ᠰᠢ ᠶᠢᠨ ᠫᠢᠩ᠄ ᠬᠠᠷᠠᠯᠳᠠ ᠪᠠᠨ ᠪᠠᠳᠤ ᠡᠵᠡᠮᠳᠡᠨ ᠴᠢᠷᠮᠠᠶᠢᠨ ᠠᠵᠢᠯᠯᠠᠵᠤ ᠲᠤᠭᠳᠠᠭᠰᠠᠨ ᠬᠤᠭᠤᠴᠠᠭᠠᠨ ᠳᠠᠭᠠᠨᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ᠎ ᠤ ᠢᠯᠠᠯᠳᠠ ᠶᠢ ᠤᠯᠬᠤ ᠬᠡᠷᠡᠭᠳᠠᠢ

  ᠯᠢ ᠺᠧ ᠴᠢᠶᠠᠩ ᠴᠤᠬᠤᠯᠠᠪᠤᠷᠢ ᠦᠭᠴᠠᠢ

  ᠰᠢᠨᠬᠤᠸᠠ ᠬᠤᠷᠢᠶᠠᠨ᠎ ᠤ ᠪᠡᠭᠡᠵᠢᠩ ᠤᠨ 10 ᠰᠠᠷ᠎ᠠ ᠶᠢᠨ 17᠎ ᠤ ᠴᠠᠬᠢᠯᠭᠠᠨ ᠮᠡᠳᠡᠭᠡ ᠳᠠᠪᠤᠳᠡᠬᠢ ᠤᠯᠤᠰ ᠤᠨ ᠶᠠᠳᠠᠭᠤ ᠶᠢ ᠳᠡᠳᠭᠦᠬᠦ ᠡᠳᠦᠷ ᠪᠤᠯᠬᠤ ᠲᠠᠰᠢᠷᠠᠮ ᠢᠶᠠᠷ᠂ ᠨᠠᠮ ᠤᠨ ᠲᠦᠪ ᠬᠤᠷᠢᠶᠠᠨ᠎ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠲᠡᠷᠢᠭᠦᠯᠡᠭᠴᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠴᠢᠬᠤᠯᠠ ᠵᠢᠭᠠᠪᠤᠷᠢ ᠦᠭᠴᠤ᠂ ᠦᠭᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠪᠤᠯ ᠮᠠᠨ᠎ ᠤ ᠤᠯᠤᠰ ᠠᠯᠬᠤᠮ ᠠᠯᠬᠤᠮ ᠢᠶᠠᠷ ᠶᠠᠳᠠᠭᠤ ᠬᠦᠴᠢᠷᠳᠡᠯ ᠢ ᠦᠭᠡᠶᠢᠰᠭᠡᠭᠰᠡᠨ 40 ᠵᠢᠯ ᠪᠤᠯᠤᠨ᠎ᠠ᠃ 40 ᠵᠢᠯ ᠤᠨ ᠦᠷᠭᠦᠯᠵᠢᠯᠡᠭᠰᠡᠨ ᠲᠡᠮᠡᠴᠡᠯ ᠢᠶᠠᠷ 7 ᠳ᠋ᠦᠩᠰᠢᠭᠤᠷ ᠭᠠᠷᠤᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠬᠦᠮᠦᠨ ᠲᠦᠷᠦᠯᠬᠢᠳᠡᠨ᠎ ᠤ ᠶᠠᠳᠠᠭᠤ ᠬᠦᠴᠢᠷᠳᠡᠯ ᠢ ᠪᠠᠭᠠᠰᠬᠠᠬᠤ ᠲᠡᠤᠬᠡᠨ ᠳᠠᠬᠢ ᠭᠠᠶᠢᠬᠠᠮᠰᠢᠭ ᠢ ᠡᠭᠦᠳᠪᠡ᠃ ᠤᠳᠤ ᠳᠤᠮᠳᠠᠳᠤ ᠶᠢᠨ ᠦᠨᠳᠦᠰᠦᠳᠡᠨ ᠳᠤ ᠮᠢᠩᠭ᠎ᠠ ᠲᠦᠮᠡᠨ ᠵᠢᠯ ᠢᠶᠠᠷ ᠤᠷᠤᠰᠢᠭᠰᠠᠭᠠᠷ ᠢᠷᠡᠭᠰᠡᠨ ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠲᠡᠤᠬᠡᠳᠤ ᠴᠢᠨᠠᠷᠳᠠᠢ ᠪᠠᠷ ᠰᠢᠢᠳᠪᠦᠷᠢᠯᠡᠭᠳᠡᠬᠦ ᠪᠤᠯᠵᠤ ᠪᠠᠶᠢᠨ᠎ᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠬᠠᠮᠤᠭ ᠤᠨ ᠵᠠᠩᠭᠢᠯᠠᠭ᠎ᠠ ᠶᠢᠨ ᠱᠠᠳᠤ ᠦᠶ᠎ᠠ ᠳᠤ ᠤᠷᠤᠵᠠᠢ ᠭᠡᠵᠤ ᠴᠢᠬᠤᠯᠠᠴᠢᠯᠠᠪᠠ᠃

  ᠰᠢ ᠶᠢᠨ ᠫᠢᠩ᠂ ᠠᠵᠢᠯ ᠠᠯᠪᠠ ᠰᠡᠬᠦᠯᠴᠢ ᠶᠢᠨ ᠦᠶ᠎ᠠ ᠳᠡᠭᠡᠨ ᠬᠦᠨᠳᠤ ᠪᠠᠶᠢᠳᠠᠭ᠂ ᠵᠠᠩᠭᠢᠯᠠᠭ᠎ᠠ ᠶᠢᠨ ᠴᠠᠭ ᠪᠤᠯᠬᠤ ᠲᠤᠳᠤᠮ ᠢᠶᠠᠨ ᠵᠠᠪᠠᠯ ᠢᠯᠠᠬᠤ ᠢᠳᠡᠭᠡᠯ ᠵᠤᠷᠢᠭ ᠢᠶᠠᠨ ᠤᠯᠠᠮ ᠪᠠᠳᠤᠳᠬᠠᠬᠤ ᠬᠡᠷᠡᠭᠳᠠᠢ᠂ ᠬᠦᠴᠢᠷ ᠢ ᠳᠠᠪᠠᠵᠤ ᠪᠤᠭᠤᠮᠳᠠ ᠰᠢᠪᠳᠤᠯᠬᠤ ᠡᠷᠴᠢ ᠵᠤᠷᠢᠭ ᠲᠠᠢ ᠪᠠᠶᠢᠬᠤ ᠬᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ ᠦᠨᠡᠨ ᠬᠦ ᠠᠳᠬᠤᠨ ᠪᠤᠳᠠᠳᠠᠢ ᠠᠵᠢᠯᠯᠠᠵᠤ᠂ ᠶᠠᠳᠠᠭᠤ ᠬᠦᠴᠢᠷᠳᠡᠯᠳᠠᠢ ᠤᠷᠤᠨ᠎ ᠤ ᠦᠷᠭᠡᠨ ᠤᠯᠠᠨ ᠺᠠᠳ᠋ᠷ ᠤᠯᠠᠨ ᠲᠦᠮᠡᠨ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ ᠰᠢᠷᠭᠠᠬᠤ ᠬᠠᠳᠠᠭᠤᠵᠢᠯᠳᠠᠢ ᠠᠵᠢᠯᠯᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠡᠳᠭᠢᠯ ᠨᠢᠭᠡᠳᠦᠨ᠂ ᠬᠠᠷᠠᠯᠳᠠ ᠪᠠᠨ ᠪᠠᠳᠤ ᠡᠵᠡᠮᠳᠡᠨ ᠴᠢᠷᠮᠠᠶᠢᠨ ᠠᠵᠢᠯᠯᠠᠳᠠᠭ ᠯᠠ ᠶᠤᠮ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠳᠠᠭᠤ ᠳᠠᠶᠢᠯᠠᠯᠳᠤᠭᠠᠨ᠎ ᠤ ᠢᠯᠠᠯᠳᠠ ᠶᠢ ᠯᠠᠪᠳᠠᠢ ᠳᠤᠭᠳᠠᠭᠰᠠᠨ ᠬᠤᠭᠤᠴᠠᠭᠠᠨ ᠳᠠᠭᠠᠨ ᠤᠯᠵᠤ ᠴᠢᠳᠠᠨ᠎ᠠ ᠭᠡᠵᠤ ᠵᠢᠭᠠᠵᠤ ᠭᠠᠷᠭᠠᠪᠠ᠃

  ᠨᠠᠮ ᠤᠨ ᠲᠦᠪ ᠬᠤᠷᠢᠶᠠᠨ᠎ ᠤ ᠤᠯᠤᠰ ᠲᠦᠷᠦ ᠶᠢᠨ ᠲᠤᠪᠴᠢᠶᠠᠨ᠎ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ᠎ ᠤ ᠶᠡᠷᠦᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ᠎ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠵᠤ ᠪᠠᠶᠢᠭᠠᠳ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠨᠴᠠᠭᠠᠢᠢᠯᠠᠨ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ᠎ ᠤ ᠶᠠᠳᠠᠭᠤ ᠠᠴᠠ ᠠᠩᠭᠢᠵᠢᠷᠠᠬᠤ ᠶᠢ ᠳᠡᠮᠵᠢᠬᠦ ᠪᠠᠨ ᠴᠢᠩᠭᠠᠳᠬᠠᠨ᠂ ᠤᠨᠴᠠᠭᠠᠢ ᠶᠠᠳᠠᠭᠤ ᠬᠦᠴᠢᠷᠳᠡᠯᠳᠠᠢ ᠬᠦᠮᠦᠨ ᠠᠮᠠ ᠳᠤ ᠴᠢᠭᠯᠡᠭᠦᠯᠦᠨ ᠨᠡᠩ ᠬᠦᠴᠦᠨ ᠲᠠᠢ ᠬᠠᠪᠰᠤᠷᠤᠨ ᠳᠡᠳᠭᠦᠬᠦ ᠠᠷᠭ᠎ᠠ ᠬᠡᠮᠵᠢᠶ᠎ᠠ ᠶᠢ ᠬᠡᠷᠡᠭᠵᠢᠭᠦᠯᠬᠦ ᠬᠡᠷᠡᠭᠳᠠᠢ᠃ ᠪᠡᠯᠡ ᠮᠦᠩᠭᠦᠨ᠎ ᠤ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨ᠂ᠶᠠᠳᠠᠭᠤ ᠶᠢ ᠳᠡᠳᠭᠦᠬᠦ ᠠᠵᠢᠯ ᠤᠨ ᠬᠢᠨᠠᠨ ᠰᠢᠯᠭᠠᠵᠤ ᠦᠨᠡᠯᠡᠬᠦ ᠪᠤᠯᠤᠨ ᠱᠠᠯᠠᠪᠳᠠᠭᠤᠯᠤᠨ ᠪᠠᠶᠢᠴᠠᠭᠠᠵᠤ ᠲᠤᠭᠤᠷᠢᠨ ᠪᠠᠶᠢᠴᠠᠭᠠᠬᠤ ᠪᠠᠨ ᠲᠡᠭᠦᠯᠳᠡᠷᠵᠢᠭᠦᠯᠬᠦ ᠬᠡᠷᠡᠭᠳᠠᠢ᠃ ᠶᠠᠳᠠᠭᠤ ᠶᠢ ᠳᠡᠳᠬᠦᠬᠦ ᠶᠢ ᠢᠳᠡᠬᠡᠯ ᠵᠤᠷᠢᠭ ᠢ ᠲᠡᠳᠬᠦᠬᠦ ᠪᠠ ᠤᠶᠤᠨ ᠤᠬᠠᠭᠠᠨ ᠢ ᠳᠡᠳᠬᠦᠬᠦ ᠲᠠᠢ ᠤᠶᠠᠯᠳᠤᠭᠤᠯᠵᠦ᠂ ᠶᠠᠳᠠᠭᠤ ᠬᠦᠴᠢᠷᠳᠡᠯᠳᠡᠢ ᠤᠷᠤᠨ ᠪᠤᠯᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠪᠠᠨ ᠠᠩᠬᠢᠵᠢᠷᠠᠬᠤ ᠳᠤᠳᠤᠭᠠᠳᠤ ᠬᠦᠳᠡᠯᠬᠡᠬᠦ ᠬᠦᠴᠦᠨ ᠢ ᠨᠡᠩ ᠪᠦᠳᠦᠮᠵᠢᠳᠡᠢ ᠪᠠᠳᠠᠷᠠᠭᠤᠯᠵᠤ᠂ ᠡᠨᠡ ᠵᠢᠯ ᠠᠬᠢᠭᠠᠳ 1000 ᠳᠦᠮᠡ ᠠᠴᠠ ᠳᠡᠬᠡᠭᠰᠢᠬᠢ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠪᠠᠨ ᠦᠨᠡᠨ ᠬᠦ ᠪᠡᠶᠡᠯᠡᠭᠦᠯᠬᠦ ᠶᠢ ᠪᠠᠳᠤᠯᠠᠵᠤ᠂ 2020 ᠤᠨ ᠪᠤᠯᠬᠤ ᠳᠤ ᠮᠠᠨ᠎ ᠤ ᠤᠯᠤᠰ ᠤᠨ ᠤᠳᠤ ᠶᠢᠨ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠲᠤᠤᠷ᠎ᠠ ᠬᠦᠳᠡᠭᠡ ᠲᠤᠰᠬᠤᠨ᠎ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢ ᠴᠦᠮ ᠶᠠᠳᠠᠭᠤ ᠠᠴᠠ ᠠᠩᠬᠢᠵᠢᠷᠠᠭᠤᠯᠬᠤ ᠶᠢ ᠦᠨᠡᠨ ᠬᠦ ᠪᠠᠳᠤᠯᠠᠵᠦ᠂ ᠤᠷᠤᠨ ᠪᠦᠰᠡ ᠶᠢᠨ ᠴᠢᠨᠠᠷᠳᠠᠢ ᠪᠦᠬᠦᠯᠢ ᠴᠤᠭᠴᠠ ᠶᠢᠨ ᠶᠠᠳᠠᠭᠤ ᠬᠦᠴᠢᠷᠳᠡᠯᠳᠠᠢ ᠪᠠᠶᠢᠬᠤ ᠠᠰᠠᠭᠤᠳᠠᠯ ᠢ ᠰᠢᠢᠳᠪᠤᠷᠢᠯᠡᠬᠦ ᠬᠡᠷᠡᠭᠳᠡᠢ ᠬᠡᠵᠦ ᠵᠢᠭᠠᠵᠦ ᠭᠠᠷᠭᠠᠵᠠᠢ᠃

  ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠦᠬᠢᠬᠦᠯᠤᠨ ᠰᠠᠶᠢᠰᠢᠶᠠᠬᠤ ᠶᠡᠭᠡ ᠬᠤᠷᠠᠯ ᠵᠢᠴᠢ ᠳᠡᠷᠢᠬᠦᠨ᠎ ᠤ ᠦᠢᠯᠡ ᠠᠵᠢᠯᠯᠠᠭ᠎ᠠ ᠶᠢᠨ ᠬᠠᠷᠢᠭᠤ ᠮᠡᠳᠡᠬᠦᠯᠦᠯᠳᠡ ᠶᠢᠨ ᠬᠤᠷᠠᠯ 17᠎ ᠤ ᠦᠳᠡ ᠶᠢᠨ ᠡᠮᠦᠨ᠎ᠠ ᠪᠡᠬᠡᠵᠢᠩ ᠳᠤ ᠶᠠᠪᠤᠬᠳᠠᠪᠠ᠃ ᠬᠤᠷᠠᠯ ᠲᠠᠬᠡᠷ᠎ᠠ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠯᠢ ᠺᠧ ᠴᠢᠶᠠᠩ ᠤᠨ ᠴᠤᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠳᠦᠪ ᠬᠤᠷᠢᠶᠠᠨ᠎ ᠤ ᠤᠯᠤᠰ ᠳᠦᠷᠦ ᠶᠢᠨ ᠳᠤᠪᠴᠢᠶᠠᠨ᠎ ᠤ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ᠎ ᠤ ᠶᠠᠳᠠᠭᠤ ᠶᠢ ᠳᠡᠳᠬᠦᠵᠤ ᠨᠡᠭᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠬᠤ᠋ ᠴᠦᠨ ᠬᠤᠸᠠ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠳᠠᠯᠪᠢᠵᠠᠢ᠃ ᠳᠡᠷᠡ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠠᠵᠢᠯ ᠤᠨ ᠳᠤᠬᠠᠢ ᠴᠢᠬᠤᠯᠠ ᠦᠬᠦᠯᠡᠯᠳᠡ ᠶᠢ ᠡᠷᠬᠡᠪᠰᠢ ᠬᠦᠨᠵᠡᠬᠡᠢ ᠳᠤᠭᠤᠰᠢᠯᠠᠭᠤᠯᠵᠦ᠂ ᠶᠠᠳᠠᠭᠤ ᠶᠢ ᠳᠡᠳᠬᠦᠵᠤ ᠶᠠᠳᠠᠭᠤ ᠠᠴᠠ ᠠᠩᠬᠢᠵᠢᠷᠠᠭᠤᠯᠤᠬᠰᠠᠨ ᠳᠡᠷᠢᠬᠦᠨ᠎ ᠤ ᠨᠡᠶᠢᠳᠡᠯᠢᠭ ᠵᠢᠱᠢᠶ᠎ᠠ ᠶᠢᠨ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠦ᠂ ᠤᠬ ᠰᠠᠨᠠᠭ᠎ᠠ ᠪᠠᠨ ᠦᠯᠦ ᠮᠡᠷᠳᠠᠨ ᠵᠤᠷᠢᠬᠳᠠᠢ ᠪᠠᠷ ᠡᠬᠦᠷᠬᠡᠯᠡᠬᠦ ᠪᠤᠭᠤᠮᠳᠠ ᠰᠢᠪᠳᠤᠯᠬᠤ ᠵᠤᠷᠢᠬ ᠰᠠᠨᠠᠭ᠎ᠠ᠂ ᠶᠠᠳᠠᠭᠤ ᠶᠢ ᠳᠡᠳᠬᠦᠵᠤ ᠬᠦᠴᠢᠷᠳᠡᠯᠳᠠᠢ ᠶᠢ ᠲᠤᠰᠠᠯᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠶᠡᠭᠡ ᠬᠠᠶᠢᠷ᠎ᠠ ᠶᠢᠨ ᠵᠤᠷᠢᠬ ᠰᠠᠨᠠᠭ᠎ᠠ᠂ ᠦᠪᠡᠷ ᠤᠨ ᠬᠦᠴᠦ ᠪᠠᠷ ᠶᠢᠨ ᠳᠡᠭᠵᠢᠷᠡᠵᠤ ᠵᠠᠮ ᠨᠡᠬᠡᠬᠡᠨ ᠤᠷᠤᠬᠰᠢᠯᠠᠨ ᠳᠠᠪᠰᠢᠬᠤ ᠳᠡᠮᠡᠴᠡᠯ ᠤᠨ ᠵᠤᠷᠢᠬ ᠰᠠᠨᠠᠭ᠎ᠠ᠂ ᠵᠤᠷᠢᠬᠳᠠᠢ ᠰᠠᠳᠬᠢᠨ ᠵᠤᠷᠢᠬᠳᠠᠢ ᠠᠵᠢᠯᠯᠠᠵᠤ ᠵᠤᠷᠢᠬᠳᠠᠢ ᠪᠠᠷ ᠰᠦᠪᠡᠭᠴᠢᠯᠡᠬᠦ ᠪᠦᠳᠦᠬᠡᠯᠴᠢ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠬᠠᠮᠤᠬ ᠤᠨ ᠦᠷᠬᠡᠨ ᠳᠡᠯᠬᠡᠷᠡᠩᠬᠦᠢ ᠨᠡᠶᠢᠬᠡᠮ ᠤᠨ ᠳᠠᠶᠢᠴᠢᠯᠠᠯᠳᠠ ᠶᠢ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ᠎ ᠤ ᠢᠯᠠᠯᠳᠠ ᠶᠢ ᠤᠯᠬᠤ ᠳᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠬᠦᠴᠦᠷᠬᠡᠭ ᠶᠡᠭᠡ ᠬᠠᠮᠳᠤᠷᠠᠯ ᠬᠦᠴᠦᠨ ᠢ ᠨᠢᠭᠳᠠᠷᠠᠭᠤᠯᠬᠤ ᠬᠡᠷᠡᠭᠳᠡᠢ ᠬᠡᠵᠦ ᠴᠢᠬᠤᠯᠠᠴᠢᠯᠠᠵᠠᠢ᠃

  ᠬᠤᠷᠠᠯ ᠠᠴᠠ ᠱᠠᠩᠨᠠᠯ ᠬᠦᠷᠳᠡᠭᠰᠡᠨ 99 ᠬᠤᠪᠢ ᠬᠦᠮᠦᠨ ᠪᠠ 40 ᠬᠠᠮᠳᠤ ᠨᠢᠬᠡᠴᠢ ᠶᠢ ᠬᠦᠬᠢᠬᠦᠯᠦᠨ ᠰᠠᠶᠢᠰᠢᠶᠠᠪᠠ᠃ ᠯᠢᠦ ᠬᠤᠩ᠂ ᠸᠠᠩ ᠰᠢ ᠯᠢᠩ᠂ ᠵᠠᠩ ᠴᠢᠤᠢ ᠸᠧᠢ᠂ ᠰᠢᠤᠢ ᠳ᠋ᠦᠩ ᠮᠸᠢ᠂ ᠬᠤᠸᠠᠩ ᠵᠸᠠ ᠷᠦᠩ᠂ ᠸᠧᠠ ᠪᠢᠨ ᠵᠢᠶᠦ᠋ᠨ ᠵᠡᠷᠬᠡ ᠱᠠᠩᠨᠠᠯ ᠬᠦᠷᠳᠡᠭᠰᠡᠳ ᠤᠨ ᠳᠦᠯᠦᠬᠡᠯᠡᠭᠴᠢ ᠠᠴᠠ ᠳᠡᠷᠢᠬᠦᠨ᠎ ᠤ ᠦᠢᠯᠡ ᠠᠵᠢᠯᠯᠠᠭ᠎ᠠ ᠶᠢᠨ ᠮᠡᠳᠡᠬᠦᠯᠦᠯᠳᠡ ᠬᠢᠵᠡᠢ᠃

  2018 ᠤᠨ᠎ ᠤ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠱᠠᠩᠨᠠᠯ ᠬᠦᠷᠳᠡᠭᠰᠡᠨ ᠳᠦᠯᠦᠬᠡᠯᠡᠭᠴᠢᠳ᠂ ᠳᠦᠷᠦ ᠶᠢᠨ ᠶᠠᠪᠤᠳᠠᠯ ᠤᠨ ᠬᠤᠷᠢᠶᠠᠨ᠎ ᠤ ᠶᠠᠳᠠᠭᠤ ᠶᠢ ᠳᠡᠳᠬᠦᠵᠤ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠨᠠᠷ᠂ ᠴᠢᠬ ᠳᠤᠬᠳᠠᠭᠠᠨ ᠶᠠᠳᠠᠭᠤ ᠶᠢ ᠳᠡᠳᠬᠦᠬᠦ ᠡᠬᠦᠷᠬᠡ ᠶᠢ ᠡᠬᠦᠷᠬᠡᠯᠡᠵᠦ ᠪᠠᠶᠢᠭ᠎ᠠ ᠪᠡᠬᠡᠵᠢᠩ ᠳᠠᠬᠢ ᠳᠦᠪ ᠤᠨ ᠪᠠᠶᠢᠭᠤᠯᠭ᠎ᠠ ᠨᠢᠬᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠡᠯ ᠳᠤ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com