ᠪᠡᠬᠡᠵᠢᠩ ᠬᠤᠳᠠ ᠶᠢᠨ ᠳᠦᠯᠦᠬᠡᠯᠡᠭᠴᠢᠳ ᠤᠨ ᠪᠦᠯᠬᠦᠮ ᠮᠠᠨ᠎ ᠤ ᠤᠷᠤᠨ ᠳᠤ ᠢᠷᠡᠵᠥ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ᠎ ᠤ ᠠᠵᠢᠯ ᠢ ᠰᠢᠨᠵᠢᠯᠡᠨ ᠪᠠᠶᠢᠴᠠᠭᠠᠪᠠ

  8 ᠰᠠᠷ᠎ᠠ ᠶᠢᠨ 28᠎ ᠤ ᠡᠳᠤᠷ ᠠᠴᠠ 31᠎ ᠤ ᠡᠳᠤᠷ ᠪᠤᠯᠳᠠᠯ᠎ᠠ᠂ ᠪᠡᠬᠡᠵᠢᠩ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠯᠢ ᠸᠧᠢ ᠪᠡᠬᠡᠵᠢᠩ ᠬᠤᠳᠠ ᠶᠢᠨ ᠳᠦᠯᠦᠬᠡᠯᠡᠭᠴᠢᠳ ᠤᠨ ᠪᠦᠯᠬᠦᠮ ᠢ ᠳᠠᠭᠠᠭᠤᠯᠤᠨ ᠮᠠᠨ᠎ ᠤ ᠤᠷᠤᠨ ᠳᠤ ᠢᠷᠡᠵᠥ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ᠎ ᠤ ᠠᠵᠢᠯ ᠢ ᠰᠢᠨᠵᠢᠯᠡᠨ ᠪᠠᠶᠢᠴᠠᠭᠠᠪᠠ᠃ ᠲᠡᠳᠡ ᠤᠷᠢᠳ ᠬᠤᠵᠢᠳ ᠤᠯᠠᠭᠠᠨᠬᠠᠳᠠ ᠬᠤᠳᠠ ᠪᠤᠯᠤᠨ ᠰᠢᠯᠢ ᠶᠢᠨ ᠭᠤᠤᠯ ᠠᠶᠢᠮᠠᠭ ᠲᠤ ᠬᠦᠷᠴᠤ᠂ ᠠᠵᠥ ᠠᠬᠤᠢᠢᠯᠠᠯ ᠵᠢᠴᠢ ᠶᠠᠳᠠᠭᠤ ᠶᠢ ᠳᠡᠳᠬᠦᠬᠦ ᠬᠠᠮᠵᠢᠯᠴᠠᠭᠠᠨ᠎ ᠤ ᠳᠦᠷᠦᠯ ᠵᠦᠢᠯ ᠢ ᠰᠢᠨᠵᠢᠯᠡᠨ ᠪᠠᠶᠢᠴᠠᠭᠠᠬᠤ ᠶᠢᠨ ᠬᠠᠮᠳᠤ᠂ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ᠎ ᠤ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠤᠨ ᠳᠠᠷᠠᠭ᠎ᠠ᠂ ᠬᠠᠮᠳᠤᠷᠠᠯᠴᠠᠭᠠᠨ᠎ ᠤ ᠳᠦᠷᠦᠯ ᠵᠦᠢᠯ ᠳᠤ ᠭᠠᠷ ᠤᠨ ᠦᠰᠦᠭ ᠵᠢᠷᠤᠬᠤ ᠶᠤᠰᠤᠯᠠᠯ ᠶᠠᠪᠤᠭᠤᠯᠪᠠ᠃ ᠦᠪᠡᠷᠳᠡᠬᠡᠨ ᠵᠠᠰᠠᠬᠤ ᠤᠷᠤᠨ᠎ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠪᠦᠸᠧ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠶᠠᠷᠢᠯᠴᠠᠬᠤ ᠬᠤᠷᠠᠯ ᠳᠤ ᠤᠷᠤᠯᠴᠠᠬᠤ ᠶᠢᠨ ᠬᠠᠮᠳᠤ ᠪᠠᠷ᠎ᠠ ᠪᠤᠯᠵᠥ ᠰᠢᠨᠵᠢᠯᠠᠨ ᠪᠠᠶᠢᠴᠠᠭᠠᠪᠠ᠃

  ᠨᠠᠮ ᠤᠨ ᠳᠦᠪ ᠬᠤᠷᠢᠶ᠎ᠠ ᠶᠢᠨ ᠵᠡᠭᠦᠨ ᠪᠠᠷᠠᠭᠤᠨ ᠤᠷᠤᠨ᠎ ᠤ ᠶᠠᠳᠠᠭᠤ ᠶᠢ ᠲᠡᠳᠭᠦᠬᠦ ᠬᠠᠮᠵᠢᠯᠴᠠᠭ᠎ᠠ ᠦᠷᠨᠢᠬᠦᠯᠬᠦ ᠳᠤᠬᠠᠢ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠦᠢᠷ᠎ᠠ ᠶᠢᠨ ᠵᠢᠯ ᠤᠨ ᠳᠤᠷᠰᠢ᠂ ᠪᠡᠬᠡᠵᠢᠩ ᠦᠪᠦᠷ ᠮᠤᠩᠭᠤᠯ ᠬᠤᠶᠠᠷ ᠭᠠᠵᠠᠷ ᠤᠷᠢᠳ ᠬᠤᠵᠢᠳ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭ᠎ᠠ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠪᠦᠳᠦᠬᠦᠪᠴᠢ ᠬᠡᠯᠡᠯᠴᠡᠬᠡᠷ᠂ 2018 ᠤᠨ᠎ ᠤ ᠵᠡᠭᠦᠨ ᠪᠠᠷᠠᠭᠤᠨ ᠤᠷᠤᠨ᠎ ᠤ ᠶᠠᠳᠠᠭᠤ ᠶᠢ ᠲᠡᠳᠭᠦᠬᠦ ᠬᠠᠮᠵᠢᠯᠴᠠᠭ᠎ᠠ ᠶᠢᠨ ᠬᠡᠯᠡᠯᠴᠡᠬᠡᠷ ᠲᠤ ᠭᠠᠷ ᠤᠨ ᠦᠰᠦᠭ ᠵᠢᠷᠤᠵᠥ᠂ ᠪᠡᠯᠡ ᠮᠦᠩᠬᠦ ᠶᠢᠨ ᠤᠷᠤᠭᠤᠯᠤᠯᠳᠠ᠂ ᠠᠵᠥ ᠦᠢᠯᠡᠰ ᠤᠨ ᠬᠠᠮᠳᠤᠷᠠᠯᠴᠠᠭ᠎ᠠ᠂ ᠬᠦᠳᠡᠯᠮᠤᠷᠢ ᠦᠢᠯᠡᠴᠢᠯᠡᠭᠡ ᠶᠢᠨ ᠬᠠᠮᠵᠢᠯᠴᠠᠭ᠎ᠠ᠂ ᠴᠢᠳᠠᠪᠤᠷᠢᠳᠠᠨ᠎ ᠤ ᠰᠤᠯᠢᠯᠴᠠᠭ᠎ᠠ ᠶᠢᠨ ᠳᠠᠯ᠎ᠠ ᠪᠠᠷ ᠬᠠᠮᠳᠤᠷᠠᠯᠴᠠᠭᠠᠨ᠎ ᠤ ᠡᠷᠴᠢᠮ ᠢᠶᠠᠨ ᠳᠠᠰᠤᠷᠠᠯᠳᠠ ᠦᠬᠡᠢ ᠴᠢᠩᠭᠠᠷᠠᠭᠤᠯᠵᠥ᠂ ᠬᠠᠪᠰᠤᠷᠤᠨ ᠳᠡᠳᠬᠦᠬᠦ ᠬᠠᠮᠵᠢᠯᠴᠠᠭ᠎ᠠ ᠶᠢᠨ ᠦᠷᠬᠡᠴᠡ ᠶᠢᠨ ᠬᠡᠮᠵᠢᠶ᠎ᠡ᠂ ᠬᠦᠨᠴᠡ ᠶᠢᠨ ᠬᠡᠮᠵᠢᠶ᠎ᠡ᠂ ᠬᠦᠴᠦᠯᠡᠴᠡ ᠶᠢᠨ ᠬᠡᠮᠵᠢᠶ᠎ᠡ ᠪᠦᠷ ᠶᠡᠭᠡ ᠪᠠᠷ ᠴᠢᠩᠭᠠᠷᠠᠵᠥ᠂ ᠬᠤᠵᠢᠮ ᠤᠨ ᠬᠠᠮᠳᠤᠷᠠᠯᠴᠠᠭ᠎ᠠ ᠶᠢᠨ ᠬᠦᠨ ᠳᠠᠪᠬᠤᠷᠭ᠎ᠠ ᠳᠡᠶᠢᠰᠢ ᠬᠦᠭᠵᠢᠬᠦ ᠳᠤ ᠪᠠᠳᠤ ᠪᠠᠬᠢ ᠰᠠᠭᠤᠷᠢ ᠬᠠᠩᠭᠠᠵᠥ ᠦᠭᠪᠡ᠃

  ᠯᠢ ᠸᠧᠢ᠂ ᠪᠡᠭᠡᠵᠢᠩ ᠬᠤᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠵᠤᠯᠭᠠᠯᠴᠠᠭᠤᠯᠵᠤ᠂ ᠢᠳᠡᠪᠬᠢᠲᠡᠢ ᠵᠢᠳᠭᠦᠯ ᠴᠢᠷᠮᠠᠶᠢᠯᠭ᠎ᠠ ᠭᠠᠷᠭᠠᠵᠤ᠂ ᠤᠨᠢᠨ ᠳᠡᠭᠡᠷ᠎ᠡ ᠭᠡᠬᠦ ᠬᠤᠶᠠᠷ ᠦᠭᠡᠨ ᠳᠡᠭᠡᠷ᠎ᠡ ᠬᠦᠴᠦ ᠭᠠᠷᠭᠠᠵᠤ᠂ ᠡᠯ᠎ᠡ ᠱᠠᠲᠤᠨ᠎ ᠤ ᠵᠤᠯᠭᠠᠯᠴᠠᠭ᠎ᠠ ᠶᠢ ᠴᠢᠩᠭᠠᠳᠬᠠᠵᠤ᠂ ᠪᠡᠭᠡᠵᠢᠩ ᠦᠪᠦᠷ ᠮᠤᠩᠭᠤᠯ ᠬᠤᠶᠠᠷ ᠭᠠᠵᠠᠷ ᠤᠨ ᠠᠵᠦ ᠦᠢᠯᠡᠰ ᠤᠨ ᠬᠦᠴᠦᠨ ᠵᠦᠢᠯ ᠤᠨ ᠳᠤᠲᠠᠭᠤᠳᠠᠯ ᠪᠤᠯᠤᠨ ᠳᠠᠪᠠᠭᠤᠯᠢᠭ ᠢᠶᠠᠨ ᠬᠠᠷᠢᠯᠴᠠᠨ ᠬᠤᠪᠢᠷᠠᠭᠤᠯᠬᠤ ᠲᠦᠷᠦᠯ ᠵᠦᠢᠯ ᠢ ᠠᠩᠬᠠᠷᠤᠨ ᠰᠤᠳᠤᠯᠵᠤ᠂ ᠠᠵᠦ ᠦᠢᠯᠡᠰ ᠢᠶᠠᠷ ᠠᠵᠢᠯ ᠤᠯᠭᠤᠯᠲᠠ ᠶᠢ ᠳᠠᠶᠢᠴᠢᠯᠠᠬᠤ ᠶᠢ ᠴᠢᠩᠭᠠᠳᠬᠠᠵᠤ᠂ ᠶᠠᠳᠠᠭᠤ ᠶᠢ ᠳᠡᠳᠬᠦᠬᠦ ᠬᠠᠮᠵᠢᠯᠴᠠᠭ᠎ᠠ ᠶᠢᠨ ᠠᠴᠢ ᠲᠤᠰᠠ ᠶᠢ ᠤᠯᠠᠮ ᠴᠢᠨᠠᠭᠰᠢᠳᠠ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠠᠴᠠ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠨᠢ ᠦᠪᠦᠷ ᠮᠤᠩᠭᠤᠯ ᠳᠤ ᠪᠡᠭᠡᠵᠢᠩ ᠬᠤᠲᠠ ᠶᠢᠨ ᠬᠠᠪᠰᠤᠷᠤᠨ ᠳᠡᠮᠵᠢᠬᠦ ᠡᠬᠢ ᠪᠠᠶᠠᠯᠢᠭ ᠢ ᠰᠠᠶᠢᠲᠤᠷ ᠬᠡᠷᠡᠭᠯᠡᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ᠎ ᠤ ᠢᠯᠠᠯᠲᠠ ᠶᠢ ᠤᠯᠬᠤ ᠡᠷᠬᠢᠮ ᠨᠠᠨᠳᠢᠨ ᠠᠵᠠ ᠳᠤᠬᠢᠶᠠᠯ ᠢ ᠠᠪᠴᠢᠷᠠᠨ ᠦᠭᠴᠦ᠂ ᠲᠡᠷᠢᠭᠦᠨ᠎ ᠤ ᠭᠠᠵᠠᠷ ᠤᠷᠤᠨ᠎ ᠤ ᠲᠤᠷᠰᠢᠯᠭ᠎ᠠ ᠶᠢ ᠰᠤᠷᠤᠯᠴᠠᠬᠤ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠡᠷᠬᠢᠮ ᠨᠠᠨᠳᠢᠨ ᠠᠵᠠ ᠳᠤᠬᠢᠶᠠᠯ ᠢ ᠠᠪᠴᠢᠷᠠᠵᠤ ᠦᠭᠪᠡ᠃ ᠪᠡᠭᠡᠵᠢᠩ ᠦᠪᠦᠷ ᠮᠤᠩᠭᠤᠯ ᠬᠤᠶᠠᠷ ᠭᠠᠵᠠᠷ ᠤᠨ ᠠᠵᠦ ᠦᠢᠯᠡᠰ ᠪᠤᠯᠤᠨ ᠲᠦᠷᠦᠯ ᠵᠦᠢᠯ ᠤᠨ ᠭᠦᠨᠵᠡᠭᠡᠢ ᠠᠭᠤᠰᠤᠯᠴᠠᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠪᠡᠭᠡᠵᠢᠩ ᠦᠪᠦᠷ ᠮᠤᠩᠭᠤᠯ ᠬᠤᠶᠠᠷ ᠭᠠᠵᠠᠷ ᠤᠨ ᠳᠠᠪᠠᠭᠤᠯᠢᠭ ᠡᠬᠢ ᠪᠠᠶᠠᠯᠢᠭ ᠤᠨ ᠤᠨᠢᠴᠢᠯᠠᠭᠰᠠᠨ ᠵᠤᠯᠭᠠᠯᠴᠠᠭ᠎ᠠ ᠶᠢ ᠴᠢᠩᠭᠠᠳᠬᠠᠵᠤ᠂ ᠪᠡᠭᠡᠵᠢᠩ ᠦᠪᠦᠷ ᠮᠤᠩᠭᠤᠯ ᠬᠤᠶᠠᠷ ᠭᠠᠵᠠᠷ ᠤᠨ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠳᠡᠮᠵᠢᠬᠦ ᠲᠤᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠶᠠᠷ ᠭᠠᠵᠠᠷ ᠤᠨ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠦᠭᠵᠢᠯᠲᠡ ᠶᠢ ᠬᠠᠮᠲᠤ ᠪᠠᠷ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com