ᠦᠪᠡᠷᠳᠡᠭᠡᠨ ᠵᠠᠰᠠᠬᠤ ᠣᠷᠣᠨ ᠤ ᠨᠠᠮ ᠵᠠᠰᠠᠭ ᠤᠨ ᠲᠦᠯᠦᠭᠡᠯᠡᠭᠴᠢᠳ ᠤᠨ ᠪᠦᠯᠬᠦᠮ ᠪᠡᠭᠡᠵᠢᠩ ᠳᠤ ᠬᠦᠷᠴᠦ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠢ ᠵᠣᠯᠭᠠᠭᠤᠯᠣᠭᠰᠠᠨ ᠪᠦᠭᠡᠳ ᠰᠣᠷᠣᠯᠴᠠᠵᠣ ᠰᠢᠨᠵᠢᠯᠡᠨ ᠪᠠᠶᠢᠴᠠᠭᠠᠪᠠ

  6 ᠰᠠᠷ᠎ᠠ ᠶᠢᠨ 19᠎ ᠠᠴᠠ 20᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠦᠯᠬᠦᠮ ᠲᠠᠭᠠᠭᠤᠯᠤᠨ ᠪᠡᠭᠡᠵᠢᠩ ᠬᠤᠳᠠ ᠳᠤ ᠬᠦᠷᠴᠦ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠵᠤᠯᠭᠠᠭᠤᠯᠤᠭᠰᠠᠠ ᠪᠦᠬᠡᠳ ᠰᠤᠷᠤᠯᠴᠠᠵᠥ ᠰᠢᠨᠵᠢᠯᠡᠨ ᠪᠠᠶᠢᠴᠠᠭᠠᠪᠠ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠪᠡᠭᠡᠵᠢᠩ ᠬᠤᠳᠠ ᠶᠢᠨ ᠨᠠᠮ ᠤᠨ ᠬᠤᠷᠢᠶᠡᠨ ᠤ ᠱᠦᠵᠢ ᠼᠠᠢ ᠴᠢ᠂ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠲᠠᠷᠤᠭ᠎ᠠ ᠴᠧᠨ ᠵᠢᠢ ᠨᠢᠩ᠂ ᠬᠤᠳᠠ ᠶᠢᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠸᠧᠢ ᠨᠠᠷ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠪᠠ᠃

  ᠲᠦᠯᠥᠬᠡᠯᠡᠭᠴᠢᠳ ᠤᠨ ᠪᠦᠯᠬᠦᠮ ᠤᠨ ᠬᠢᠨ ᠤᠷᠢᠳ ᠬᠤᠵᠢᠳ ᠴᠤᠤᠶᠠᠩ ᠲᠤᠭᠤᠷᠢᠭ᠂ ᠳ᠋ᠦᠩᠴᠧᠩ ᠲᠤᠭᠤᠷᠢᠭ᠂ ᠬᠠᠶᠢᠳᠢᠶᠠᠨ ᠲᠤᠭᠤᠷᠢᠭ᠂ ᠹᠧᠩᠲ᠋ᠠᠢ ᠲᠤᠭᠤᠷᠢᠭ ᠲᠤ ᠬᠦᠷᠴᠦ᠂ ᠠᠯᠢᠪᠠᠪᠠ ᠪᠦᠯᠥᠭᠯᠡᠯ᠂ ᠱᠸᠥ ᠴᠤᠸᠠᠩ ᠪᠦᠯᠥᠭᠯᠡᠯ᠂ ᠪᠡᠭᠡᠵᠢᠩ ᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ᠂ ᠽᠢ ᠵᠢᠶᠧ ᠲᠢᠶᠤᠤ ᠳ᠋ᠦᠩ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠢᠵᠠᠭᠠᠷᠳᠤ ᠺᠤᠮᠫᠠᠨᠢ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠥ ᠦᠢᠯᠡᠰ ᠤᠨ ᠦᠢᠯᠡᠰ ᠪᠤᠰᠬᠠᠵᠤ ᠰᠢᠨ᠎ᠠ ᠶᠢ ᠡᠭᠦᠳᠬᠦ ᠲᠦᠪ᠂ ᠢ ᠸᠧᠨ ᠪᠦᠯᠥᠭᠯᠡᠯ ᠵᠡᠷᠬᠡ ᠠᠵᠥ ᠠᠬᠤᠢᠢᠯᠠᠯ ᠪᠤᠯᠤᠨ ᠨᠢᠬᠡᠴᠢ ᠳᠤ ᠰᠢᠨᠵᠢᠯᠡᠨ ᠪᠠᠶᠢᠴᠠᠭᠠᠵᠥ᠂ ᠲᠡᠳᠡᠨ ᠤ ᠦᠪᠤᠷ ᠮᠤᠩᠭᠤᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠲᠤᠰᠠᠯᠠᠬᠰᠠᠠ ᠠᠷᠭ᠎ᠠ ᠬᠡᠮᠵᠢᠶ᠎ᠡ ᠪᠤᠯᠤᠨ ᠦᠷ᠎ᠡ ᠪᠦᠳᠦᠮᠵᠢ ᠶᠢ ᠬᠦᠨᠵᠡᠬᠡᠢ ᠤᠢᠢᠯᠠᠭᠠᠵᠥ᠂ ᠪᠡᠭᠡᠵᠢᠩ ᠬᠤᠳᠠ ᠶᠢᠨ ᠲᠡᠷᠢᠬᠦᠨ ᠤ ᠲᠤᠷᠰᠢᠯᠭ᠎ᠠ ᠪᠤᠯᠤᠨ ᠠᠷᠭ᠎ᠠ ᠪᠠᠷᠢᠯ ᠢ ᠬᠦᠯᠢᠴᠡᠩᠬᠦᠢ ᠪᠠᠷ ᠰᠤᠷᠤᠯᠴᠠᠵᠥ᠂ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠬᠦᠨᠵᠡᠬᠡᠶᠢᠷᠡᠨ ᠬᠦᠭᠵᠢᠬᠦ ᠶᠢ ᠠᠬᠢᠭᠤᠯᠪᠠ᠃ 20᠎ ᠤ ᠦᠳᠡ ᠶᠢᠨ ᠡᠮᠤᠨ᠎ᠡ᠂ ᠪᠡᠭᠡᠵᠢᠩ ᠦᠪᠤᠷ ᠮᠤᠩᠭᠤᠯ ᠬᠤᠶᠠᠷ ᠲᠠᠯ᠎ᠠ ᠪᠠᠷ ᠢᠶᠠᠨ ᠶᠠᠷᠢᠯᠴᠠᠬᠤ ᠬᠤᠷᠡᠯ ᠬᠢᠵᠥ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠬᠠᠮᠢᠶ᠎ᠠ ᠪᠦᠬᠦᠢ ᠶᠠᠪᠤᠳᠠᠯ ᠢᠶᠠᠨ ᠤᠯᠠᠮ ᠴᠢᠨᠠᠬᠰᠢᠳᠠ ᠵᠤᠯᠭᠠᠭᠤᠯᠵᠥ᠂ ᠴᠧᠨ ᠵᠢᠢ ᠨᠢᠩ᠂ ᠪᠦ᠋ ᠰᠢᠶᠤᠤ ᠯᠢᠨ ᠲᠤᠰᠪᠤᠷᠢ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠵᠥ᠂ ᠼᠠᠢ ᠴᠢ᠂ ᠯᠢ ᠵᠢᠢ ᠡᡁᠧᠩ ᠲᠤᠰ ᠲᠤᠰ ᠶᠠᠷᠢᠶ᠎ᠠ ᠲᠠᠯᠪᠢᠪᠠ᠃

  6 ᠰᠠᠷ᠎ᠠ ᠶᠢᠨ 19᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠲᠦᠯᠥᠬᠡᠯᠡᠭᠴᠢᠳ ᠤᠨ ᠪᠦᠯᠬᠦᠮ ᠪᠡᠭᠡᠵᠢᠩ ᠳᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠬᠦᠨᠵᠡᠬᠡᠢ ᠵᠤᠯᠭᠠᠭᠤᠯᠤᠭᠰᠠᠠ ᠪᠦᠬᠡᠳ ᠰᠤᠷᠤᠯᠴᠠᠵᠤ ᠰᠢᠨᠵᠢᠯᠡᠨ ᠪᠠᠶᠢᠴᠠᠭᠠᠪᠠ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠪᠡᠭᠡᠵᠢᠩ ᠬᠤᠳᠠ ᠶᠢᠨ ᠨᠠᠮ ᠤᠨ ᠬᠤᠷᠢᠶᠡᠨ ᠤ ᠱᠦᠵᠢ ᠼᠠᠢ ᠴᠢ᠂ ᠪᠡᠬᠡᠵᠢᠩ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠲᠠᠷᠤᠭ᠎ᠠ ᠴᠧᠨ ᠵᠢᠢ ᠨᠢᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠠᠢ ᠬᠠᠮᠳᠦ ᠢ ᠸᠧᠨ ᠪᠦᠯᠦᠭᠯᠡᠯ ᠳᠤ᠂ ᠦᠪᠦᠷ ᠮᠤᠩᠭᠤᠯ ᠳᠤ ᠶᠠᠳᠠᠭᠤ ᠶᠢ ᠲᠡᠳᠬᠦᠬᠦ ᠠᠵᠢᠯ ᠦᠷᠨᠢᠭᠦᠯᠦᠭᠰᠡᠨ ᠪᠠᠶᠢᠳᠠᠯ ᠪᠠ ᠲᠦᠷᠦᠯ ᠵᠦᠢᠯ ᠤᠨ ᠪᠦᠲᠦᠭᠡᠭᠳᠡᠭᠦᠨ ᠤ ᠳᠤᠬᠠᠢ ᠤᠢᠢᠯᠠᠭᠠᠪᠠ᠃

  ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ

  ᠼᠠᠢ ᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠢᠨ ᠪᠡᠭᠡᠵᠢᠩ ᠬᠤᠲᠠ ᠶᠢᠨ ᠠᠵᠢᠯ ᠢ ᠳᠡᠮᠵᠢᠭᠰᠡᠭᠡᠷ ᠢᠷᠡᠭᠰᠡᠡ ᠳᠤ ᠲᠠᠯᠠᠷᠬᠠᠪᠠ᠃ ᠲᠡᠷᠡ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠤᠷᠢᠭ᠎ᠠ ᠱᠤᠭᠤᠮ ᠤᠨ ᠴᠢᠨᠠᠷᠳᠠᠢ ᠡᠭᠦᠷᠭᠡ ᠪᠠ ᠪᠡᠯᠭᠡ ᠲᠡᠮᠳᠡᠭ ᠤᠨ ᠴᠢᠨᠠᠷᠲᠠᠢ ᠭᠦᠢᠴᠡᠳᠬᠡᠯ ᠲᠤᠭ᠎ᠠ ᠮᠦᠨ᠃ ᠡᠨᠡ ᠵᠢᠯ ᠠᠴᠠ ᠨᠠᠭᠠᠰᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠡᠷᠴᠢᠮ ᠨᠡᠩ ᠴᠢᠩᠭᠠᠷᠠᠵᠤ᠂ ᠠᠷᠭ᠎ᠠ ᠬᠡᠮᠵᠢᠶ᠎ᠡ ᠨᠡᠩ ᠤᠨᠤᠪᠴᠢᠲᠡᠢ ᠪᠤᠯᠵᠤ᠂ ᠦᠷ᠎ᠡ ᠪᠦᠲᠦᠮᠵᠢ ᠨᠡᠩ ᠢᠯᠡᠷᠬᠡᠢ ᠪᠤᠯᠪᠠ᠂ ᠡᠨᠡ ᠨᠢ ᠪᠢᠳᠠᠨ ᠤ ᠶᠠᠳᠠᠭᠤ ᠶᠢ ᠳᠡᠳᠬᠦᠬᠦ ᠬᠠᠮᠵᠢᠯᠴᠠᠭᠠᠨ ᠤ ᠠᠵᠢᠯ ᠢ ᠰᠠᠶᠢᠳᠤᠷ ᠬᠢᠬᠦ ᠢᠲᠡᠭᠡᠯ ᠪᠤᠯᠤᠨ ᠵᠤᠷᠢᠬ ᠢ ᠤᠯᠠᠮ ᠴᠢᠨᠠᠬᠰᠢᠲᠠ ᠪᠠᠲᠤᠳᠬᠠᠪᠠ᠃ ᠪᠡᠭᠡᠵᠢᠩ ᠨᠡᠶᠢᠰᠯᠡᠯ ᠪᠤᠯᠤᠬᠰᠠᠨ ᠤ ᠬᠤᠪᠢ ᠳᠤ᠂ ᠯᠠᠪᠳᠠᠢ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠴᠢᠬᠤᠯᠠ ᠦᠭᠦᠯᠡᠯᠳᠡ ᠪᠤᠯᠤᠨ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠳᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠤᠬ ᠤᠨ ᠰᠠᠶᠢᠨ ᠪᠠᠷᠢᠮᠵᠢᠶ᠎ᠠ ᠪᠠᠷ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ ᠤ ᠡᠭᠦᠷᠭᠡ ᠶᠢ ᠰᠠᠶᠢᠳᠤᠷ ᠪᠡᠶᠡᠯᠡᠭᠦᠯᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃

  ᠼᠠᠢ ᠴᠢ᠂ ᠡᠨᠡ ᠵᠢᠯ ᠤᠨ ᠡᠯ᠎ᠡ ᠵᠦᠢᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠡᠷᠲᠡᠬᠡᠨ ᠠᠵᠢᠯ ᠢᠶᠠᠨ ᠳᠠᠭᠤᠰᠬᠠᠵᠤ᠂ ᠡᠷᠲᠡᠭᠡᠨ ᠦᠷ᠎ᠡ ᠪᠦᠳᠦᠮᠵᠢ ᠤᠯᠵᠥ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠡᠷᠲᠡᠭᠡᠨ ᠠᠰᠢᠬ ᠬᠦᠷᠲᠡᠭᠡᠬᠦ ᠪᠠᠷ ᠴᠢᠷᠮᠠᠶᠢᠬᠤ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠯᠦᠭᠡ ᠤᠷᠭᠠᠨᠢᠬ ᠢᠶᠠᠷ ᠵᠤᠯᠭᠠᠭᠤᠯᠵᠥ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠳᠠᠢ ᠲᠤᠬᠲᠠᠴᠠ ᠶᠢ ᠪᠠᠶᠢᠭᠤᠯᠵᠤ᠂ ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠵᠤᠭᠰᠤᠭᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠤᠷᠤᠨ ᠲᠡᠳᠭᠦᠬᠦ ᠪᠠᠨ ᠵᠤᠭᠰᠤᠭᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ ᠵᠤᠭᠰᠤᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠳᠠᠢ᠃ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠭᠤᠤᠯ ᠰᠡᠳᠦᠪᠲᠤ ᠬᠦᠮᠦᠵᠢᠯ ᠲᠠᠢ ᠨᠢᠬᠲᠠ ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢ ᠶᠠᠳᠠᠭᠤ ᠶᠢ ᠳᠡᠳᠬᠦᠬᠦ ᠬᠠᠮᠵᠢᠯᠴᠠᠭᠠᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠬᠦ ᠬᠡᠷᠡᠭᠳᠠᠢ᠃ ᠱᠠᠯᠠᠪᠳᠠᠭᠤᠯᠤᠨ ᠭᠦᠢᠴᠡᠳᠭᠡᠵᠦ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠤᠳᠠᠳᠠᠶᠢᠵᠢᠭᠤᠯᠬᠤ ᠭᠡᠷᠡᠭᠳᠠᠢ᠃ ᠠᠵᠤ ᠤᠢᠢᠯᠡᠰ ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠶᠢ ᠲᠤᠪᠤᠶᠢᠯᠭᠠᠬᠤ ᠭᠡᠷᠡᠭᠳᠠᠢ᠃ ᠠᠵᠤ ᠤᠢᠢᠯᠡᠰ ᠤᠨ ᠬᠠᠮᠳᠤᠷᠠᠯᠴᠠᠭᠠᠨ ᠤ ᠲᠦᠷᠤᠯ ᠵᠦᠢᠯ ᠢᠶᠠᠷ ᠶᠠᠳᠠᠭᠤ ᠡᠷᠦᠬᠡ ᠶᠢ ᠲᠠᠶᠢᠴᠢᠯᠠᠨ ᠳᠠᠭᠠᠭᠤᠯᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠲᠦᠷᠤ ᠶᠢᠨ ᠪᠤᠳᠤᠯᠭ᠎ᠠ ᠪᠤᠯᠤᠨ ᠡᠬᠢ ᠪᠠᠶᠠᠯᠢᠬ ᠢᠶᠠᠨ ᠴᠦᠮ ᠶᠠᠳᠠᠭᠤ ᠶᠢ ᠲᠡᠳᠬᠦᠬᠦ ᠡᠷᠴᠢᠮ ᠶᠡᠭᠡ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠤᠮᠵᠢ ᠰᠠᠶᠢᠨ ᠲᠦᠷᠤᠯ ᠵᠦᠢᠯ ᠲᠡᠶᠢᠰᠢ ᠬᠡᠯᠪᠠᠶᠢᠯᠬᠡᠵᠤ᠂ ᠲᠦᠮᠡᠨ ᠠᠵᠤ ᠠᠬᠤᠢᠢᠯᠠᠯ ᠲᠦᠮᠡᠨ ᠲᠤᠰᠬᠤᠨ ᠢ ᠬᠠᠪᠰᠤᠷᠬᠤ᠂ ᠢᠨᠲ᠋ᠧᠷ ᠰᠦᠯᠵᠢᠶ᠎ᠠ + ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠵᠡᠷᠬᠡ ᠲᠦᠷᠦᠯ ᠲᠡᠮᠳᠡᠭ ᠤᠨ ᠠᠵᠢᠯᠠᠯᠭ᠎ᠠ ᠶᠢ ᠦᠷᠬᠦᠯᠵᠢᠯᠠᠨ ᠰᠠᠶᠢᠳᠤᠷ ᠠᠳᠬᠤᠵᠤ᠂ ᠲᠠᠩᠰᠠᠯᠠᠵᠤ ᠺᠠᠷᠲᠯᠠᠬᠰᠠᠨ ᠶᠠᠳᠠᠭᠤ ᠬᠦᠴᠢᠷᠳᠠᠯᠳᠠᠢ ᠬᠦᠮᠤᠨ ᠠᠮᠠ ᠳᠤ ᠠᠰᠢᠬ ᠬᠦᠷᠳᠡᠬᠡᠬᠦ ᠲᠠᠷᠢᠵᠤ ᠲᠡᠵᠢᠬᠡᠬᠦ᠂ ᠲᠠᠷᠢᠶᠠᠯᠠᠩ ᠲᠤᠰᠠᠯᠠᠠᠬᠤ ᠠᠵᠤ ᠠᠬᠤᠢ ᠶᠢᠨ ᠪᠦᠳᠦᠭᠡᠭᠳᠡᠬᠦᠨ ᠢ ᠨᠠᠷᠢᠯᠢᠬ ᠡᠳ᠋ᠰᠢᠬᠦᠯᠬᠦ ᠵᠡᠷᠬᠡ ᠠᠵᠤ ᠤᠢᠢᠯᠡᠰ ᠢ ᠶᠡᠭᠡ ᠪᠠᠷ ᠬᠦᠭᠵᠢᠬᠦᠯᠬᠦ ᠭᠡᠷᠡᠭᠳᠠᠢ᠃ ᠪᠡᠬᠡᠵᠢᠩ ᠤᠨ ᠭᠡᠷᠡᠭᠯᠡᠬᠡᠨ ᠤ ᠵᠠᠬ᠎ᠠ ᠲᠡᠯᠬᠡᠬᠦᠷ ᠤᠨ ᠲᠠᠪᠠᠭᠤᠯᠢᠬ ᠢ ᠪᠠᠳᠠᠷᠠᠭᠤᠯᠵᠤ᠂ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠳᠦᠭᠡᠭᠳᠡᠬᠦᠨ ᠢ ᠲᠤᠯᠤᠭᠠᠨᠳᠠ ᠤᠷᠤᠭᠤᠯᠬᠤ ᠠᠵᠢᠯᠯᠠᠭ᠎ᠠ ᠦᠷᠨᠢᠬᠦᠯᠵᠤ᠂ ᠪᠡᠬᠡᠵᠢᠩ ᠳᠤ ᠤᠷᠤᠭᠤᠯᠵᠤ ᠪᠤᠷᠤᠯᠠᠭᠤᠯᠬᠤ ᠠᠷᠭ᠎ᠠ ᠵᠠᠮ ᠢ ᠦᠷᠬᠡᠳᠬᠡᠬᠦ ᠭᠡᠷᠡᠭᠳᠠᠢ᠃ ᠬᠦᠳᠡᠯᠮᠤᠷᠢ ᠬᠦᠴᠦᠨ ᠤ ᠬᠠᠮᠵᠢᠯᠴᠠᠭ᠎ᠠ ᠶᠢ ᠤᠨᠤᠪᠴᠢᠳᠠᠢ ᠵᠤᠯᠭᠠᠭᠤᠯᠬᠤ ᠲᠤᠭᠳᠠᠴᠠ ᠶᠢ ᠲᠡᠬᠦᠯᠳᠡᠷᠵᠢᠬᠦᠯᠵᠤ᠂ ᠶᠠᠳᠠᠭᠤ ᠬᠦᠴᠢᠷᠳᠠᠯᠳᠠᠢ ᠬᠦᠮᠤᠨ ᠠᠮᠠ ᠳᠤ ᠤᠷ᠎ᠠ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠡᠷᠴᠢᠮ ᠢᠶᠠᠨ ᠴᠢᠩᠭᠠᠷᠠᠭᠤᠯᠵᠤ᠂ ᠲᠤᠭᠳᠠᠭᠤᠨ ᠠᠵᠢᠯ ᠤᠯᠭᠤᠯᠳᠠ ᠶᠢ ᠪᠡᠶᠡᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃

  ᠼᠠᠢ ᠴᠢ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠷ ᠠᠵᠠ ᠲᠤᠬᠢᠶᠠᠯ ᠪᠤᠯᠭᠠᠵᠤ᠂ ᠪᠡᠬᠡᠵᠢᠩ ᠦᠪᠤᠷ ᠮᠤᠩᠭᠤᠯ ᠤᠨ ᠪᠦᠬᠦ ᠲᠠᠯ᠎ᠠ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠭᠡᠷᠡᠭᠳᠠᠢ᠃ ᠤᠷᠤᠨ ᠪᠦᠰᠠ ᠶᠢᠨ ᠠᠭᠠᠷ ᠮᠠᠨᠳᠠᠯ ᠤᠨ ᠪᠤᠬᠢᠷᠳᠤᠯ ᠢ ᠬᠠᠮᠳᠤ ᠪᠠᠷ ᠰᠡᠷᠬᠡᠶᠢᠯᠠᠵᠤ ᠬᠠᠮᠳᠤ ᠪᠠᠷ ᠬᠢᠨᠠᠨ ᠡᠵᠡᠮᠰᠢᠬᠦ ᠡᠷᠴᠢᠮ ᠢᠶᠠᠨ ᠦᠷᠬᠦᠯᠵᠢᠯᠠᠨ ᠴᠢᠩᠭᠠᠷᠠᠭᠤᠯᠵᠤ᠂ ᠨᠢᠬᠡ ᠪᠦᠯᠦᠭ ᠠᠮᠢ ᠠᠬᠤᠢ ᠶᠢᠨ ᠬᠠᠮᠳᠤᠷᠠᠯᠴᠠᠭᠠᠨ ᠤ ᠲᠦᠷᠤᠯ ᠵᠦᠢᠯ ᠢ ᠭᠡᠷᠡᠭᠵᠢᠬᠦᠯᠵᠤ᠂ ᠬᠦᠴᠤ ᠪᠠᠨ ᠬᠠᠮᠳᠤᠳᠬᠠᠵᠤ ᠤᠷᠤᠨ ᠪᠦᠰᠠ ᠶᠢᠨ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠭᠡᠷᠡᠭᠳᠠᠢ᠃ ᠡᠬᠢ ᠪᠠᠶᠠᠯᠢᠬ ᠡᠨᠧᠷᠬᠢ ᠶᠢᠨ ᠬᠦᠷᠢᠶᠠᠨ ᠤ ᠬᠠᠮᠳᠤᠷᠠᠯᠴᠠᠭ᠎ᠠ ᠪᠠᠨ ᠴᠢᠩᠭᠠᠳᠬᠠᠵᠤ᠂ ᠴᠡᠪᠡᠷ ᠡᠨᠧᠷᠬᠢ ᠶᠢ ᠨᠡᠬᠡᠬᠡᠨ ᠠᠰᠢᠬᠯᠠᠬᠤ ᠶᠢ ᠬᠠᠮᠳᠤ ᠪᠠᠷ ᠠᠬᠢᠭᠤᠯᠬᠤ ᠭᠡᠷᠡᠭᠳᠠᠢ᠃ ᠰᠤᠶᠤᠯ ᠵᠢᠭᠤᠯᠴᠢᠯᠠᠯ ᠤᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠨᠳᠤᠰᠤᠳᠠᠨ ᠪᠦᠬᠦᠨ ᠨᠢᠬᠡ ᠬᠡᠷ ᠪᠦᠯᠢ ᠶᠢᠨ ᠬᠢ ᠵᠡᠷᠬᠡ ᠠᠵᠢᠯᠯᠠᠭ᠎ᠠ ᠶᠢ ᠦᠷᠬᠦᠯᠵᠢᠯᠠᠨ ᠦᠷᠨᠢᠬᠦᠯᠤᠨ᠎ᠠ᠃ ᠰᠤᠯᠢᠯᠴᠠᠭ᠎ᠠ ᠬᠠᠮᠳᠤᠷᠠᠯᠴᠠᠭ᠎ᠠ ᠬᠢᠬᠦ ᠲᠤᠬᠳᠠᠴᠠ ᠪᠠᠨ ᠲᠡᠬᠦᠯᠳᠡᠷᠵᠢᠬᠦᠯᠵᠤ᠂ ᠴᠢᠬᠤᠯᠠ ᠶᠠᠪᠤᠳᠠᠯ᠂ ᠴᠢᠬᠤᠯᠠ ᠲᠦᠷᠤᠯ ᠵᠦᠢᠯ ᠤᠨ ᠵᠤᠬᠢᠴᠠᠭᠤᠯᠭ᠎ᠠ ᠶᠢ ᠴᠢᠩᠭᠠᠳᠬᠠᠬᠤ ᠭᠡᠷᠡᠭᠳᠠᠢ᠃ ᠪᠡᠬᠡᠵᠢᠩ ᠬᠤᠳᠠ ᠶᠢᠨ ᠡᠯ᠎ᠠ ᠲᠤᠭᠤᠷᠢᠬ ᠤᠨ ᠬᠢᠨ ᠲᠤᠰ ᠪᠠᠶ᠎ᠠ ᠶᠢᠨ ᠲᠠᠪᠠᠭᠤᠯᠢᠬ ᠢᠶᠠᠨ ᠪᠠᠳᠠᠷᠠᠭᠤᠯᠵᠤ᠂ ᠬᠠᠪᠰᠤᠷᠤᠯᠴᠠᠭ᠎ᠠ ᠪᠠᠶᠢᠭᠤᠯᠤᠬᠰᠠᠨ ᠬᠤᠰᠢᠭᠤ ᠰᠢᠶᠠᠨ ᠯᠤᠭ᠎ᠠ ᠶᠢᠨ ᠬᠠᠮᠳᠤᠷᠠᠯᠴᠠᠭᠠᠨ ᠤ ᠬᠦᠷᠢᠶ᠎ᠠ ᠪᠠᠨ ᠦᠷᠬᠡᠳᠬᠡᠬᠦ ᠭᠡᠷᠡᠭᠳᠠᠢ ᠬᠡᠵᠤ ᠵᠢᠭᠠᠵᠤ ᠭᠠᠷᠭᠠᠪᠠ᠃

  ᠯᠢ ᠵᠢᠢ ᠡᡁᠧᠩ ᠪᠡᠬᠡᠵᠢᠩ ᠬᠤᠳᠠ ᠶᠢᠨ ᠬᠢᠨ ᠤᠯᠠᠨ ᠵᠢᠯ ᠤᠨ ᠲᠤᠷᠰᠢ ᠦᠪᠤᠷ ᠮᠤᠩᠭᠤᠯ ᠢ ᠶᠡᠭᠡ ᠪᠠᠷ ᠲᠡᠮᠵᠢᠵᠥ ᠬᠠᠷᠠᠮ ᠦᠬᠡᠢ ᠬᠠᠪᠰᠤᠷᠤᠯᠭ᠎ᠠ ᠦᠵᠡᠬᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠡᠬᠡᠵᠢᠩ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠡᠬᠢᠯᠡᠭᠰᠡᠨ ᠠᠴᠠ ᠨᠠᠭᠠᠰᠢ᠂ ᠪᠡᠬᠡᠵᠢᠩ ᠤᠨ ᠦᠪᠤᠷ ᠮᠤᠩᠭᠤᠯ ᠢ ᠳᠡᠳᠬᠦᠬᠦ ᠡᠷᠴᠢᠮ ᠵᠢᠯ ᠠᠴᠠ ᠪᠠᠨ ᠵᠢᠯ ᠴᠢᠩᠭᠠᠷᠠᠵᠤ᠂ ᠦᠷ᠎ᠠ ᠪᠦᠳᠤᠮᠵᠢ ᠵᠢᠯ ᠠᠴᠠ ᠪᠠᠨ ᠵᠢᠯ ᠰᠠᠶᠢᠨ ᠪᠤᠯᠵᠤ᠂ ᠪᠢᠳᠠᠨ ᠳᠤ ᠪᠡᠯᠡ ᠮᠦᠡᠭᠭᠦ᠂ ᠲᠦᠷᠦᠯ ᠵᠦᠢᠯ ᠪᠤᠯᠤᠨ ᠮᠡᠷᠭᠡᠵᠢᠯ᠂ ᠴᠢᠳᠠᠪᠤᠷᠢᠳᠠᠨ ᠬᠦᠷᠭᠡᠵᠤ ᠠᠪᠴᠢᠷᠠᠬᠰᠡᠨ ᠮᠦᠷᠳᠡᠭᠡᠨ ᠦᠵᠡᠯ ᠰᠠᠨᠠᠭ᠎ᠠ ᠤᠢᠢᠯᠠᠭᠠᠬᠳᠠᠬᠤᠨ ᠤ ᠲᠠᠯ᠎ᠡ ᠳᠤ ᠪᠢᠳᠠᠨ ᠢ ᠬᠠᠪᠰᠤᠷᠤᠨ ᠬᠠᠷᠠᠭ᠎ᠠ ᠶᠢ ᠦᠷᠭᠡᠳᠭᠡᠵᠤ᠂ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠡ ᠪᠠᠷ ᠪᠢᠳᠠᠨ ᠳᠤ ᠮᠡᠷᠭᠡᠨ ᠤᠬᠠᠭᠠᠨ ᠬᠠᠨᠭ᠍ᠭᠠᠵᠤ᠂ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠪᠤᠯᠤᠨ ᠶᠠᠳᠠᠭᠤ ᠬᠦᠴᠢᠷᠳᠠᠯᠳᠠᠢ ᠤᠯᠠᠨ ᠲᠦᠮᠡᠨ ᠤ ᠪᠤᠳᠠᠰ ᠤᠨ ᠲᠠᠯ᠎ᠡ ᠪᠡ ᠤᠶᠤᠨ ᠰᠠᠨᠠᠭᠠᠨ ᠤ ᠲᠠᠯ᠎ᠡ ᠪᠠᠷ ᠴᠦᠮ ᠢᠳᠡᠪᠬᠢᠳᠠᠢ ᠬᠤᠪᠢᠷᠠᠯᠳᠠ ᠭᠠᠷᠬᠤ ᠶᠢ ᠠᠬᠢᠭᠤᠯᠪᠠ᠃ ᠮᠠᠰᠢ ᠤᠯᠠᠨ ᠬᠠᠪᠰᠤᠷᠤᠨ ᠲᠠᠳᠬᠦᠭᠰᠡᠨ ᠦᠢᠯᠡ ᠶᠠᠪᠤᠳᠠᠯ ᠦᠪᠤᠷ ᠮᠤᠩᠭᠤᠯ ᠤᠨ ᠡᠭᠡ ᠭᠠᠵᠠᠷ ᠲᠤ ᠠᠮᠢᠳᠤᠯᠢᠭ ᠪᠦᠭᠡᠳ ᠰᠡᠳᠬᠢᠯ ᠬᠦᠳᠡᠯᠭᠡᠮ᠎ᠡ ᠪᠢᠴᠢᠭᠯᠡᠭᠳᠡᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠰᠡᠳᠬᠢᠯ ᠳᠤ ᠬᠦᠨ ᠬᠠᠳᠠᠩᠰᠢᠬᠰᠡᠨ ᠪᠠᠶᠢᠨ᠎ᠡ ᠭᠡᠵᠤ ᠬᠡᠯᠡᠪᠡ᠃

  ᠯᠢ ᠵᠢᠢ ᠾᠧᠩ᠂ ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠠᠮᠠᠴᠡᠨ ᠤᠯᠬᠤ ᠶᠢᠨ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠵᠠᠩᠭᠢᠯᠠᠭ᠎ᠠ ᠶᠢᠨ ᠨᠢᠭᠡ ᠵᠢᠯ ᠮᠦᠨ᠂ ᠪᠠᠰᠠ ᠴᠤ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠨ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠭᠤᠷᠪᠡᠨ ᠵᠢᠯ ᠤᠨ ᠠᠵᠢᠯᠯᠠᠭ᠎ᠠ ᠶᠢᠨ ᠪᠦᠳᠦᠬᠦᠪᠴᠢ ᠵᠦᠪᠯᠡᠯᠴᠡᠭᠡᠷ᠎ ᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠦᠨ᠃ ᠪᠢᠳᠠ ᠶᠡᠷᠤᠩᠭᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠦᠬᠦᠯᠡᠯᠳᠠ ᠪᠤᠯᠤᠨ ᠦᠪᠤᠷ ᠮᠤᠩᠭᠤᠯ ᠤᠨ ᠶᠠᠳᠠᠭᠤ ᠶᠢ ᠲᠠᠳᠬᠦᠬᠦ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠪᠡᠭᠡᠵᠢᠩ ᠬᠤᠳᠠ ᠶᠢᠨ ᠬᠠᠪᠰᠤᠷᠤᠨ ᠲᠡᠳᠬᠦᠬᠦ ᠡᠬᠢ ᠪᠠᠶᠠᠯᠢᠭ ᠪᠤᠯᠤᠨ ᠬᠦᠴᠦᠨ ᠴᠢᠳᠠᠯ ᠢ ᠦᠨᠡᠨ ᠬᠦ ᠰᠠᠶᠢᠳᠤᠷ ᠭᠡᠷᠡᠭᠯᠡᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠪᠡᠯᠡ ᠮᠦᠡᠭᠭᠦ ᠪᠤᠯᠤᠨ ᠲᠦᠷᠦᠯ ᠵᠦᠢᠯ ᠢ ᠰᠠᠶᠢᠳᠦᠷ ᠬᠦᠯᠢᠶᠡᠨ ᠠᠪᠴᠤ᠂ ᠤᠯᠤᠯᠴᠠᠭ᠎ᠠ ᠪᠠ ᠵᠤᠯᠭᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠡᠯ᠎ᠡ ᠵᠦᠢᠯ ᠤᠨ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠭᠡᠵᠢᠩ ᠤᠨ ᠬᠠᠪᠰᠤᠷᠤᠨ ᠲᠡᠳᠬᠦᠬᠦ ᠬᠦᠴᠦᠨ ᠳᠤ ᠲᠦᠰᠢᠭᠯᠡᠵᠤ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠᠳᠤ ᠡᠬᠦᠷᠭᠡ ᠪᠠᠨ ᠴᠢᠨᠠᠷ ᠰᠠᠶᠢᠳᠠᠢ ᠪᠠᠶᠠᠯᠡᠬᠦᠯᠬᠦ ᠭᠡᠷᠡᠭᠳᠠᠢ᠃ ᠪᠡᠭᠡᠵᠢᠩ ᠬᠤᠳᠠ ᠶᠢᠨ ᠬᠠᠪᠰᠤᠷᠤᠨ ᠲᠡᠳᠬᠦᠬᠦ ᠠᠵᠢᠯ ᠤᠨ ᠲᠤᠮᠳᠠᠬᠢ ᠰᠡᠳᠬᠢᠯ ᠬᠦᠳᠡᠯᠭᠡᠮ᠎ᠡ ᠤᠢᠢᠯᠡ ᠶᠠᠪᠤᠳᠠᠯ ᠪᠤᠯᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠠᠯ ᠢ ᠶᠡᠭᠡ ᠬᠦᠴᠦᠨ ᠢᠶᠠᠷ ᠤᠬᠠᠭᠤᠯᠵᠤ᠂ ᠨᠡᠶᠢᠭᠡᠮ ᠤᠨ ᠡᠯ᠎ᠡ ᠲᠠᠯ᠎ᠡ ᠶᠢᠨ ᠬᠦᠴᠦᠨ ᠴᠢᠳᠠᠯ ᠢ ᠨᠢᠬᠳᠠᠷᠠᠭᠤᠯᠬᠤ ᠶᠢ ᠲᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠴᠤᠬᠭᠠᠷ ᠠᠳᠬᠤᠵᠤ ᠬᠠᠮᠳᠤ ᠪᠠᠷ ᠠᠬᠢᠭᠤᠯᠬᠤ ᠬᠦᠴᠦᠷᠭᠡᠭ ᠶᠡᠭᠡ ᠬᠠᠮᠳᠤᠷᠠᠯ ᠬᠦᠴᠦᠨ ᠢ ᠪᠦᠷᠢᠯᠳᠦᠬᠦᠯᠬᠦ ᠭᠡᠷᠡᠭᠳᠠᠢ᠃ ᠪᠡᠭᠡᠵᠢᠩ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠠ ᠪᠠᠨ ᠠᠬᠢᠭᠤᠯᠤᠭᠰᠠᠨ ᠲᠡᠷᠢᠬᠦᠨ ᠤ ᠤᠢᠢᠯᠠᠭᠠᠬᠳᠠᠬᠤᠨ ᠪᠤᠯᠤᠨ ᠡᠷᠬᠢᠮ ᠨᠠᠨᠳᠢᠨ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠤᠳᠤᠬᠢᠴᠢᠯᠠᠬᠰᠡᠨ ᠦᠪᠤᠷ ᠮᠤᠩᠭᠤᠯ ᠢ ᠪᠦᠳᠦᠭᠡᠨ ᠪᠠᠶᠢᠭᠤᠯᠬᠤ ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠭᠠᠨ ᠤᠨᠳᠤᠤᠰᠢᠭᠤᠯᠬᠤ ᠭᠡᠷᠡᠭᠳᠠᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠤᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠪᠡᠭᠡᠵᠢᠩ ᠬᠤᠳᠠ ᠳᠤ ᠨᠡᠩ ᠤᠯᠠᠨ ᠪᠤᠬᠢᠷᠳᠤᠯ ᠦᠭᠡᠢ ᠴᠡᠪᠡᠷ ᠡᠨᠧᠷᠬᠢ ᠪᠤᠯᠤᠨ ᠴᠢᠨᠠᠷ ᠰᠠᠶᠢᠳᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠬᠠᠨᠭ᠍ᠭᠠᠵᠤ᠂ ᠪᠡᠭᠡᠵᠢᠩ ᠬᠤᠳᠠ ᠶᠢᠨ ᠰᠢᠨ᠎ᠡ ᠬᠦᠭᠵᠢᠯᠳᠠ ᠶᠢ ᠪᠠᠶᠠᠯᠡᠬᠦᠯᠬᠦ ᠳᠤ ᠦᠪᠤᠷ ᠮᠤᠩᠭᠤᠯ ᠤᠨ ᠦᠵᠡᠭᠦᠯᠪᠡᠰᠤ ᠵᠤᠬᠢᠬᠤ ᠬᠤᠪᠢ ᠨᠠᠮᠠᠷᠢ ᠪᠠᠨ ᠦᠵᠡᠬᠦᠯᠬᠦ ᠭᠡᠷᠡᠭᠳᠠᠢ ᠭᠡᠵᠤ ᠬᠡᠯᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com