ᠪᠡᠭᠡᠵᠢᠩ ᠥᠪᠥᠷ ᠮᠣᠩᠭᠤᠯ ᠤᠨ ᠲᠤᠭᠲᠠᠭᠰᠠᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ 3 ᠵᠢᠯ ᠤᠨ ᠠᠵᠢᠯᠯᠠᠭ᠎ᠠ ᠶᠢᠨ ᠪᠣᠷᠣ ᠲᠥᠯᠥᠪ ᠤᠨ ᠵᠦᠪᠳᠡᠯᠴᠡᠭᠡᠷ ᠨᠢ 30 ᠳ᠋ᠦᠩᠰᠢᠭᠤᠷ ᠲᠦᠬᠦᠷᠢᠩ ᠢᠶᠠᠷ ᠥᠪᠥᠷ ᠮᠤᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠶᠢ ᠬᠠᠪᠰᠤᠷᠤᠨ ᠲᠤᠰᠠᠯᠠᠬᠤ ᠪᠤᠯᠵᠠᠢ

  10᠎᠎ ᠤ ᠡᠳᠦᠷ ᠤᠨ ᠦᠳᠡ ᠶᠢᠨ ᠬᠤᠶᠢᠨ᠎ᠠ᠂ ᠪᠡᠭᠡᠵᠢᠩ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠯᠤᠭ᠎ᠠ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠪᠣᠷᠣ ᠲᠥᠯᠥᠪ ᠤᠨ ᠵᠦᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠢᠷᠡᠬᠦ ᠭᠤᠷᠪᠠᠨ ᠵᠢᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠡᠭᠦᠷᠭᠡ ᠶᠢᠨ ᠪᠢᠴᠢᠭ ᠢ ᠤᠯᠠᠮ ᠨᠢᠭᠡ ᠠᠯᠬᠤᠮ ᠲᠤᠳᠤᠷᠬᠠᠶᠢᠯᠠᠪᠠ᠃ ᠡᠨᠡ ᠵᠢᠯ ᠠᠴᠠ ᠡᠬᠢᠯᠡᠨ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ᠎ ᠤ ᠪᠡᠯᠡ ᠮᠥᠩᠭᠦ ᠶᠢ ᠤᠤᠯ ᠤᠨ ᠲᠦᠯᠦᠪᠯᠡᠭᠰᠡᠨ ᠰᠢᠶᠠᠨ ᠪᠦᠷᠢ ᠶᠢᠨ 1000 ᠲᠦᠮᠡᠨ ᠲᠥᠭᠦᠷᠢᠭ ᠠᠴᠠ ᠨᠢ 3000 ᠲᠦᠮᠡᠨ ᠲᠥᠭᠦᠷᠢᠭ ᠪᠤᠯᠭᠠᠨ ᠨᠡᠮᠡᠭᠳᠡᠭᠦᠯᠵᠦ᠂ ᠬᠤᠶᠢᠰᠢᠳᠠ ᠶᠢᠨ ᠭᠤᠷᠪᠠᠨ ᠵᠢᠯ ᠳᠤ ᠶᠠᠳᠠᠭᠤ ᠶᠢ ᠲᠡᠳᠬᠦᠬᠦ ᠬᠠᠮᠵᠢᠯᠴᠠᠭᠠᠨ᠎ ᠤ ᠪᠡᠯᠡ ᠮᠥᠩᠭᠦ ᠶᠢ ᠤᠤᠯ ᠤᠨ ᠲᠦᠯᠦᠪᠯᠡᠭᠰᠡᠨ ᠨᠡᠶᠢᠲᠡ 9.92 ᠳ᠋ᠦᠩᠰᠢᠭᠤᠷ ᠲᠥᠭᠦᠷᠢᠭ ᠠᠴᠠ ᠨᠢ 29.75 ᠳ᠋ᠦᠩᠰᠢᠭᠤᠷ ᠲᠦᠬᠦᠷᠢᠭ ᠪᠤᠯᠭᠠᠨ ᠨᠡᠮᠡᠭᠳᠡᠭᠦᠯᠵᠦ᠂ ᠤᠤᠯ ᠤᠨ ᠲᠦᠯᠦᠪᠯᠡᠯᠭᠡ ᠠᠴᠠ ᠨᠡᠶᠢᠲᠡ 19.83 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠎ ᠤ ᠬᠠᠪᠰᠤᠷᠤᠨ ᠲᠡᠳᠬᠦᠬᠦᠯᠬᠦ ᠭᠠᠵᠠᠷ ᠣᠷᠣᠨ ᠢ 2020 ᠣᠨ ᠪᠤᠯᠬᠤ ᠳᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠭᠦᠯᠬᠦ ᠪᠤᠯᠵᠠᠢ᠃

  ᠲᠠᠨᠢᠯᠴᠠᠭᠤᠯᠤᠭᠰᠠᠨ ᠢᠶᠠᠷ᠂ ᠲᠥᠪ ᠠᠴᠠ ᠪᠡᠭᠡᠵᠢᠩ ᠬᠤᠲᠠ ᠳᠤ ᠲᠤᠰᠢᠶᠠᠵᠤ ᠦᠭᠭᠦᠭᠰᠡᠨ ᠠᠵᠢᠯ ᠲᠦᠷᠦᠯ ᠢᠶᠠᠷ ᠢᠶᠠᠨ ᠳᠡᠮᠵᠢᠬᠦ᠂ ᠬᠠᠪᠰᠤᠷᠤᠨ ᠲᠡᠳᠬᠦᠬᠦ᠂ ᠬᠠᠮᠵᠢᠯᠴᠠᠬᠤ ᠡᠭᠦᠷᠭᠡ ᠳᠤ 7 ᠮᠤᠵᠢ ᠣᠷᠣᠨ᠎ ᠤ 89 ᠰᠢᠶᠠᠨ᠎ ᠤ ᠳᠡᠰ ᠤᠨ ᠣᠷᠣᠨ ᠭᠠᠵᠠᠷ ᠪᠠᠭᠲᠠᠨ᠎ᠠ᠂ ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠎ ᠤ 7 ᠠᠶᠢᠮᠠᠭ ᠬᠤᠲᠠ ᠶᠢᠨ 31 ᠬᠤᠰᠢᠭᠤ ᠰᠢᠶᠠᠨ ᠪᠠᠭᠲᠠᠨ᠎ᠠ᠃ 1996 ᠣᠨ ᠠᠴᠠ ᠡᠬᠢᠯᠡᠵᠦ᠂ ᠬᠤᠶᠠᠷ ᠤᠷᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠵᠠᠢ᠃

  ᠡᠨᠡ ᠬᠦ ᠳᠡᠰ ᠳᠡᠪᠰᠢᠭᠦᠯᠦᠭᠰᠡᠨ ᠶᠠᠳᠠᠭᠤ ᠶᠢ ᠲᠡᠳᠬᠦᠬᠦ ᠬᠠᠮᠵᠢᠯᠴᠠᠭᠠᠨ᠎ ᠤ ᠵᠦᠪᠳᠡᠯᠴᠡᠭᠡᠷ ᠢ ᠦᠨᠳᠦᠰᠦᠯᠡᠨ᠂ ᠬᠤᠶᠠᠷ ᠤᠷᠤᠨ ᠤ ᠬᠢᠨ ᠭᠤᠣᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠶᠢᠯ ᠤᠨ ᠤᠨᠤᠪᠴᠢᠲᠠᠢ ᠠᠷᠭ᠎ᠠ ᠪᠣᠳᠣᠯᠭ᠎ᠠ ᠠᠪᠬᠤ᠂ ᠲᠤᠬᠠᠶ ᠶᠢᠨ ᠭᠠᠵᠠᠷ ᠨᠢ ᠭᠤᠣᠯ ᠴᠤᠭᠴᠠ ᠪᠤᠯᠬᠤ᠂ ᠬᠠᠪᠰᠤᠷᠤᠨ ᠲᠡᠳᠬᠦᠵᠦ ᠬᠦᠴᠦ ᠨᠡᠮᠡᠬᠦ᠂ ᠥᠷᠭᠡᠨ ᠢᠶᠠᠷ ᠳᠠᠶᠢᠴᠢᠯᠠᠬᠤ᠂ ᠬᠠᠮᠲᠤᠷᠠᠯᠴᠠᠨ ᠬᠥᠭᠵᠢᠬᠦ ᠵᠠᠷᠴᠢᠮ ᠢ ᠵᠢᠷᠤᠮᠯᠠᠵᠤ᠂ ᠤᠨᠴᠠ ᠶᠠᠳᠠᠭᠤ ᠬᠦᠴᠢᠷᠳᠡᠯᠲᠡᠶ ᠭᠠᠵᠠᠷ ᠤᠷᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠪᠡᠯᠡ ᠮᠥᠩᠭᠦ᠂ ᠬᠠᠪᠰᠤᠷᠤᠨ ᠲᠡᠳᠬᠦᠬᠦ ᠲᠦᠷᠦᠯ ᠵᠦᠢᠯ᠂ ᠴᠢᠳᠠᠪᠤᠷᠢᠲᠠᠨ᠎ ᠤ ᠳᠡᠮᠵᠢᠯᠭᠡ ᠵᠡᠷᠭᠡ ᠶᠢ ᠤᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠵᠦᠭ ᠲᠥᠪᠯᠡᠷᠡᠩᠭᠦᠶ ᠬᠡᠯᠪᠡᠶᠢᠯᠭᠡᠨ᠎ᠡ︔ ᠤᠨᠴᠠ ᠶᠠᠳᠠᠭᠤ ᠬᠦᠴᠢᠷᠳᠡᠯᠲᠡᠶ ᠬᠦᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠪᠡᠯᠡ ᠮᠦᠩᠭᠦ ᠶᠢ 80%᠎ ᠠᠴᠠ ᠳᠡᠭᠡᠭᠰᠢ ᠶᠢ ᠨᠢ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠳᠤ ᠨᠢᠭᠲᠠ ᠬᠠᠷᠢᠴᠠᠭ᠎ᠠ ᠲᠠᠢ ᠲᠦᠷᠦᠯ ᠵᠦᠢᠯ ᠳᠡᠭᠡᠷ᠎ᠡ ᠬᠡᠷᠡᠭᠯᠡᠵᠦ᠂ ᠡᠪᠡᠳᠴᠢᠨ᠂ ᠰᠤᠷᠤᠯᠭ᠎ᠠ᠂ ᠵᠡᠮᠳᠡᠭ ᠵᠡᠷᠭᠡ ᠰᠢᠯᠲᠠᠭᠠᠨ ᠢᠶᠠᠷ ᠶᠠᠳᠠᠭᠤᠷᠠᠭᠰᠠᠨ ᠬᠠᠷᠢᠴᠠᠯ ᠢᠶᠠᠷ ᠨᠡᠯᠢᠶᠡᠳ ᠥᠨᠳᠥᠷ ᠪᠠᠶᠢᠬᠤ ᠬᠥᠮᠦᠰ ᠢ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ︔ ᠲᠤᠶᠢᠯ ᠤᠨ ᠤᠨᠤᠪᠴᠢᠲᠠᠢ ᠠᠷᠭ᠎ᠠ ᠪᠣᠳᠣᠯᠭ᠎ᠠ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠤᠨ ᠨᠢᠭᠡ ᠪᠦᠯᠦᠭ᠎ ᠤᠨ ᠦᠨᠳᠦᠰᠦᠨ ᠰᠡᠳᠬᠢᠴᠡ ᠪᠠ ᠤᠯᠤᠰ ᠤᠨ ᠬᠢᠨᠠᠨ ᠰᠢᠯᠭᠠᠬᠤ ᠵᠢᠷᠭᠤᠭᠠᠨ ᠵᠦᠢᠯ ᠤᠨ ᠭᠤᠣᠯᠳᠠᠯᠭ᠎ᠠ ᠶᠤᠰᠤᠭᠠᠷ᠂ ᠬᠥᠮᠦᠨ ᠪᠦᠷᠢ ᠡᠷᠦᠬᠡ ᠪᠦᠷᠢ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠠᠪᠤᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com