ᠰᠢ ᠶᠢᠨ ᠫᠢᠩ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠴᠢᠬᠤᠯᠠ ᠵᠢᠭᠠᠪᠤᠷᠢ ᠦᠭᠴᠤ ᠬᠠᠷᠠᠯᠳᠠ ᠪᠠᠨ ᠪᠠᠳᠤ ᠡᠵᠡᠮᠳᠡᠨ ᠨᠢᠬᠡ ᠯᠠ ᠠᠮᠢᠰᠬᠤᠭ᠎ᠠ ᠪᠠᠷ ᠴᠢᠷᠮᠠᠶᠢᠨ ᠠᠵᠢᠯᠯᠠᠵᠤ ᠴᠢᠨᠠᠷ ᠰᠠᠶᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠦ ᠴᠢᠬᠤᠯᠠᠴᠢᠯᠠᠪᠠ

  ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 17᠎ ᠤ ᠴᠠᠬᠢᠯᠭᠠᠨ ᠮᠡᠳᠡᠭᠡ ᠵᠢᠷᠭᠤᠳᠡᠬᠢ ᠪᠦᠬᠦ ᠤᠯᠤᠰ ᠤᠨ ᠶᠠᠳᠠᠭᠤ ᠶᠢ ᠲᠡᠳᠬᠦᠬᠦ ᠡᠳᠤᠷ ᠪᠤᠯᠬᠤ ᠲᠠᠰᠢᠷᠠᠮ ᠳᠤ᠂ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠴᠢᠬᠤᠯᠠ ᠵᠢᠭᠠᠪᠤᠷᠢ ᠦᠭᠴᠤ᠂ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠳᠤ ᠨᠠᠮ ᠪᠦᠬᠦ ᠰᠡᠳᠬᠢᠯ ᠪᠦᠬᠦ ᠵᠤᠷᠢᠬ ᠢᠶᠠᠷ ᠠᠷᠠᠳ ᠲᠦᠮᠡᠨ ᠳᠤ ᠤᠢᠢᠯᠡᠴᠢᠯᠡᠬᠦ ᠦᠨᠳᠤᠰᠤᠨ ᠵᠤᠷᠢᠯᠳᠠ ᠶᠢ ᠪᠠᠷᠢᠮᠳᠠᠯᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠶᠠᠳᠠᠭᠤ ᠬᠦᠴᠢᠷᠳᠡᠯ ᠳᠤ ᠲᠠᠰᠤᠷᠠᠯᠳᠠ ᠦᠭᠡᠢ ᠲᠠᠶᠢᠨ ᠵᠠᠷᠯᠠᠵᠤ᠂ ᠳᠤᠪᠤᠶᠢᠮ᠎ᠠ ᠠᠮᠵᠢᠯᠳᠠ ᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠬᠢᠯᠡᠬᠦᠯᠵᠤ᠂ ᠪᠦᠬᠦ ᠨᠠᠮ ᠪᠦᠬᠦ ᠤᠯᠤᠰ ᠲᠠᠶᠠᠭᠠᠷ ᠢᠶᠠᠨ ᠰᠡᠳᠬᠢᠯ ᠨᠢᠬᠡᠳᠤᠨ ᠴᠦᠬᠦᠷᠡᠰᠢ ᠦᠬᠡᠢ ᠲᠡᠮᠡᠴᠡᠵᠤ᠂ ᠴᠢᠬᠤᠯᠠ ᠶᠡᠭᠡ ᠠᠬᠢᠴᠠ ᠲᠠᠢ ᠪᠤᠯᠵᠠᠢ᠃ ᠳᠤᠮᠳᠠᠳᠤ ᠶᠢᠨ ᠦᠨᠳᠤᠰᠤᠳᠠᠨ ᠢ ᠬᠡᠳᠤᠨ ᠮᠢᠩᠭᠠᠨ ᠵᠢᠯ ᠭᠠᠴᠢᠬᠳᠠᠭᠤᠯᠤᠬᠰᠨᠨ ᠬᠠᠷᠢᠴᠠᠯᠠᠰᠢᠭᠦᠢ ᠶᠠᠳᠠᠭᠤ ᠬᠦᠴᠢᠷᠳᠠᠯᠳᠠᠢ ᠠᠰᠠᠭᠤᠳᠠᠯ ᠤᠳᠠᠯ ᠦᠬᠡᠢ ᠲᠡᠤᠬᠡᠳᠤ ᠴᠢᠨᠠᠷᠳᠠᠢ ᠪᠠᠷ ᠰᠢᠢᠳᠪᠤᠷᠢᠯᠡᠭᠳᠡᠬᠦ ᠪᠤᠯᠤᠨ᠎ᠠ᠂ ᠡᠨᠡ ᠨᠢ ᠪᠦᠬᠦ ᠪᠦᠮᠪᠦᠷᠴᠡᠭ ᠤᠨ ᠶᠠᠳᠠᠭᠤ ᠶᠢ ᠪᠠᠭᠠᠰᠬᠠᠬᠤ ᠤᠢᠢᠯᠡᠰ ᠲᠤ ᠴᠢᠬᠤᠯᠠ ᠬᠤᠪᠢ ᠨᠡᠮᠡᠷᠢ ᠦᠵᠡᠬᠦᠯᠬᠦ ᠪᠤᠯᠤᠨ᠎ᠠ ᠬᠡᠵᠤ ᠴᠢᠬᠤᠯᠠᠴᠢᠯᠠᠪᠠ᠃

  ᠰᠢ ᠶᠢᠨ ᠫᠢᠩ᠂ ᠤᠳᠤᠬᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠨᠢᠭᠡᠨᠳᠡ ᠰᠢᠢᠳᠪᠤᠷᠢᠳᠤ ᠲᠠᠶᠢᠯᠠᠯᠳᠤᠭᠠᠨ ᠬᠢᠵᠦ ᠰᠢᠢᠳᠪᠤᠷᠢᠳᠤ ᠢᠯᠠᠯᠳᠠ ᠤᠯᠬᠤ᠂ ᠪᠦᠬᠦ ᠲᠠᠯ᠎ᠠ ᠪᠠᠷ ᠰᠢᠪᠳᠤᠷᠠᠭᠠᠨ ᠳᠠᠭᠠᠨ ᠤᠷᠤᠬᠤ ᠵᠠᠩᠬᠢᠯᠠᠭ᠎ᠠ ᠶᠢᠨ ᠱᠠᠳᠤᠨ ᠳᠤ ᠤᠷᠤᠪᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠡᠷᠬᠡᠪᠰᠢ ᠬᠠᠷᠠᠯᠳᠠ ᠪᠠᠨ ᠪᠠᠳᠤ ᠡᠵᠡᠮᠳᠠᠨ ᠨᠢᠬᠡ ᠯᠠ ᠠᠮᠢᠰᠬᠤᠭ᠎ᠠ ᠪᠠᠷ ᠴᠢᠷᠮᠠᠶᠢᠨ ᠠᠵᠢᠯᠯᠠᠵᠤ᠂ ᠤᠨᠴᠠ ᠶᠠᠳᠠᠭᠤ ᠬᠦᠴᠢᠷᠳᠠᠯᠳᠠᠢ ᠶᠢᠨ ᠪᠠᠬᠢᠯᠡᠯᠳᠡ ᠶᠢ ᠡᠷᠡᠰ ᠰᠢᠪᠳᠤᠯᠤᠨ᠂ ᠶᠠᠳᠠᠭᠤ ᠬᠦᠴᠢᠷᠳᠠᠯᠳᠠᠢ ᠬᠦᠮᠤᠨ ᠠᠮᠠ ᠶᠢᠨ ᠠᠯᠪᠠᠨ ᠵᠢᠷᠤᠮ ᠤᠨ ᠰᠤᠷᠭᠠᠨ ᠬᠦᠮᠤᠵᠢᠯ᠂ ᠦᠨᠳᠤᠰᠤᠨ ᠡᠮᠴᠢᠯᠡᠬᠡᠨ᠂ ᠤᠷᠤᠨ ᠰᠠᠭᠤᠴᠠ ᠪᠠ ᠤᠰᠤ ᠤᠮᠳᠠ ᠶᠢᠨ ᠠᠮᠤᠷ ᠲᠦᠪᠰᠢᠨ ᠵᠡᠷᠬᠡ ᠲᠤᠳᠠᠭᠤᠳᠠᠯ ᠢ ᠬᠦᠴᠤᠯᠠᠨ ᠨᠦᠬᠦᠪᠤᠷᠢᠯᠠᠵᠤ᠂ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ ᠬᠦᠮᠤᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠤ᠂ ᠪᠦᠬᠦ ᠤᠯᠤᠰ ᠤᠨ ᠠᠷᠠᠳ ᠲᠦᠮᠡᠨ ᠲᠠᠢ ᠬᠠᠮᠳᠤ ᠪᠠᠷ ᠴᠢᠨᠡᠭᠡᠯᠢᠭ ᠨᠡᠶᠢᠬᠡᠮ ᠳᠤ ᠤᠷᠤᠬᠤ ᠶᠢ ᠪᠠᠳᠤᠯᠠᠬᠤ ᠭᠡᠷᠡᠭᠳᠠᠢ᠃ ᠪᠦᠳᠤᠮᠵᠢᠳᠠᠢ ᠠᠷᠭ᠎ᠠ ᠬᠡᠮᠵᠢᠶ᠎ᠠ ᠠᠪᠴᠤ ᠪᠠᠶᠢᠭᠠᠳ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠠ ᠪᠦᠲᠦᠭᠡᠯ ᠢᠶᠠᠨ ᠪᠠᠬᠢᠵᠢᠭᠦᠯᠦᠨ ᠦᠷᠬᠡᠳᠬᠡᠵᠤ᠂ ᠴᠢᠨᠠᠷ ᠰᠠᠶᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃

  ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠷᠤᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠤ᠂ ᠤᠳᠤᠬᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠨᠢᠭᠡᠨᠳᠡ ᠰᠢᠢᠳᠪᠤᠷᠢᠳᠦ ᠢᠯᠠᠯᠳᠠ ᠤᠯᠬᠤ ᠵᠠᠩᠬᠢᠯᠠᠭ᠎ᠠ ᠶᠢᠨ ᠱᠠᠳᠤᠨ ᠳᠤ ᠤᠷᠤᠪᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠷᠮᠠᠶᠢᠬᠰᠠᠨ ᠲᠡᠬᠡᠷ᠎ᠠ ᠪᠠᠨ ᠴᠢᠷᠮᠠᠶᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠡᠯ᠎ᠠ ᠵᠦᠢᠯ ᠤᠨ ᠠᠵᠢᠯ ᠢ ᠦᠷᠬᠦᠯᠵᠢᠯᠠᠨ ᠠᠬᠢᠭᠤᠯᠬᠤ ᠭᠡᠷᠡᠭᠳᠠᠢ᠃ ᠬᠤᠶᠠᠷ ᠲᠤ ᠵᠤᠪᠠᠭ᠋ᠤ ᠦᠭᠡᠢ ᠭᠤᠷᠪᠡ ᠶᠢ ᠪᠠᠳᠤᠯᠬᠠᠤ᠎ ᠶᠢᠨ ᠲᠤᠪᠤᠶᠢᠮ᠎ᠡ ᠠᠰᠠᠭᠤᠳᠠᠯ ᠢ ᠪᠦᠬᠦ ᠲᠠᠯ᠎ᠡ ᠪᠠᠷ ᠰᠢᠢᠳᠪᠤᠷᠢᠯᠡᠵᠤ᠂ ᠬᠦᠴᠦᠨ ᠢᠶᠠᠨ ᠲᠦᠪᠯᠡᠷᠡᠬᠦᠯᠦᠨ ᠤᠨᠴᠠ ᠶᠠᠳᠠᠭᠤ ᠬᠦᠴᠢᠷᠳᠡᠯᠳᠠᠢ ᠶᠢᠨ ᠪᠤᠭᠤᠮᠳᠠ ᠶᠢ ᠰᠢᠪᠳᠤᠯᠬᠤ ᠭᠡᠷᠡᠭᠳᠠᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠠᠵᠢᠯ ᠤᠯᠭᠤᠯᠳᠠ ᠪᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠨ᠂ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠭᠰᠡᠨ ᠤ ᠲᠠᠷᠠᠭᠠᠬᠢ ᠲᠡᠳᠬᠦᠮᠵᠢ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠤᠬᠰᠡᠨ ᠦᠷ᠎ᠡ ᠪᠦᠳᠦᠬᠡᠯ ᠢᠶᠠᠨ ᠪᠠᠬᠢᠵᠢᠬᠦᠯᠵᠤ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠭᠡᠷᠡᠭᠳᠠᠢ᠃ ᠵᠡᠬᠦᠨ ᠪᠠᠷᠠᠭᠤᠨ ᠤᠷᠤᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠠᠵᠢᠯ ᠲᠦᠷᠦᠯ ᠢᠶᠠᠷ ᠬᠠᠪᠰᠤᠷᠤᠨ ᠳᠡᠳᠬᠦᠬᠦ᠂ ᠴᠡᠭ ᠲᠤᠬᠳᠠᠭᠠᠨ ᠶᠠᠳᠠᠭᠤ ᠶᠢ ᠲᠡᠳᠬᠦᠬᠦ ᠵᠡᠷᠭᠡ ᠠᠵᠢᠯ ᠢ ᠦᠷᠬᠦᠯᠵᠢᠯᠡᠨ ᠯᠠᠪᠳᠠᠭᠤᠨ ᠪᠠᠳᠤᠳᠠᠢ ᠰᠠᠶᠢᠳᠤᠷ ᠬᠢᠵᠤ᠂ ᠦᠷᠬᠦᠯᠵᠢᠯᠡᠨ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠤᠷᠤᠯᠴᠠᠭᠤᠯᠤᠨ᠂ ᠡᠯ᠎ᠡ ᠲᠠᠯ᠎ᠡ ᠶᠢᠨ ᠬᠠᠮᠳᠤᠷᠠᠯ ᠬᠦᠴᠦᠨ ᠢ ᠪᠦᠷᠢᠯᠳᠦᠬᠦᠯᠵᠤ᠂ ᠡᠨᠡ ᠵᠢᠯ 1000 ᠲᠦᠮᠡ ᠠᠴᠠ ᠲᠡᠭᠡᠭᠰᠢᠬᠢ ᠶᠠᠳᠠᠭᠤ ᠬᠦᠴᠢᠷᠳᠠᠯᠳᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠬᠦᠷᠭᠡ ᠪᠠᠨ ᠦᠨᠡᠨ ᠬᠦ ᠪᠠᠶᠠᠯᠡᠬᠦᠯᠵᠤ᠂ ᠢᠷᠡᠬᠦ ᠵᠢᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠳᠤ ᠪᠠᠳᠤ ᠪᠠᠬᠢ ᠰᠠᠭᠤᠷᠢ ᠲᠠᠯᠪᠢᠵᠤ ᠦᠭᠬᠦ ᠭᠡᠷᠡᠭᠳᠠᠢ ᠭᠡᠵᠤ ᠵᠢᠭᠠᠵᠤ ᠭᠠᠷᠭᠠᠪᠠ᠃

  ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠱᠠᠩᠨᠠᠯ ᠤᠨ ᠬᠦᠬᠢᠬᠦᠯᠤᠨ ᠰᠠᠶᠢᠰᠢᠶᠠᠬᠤ ᠶᠡᠭᠡ ᠬᠤᠷᠠᠯ ᠵᠢᠴᠢ ᠲᠡᠷᠢᠬᠦᠨ ᠤ ᠦᠢᠯᠡ ᠠᠵᠢᠯᠯᠠᠭ᠎ᠠ ᠶᠢᠨ ᠮᠡᠳᠡᠬᠦᠯᠦᠯᠳᠠ ᠶᠢᠨ ᠬᠤᠷᠠᠯ 17᠎ ᠤ ᠦᠳᠠ ᠶᠢᠨ ᠡᠮᠤᠨ᠎ᠡ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠯᠢ ᠺᠧ ᠴᠢᠶᠠᠩ ᠤᠨ ᠴᠤᠬᠤᠯᠠᠪᠤᠷᠢ ᠶᠢ ᠤᠯᠠᠮᠵᠢᠯᠠᠨ ᠰᠤᠷᠤᠯᠴᠠᠵᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠬᠤ᠋ ᠴᠦᠨ ᠬᠤᠸᠠ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠪᠠ᠃ ᠲᠡᠷᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠲᠡᠷᠢᠬᠦᠨ ᠤ ᠵᠢᠱᠢᠶᠠᠴᠢ ᠪᠤᠯᠤᠨ ᠨᠡᠶᠢᠳᠡᠯᠢᠭ ᠲᠦᠯᠦᠭᠡᠯᠡᠭᠴᠢ ᠶᠢᠨ ᠦᠯᠢᠭᠡᠷ ᠳᠠᠭᠤᠷᠢᠶᠠᠯ ᠤᠳᠤᠷᠢᠳᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠡᠴᠤᠰ ᠤᠨ ᠪᠤᠭᠤᠮᠳᠠ ᠶᠢ ᠡᠷᠡᠰ ᠰᠢᠪᠳᠤᠯᠤᠨ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠬᠳᠤᠬᠠᠨ ᠴᠦ ᠰᠤᠯᠠᠷᠠᠭᠤᠯᠤᠯ ᠦᠭᠡᠢ ᠪᠠᠷ ᠨᠡᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢᠶᠠᠨ ᠪᠠᠬᠢᠵᠢᠬᠦᠯᠤᠨ ᠦᠷᠭᠡᠳᠭᠡᠬᠦ ᠪᠠᠷ ᠬᠦᠴᠦᠯᠡᠨ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠦᠴᠦᠨ ᠢ ᠦᠷᠭᠡᠨ ᠢᠶᠠᠷ ᠨᠢᠬᠳᠠᠷᠠᠭᠤᠯᠤᠨ᠂ ᠦᠨᠳᠦᠰᠦᠨ ᠱᠠᠳᠤᠨ ᠤ ᠶᠠᠳᠠᠭᠤ ᠶᠢ ᠲᠡᠳᠬᠦᠬᠦ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠭᠡᠷᠡᠭᠳᠠᠢ᠃ ᠱᠠᠩᠨᠠᠯ ᠬᠦᠷᠳᠡᠭᠰᠡᠳ ᠢᠷᠠᠭᠤ ᠠᠯᠳᠠᠷ ᠢᠶᠠᠨ ᠨᠡᠨᠳᠢᠩᠨᠡᠨ᠂ ᠰᠠᠶᠢᠨ ᠦᠯᠢᠭᠡᠷ ᠲᠠᠭᠤᠷᠢᠶᠠᠯ ᠪᠤᠯᠵᠤ᠂ ᠲᠡᠬᠢᠨ ᠰᠢᠨ᠎ᠡ ᠭᠠᠪᠢᠶ᠎ᠡ ᠪᠠᠶᠢᠭᠤᠯᠬᠤ ᠶᠢ ᠬᠦᠰᠡᠵᠤ ᠪᠠᠶᠢᠨ᠎ᠡ ᠭᠡᠵᠤ ᠵᠢᠭᠠᠵᠤ ᠭᠠᠷᠭᠠᠪᠠ᠃

  ᠬᠤᠷᠠᠯ ᠠᠴᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠱᠠᠩᠨᠠᠯ ᠬᠦᠷᠳᠡᠭᠰᠡᠳ ᠢ ᠬᠦᠬᠢᠬᠦᠯᠤᠨ ᠰᠠᠶᠢᠰᠢᠶᠠᠪᠠ᠂ ᠴᠧᠨ ᠸᠠᠩ ᠬᠤᠢ᠂ ᠯᠢ ᠫᠧᠩ᠂ ᠯᠢᠤ ᠱᠤᠸᠠᠩ ᠶᠠᠨ᠂ ᠵᠠᠩ ᠢᠦᠢ ᠰᠢ᠂ ᠸᠠᠩ ᠵᠢᠶᠠᠨ ᠴᠢᠤ᠂ ᠯᠧᠩ ᠵᠢᠦᠢ ᠵᠧᠨ ᠵᠡᠷᠭᠡ ᠱᠠᠩᠨᠠᠯ ᠬᠦᠷᠳᠡᠭᠰᠡᠳ ᠤᠨ ᠲᠦᠯᠦᠭᠡᠯᠡᠭᠴᠢ ᠲᠡᠷᠢᠬᠦᠨ ᠤ ᠦᠢᠯᠡ ᠠᠵᠢᠯᠯᠠᠭ᠎ᠠ ᠶᠢᠨ ᠮᠡᠳᠡᠬᠦᠯᠦᠯᠳᠠ ᠬᠢᠵᠠᠢ᠃

  2019 ᠤᠨ ᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠱᠠᠩᠨᠠᠯ ᠬᠦᠷᠳᠡᠭᠰᠡᠳ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ᠂ ᠴᠡᠭ ᠲᠤᠬᠳᠠᠭᠠᠨ ᠶᠠᠳᠠᠭᠤ ᠶᠢ ᠲᠡᠳᠬᠦᠬᠦ ᠡᠬᠦᠷᠭᠡ ᠶᠢ ᠡᠬᠦᠷᠭᠡᠯᠡᠭᠰᠡᠨ ᠪᠡᠭᠡᠵᠢᠩ ᠳᠤ ᠪᠠᠶᠢᠭ᠎ᠠ ᠲᠦᠪ ᠤᠨ ᠪᠠᠶᠢᠭᠤᠯᠭ᠎ᠠ ᠨᠢᠭᠡᠴᠢ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com