ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠱᠠᠯᠠᠪᠲᠠᠭᠤᠯᠣᠨ ᠪᠠᠶᠢᠴᠠᠭᠠᠬᠤ ᠳᠤᠭᠤᠢᠢᠯᠠᠩ ᠦᠪᠦᠷ ᠮᠤᠩᠭᠤᠯ ᠳᠤ ᠱᠠᠯᠠᠪᠲᠠᠭᠤᠯᠣᠨ ᠪᠠᠶᠢᠴᠠᠭᠠᠬᠰᠠᠨ ᠪᠠᠶᠢᠳᠠᠯ ᠢᠶᠠᠨ ᠬᠠᠷᠢᠭᠤ ᠲᠤᠰᠬᠠᠪᠠ

  9 ᠰᠠᠷ᠎ᠠ ᠶᠢᠨ 3᠎ ᠠᠴᠠ 9᠎ ᠤ ᠡᠳᠦᠷ ᠪᠤᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠦᠪᠦᠷ ᠮᠤᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠦᠷ᠎ᠠ ᠪᠦᠲᠦᠮᠵᠢ ᠶᠢ ᠬᠢᠨᠠᠨ ᠰᠢᠯᠭᠠᠭᠠᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠦᠷᠨᠢᠭᠦᠯᠪᠡ᠃ 9᠎ ᠤ ᠡᠳᠦᠷ ᠤᠨ ᠦᠳᠡ ᠶᠢᠨ ᠡᠮᠦᠨ᠎ᠠ᠂ ᠬᠦᠬᠡᠬᠤᠲᠠ ᠳᠤ ᠱᠠᠯᠠᠪᠳᠠᠭᠤᠯᠤᠨ ᠪᠠᠶᠢᠴᠠᠭᠠᠬᠰᠠᠨ ᠰᠠᠨᠠᠯ ᠢᠶᠠᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠳᠠᠷᠤᠭ᠎ᠠ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠳᠡᠳ᠋ ᠱᠦᠵᠢ᠂ ᠶᠠᠮᠤᠨ ᠤ ᠳᠡᠳ᠋ ᠰᠠᠶᠢᠳ ᠢᠦᠢ ᠰᠢᠨ ᠷᠦᠩ ᠱᠠᠯᠠᠪᠳᠠᠭᠤᠯᠤᠨ ᠪᠠᠶᠢᠴᠠᠭᠠᠬᠰᠠᠨ ᠰᠠᠨᠠᠯ ᠢᠶᠠᠨ ᠬᠠᠷᠢᠭᠤ ᠲᠤᠰᠬᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠤᠪᠤᠷ ᠢᠶᠠᠨ ᠢᠯᠡᠳᠭᠡᠬᠦ ᠦᠭᠡ ᠬᠡᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠦᠪᠦᠷ ᠮᠤᠩᠭᠤᠯ ᠤᠨ ᠠᠵᠢᠯ ᠤᠨ ᠦᠷ᠎ᠠ ᠪᠦᠲᠦᠮᠵᠢ ᠶᠢ ᠬᠢᠨᠠᠨ ᠰᠢᠯᠭᠠᠭᠠᠳ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠤᠪᠴᠢᠶᠠᠨ ᠤ ᠳᠡᠳ᠋ ᠳᠠᠷᠤᠭ᠎ᠠ ᠹᠠᠨ ᠸᠧᠢ ᠫᠢᠩ ᠬᠤᠷᠠᠯ ᠳᠤ ᠤᠷᠤᠯᠴᠠᠪᠠ᠃

  ᠢᠦᠢ ᠰᠢᠨ ᠷᠦᠩ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠵᠢᠯ ᠤᠨ ᠦᠷ᠎ᠠ ᠪᠦᠲᠦᠮᠵᠢ ᠶᠢ ᠬᠢᠨᠠᠨ ᠰᠢᠯᠭᠠᠭᠠᠳ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠭᠦᠬᠦ ᠠᠵᠢᠯ ᠤᠨ ᠲᠤᠬᠠᠢ ᠴᠢᠬᠤᠯᠠ ᠦᠭᠦᠯᠡᠯᠲᠡ ᠪᠤᠯᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠬᠰᠢᠲᠠ ᠭᠦᠨᠵᠡᠭᠡᠶᠢᠷᠡᠭᠦᠯᠦᠨ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠮᠲᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠭᠤᠤᠯ ᠰᠡᠳᠦᠪᠲᠦ ᠬᠦᠮᠦᠵᠢᠯ ᠳᠤ ᠤᠷᠤᠭᠤᠯᠵᠤ᠂ ᠲᠦᠪ ᠠᠴᠠ ᠵᠠᠷᠯᠠᠨ ᠮᠡᠳᠡᠭᠳᠡᠵᠦ ᠵᠢᠭᠠᠵᠤ ᠭᠠᠷᠭᠠᠬᠰᠠᠨ ᠠᠰᠠᠭᠤᠳᠠᠯ ᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠰᠬᠠᠢ ᠲᠤᠭᠤᠷᠢᠨ ᠪᠠᠶᠢᠴᠠᠭᠠᠯᠲᠠ ᠪᠠ ᠦᠪᠡᠷᠲᠡᠭᠡᠨ ᠵᠠᠰᠠᠬᠤ ᠤᠷᠤᠨ ᠤ ᠦᠪᠡᠷ ᠢ ᠪᠠᠨ ᠪᠠᠶᠢᠴᠠᠭᠠᠵᠤ ᠦᠪᠡᠷ ᠢᠶᠠᠨ ᠵᠠᠯᠠᠷᠠᠭᠤᠯᠬᠤ ᠳᠤ ᠢᠯᠡᠷᠡᠭᠦᠯᠦᠭᠰᠡᠨ ᠠᠰᠠᠭᠤᠳᠠᠯ ᠲᠠᠢ ᠤᠷᠭᠠᠨᠢᠭ ᠢᠶᠠᠷ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠶᠢ ᠨᠠᠷᠢᠨ ᠬᠢᠨᠠᠮᠭᠠᠢ ᠰᠤᠳᠤᠯᠤᠨ ᠪᠠᠶᠢᠷᠢᠯᠠᠭᠤᠯᠵᠤ᠂ ᠬᠦᠴᠦᠨ ᠢᠶᠠᠨ ᠲᠤᠬᠢᠷᠠᠭᠤᠯᠤᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠱᠠᠯᠠᠪᠳᠠᠭᠤᠯᠤᠨ ᠳᠠᠶᠢᠯᠠᠯᠳᠤᠭᠠᠨ ᠬᠢᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠠᠢ᠃ ᠦᠪᠡᠷᠲᠡᠭᠡᠨ ᠵᠠᠰᠠᠬᠤ ᠤᠷᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠢᠯᠡᠳᠦᠯᠭᠡ ᠳᠤᠮᠳᠠ᠂ ᠪᠤᠭᠤᠮᠲᠠ ᠰᠢᠪᠲᠤᠯᠬᠤ ᠬᠠᠷᠢᠭᠤᠴᠠᠯᠭ᠎ᠠ ᠶᠢ ᠪᠤᠳᠠᠲᠠᠶᠢᠵᠢᠭᠤᠯᠬᠤ᠂ ᠲᠤᠬᠲᠠᠴᠠ ᠶᠢᠨ ᠰᠢᠨ᠎ᠠ ᠶᠢ ᠡᠭᠦᠳᠴᠦ ᠲᠡᠭᠦᠯᠳᠡᠷᠵᠢᠭᠦᠯᠬᠦ᠂ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠶᠢ ᠠᠬᠢᠭᠤᠯᠬᠤ᠂ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠪᠠᠭ᠎ᠠ ᠪᠤᠰᠤ ᠪᠦᠲᠦᠮᠵᠢᠲᠡᠢ ᠲᠤᠷᠰᠢᠯᠭ᠎ᠠ ᠠᠷᠭ᠎ᠠ ᠬᠡᠮᠵᠢᠶ᠎ᠠ ᠶᠢ ᠰᠦᠪᠡᠭᠴᠢᠯᠡᠵᠦ ᠭᠠᠷᠭᠠᠵᠠᠢ ᠭᠡᠵᠦ ᠵᠢᠭᠠᠵᠤ ᠭᠠᠷᠭᠠᠪᠠ᠃

  ᠲᠡᠷᠡ᠂ ᠦᠪᠤᠷ ᠮᠤᠩᠭᠤᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠰᠠ ᠵᠠᠷᠢᠮ ᠵᠦᠷᠢᠶ᠎ᠡ ᠪᠤᠯᠤᠨ ᠬᠦᠷᠤᠯᠴᠡᠬᠦ ᠦᠬᠡᠢ ᠲᠠᠯ᠎ᠠ ᠤᠷᠤᠰᠢᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠬᠰᠢᠳᠠ ᠪᠤᠳᠠᠳᠠᠢ ᠨᠠᠶᠢᠳᠠᠪᠤᠷᠢᠵᠢᠭᠤᠯᠬᠤ᠂ ᠦᠨᠳᠤᠰᠤᠨ ᠱᠠᠳᠤᠨ ᠤ ᠺᠠᠳ᠋ᠷ ᠤᠨ ᠴᠢᠳᠠᠪᠤᠷᠢ ᠶᠢ ᠴᠢᠨᠠᠬᠰᠢᠳᠠ ᠲᠡᠭᠡᠭᠰᠢᠯᠡᠬᠦᠯᠬᠦ᠂ ᠪᠠᠭᠤᠷᠠᠢ ᠲᠠᠯ᠎ᠠ ᠭᠤᠬᠴᠤᠭ᠎ᠠ ᠳᠤ ᠦᠷᠬᠦᠯᠵᠢᠯᠠᠨ ᠬᠦᠴᠤᠯᠠᠬᠦ ᠶᠢ ᠲᠡᠭᠡᠳᠤ ᠬᠡᠮᠵᠢᠶ᠎ᠡ ᠪᠠᠷ ᠠᠩᠬᠠᠷᠬᠤ ᠴᠢᠬᠤᠯᠠᠳᠠᠢ ᠪᠠᠶᠢᠨ᠎ᠠ᠂ ᠨᠠᠷᠢᠨ ᠬᠢᠨᠠᠮᠠᠭᠠᠢ ᠪᠠᠷ ᠪᠤᠳᠠᠳᠠᠢ ᠶᠢ ᠡᠷᠬᠢᠮᠯᠡᠵᠤ ᠪᠠᠶᠢᠭᠠᠳ ᠰᠢᠢᠳᠪᠤᠷᠢᠯᠡᠬᠦ ᠭᠡᠷᠡᠭᠳᠠᠢ᠃ ᠶᠠᠷᠤᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠦᠬᠦᠯᠠᠯᠳᠠ ᠪᠤᠯᠤᠨ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠪᠠᠳᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠦᠭᠬᠦ ᠭᠡᠷᠡᠭᠳᠠᠢ︔ ᠤᠨᠴᠠ ᠬᠦᠴᠢᠷᠳᠠᠯᠳᠠᠢ ᠭᠠᠵᠠᠷ ᠤᠷᠤᠨ ᠪᠤᠯᠤᠨ ᠤᠨᠴᠠᠭᠠᠢ ᠬᠦᠴᠢᠷᠳᠠᠯᠳᠠᠢ ᠤᠯᠠᠨ ᠲᠦᠮᠡᠨ ᠳᠤ ᠠᠩᠬᠠᠷᠤᠯ ᠢᠶᠠᠨ ᠲᠦᠪᠯᠡᠷᠡᠬᠦᠯᠵᠤ᠂ ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ ᠲᠤᠪᠤᠶᠢᠮ᠎ᠠ ᠠᠰᠠᠭᠤᠳᠠᠯ ᠢ ᠬᠦᠴᠤᠯᠠᠨ ᠰᠢᠢᠳᠪᠤᠷᠢᠯᠠᠬᠦ ᠭᠡᠷᠡᠭᠳᠠᠢ︔ ᠪᠦᠳᠤᠮᠵᠢᠳᠠᠢ ᠠᠷᠭ᠎ᠠ ᠬᠡᠮᠵᠢᠶ᠎ᠠ ᠶᠢ ᠴᠢᠨᠠᠬᠰᠢᠳᠠ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠬᠤ᠂ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠲᠠᠯ᠎ᠠ ᠪᠠᠷ ᠨᠡᠩ ᠶᠡᠭᠡ ᠬᠦᠴᠤ ᠤᠷᠤᠭᠤᠯᠬᠤ ᠭᠡᠷᠡᠭᠳᠠᠢ︔ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠤᠷᠭᠠᠨᠢᠬ ᠢᠶᠠᠷ ᠵᠤᠯᠭᠠᠭᠤᠯᠬᠤ ᠶᠢ ᠰᠦᠪᠡᠭᠴᠢᠯᠠᠵᠤ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ ᠦᠷᠬᠦᠯᠵᠢᠯᠠᠨ ᠬᠦᠭᠵᠢᠬᠦ ᠴᠢᠳᠠᠪᠤᠷᠢ ᠶᠢ ᠦᠨᠡᠨ ᠬᠦ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃

  ᠯᠢ ᠵᠢᠢ ᠡᡁᠧᠩ᠂ ᠦᠪᠤᠷ ᠮᠤᠩᠭᠤᠯ ᠤᠨ ᠬᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠠᠰᠠᠭᠤᠳᠠᠯ ᠪᠤᠯᠤᠨ ᠰᠠᠨᠠᠯ ᠢ ᠴᠢᠩ ᠦᠨᠡᠨᠴᠢ ᠪᠠᠷ ᠬᠦᠯᠢᠶᠠᠨ ᠠᠪᠴᠤ᠂ ᠲᠡᠷᠡ ᠶᠤᠰᠤᠭᠠᠷ ᠨᠢ ᠪᠦᠬᠦᠨ ᠢ ᠬᠤᠷᠢᠶᠠᠨ ᠠᠪᠴᠤ᠂ ᠡᠨᠡ ᠤᠳᠠᠭ᠎ᠠ ᠶᠢᠨ ᠱᠠᠯᠠᠪᠳᠠᠭᠤᠯᠤᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠤᠬᠢᠶᠠᠯ ᠪᠤᠯᠭᠠᠵᠤ᠂ ᠲᠤᠳᠠᠭᠤᠳᠠᠯ ᠵᠦ᠋ᠷᠢᠶ᠎ᠠ ᠪᠠᠨ ᠬᠦᠴᠤᠯᠠᠨ ᠨᠦᠬᠦᠪᠤᠷᠢᠯᠠᠵᠤ᠂ ᠠᠵᠢᠯ ᠢᠶᠠᠨ ᠤᠯᠠᠮ ᠴᠢᠩᠭ᠎ᠠ ᠨᠠᠷᠢᠯᠢᠬ ᠠᠳᠬᠤᠵᠤ᠂ ᠪᠤᠳᠠᠳᠠᠢ ᠰᠠᠶᠢᠳᠤᠷ ᠬᠢᠨ᠎ᠠ᠃ ᠦᠵᠡᠯ ᠰᠠᠨᠠᠭ᠎ᠠ ᠲᠠᠨᠢᠯᠳᠠ ᠪᠠᠨ ᠲᠠᠬᠢᠨᠲᠠ ᠲᠡᠭᠡᠭᠰᠢᠯᠡᠬᠦᠯᠵᠤ᠂ ᠶᠠᠷᠤᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠦᠬᠦᠯᠠᠯᠳᠠ ᠤᠨᠴᠠᠭᠠᠢᠢᠯᠠᠨ ᠦᠪᠤᠷ ᠮᠤᠩᠭᠤᠯ ᠤᠨ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠶᠢ ᠴᠢᠬᠤᠯᠠ ᠶᠡᠭᠡ ᠤᠯᠤᠰ ᠲᠦᠷᠤ ᠶᠢᠨ ᠡᠬᠦᠷᠬᠡ ᠪᠤᠯᠤᠨ ᠨᠢᠭᠡᠳᠦᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ᠂ ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ᠎ ᠶᠢ ᠨᠦᠯᠤᠬᠡᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠤᠯᠠᠨ ᠰᠢᠢᠳᠪᠤᠷᠢᠯᠠᠵᠤ᠂ ᠤᠨ ᠤ ᠬᠠᠷᠠᠯᠳᠠ ᠡᠬᠦᠷᠬᠡ ᠪᠠᠨ ᠴᠢᠨᠠᠷ ᠰᠠᠶᠢᠳᠠᠢ ᠪᠡᠶᠡᠯᠡᠬᠦᠯᠤᠨ᠎ᠠ᠃ ᠪᠤᠭᠤᠮᠳᠠ ᠰᠢᠪᠳᠤᠯᠬᠤ ᠡᠬᠦᠷᠬᠡ ᠶᠢᠨ ᠲᠠᠯ᠎ᠠ ᠪᠠᠷ ᠲᠠᠬᠢᠨ ᠲᠠᠷᠤᠯᠳᠠ ᠦᠭᠴᠤ᠂ ᠲᠠᠪᠤᠨ ᠱᠠᠳᠤᠨ ᠤ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠠᠷᠢᠭᠤᠴᠠᠯᠭ᠎ᠠ ᠶᠢ ᠴᠢᠨᠠᠬᠰᠢᠳᠠ ᠪᠤᠳᠠᠳᠠᠶᠢᠵᠢᠭᠤᠯᠤᠨ᠂ ᠠᠶᠢᠮᠠᠬ ᠬᠤᠳᠠ᠂ ᠬᠤᠰᠢᠭᠤ ᠰᠢᠶᠠᠨ ᠨᠠᠶᠢᠳᠠᠪᠤᠷᠢᠵᠢᠭᠤᠯᠤᠯᠳᠠ ᠶᠢ ᠠᠳᠬᠤᠬᠤ ᠪᠠ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠪᠤᠳᠠᠳᠠᠢ ᠠᠵᠢᠯ ᠢ ᠠᠳᠬᠤᠬᠤ ᠬᠠᠷᠢᠭᠤᠴᠠᠯᠭ᠎ᠠ ᠶᠢ ᠤᠯᠠᠮ ᠪᠤᠳᠠᠳᠠᠶᠢᠵᠢᠭᠤᠯᠵᠦ᠂ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠬᠡᠴᠢ ᠶᠢᠨ ᠶᠠᠳᠠᠭᠤ ᠶᠢ ᠲᠡᠳᠬᠦᠬᠦ ᠬᠠᠷᠢᠭᠤᠴᠠᠯᠭ᠎ᠠ ᠶᠢ ᠴᠢᠩᠭᠠᠳᠬᠠᠵᠤ᠂ ᠲᠠᠶᠢᠯᠠᠯᠳᠤᠭᠠᠨ ᠤ ᠢᠯᠠᠯᠳᠠ ᠶᠢ ᠤᠯᠬᠤ ᠦᠬᠡᠢ ᠪᠤᠯ ᠴᠡᠷᠢᠭ ᠢᠶᠠᠨ ᠲᠠᠳᠠᠬᠤ ᠦᠬᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠠᠬᠢᠨ ᠬᠦᠴᠤᠯᠠᠵᠤ᠂ ᠴᠡᠭᠴᠡᠯᠡᠨ ᠰᠠᠶᠢᠵᠢᠷᠠᠭᠤᠯᠬᠤ ᠲᠦᠰᠤᠯ ᠲᠤᠭᠳᠠᠭᠠᠵᠤ᠂ ᠠᠰᠠᠭᠤᠳᠠᠯ ᠤᠨ ᠨᠠᠷᠢᠨ ᠲᠠᠩᠰᠠ᠂ ᠡᠬᠦᠷᠬᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠤᠯᠤᠨ ᠴᠡᠭᠴᠡᠯᠡᠨ ᠰᠠᠶᠢᠵᠢᠷᠠᠭᠤᠯᠤᠯᠳᠠ ᠶᠢᠨ ᠡᠬᠡ ᠲᠠᠩᠰᠠ ᠶᠢ ᠳᠤᠳᠤᠷᠬᠠᠢᠢᠯᠠᠵᠤ᠂ ᠲᠠᠩᠰᠠ ᠶᠤᠰᠤᠭᠠᠷ ᠠᠬᠢᠭᠤᠯᠵᠤ᠂ ᠲᠠᠩᠰᠠ ᠬᠠᠷᠭᠤᠭᠤᠯᠵᠤ ᠳ᠋ᠤᠭᠠᠷ ᠢ ᠬᠠᠰᠤᠨ᠎ᠠ᠃ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠠᠷᠪᠠᠨ ᠵᠦᠢᠯ ᠤᠨ ᠴᠡᠪᠡᠷᠯᠠᠵᠤ ᠪᠠᠷᠢᠮᠵᠢᠶ᠎ᠠ ᠳᠤ ᠬᠦᠷᠬᠡᠬᠦ ᠲᠤᠰᠬᠠᠢ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠤᠨ᠂ ᠤᠨᠴᠠᠯᠢᠬᠳᠤ ᠶᠠᠳᠠᠭᠤ ᠶᠢ ᠲᠡᠳᠬᠦᠬᠦ ᠠᠵᠤ ᠤᠢᠢᠯᠡᠰ ᠤᠨ ᠬᠦᠭᠵᠢᠯᠳᠠ ᠶᠢ ᠢᠳᠡᠪᠬᠢᠳᠠᠢ ᠠᠬᠢᠭᠤᠯᠵᠤ᠂ ᠭᠠᠷᠴᠤ ᠮᠡᠳᠡᠬᠦ ᠠᠶᠤᠯ ᠲᠦᠭᠰᠢᠬᠦᠷᠢ ᠬᠡᠮ ᠰᠤᠭᠤᠬ ᠢ ᠬᠦᠴᠤᠯᠠᠨ ᠰᠡᠷᠬᠡᠶᠢᠯᠡᠨ ᠠᠷᠢᠯᠭᠠᠵᠤ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠤᠮᠵᠢᠳᠦ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠤᠷᠭᠠᠨᠢᠬ ᠢᠶᠠᠷ ᠵᠤᠯᠭᠠᠯᠴᠠᠭᠤᠯᠬᠤ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠡᠯ᠎ᠠ ᠵᠦᠢᠯ ᠤᠨ ᠠᠵᠢᠯ ᠤᠨ ᠶᠠᠰᠤ ᠴᠢᠨᠠᠷ ᠢ ᠲᠡᠭᠡᠭᠰᠢᠯᠡᠬᠦᠯᠵᠤ ᠦᠷ᠎ᠠ ᠠᠰᠢᠬ ᠢ ᠨᠡᠮᠡᠭᠳᠡᠬᠦᠯᠬᠦ ᠶᠢ ᠬᠦᠴᠤᠯᠠᠨ ᠠᠬᠢᠭᠤᠯᠤᠨ᠎ᠠ ᠬᠡᠵᠤ ᠢᠯᠡᠳᠬᠡᠪᠡ᠃

  ᠱᠠᠯᠠᠪᠳᠠᠭᠤᠯᠤᠨ ᠪᠠᠶᠢᠴᠭᠠᠠᠬᠤ ᠲᠤᠭᠤᠢᠢᠯᠠᠩ ᠤᠨ ᠪᠤᠰᠤᠳ ᠪᠦᠷᠢᠯᠳᠤᠬᠦᠨ᠂ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠮᠤᠵᠢ ᠶᠢᠨ ᠲᠡᠰ ᠤᠨ ᠤᠳᠤᠷᠢᠳᠤᠯᠭ᠎ᠠ ᠵᠢᠴᠢ ᠶᠠᠳᠠᠭᠤ ᠶᠢ ᠲᠡᠳᠬᠦᠬᠦ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ ᠨᠢᠬᠡᠴᠢ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com