ᠰᠢ ᠶᠢᠨ ᠫᠢᠩ᠄ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠲᠠ ᠤᠨᠴᠠᠭᠠᠢ ᠬᠦᠴᠢᠷᠲᠡᠯᠲᠡᠢ ᠤᠯᠠᠨ ᠲᠦᠮᠡᠨ ᠪᠤᠯᠤᠨ ᠤᠯᠠᠨ ᠲᠦᠮᠡᠨ᠎ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠤ ᠦᠨᠳᠦᠰᠦᠨ ᠠᠷᠠᠳ ᠤᠨ ᠠᠮᠢᠳᠤᠷᠠᠯ ᠤᠨ ᠪᠠᠳᠤᠯᠠᠭ᠎ᠠ ᠬᠠᠩᠭᠠᠬᠤ ᠪᠠ ᠦᠨᠳᠦᠰᠦᠨ ᠱᠠᠳᠤᠨ᠎ ᠤ ᠨᠡᠶᠢᠭᠡᠮ ᠤᠨ ᠵᠠᠰᠠᠯᠳᠠ ᠵᠢᠴᠢ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠬᠤ ᠵᠡᠷᠭᠡ ᠲᠣᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠭᠡᠬᠦ ᠬᠡᠷᠡᠭᠲᠡᠢ

  ᠲᠦᠷᠦᠭᠦᠬᠡᠨ᠂ ᠨᠠᠮ ᠤᠨ ᠲᠦᠪ ᠬᠤᠷᠢᠶᠠᠨ᠎ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ᠎ ᠤ ᠲᠡᠷᠢᠭᠦᠯᠡᠭᠴᠢ ᠰᠢ ᠶᠢᠨ ᠫᠢᠩ ᠠᠷᠠᠳ ᠤᠨ ᠶᠠᠪᠤᠳᠠᠯ ᠤᠨ ᠠᠵᠢᠯ ᠳᠤ ᠴᠢᠬᠤᠯᠠ ᠵᠢᠭᠠᠪᠤᠷᠢ ᠦᠭᠴᠠᠢ᠃ ᠰᠢ ᠶᠢᠨ ᠫᠢᠩ᠂ ᠤᠢᠢᠷ᠎ᠠ ᠶᠢᠨ ᠵᠢᠯ ᠤᠨ ᠲᠤᠷᠰᠢ᠂ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠲᠦᠪ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠠᠶᠢᠭᠤᠯᠤᠮᠵᠢ ᠶᠢᠨ ᠠᠷᠬᠠᠭ ᠢ ᠠᠷᠢᠯᠭᠠᠨ ᠰᠢᠨᠡᠴᠢᠯᠡᠯᠲᠡ ᠬᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠠ ᠵᠦᠢᠯ ᠤᠨ ᠦᠢᠯᠡᠰ ᠰᠢᠨ᠎ᠠ ᠠᠬᠢᠴᠠ ᠲᠠᠢ ᠪᠤᠯᠵᠤ᠂ ᠦᠭᠡᠷᠡᠴᠢᠯᠡᠯᠳᠡ ᠬᠦᠭᠵᠢᠯᠳᠡ ᠲᠤᠭᠳᠠᠭᠤᠨ᠎ ᠤ ᠶᠡᠭᠡ ᠲᠠᠯ᠎ᠠ ᠳᠤ ᠬᠦᠴᠦᠳᠠᠢ ᠦᠢᠯᠡᠴᠢᠯᠡᠭᠡ ᠬᠠᠩᠭᠠᠵᠠᠢ ᠭᠡᠵᠤ ᠴᠢᠬᠤᠯᠠᠴᠢᠯᠠᠪᠠ᠃

  ᠰᠢ ᠶᠢᠨ ᠫᠢᠩ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠤᠭᠳᠠᠵᠤ᠂ ᠠᠷᠠᠳ ᠤᠨ ᠰᠡᠳᠭᠢᠯ ᠢ ᠬᠤᠯᠪᠤᠵᠤ ᠪᠠᠶᠢᠨ᠎ᠠ᠂ ᠲᠡᠷᠡ ᠨᠢ ᠨᠡᠶᠢᠭᠡᠮ ᠤᠨ ᠪᠦᠲᠦᠭᠡᠨ ᠪᠠᠶᠢᠭᠤᠯᠤᠯᠳᠠ ᠳᠤ ᠠᠷᠠᠳ ᠤᠯᠠᠨ᠎ ᠤ ᠦᠨᠳᠦᠰᠦᠨ ᠠᠮᠢᠲᠤᠷᠠᠯ ᠢ ᠪᠠᠲᠤᠯᠠᠬᠤ ᠴᠢᠨᠠᠷᠳᠠᠢ᠂ ᠰᠠᠭᠤᠷᠢ ᠴᠢᠨᠠᠷᠳᠠᠢ ᠠᠵᠢᠯ ᠪᠤᠯᠤᠨ᠎ᠠ᠃ ᠡᠯ᠎ᠠ ᠱᠠᠳᠤᠨ᠎ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠶᠠᠪᠤᠳᠠᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠳᠤᠨ᠎ ᠤ ᠠᠷᠠᠳ ᠤᠨ ᠶᠠᠪᠤᠳᠠᠯ ᠤᠨ ᠦᠢᠯᠡᠴᠢᠯᠡᠭᠡ ᠶᠢᠨ ᠴᠢᠳᠠᠪᠤᠷᠢ ᠶᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠦᠢᠯᠡᠰ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠠᠢ᠃ ᠡᠯ᠎ᠠ ᠱᠠᠳᠤᠨ᠎ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠠᠮ ᠤᠨ ᠪᠠᠶᠢᠭᠤᠯᠤᠯᠳᠠ ᠶᠢ ᠴᠢᠩᠭᠠᠳᠬᠠᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠬᠦ ᠶᠢ ᠪᠠᠷᠢᠮᠳᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠤᠨᠴᠠᠭᠠᠢ ᠬᠦᠴᠢᠷᠲᠡᠯᠲᠡᠢ ᠤᠯᠠᠨ ᠲᠦᠮᠡᠨ ᠳᠤ ᠠᠩᠬᠠᠷᠤᠯ ᠢᠶᠠᠨ ᠲᠦᠪᠯᠡᠷᠡᠭᠦᠯᠵᠤ᠂ ᠠᠷᠠᠳ ᠤᠯᠠᠨ᠎ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠳᠤᠯᠠᠭ᠎ᠠ ᠬᠠᠩᠭᠠᠬᠤ᠂ ᠦᠨᠳᠦᠰᠦᠨ ᠱᠠᠳᠤᠨ᠎ ᠤ ᠨᠡᠶᠢᠭᠡᠮ ᠤᠨ ᠵᠠᠰᠠᠯᠳᠠ ᠵᠢᠴᠢ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠭᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃

  ᠠᠷᠪᠠᠨ ᠳᠦᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ 4 ᠰᠠᠷ᠎ᠠ ᠶᠢᠨ 2᠎ ᠤᠨ ᠡᠳᠦᠷ ᠪᠡᠭᠡᠵᠢᠩ ᠳᠤ ᠬᠤᠷᠠᠯᠳᠤᠵᠠᠢ᠃ ᠬᠤᠷᠠᠯ ᠳᠡᠭᠡᠷ᠎ᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃

  ᠨᠠᠮ ᠤᠨ ᠲᠦᠪ ᠬᠤᠷᠢᠶᠠᠨ᠎ ᠤ ᠤᠯᠤᠰ ᠲᠦᠷᠦ ᠶᠢᠨ ᠲᠤᠪᠴᠢᠶᠠᠨ᠎ ᠤ ᠪᠠᠶᠢᠡᠭᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ᠎ ᠤ ᠶᠡᠷᠤᠩᠭᠡᠢ ᠰᠠᠶᠢᠳ ᠯᠢ ᠺᠧ ᠴᠢᠶᠠᠩ ᠬᠤᠷᠠᠯ ᠳᠤ ᠤᠷᠤᠯᠴᠠᠬᠰᠡᠨ ᠲᠦᠯᠦᠭᠡᠯᠡᠭᠴᠢᠳ ᠲᠠᠢ ᠠᠭᠤᠯᠵᠠᠬᠰᠡᠨ ᠪᠦᠭᠡᠳ ᠶᠠᠷᠢᠶ᠎ᠡ ᠲᠠᠯᠪᠢᠵᠤ᠂ ᠦᠨᠳᠦᠰᠦᠨ ᠱᠠᠳᠤᠨ᠎ ᠤ ᠡᠮᠤᠨ᠎ᠡ ᠹᠷᠤᠨᠲ ᠲᠤ ᠰᠢᠷᠭᠠᠭᠤ ᠠᠵᠢᠯᠯᠠᠵᠤ ᠪᠠᠶᠢᠭ᠎ᠠ᠂ ᠬᠦᠴᠢᠷᠳᠡᠯᠳᠠᠢ ᠤᠯᠠᠨ ᠲᠦᠮᠡᠨ ᠳᠤ ᠪᠦᠬᠦ ᠰᠡᠳᠬᠢᠯ ᠢᠶᠠᠷ ᠢᠶᠠᠨ ᠦᠢᠯᠡᠴᠢᠯᠡᠵᠦ ᠪᠠᠶᠢᠭ᠎ᠠ ᠪᠦᠬᠦ ᠤᠯᠤᠰ ᠤᠨ ᠠᠷᠠᠳ ᠤᠨ ᠶᠠᠪᠤᠳᠠᠯ ᠤᠨ ᠰᠢᠰᠲᠧᠮ ᠤᠨ ᠦᠷᠭᠡᠨ ᠤᠯᠠᠨ ᠺᠠᠳ᠋ᠷ ᠠᠵᠢᠯᠳᠠᠨ ᠠᠵᠢᠯᠴᠢᠨ ᠳᠤ ᠴᠢᠩ ᠰᠡᠳᠬᠢᠯ ᠤᠨ ᠮᠡᠨᠳᠤᠴᠢᠯᠡᠯ ᠲᠠᠪᠰᠢᠬᠦᠯᠵᠤ᠂ ᠤᠢᠢᠷ᠎ᠡ ᠶᠢᠨ ᠵᠢᠯ ᠠᠴᠠ ᠨᠠᠭᠠᠰᠢᠬᠢ ᠠᠷᠠᠳ ᠤᠨ ᠶᠠᠪᠤᠳᠠᠯ ᠤᠨ ᠠᠵᠢᠯ ᠤᠨ ᠤᠯᠤᠬᠰᠡᠨ ᠠᠮᠵᠢᠯᠲᠠ ᠪᠦᠳᠦᠮᠵᠢ ᠶᠢ ᠬᠦᠢᠴᠡᠳ ᠨᠤᠳᠠᠯᠠᠪᠠ᠃ ᠲᠡᠷᠨ᠂ ᠠᠷᠠᠳ ᠤᠨ ᠶᠠᠪᠤᠳᠠᠯ ᠤᠨ ᠠᠵᠢᠯ ᠠᠷᠠᠳ ᠲᠦᠮᠡᠨ ᠳᠤ ᠰᠢᠭᠤᠳ ᠬᠠᠨᠳᠤᠵᠤ ᠪᠠᠶᠢᠳᠠᠭ᠂ ᠨᠡᠶᠢᠭᠡᠮ ᠤᠨ ᠵᠠᠰᠠᠯᠳᠠ ᠪᠠ ᠨᠡᠶᠢᠭᠡᠮ ᠤᠨ ᠦᠢᠯᠡᠴᠢᠯᠡᠭᠡᠨ᠎ ᠤ ᠴᠢᠬᠤᠯᠠ ᠪᠦᠷᠢᠯᠳᠦᠬᠦᠨ ᠭᠡᠰᠡᠭ ᠮᠦᠨ᠂ ᠠᠶᠤᠯ ᠠᠴᠠ ᠠᠪᠤᠷᠠᠵᠤ ᠶᠠᠳᠠᠭᠤ ᠶᠢ ᠲᠠᠳᠬᠦᠬᠦ ᠡᠶᠡᠪᠡᠷᠬᠦᠤ ᠵᠠᠰᠠᠭ ᠤᠨ ᠪᠤᠶᠠᠨᠰᠠᠭ ᠠᠵᠢᠯᠯᠠᠭ᠎ᠠ ᠪᠤᠯᠬᠤ ᠶᠤᠮ᠃ ᠤᠳᠤᠬᠠᠨ ᠳᠤ᠂ ᠮᠠᠨ᠎ ᠤ ᠤᠯᠤᠰ ᠶᠠᠭ ᠰᠠᠶᠢᠬᠠᠨ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ ᠱᠠᠳᠤᠨ ᠳᠤ ᠤᠷᠤᠰᠢᠵᠤ ᠪᠠᠶᠢᠨ᠎ᠡ᠂ ᠠᠷᠠᠳ ᠲᠦᠮᠡᠨ᠎ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠦᠢᠯ ᠤᠨ ᠲᠤᠯᠭᠠᠮ ᠴᠢᠩᠭ᠎ᠠ ᠪᠠᠶᠢᠵᠤ᠂ ᠠᠷᠠᠳ ᠤᠨ ᠶᠠᠪᠤᠳᠠᠯ ᠤᠨ ᠠᠵᠢᠯ ᠤᠨ ᠡᠬᠦᠷᠭᠡ ᠬᠠᠳᠠᠭᠤ ᠪᠡᠷᠭᠡ ᠪᠦᠭᠡᠳ ᠨᠦᠰᠡᠷ ᠬᠦᠨᠳᠤ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ᠎ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ᠎ ᠤ ᠦᠨᠳᠦᠰᠤᠨ ᠠᠮᠢᠲᠤᠷᠠᠯ ᠤᠨ ᠬᠡᠷᠡᠭᠴᠡᠭᠡ ᠶᠢ ᠪᠠᠳᠤᠯᠠᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠠᠮᠤᠷ ᠲᠦᠪᠰᠢᠨ᠎ ᠤ ᠲᠤᠤᠷ᠎ ᠢ ᠨᠠᠷᠢᠨ ᠨᠢᠬᠳᠠ ᠪᠡᠳᠤ ᠪᠠᠬᠢ ᠰᠦᠯᠵᠢᠬᠦ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠦᠢᠯᠡᠴᠢᠯᠡᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠪᠤᠯᠤᠨ ᠤᠨᠴᠠ ᠶᠠᠳᠠᠭᠤ ᠬᠦᠴᠢᠷᠳᠡᠯᠳᠠᠢ ᠬᠦᠮᠦᠰ᠂ ᠠᠮᠢᠳᠤᠷᠠᠯ ᠵᠠᠳᠠᠭᠤ ᠬᠦᠴᠢᠷᠳᠠᠯᠳᠠᠢ ᠨᠠᠰᠤᠳᠠᠳ᠂ ᠬᠦᠨᠳᠤ ᠬᠡᠮᠵᠢᠶᠠᠨ᠎ ᠤ ᠵᠠᠮᠳᠡᠭᠴᠤᠳ᠂ ᠬᠦᠨᠳᠤ ᠡᠪᠡᠳᠴᠢᠳᠡᠨ᠂ ᠬᠦᠴᠢᠷᠳᠡᠯ ᠳᠤ ᠲᠤᠯᠭᠠᠷᠠᠬᠰᠡᠨ ᠬᠡᠤᠭᠡᠳ ᠤᠳ ᠵᠡᠷᠭᠡ ᠶᠢ ᠪᠠᠭᠳᠠᠭᠠᠬᠰᠡᠨ ᠤᠨᠴᠠᠭᠠᠢ ᠬᠦᠴᠢᠷᠲᠡᠯᠲᠡᠢ ᠤᠯᠠᠨ ᠲᠦᠮᠡᠨ᠎ ᠤ ᠦᠨᠳᠦᠰᠦᠨ ᠠᠮᠢᠳᠤᠷᠠᠯ ᠢ ᠪᠠᠳᠤᠯᠠᠬᠤ ᠠᠵᠢᠯ ᠢ ᠰᠠᠶᠢᠳᠤᠷ ᠬᠢᠬᠦ ᠭᠡᠷᠡᠭᠳᠠᠢ᠃ ᠦᠨᠳᠦᠰᠦᠨ ᠨᠠᠶᠢᠭᠡᠮ ᠤᠨ ᠦᠢᠯᠡᠴᠢᠯᠡᠭᠡ ᠶᠢ ᠬᠦᠴᠦᠯᠡᠨ ᠬᠦᠭᠵᠢᠬᠦᠯᠵᠤ᠂ ᠠᠷᠠᠳ ᠤᠯᠠᠨ᠎ ᠤ ᠠᠩᠬᠠᠷᠤᠯ ᠲᠠᠯᠪᠢᠵᠤ ᠪᠠᠶᠢᠭ᠎ᠠ ᠬᠦᠴᠢᠷ ᠶᠠᠪᠤᠳᠠᠯ᠎ ᠢ ᠰᠠᠶᠢᠳᠤᠷ ᠰᠢᠢᠳᠪᠤᠷᠢᠯᠡᠬᠦ ᠭᠡᠷᠡᠭᠳᠠᠢ᠃ ᠲᠠᠯᠪᠢᠬᠤ ᠬᠠᠮᠢᠶᠠᠷᠬᠤ ᠦᠢᠯᠡᠴᠢᠯᠡᠬᠦ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠤᠯᠠᠨ ᠲᠦᠮᠡᠨ ᠢ ᠤᠴᠢᠷ ᠶᠠᠪᠤᠳᠠᠯ ᠰᠢᠢᠳᠪᠤᠷᠢᠯᠡᠬᠦ ᠳᠤ ᠨᠡᠩ ᠲᠦᠬᠦᠮ ᠲᠦᠳᠡ ᠪᠤᠯᠭᠠᠵᠤ᠂ ᠨᠡᠶᠢᠭᠡᠮ ᠤᠨ ᠬᠦᠴᠦᠨ᠎ ᠤ ᠦᠢᠯᠡᠳᠦᠯ ᠢ ᠨᠡᠩ ᠶᠡᠭᠡ ᠪᠠᠷ ᠪᠠᠳᠠᠷᠠᠭᠤᠯᠵᠤ᠂ ᠬᠡᠷᠡᠭᠴᠡᠭᠡ ᠳᠤ ᠵᠤᠬᠢᠴᠠᠬᠰᠡᠨ ᠨᠡᠶᠢᠭᠡᠮ ᠲᠤᠭᠤᠷᠢᠭ ᠤᠨ ᠨᠠᠰᠤᠳᠠᠨ ᠢ ᠠᠰᠠᠷᠠᠵᠤ ᠨᠢᠯᠬᠠᠰ ᠢ ᠬᠠᠷᠠᠬᠤ ᠵᠡᠷᠭᠡ ᠦᠢᠯᠡᠴᠢᠯᠡᠭᠡ ᠶᠢ ᠢᠳᠡᠪᠬᠢᠳᠠᠢ ᠬᠦᠭᠵᠢᠬᠦᠯᠵᠤ᠂ ᠠᠮᠢᠳᠤᠷᠠᠯ ᠤᠨ ᠦᠢᠯᠡᠴᠢᠯᠡᠭᠡ ᠶᠢᠨ ᠬᠠᠨᠭ᠍ᠭᠠᠯᠭ᠎ᠠ ᠶᠢ ᠪᠠᠶᠠᠯᠢᠬᠵᠢᠭᠤᠯᠵᠤ᠂ ᠠᠵᠢᠯ ᠤᠯᠭᠤᠯᠳᠠ ᠪᠤᠯᠤᠨ ᠪᠦᠳᠦᠮᠵᠢᠳᠠᠢ ᠲᠤᠳᠤᠭᠠᠳᠤ ᠭᠡᠷᠡᠭᠴᠡᠭᠡ ᠶᠢ ᠦᠷᠭᠡᠳᠭᠡᠬᠦ ᠭᠡᠷᠡᠭᠳᠠᠢ᠃ ᠨᠡᠶᠢᠬᠡᠮ ᠤᠨ ᠠᠵᠢᠯ ᠪᠤᠯᠤᠨ ᠨᠢᠬᠦᠯᠡᠰᠦᠩᠬᠦᠢ ᠶᠢᠨ ᠦᠢᠯᠡᠰ ᠢ ᠶᠡᠭᠡ ᠪᠠᠷ ᠬᠦᠭᠵᠢᠬᠦᠯᠵᠦ᠂ ᠰᠠᠶᠢᠨ ᠳᠤᠷ᠎ᠠ ᠶᠢᠨ ᠦᠢᠯᠡᠴᠢᠯᠡᠬᠡᠨ᠎ ᠤ ᠵᠤᠷᠢᠬ ᠰᠠᠨᠠᠭ᠎ᠠ ᠶᠢ ᠪᠠᠳᠠᠷᠠᠭᠤᠯᠵᠦ᠂ ᠬᠦᠮᠦᠨ ᠪᠦᠬᠦᠨ ᠤᠷᠤᠯᠴᠠᠵᠦ᠂ ᠬᠦᠮᠦᠨ ᠪᠦᠬᠦᠨ ᠬᠦᠴᠦ ᠪᠠᠨ ᠡᠷᠬᠦᠵᠦ᠂ ᠨᠡᠶᠢᠬᠡᠮ ᠤᠨ ᠶᠡᠭᠡ ᠬᠡᠷ ᠪᠦᠯᠢ ᠶᠢ ᠨᠡᠩ ᠬᠠᠯᠠᠭᠤᠨ ᠳᠤᠯᠠᠭᠠᠨ ᠡᠶ᠎ᠡ ᠵᠤᠬᠢᠴᠠᠩᠭᠤᠢ ᠪᠤᠯᠭᠠᠬᠤ ᠬᠡᠷᠡᠭᠳᠡᠢ᠃ ᠡᠯ᠎ᠠ ᠱᠠᠳᠤᠨ᠎ ᠤ ᠠᠷᠠᠳ ᠤᠨ ᠵᠠᠰᠠᠬ ᠤᠨ ᠤᠷᠳᠤᠨ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠳᠤᠭᠤᠰᠢᠯᠠᠭᠤᠯᠵᠦ᠂ ᠠᠷᠠᠳ ᠤᠨ ᠶᠠᠪᠤᠳᠠᠯ ᠢ ᠬᠠᠯᠠᠮᠵᠢᠯᠠᠬᠤ᠂ ᠠᠷᠠᠳ ᠤᠨ ᠶᠠᠪᠤᠳᠠᠯ ᠢ ᠳᠡᠮᠵᠢᠬᠦ᠂ ᠳᠠᠭᠠᠷᠠᠬᠰᠠᠨ ᠬᠦᠮᠦᠨ ᠳᠤ ᠳᠠᠬᠤ ᠬᠦᠷᠬᠡᠬᠦ ᠠᠵᠢᠯ ᠢ ᠢᠯᠡᠬᠦᠦ ᠬᠢᠵᠦ᠂ ᠠᠷᠠᠳ ᠤᠨ ᠠᠮᠢᠳᠤᠷᠠᠯ ᠳᠤ ᠪᠤᠶᠠᠨ ᠬᠡᠰᠢᠭ ᠨᠡᠮᠡᠷᠢᠯᠡᠬᠦ ᠠᠵᠢᠯ ᠢ ᠢᠯᠡᠬᠦᠬᠡᠨ ᠬᠢᠵᠦ᠂ ᠠᠵᠦ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠪᠡ ᠨᠡᠶᠢᠬᠡᠮ ᠤᠨ ᠡᠶ᠎ᠡ ᠵᠤᠬᠢᠴᠠᠩᠭᠤᠢ ᠳᠤᠬᠳᠠᠭᠤᠨ ᠪᠠᠶᠢᠬᠤ ᠶᠢ ᠠᠬᠢᠭᠤᠯᠬᠤ ᠬᠡᠷᠡᠭᠳᠡᠢ ᠬᠡᠵᠦ ᠬᠡᠯᠡᠵᠡᠢ᠃

  ᠠᠷᠪᠠᠨ ᠳᠦᠷᠪᠡᠳᠦᠬᠡᠷ ᠤᠳᠠᠭᠠᠨ᠎ ᠤ ᠪᠦᠬᠦ ᠤᠯᠤᠰ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠨᠢ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠳᠤᠬᠠᠢ ᠴᠢᠬᠤᠯᠠ ᠦᠬᠦᠯᠡᠯᠳᠡ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠷᠠᠳ ᠤᠨ ᠶᠠᠪᠤᠳᠠᠯ ᠤᠨ ᠦᠢᠯᠡᠰ ᠤᠨ ᠦᠬᠡᠷᠡᠴᠢᠯᠡᠯᠳᠡ ᠬᠦᠭᠵᠢᠯᠳᠡ ᠳᠤ ᠤᠯᠤᠬᠰᠠᠨ ᠠᠮᠵᠢᠯᠳᠠ ᠪᠦᠳᠦᠮᠵᠢ ᠶᠢ ᠳ᠋ᠦᠩᠨᠡᠵᠦ᠂ ᠬᠤᠶᠢᠰᠢᠳᠠ ᠶᠢᠨ ᠨᠢᠬᠡ ᠬᠤᠭᠤᠴᠠᠭᠠᠨ᠎ ᠤ ᠠᠷᠠᠳ ᠤᠨ ᠶᠠᠪᠤᠳᠠᠯ ᠤᠨ ᠠᠵᠢᠯ ᠢ ᠰᠤᠳᠤᠯᠤᠨ ᠪᠠᠶᠢᠷᠢᠯᠠᠭᠤᠯᠬᠤ ᠪᠠᠷ ᠡᠬᠦᠷᠬᠡ ᠪᠠᠨ ᠪᠤᠯᠭᠠᠬᠰᠠᠨ ᠶᠤᠮ᠃

  ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠤᠨ ᠬᠠᠷᠢᠶ᠎ᠠ ᠬᠤᠳᠠ ᠪᠤᠯᠤᠨ ᠳᠤᠰᠠᠭᠠᠷ ᠳᠦᠯᠦᠪᠯᠡᠬᠡᠳᠦ ᠬᠤᠳᠠ᠂ ᠰᠢᠨᠵᠢᠶᠠᠩ ᠤᠨ ᠦᠢᠯᠡᠳᠪᠤᠷᠢᠯᠡᠯ ᠪᠦᠳᠦᠬᠡᠨ ᠪᠠᠶᠢᠭᠤᠯᠤᠯᠳᠠ ᠶᠢᠨ ᠪᠢᠩᠲ᠋ᠤᠸᠠᠨ᠂ ᠳᠦᠪ ᠤᠨ ᠪᠡ ᠳᠦᠷᠦ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ᠂ ᠪᠦᠬᠦ ᠤᠯᠤᠰ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠳᠡᠷᠢᠬᠦᠨ᠎ ᠤ ᠨᠢᠬᠡᠴᠢ᠂ ᠳᠠᠷᠢᠬᠦᠨ᠎ ᠤ ᠠᠵᠢᠯᠳᠠᠨ ᠪᠤᠯᠤᠨ ᠬᠦᠳᠡᠯᠮᠤᠷᠢ ᠶᠢᠨ ᠵᠢᠱᠢᠶᠡᠴᠢ᠂ ᠨᠤᠮᠤᠬᠠᠨ ᠱᠠᠷ ᠤᠨ ᠱᠠᠩᠨᠠᠯ ᠬᠦᠷᠳᠡᠭᠰᠡᠳ ᠤᠨ ᠳᠦᠯᠦᠬᠡᠯᠡᠭᠴᠢ ᠨᠠᠷ ᠬᠤᠷᠠᠯ ᠳᠤ ᠤᠷᠤᠯᠴᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com