ᠮᠠᠨ ᠤ ᠤᠷᠤᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠹᠷᠤᠨᠲ ᠤᠨ ᠵᠢᠱᠢᠶᠡᠴᠢ ᠶᠢ ᠰᠠᠶᠢᠰᠢᠶᠠᠨ ᠬᠦᠬᠢᠭᠦᠯᠪᠡ

  ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠤᠳᠤᠷᠢᠳᠬᠤ ᠳᠤᠭᠤᠢᠢᠯᠠᠩ ᠠᠴᠠ ᠪᠦᠬᠦ ᠣᠷᠣᠨ ᠤ 2018 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠨᠡᠶᠢᠳᠡ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ ᠭᠠᠷᠭᠠᠨ 73 ᠲᠡᠷᠢᠭᠦᠨ ᠤ ᠬᠠᠮᠲᠤ ᠨᠡᠶᠢᠳᠡ ᠪᠣᠯᠤᠨ 73 ᠲᠡᠷᠢᠭᠦᠨ ᠤ ᠬᠤᠪᠢ ᠬᠥᠮᠦᠨ ᠢ ᠰᠠᠶᠢᠰᠢᠶᠠᠨ ᠬᠦᠬᠢᠭᠦᠯᠬᠦ ᠪᠠᠷ ᠵᠠᠷᠯᠠᠵᠤ᠂ ᠲᠡᠷᠢᠭᠦᠨ ᠤ ᠨᠡᠶᠢᠲᠡᠯᠢᠭ ᠵᠢᠱᠢᠶᠡᠴᠢ ᠶᠢ ᠬᠥᠬᠢᠭᠦᠯᠦᠨ ᠰᠠᠶᠢᠰᠢᠶᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠣᠷᠣᠯᠴᠠᠬᠤ ᠢᠳᠡᠪᠬᠢᠳᠤ ᠴᠢᠨᠠᠷ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠴᠢᠨᠠᠭᠰᠢᠳᠠ ᠬᠥᠭᠵᠢᠭᠡᠭᠰᠡᠨ ᠪᠠᠶᠢᠨ᠎ᠠ᠃

  ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠬᠢᠭᠤᠯᠬᠤ ᠳᠤᠮᠳᠠ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠨᠡᠶᠢᠭᠡᠮ ᠤᠨ ᠡᠯ᠎ᠡ ᠡᠲᠡᠭᠡᠳ ᠪᠤᠯᠤᠨ ᠲᠥᠪ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠨᠢᠭᠡᠴᠢ᠂ ᠪᠡᠭᠡᠵᠢᠩ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠨᠢᠭᠡᠴᠢ ᠶᠢᠨ ᠬᠢᠨ ᠢᠳᠡᠪᠬᠢᠲᠡᠶ ᠣᠷᠣᠯᠴᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠭᠰᠠᠨ᠂ ᠰᠢᠨ᠎ᠡ ᠶᠢ ᠡᠭᠦᠳᠦᠨ ᠪᠣᠳᠠᠲᠠᠶ ᠠᠵᠢᠯᠯᠠᠭᠰᠠᠨ᠂ ᠳᠤᠪᠤᠶᠢᠮ᠎ᠠ ᠠᠮᠵᠢᠯᠲᠠ ᠣᠯᠤᠭᠰᠠᠨ ᠨᠢᠭᠡ ᠪᠦᠯᠦᠭ ᠲᠡᠷᠢᠭᠦᠨ ᠤ ᠬᠠᠮᠲᠤ ᠨᠡᠶᠢᠲᠡ ᠪᠤᠯᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠳᠤᠷᠠᠲᠠᠶ᠎ᠠ ᠬᠤᠪᠢ ᠨᠡᠮᠡᠷᠢ ᠦᠵᠡᠭᠦᠯᠦᠭᠰᠡᠨ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠨᠢᠭᠡ ᠪᠦᠯᠦᠭ ᠲᠡᠷᠢᠭᠦᠨ ᠤ ᠬᠤᠪᠢ ᠬᠥᠮᠥᠨ ᠴᠣᠯᠭᠤᠷᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠵᠠᠢ᠃ ᠮᠠᠨ ᠤ ᠣᠷᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠢᠮᠠᠭᠲᠠ ᠪᠦᠬᠦ ᠣᠷᠣᠨ ᠤ ᠲᠡᠷᠢᠭᠦᠨ ᠴᠢᠬᠤᠯᠠ ᠶᠠᠪᠤᠳᠠᠯ ᠪᠠ ᠠᠷᠠᠳ ᠤᠨ ᠠᠮᠢᠳᠤᠷᠠᠯ ᠤᠨ ᠳᠡᠷᠢᠭᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ 2018 ᠣᠨ ᠳᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠦᠭᠡᠤᠨᠭᠡᠭᠦ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠪᠦᠬᠦ ᠵᠢᠯ ᠳᠤ ᠶᠠᠳᠠᠭᠤ ᠬᠦᠴᠢᠷᠳᠡᠯᠲᠡᠢ ᠬᠥᠮᠥᠨ ᠠᠮᠠ ᠶᠢ 23.5 ᠲᠦᠮᠡ ᠴᠦᠭᠡᠤᠨᠭᠡᠨ᠂ ᠤᠯᠤᠰ ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ ᠪᠤᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠡᠬᠦᠰᠬᠦ ᠨᠤᠷᠮ᠎ᠠ ᠶᠢ 1.06% ᠪᠣᠯᠲᠠᠯ᠎ᠠ ᠪᠠᠭᠤᠷᠠᠭᠤᠯᠵᠤ᠂ ᠭᠢᠯᠡᠯᠵᠠᠬᠰᠡᠨ ᠠᠮᠵᠢᠯᠲᠠ ᠣᠯᠤᠭᠰᠠᠨ ᠪᠠᠶᠢᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com