠᠬᠤ ᠬᠡᠷᠡᠭᠳᠡᠢ ᠬᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com