ᠦᠨᠳᠦᠰᠦᠨ ᠱᠠᠲᠤᠨ᠎ ᠤ ᠨᠠᠮ ᠤᠨ ᠪᠠᠶᠢᠭᠤᠯᠤᠯᠲᠠ ᠶᠢ ᠪᠤᠳᠠᠲᠠᠢ ᠪᠠᠷ ᠠᠳᠬᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠠᠬᠢᠭᠤᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠦᠯᠬᠦ ᠬᠡᠷᠡᠭᠲᠡᠢ

  8 ᠰᠠᠷ᠎ᠠ ᠶᠢᠨ 15 ᠠᠴᠠ 18᠎ ᠤ ᠡᠳᠦᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ᠎ ᠤ ᠨᠠᠮ ᠤᠨ ᠬᠤᠷᠢᠶ ᠎ᠠ ᠶᠢᠨ ᠪᠠᠶᠢᠡᠭᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠤᠯᠠᠭᠠᠨᠬᠠᠳᠠ ᠬᠤᠲᠠ ᠶᠢᠨ ᠯᠢᠨᠰᠢ ᠰᠢᠶᠠᠨ᠂ ᠪᠠᠭᠠᠷᠢᠨ ᠪᠠᠷᠠᠭᠤᠨ ᠬᠤᠰᠢᠭᠤ᠂ ᠠᠷᠤ ᠬᠤᠷᠴᠢᠨ ᠬᠤᠰᠢᠭᠤ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠬᠠᠮᠲᠤ ᠪᠠᠷ ᠪᠠᠶᠢᠭᠤᠯᠤᠨ ᠬᠠᠮᠲᠤ ᠪᠠᠷ ᠠᠭᠤᠰᠤᠯᠴᠠᠬᠤ᠂ ᠬᠠᠮᠲᠤ ᠪᠠᠷ ᠡᠳ᠋ᠯᠡᠨ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠲᠤᠬᠲᠠᠴᠠ ᠶᠢᠨ ᠰᠢᠨ᠎ᠠ ᠶᠢ ᠡᠭᠦᠳᠦᠨ᠂ ᠬᠦᠭᠵᠢᠯᠲᠡ ᠶᠢ ᠬᠦᠲᠦᠯᠦᠨ ᠳᠠᠭᠠᠭᠤᠯᠵᠤ᠂ ᠦᠨᠳᠦᠰᠦᠨ ᠱᠠᠲᠤᠨ᠎ ᠤ ᠨᠠᠮ ᠤᠨ ᠪᠠᠶᠢᠭᠤᠯᠤᠯᠲᠠ ᠶᠢ ᠪᠤᠳᠠᠲᠠᠢ ᠪᠠᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠠᠬᠢᠭᠤᠯᠤᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠽᠧᠩ ᠢ ᠴᠦᠨ᠂ ᠪᠦᠬᠦ ᠤᠷᠤᠨ᠎ ᠤ ᠵᠤᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠮᠦᠰ ᠤᠨ ᠰᠡᠳᠭᠢᠯ ᠪᠠ ᠲᠠᠷᠢᠬᠢᠨ ᠳᠤ ᠬᠠᠳᠠᠩᠰᠢᠭᠤᠯᠬᠤ ᠶᠢ ᠦᠷᠬᠦᠯᠵᠢᠯᠡᠨ ᠠᠬᠢᠭᠤᠯᠵᠤ᠂ ᠵᠤᠬᠢᠶᠠᠨ ᠪᠠᠶᠢᠭᠤᠯᠬᠤ ᠰᠢᠰ᠊ᠲ᠊ᠸᠮ ᠤᠨ ᠪᠠᠶᠢᠭᠤᠯᠤᠯᠲᠠ᠂ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡᠨ᠎ ᠤ ᠪᠠᠶᠢᠭᠤᠯᠤᠯᠲᠠ᠂ ᠴᠢᠳᠠᠪᠤᠷᠢᠲᠠᠨ ᠪᠤᠯ ᠨᠢᠭᠡᠳᠦᠭᠡᠷ ᠡᠬᠢ ᠪᠠᠶᠠᠯᠢᠭ ᠪᠤᠯᠬᠤ᠂ ᠰᠢᠯᠢᠳᠡᠭ ᠵᠠᠯᠠᠭᠤ ᠺᠠᠳ᠋ᠷ ᠢ ᠬᠦᠮᠦᠵᠢᠭᠦᠯᠵᠦ ᠰᠢᠯᠢᠨ ᠳᠡᠪᠰᠢᠭᠦᠯᠬᠦ ᠵᠡᠷᠭᠡ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠷᠠᠯ ᠤᠨ ᠵᠤᠷᠢᠭ ᠰᠠᠨᠠᠭ᠎ᠠ ᠶᠢ ᠴᠢᠨᠠᠬᠰᠢᠲᠠ ᠨᠠᠷᠢᠯᠢᠬᠵᠢᠭᠤᠯᠤᠨ ᠪᠤᠳᠠᠲᠠᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠽᠧᠩ ᠢ ᠴᠦᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠠᠬᠢᠭᠤᠯᠬᠤ ᠲᠤᠰᠤᠯᠳᠠ ᠶᠢ ᠤᠨᠤᠪᠴᠢᠲᠠᠢ ᠤᠯᠵᠤ᠂ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠨ᠂ ᠲᠠᠪᠤᠨ ᠱᠠᠲᠤᠨ᠎ ᠤ ᠱᠦᠵᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠳᠬᠤᠬᠤ ᠴᠢᠬᠤᠯᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ᠲᠤᠰᠬᠤᠨ (ᠨᠡᠶᠢᠭᠡᠮ ᠲᠤᠭᠤᠷᠢᠭ)᠎ ᠤ  ᠬᠤᠶᠠᠷ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠵᠤ᠂ ᠲᠦᠮᠡᠨ ᠭᠠᠴᠠᠭ᠎ᠠ ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢ ᠲᠦᠪᠯᠡᠷᠡᠭᠦᠯᠦᠨ ᠡᠭᠡᠯᠵᠢᠯᠡᠵᠦ ᠪᠤᠯᠪᠠᠰᠤᠷᠠᠭᠤᠯᠬᠤ ᠶᠢ ᠰᠠᠶᠢᠲᠤᠷ ᠦᠷᠨᠢᠭᠦᠯᠵᠦ᠂ ᠰᠢᠯᠢᠳᠡᠭ ᠴᠢᠳᠠᠪᠤᠷᠢᠲᠠᠨ᠎ ᠤ ᠨᠢᠭᠡᠳᠦᠭᠡᠷ ᠹᠷᠤᠨᠲ ᠤᠷᠤᠭᠤ ᠰᠢᠯᠵᠢᠨ ᠦᠨᠳᠦᠰᠦᠨ ᠱᠠᠲᠤᠨ ᠳᠤ ᠦᠨᠳᠦᠰᠦᠯᠡᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠡᠩᠨᠡᠭᠡᠨ᠎ ᠤ ᠳᠠᠪᠠᠭᠤᠯᠢᠭ ᠪᠤᠯᠤᠨ ᠦᠢᠯᠡᠳᠦᠯ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠠᠮᠤᠷ ᠲᠠᠶᠢᠪᠤᠩ ᠠᠵᠤ ᠲᠦᠷᠦᠬᠦ ᠰᠠᠶᠢᠨ ᠰᠠᠶᠢᠬᠠᠨ ᠭᠡᠷ ᠤᠷᠤᠨ ᠪᠤᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com