ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠢᠢᠯᠠᠩ ᠪᠡᠬᠡᠵᠢᠩ ᠳᠤ ᠳᠦᠪ ᠤᠨ ᠨᠢᠬᠡᠴᠢ ᠶᠢᠨ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠠᠵᠢᠯ ᠤᠨ ᠳᠤᠬᠠᠢ ᠶᠠᠷᠢᠯᠴᠠᠬᠤ ᠬᠤᠷᠠᠯ ᠬᠢᠪᠡ

  6 ᠰᠠᠷ᠎ᠠ ᠶᠢᠨ 6᠎ ᠤ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠢᠢᠯᠠᠩ ᠪᠡᠬᠡᠵᠢᠩ ᠳᠤ ᠳᠦᠪ ᠤᠨ ᠨᠢᠬᠡᠴᠢ ᠶᠢᠨ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠠᠵᠢᠯ ᠤᠨ ᠳᠤᠬᠠᠢ ᠶᠠᠷᠢᠯᠴᠠᠬᠤ ᠬᠤᠷᠠᠯ ᠬᠢᠵᠦ᠂ ᠮᠠᠨ ᠤ ᠤᠷᠤᠨ ᠤ 31 ᠤᠯᠤᠰ ᠤᠨ ᠳᠡᠰ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ ᠳᠤᠬᠳᠠᠬᠰᠠᠨ ᠴᠡᠭ ᠲᠤ ᠬᠠᠪᠰᠤᠷᠤᠨ ᠳᠡᠳᠬᠦᠵᠦ ᠪᠠᠶᠢᠭ᠎ᠠ ᠳᠦᠪ ᠤᠨ 26 ᠨᠢᠬᠡᠴᠢ ᠶᠢᠨ ᠬᠢᠨ ᠲᠠᠢ ᠶᠠᠷᠢᠯᠴᠠᠭ᠎ᠠ ᠰᠤᠯᠢᠯᠴᠠᠭ᠎ᠠ ᠬᠢᠪᠡ᠃

  ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠦ ᠦᠬᠡ ᠬᠡᠯᠡᠪᠡ᠃ ᠳᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠯᠪᠠᠨ ᠬᠡᠷ ᠤᠨ ᠳᠡᠳ᠋ ᠡᠷᠬᠢᠯᠡᠭᠴᠢ ᠬᠤᠩ ᠳᠢᠶᠠᠨ ᠶᠦᠨ ᠬᠤᠷᠠᠯ ᠳᠤ ᠤᠷᠤᠯᠴᠠᠵᠦ᠂ ᠮᠠᠨ ᠤ ᠤᠷᠤᠨ ᠤ ᠳᠦᠪ ᠤᠨ ᠨᠢᠬᠡᠴᠢ ᠶᠢᠨ ᠬᠢᠨ ᠲᠠᠢ ᠬᠠᠮᠵᠢᠯᠴᠠᠨ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠬᠢᠬᠦ ᠳᠠᠯ᠎ᠠ ᠪᠠᠷ ᠳᠤᠳᠤᠷᠬᠠᠢ ᠱᠠᠭᠠᠷᠳᠠᠯᠭ᠎ᠠ ᠳᠤᠷᠠᠳᠴᠡᠢ᠃

  ᠬᠤᠷᠠᠯ ᠠᠴᠠ᠂ ᠳᠦᠪ ᠤᠨ 26 ᠨᠢᠬᠡᠴᠢ ᠦᠪᠦᠷ ᠮᠤᠩᠭᠤᠯ ᠤᠨ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠠᠵᠢᠯ ᠢ ᠦᠷᠨᠢᠬᠦᠯᠦᠭᠰᠡᠨ ᠠᠴᠠ ᠨᠠᠭᠠᠰᠢ᠂ ᠡᠯ᠎ᠠ ᠨᠢᠬᠡᠴᠢ ᠶᠢᠨ ᠤᠳᠤᠷᠢᠳᠬᠤ ᠨᠦᠬᠦᠳ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠬᠠᠪᠰᠤᠷᠤᠨ ᠳᠡᠳᠬᠦᠬᠦ ᠠᠷᠭ᠎ᠠ ᠬᠡᠮᠵᠢᠶ᠎ᠠ ᠶᠢ ᠤᠨᠤᠪᠴᠢᠳᠠᠢ ᠪᠦᠬᠡᠳ ᠬᠦᠴᠦᠳᠡᠢ ᠶᠠᠪᠤᠬᠳᠠᠭᠤᠯᠵᠦ᠂ ᠠᠵᠢᠯ ᠤᠨ ᠡᠷᠴᠢᠮ ᠨᠢ ᠴᠢᠩᠭ᠎ᠠ᠂ ᠦᠷ᠎ᠠ ᠪᠦᠳᠦᠮᠵᠢ ᠰᠠᠶᠢᠳᠠᠢ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠠᠴᠠ ᠳᠦᠪ ᠤᠨ ᠨᠢᠬᠡᠴᠢ ᠲᠠᠢ ᠬᠠᠮᠵᠢᠯᠴᠠᠨ ᠳᠤᠬᠳᠠᠬᠰᠠᠨ ᠴᠡᠭ ᠢᠶᠠᠷ ᠬᠠᠪᠰᠤᠷᠤᠨ ᠳᠡᠳᠬᠦᠬᠦ ᠠᠵᠢᠯ ᠢ ᠰᠠᠶᠢᠳᠤᠷ ᠬᠢᠬᠦ ᠶᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠨᠢᠬᠡᠨᠳᠡ 15 ᠰᠢᠭᠤᠳ ᠬᠠᠷᠢᠶ᠎ᠠ ᠰᠠᠯᠠᠭ᠎ᠠ ᠮᠦᠴᠢᠷ ᠢ ᠳᠦᠪ ᠤᠨ ᠨᠢᠬᠡᠴᠢ ᠯᠦᠭᠡ ᠵᠤᠯᠭᠠᠯᠴᠠᠭᠤᠯᠬᠤ ᠪᠠᠷ ᠳᠤᠬᠳᠠᠭᠠᠵᠦ᠂ ᠳᠦᠪ ᠤᠨ 26 ᠨᠢᠬᠡᠴᠢ ᠠᠴᠠ ᠴᠠᠬ ᠳᠤᠬᠠᠢ ᠳᠤᠨᠢ ᠤᠨ ᠤ ᠬᠠᠪᠰᠤᠷᠤᠨ ᠳᠡᠳᠬᠦᠬᠦ ᠶᠠᠪᠤᠳᠠᠯ ᠤᠳ ᠢ ᠬᠦᠢᠴᠡᠳᠬᠡᠵᠡᠢ᠃ ᠳᠠᠷᠠᠭᠠᠴᠢ ᠶᠢᠨ ᠠᠯᠬᠤᠮ ᠳᠤ ᠳᠦᠪ ᠤᠨ ᠨᠢᠬᠡᠴᠢ ᠶᠢᠨ ᠬᠢᠨ ᠯᠦᠭᠡ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ᠂ ᠤᠶᠤᠨ ᠤᠬᠠᠭᠠᠨ ᠢᠶᠠᠷ ᠶᠠᠳᠠᠭᠤ ᠶᠢ ᠳᠡᠳᠬᠦᠬᠦ ᠳᠠᠯ᠎ᠠ ᠪᠠᠷ ᠬᠠᠮᠳᠤᠷᠠᠯᠴᠠᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠳᠤᠬᠳᠠᠬᠰᠠᠨ ᠴᠡᠭ ᠲᠤ ᠬᠠᠪᠰᠤᠷᠤᠨ ᠳᠡᠳᠬᠦᠬᠦ ᠠᠵᠢᠯ ᠢ ᠬᠦᠨᠵᠡᠬᠡᠢ ᠶᠠᠪᠤᠬᠳᠠᠭᠤᠯᠬᠤ᠂ ᠨᠠᠷᠢᠯᠢᠬ ᠠᠳᠬᠤᠬᠤ᠂ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠵᠦ᠂ ᠶᠠᠳᠠᠭᠤ ᠶᠢ ᠳᠡᠳᠬᠦᠬᠦ ᠦᠷ᠎ᠠ ᠪᠦᠳᠦᠮᠵᠢ ᠶᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠠ ᠬᠡᠵᠦ ᠵᠢᠭᠠᠵᠦ ᠭᠠᠷᠭᠠᠪᠠ᠃

  ᠬᠤᠷᠠᠯ ᠠᠴᠠ᠂ ᠦᠪᠡᠷᠳᠡᠬᠡᠨ ᠵᠠᠰᠠᠬᠤ ᠤᠷᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠡᠷᠬᠡᠪᠰᠢ ᠶᠠᠷᠢᠯᠴᠠᠬᠤ ᠬᠤᠷᠠᠯ ᠤᠨ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠯ᠎ᠠ ᠬᠠᠪᠰᠤᠷᠤᠨ ᠳᠡᠳᠬᠦᠬᠦ ᠨᠢᠬᠡᠴᠢ ᠲᠠᠢ ᠬᠠᠮᠳᠤ ᠪᠠᠷ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠦᠷᠨᠢᠬᠦᠯᠵᠦ᠂ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠦᠷ᠎ᠠ ᠪᠦᠳᠦᠮᠵᠢ ᠶᠢ ᠦᠷᠬᠦᠯᠵᠢᠯᠡᠨ ᠦᠷᠬᠡᠳᠬᠡᠬᠦ ᠬᠡᠷᠡᠭᠳᠡᠢ᠃ ᠡᠯ᠎ᠠ ᠶᠠᠳᠠᠭᠤ ᠬᠦᠴᠢᠷᠳᠡᠯᠳᠡᠢ ᠰᠢᠶᠠᠨ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠡᠷᠬᠡᠪᠰᠢ ᠪᠦᠬᠦ ᠶᠠᠪᠤᠴᠠ ᠳᠤ ᠰᠠᠶᠢᠳᠤᠷ ᠦᠢᠯᠡᠴᠢᠯᠡᠵᠦ᠂ ᠡᠯ᠎ᠠ ᠬᠠᠪᠰᠤᠷᠤᠨ ᠳᠡᠳᠬᠦᠬᠦ ᠨᠢᠬᠡᠴᠢ ᠶᠢᠨ ᠳᠤᠬᠳᠠᠬᠰᠠᠨ ᠴᠡᠭ ᠲᠤ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠵᠤᠯᠭᠠᠯᠴᠠᠭᠤᠯᠵᠦ᠂ ᠬᠠᠪᠰᠤᠷᠤᠨ ᠳᠡᠳᠬᠦᠬᠦ ᠳᠠᠪᠠᠭᠤᠯᠢᠬ ᠢ ᠦᠨᠡᠨ ᠬᠦ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠭᠵᠢᠯᠳᠡ ᠶᠢᠨ ᠳᠠᠪᠠᠭᠤᠯᠢᠬ ᠪᠤᠯᠭᠠᠨ ᠬᠤᠪᠢᠷᠠᠭᠤᠯᠬᠤ ᠬᠡᠷᠡᠭᠳᠡᠢ ᠬᠡᠵᠦ ᠱᠠᠭᠠᠷᠳᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com