ᠪᠡᠬᠡᠵᠢᠩ ᠦᠪᠦᠷ ᠮᠤᠩᠭᠤᠯ ᠬᠤᠶᠠᠷ ᠭᠠᠵᠠᠷ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠬᠳᠠᠭᠠᠨ ᠤ ᠶᠠᠪᠤᠳᠠᠯ ᠤᠨ ᠬᠠᠮᠳᠣᠷᠠᠯᠴᠠᠭ᠎ᠠ ᠶᠢ ᠬᠦᠨᠵᠡᠬᠡᠶᠢᠷᠡᠬᠦᠯᠬᠦ ᠪᠦᠳᠦᠭᠦᠪᠴᠢ ᠬᠡᠯᠡᠯᠴᠡᠬᠡᠷ ᠲᠤᠬᠳᠠᠪᠠ

  ᠤᠢᠢᠷ᠎ᠠ ᠳᠤ᠂ ᠪᠡᠬᠡᠵᠢᠩ ᠦᠪᠦᠷ ᠮᠤᠩᠭᠤᠯ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠬᠠᠮᠳᠣᠷᠠᠯᠴᠠᠭ᠎ᠠ ᠶᠢ ᠬᠦᠨᠵᠡᠬᠡᠶᠢᠷᠡᠬᠦᠯᠬᠦ ᠬᠠᠮᠳᠣᠷᠠᠭᠰᠠᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠲᠡᠭᠡᠷ᠎ᠡ ᠪᠡᠬᠡᠵᠢᠩ ᠦᠪᠦᠷ ᠮᠤᠩᠭᠤᠯ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠬᠠᠮᠳᠣᠷᠠᠯᠴᠠᠭ᠎ᠠ ᠶᠢ ᠬᠦᠨᠵᠡᠬᠡᠶᠢᠷᠡᠬᠦᠯᠬᠦ ᠪᠦᠳᠦᠭᠦᠪᠴᠢ ᠬᠡᠯᠡᠯᠴᠡᠬᠡᠷ᠎ ᠲᠤ ᠭᠠᠷ ᠤᠨ ᠦᠰᠦᠭ ᠵᠢᠷᠤᠭᠰᠠᠨ ᠨᠢ᠂ ᠪᠡᠬᠡᠵᠢᠩ ᠦᠪᠦᠷ ᠮᠤᠩᠭᠤᠯ ᠤᠨ ᠤᠷᠤᠨ ᠪᠦᠰᠡ ᠶᠢᠨ ᠴᠠᠬᠳᠠᠭᠠᠨ ᠤ ᠶᠠᠪᠤᠳᠠᠯ ᠤᠨ ᠬᠠᠮᠳᠣᠷᠠᠯᠴᠠᠭ᠎ᠠ ᠰᠢᠨ᠎ᠠ ᠬᠦᠭᠵᠢᠯᠳᠡ ᠶᠢᠨ ᠱᠠᠳᠤᠨ ᠳᠤ ᠤᠷᠤᠬᠰᠠᠨ ᠢ ᠬᠠᠷᠠᠭᠤᠯᠵᠤ ᠪᠤᠢ᠃

  ᠪᠡᠬᠡᠵᠢᠩ ᠦᠪᠦᠷ ᠮᠤᠩᠭᠤᠯ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠬᠠᠮᠳᠣᠷᠠᠯᠴᠠᠭ᠎ᠠ ᠶᠢ ᠬᠦᠨᠵᠡᠬᠡᠶᠢᠷᠡᠬᠦᠯᠬᠦ ᠪᠦᠳᠦᠭᠦᠪᠴᠢ ᠬᠡᠯᠡᠯᠴᠡᠬᠡᠷ᠎ ᠲᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠰᠦᠷᠳᠡᠬᠦᠯᠦᠯ ᠢ ᠡᠰᠡᠷᠬᠦᠴᠡᠵᠦ ᠬᠡᠨᠡᠳᠳᠡ ᠡᠬᠦᠰᠦᠭᠰᠡᠨ ᠬᠡᠷᠡᠭ ᠢ ᠰᠢᠢᠳᠪᠦᠷᠢᠯᠡᠬᠦ ᠠᠵᠢᠯᠯᠠᠭ᠎ᠠ᠂ ᠨᠡᠶᠢᠬᠡᠮ ᠤᠨ ᠠᠮᠤᠷ ᠲᠦᠪᠰᠢᠨ ᠢ ᠰᠡᠷᠬᠡᠶᠢᠯᠡᠨ ᠡᠵᠡᠮᠳᠡᠬᠦ᠂ ᠡᠷᠡᠬᠦᠦ ᠶᠢᠨ ᠬᠡᠷᠡᠭ ᠤᠨ ᠬᠠᠤᠯᠢ ᠬᠡᠷᠡᠭᠵᠢᠬᠦᠯᠦᠨ ᠬᠡᠷᠡᠭ ᠰᠢᠢᠳᠪᠦᠷᠢᠯᠡᠬᠦ᠂ ᠴᠢᠬᠤᠯᠠ ᠠᠵᠢᠯᠯᠠᠭ᠎ᠠ ᠶᠢᠨ ᠠᠮᠤᠷ ᠢ ᠬᠠᠮᠠᠭᠠᠯᠠᠬᠤ᠂ ᠨᠢᠭᠤᠴᠠ ᠮᠡᠳᠡᠭᠡ ᠶᠢᠨ ᠠᠵᠢᠯ ᠢ ᠵᠢᠯᠤᠭᠤᠳᠣᠨ ᠬᠠᠮᠳᠤᠷᠠᠨ ᠵᠢᠵᠢᠬᠦᠷᠯᠡᠬᠦ᠂ ᠲᠤᠮᠤ ᠳ᠋ᠠᠶᠢᠲ᠋ᠠ ᠶᠢ ᠪᠠᠶᠢᠭᠤᠯᠤᠨ ᠬᠡᠷᠡᠭᠯᠡᠬᠦ᠂ ᠡᠩᠨᠡᠬᠡᠨ ᠤ ᠪᠠᠶᠢᠭᠤᠯᠤᠯᠳᠠ ᠬᠢᠭᠡᠳ ᠰᠤᠯᠢᠯᠴᠠᠭ᠎ᠠ ᠨᠠᠢᠮᠠᠨ ᠲᠠᠯ᠎ᠠ ᠶᠢᠨ ᠪᠤᠳᠠᠳᠠᠢ ᠬᠠᠮᠳᠣᠷᠠᠨ ᠠᠵᠢᠯᠯᠠᠬᠤ ᠵᠦᠯᠡᠰ ᠬᠢᠬᠡᠳ ᠬᠤᠷᠠᠯ ᠬᠢᠵᠤ ᠰᠤᠯᠢᠯᠴᠠᠬᠤ ᠲᠦᠷᠢᠮ᠂ ᠪᠠᠶᠢᠩᠭᠤ ᠨᠡᠪᠳᠡᠷᠡᠯᠴᠡᠬᠦ ᠲᠦᠷᠢᠮ᠂ ᠪᠠᠴᠢᠮ ᠪᠠᠶᠢᠳᠠᠯ ᠢ ᠠᠷᠭᠠᠴᠠᠭᠠᠨ ᠵᠤᠯᠭᠠᠭᠤᠯᠬᠤ ᠲᠦᠷᠢᠮ᠂ ᠲᠦᠰᠦᠯ ᠢ ᠲᠤᠬᠢᠷᠠᠭᠤᠯᠬᠤ ᠲᠦᠷᠢᠮ᠂ ᠬᠢᠨᠠᠯᠳᠠ ᠲᠠᠯᠪᠢᠨ ᠦᠨᠡᠯᠡᠬᠦ ᠲᠦᠷᠢᠮ ᠵᠡᠷᠭᠡ ᠲᠠᠪᠤᠨ ᠵᠦᠢᠯ ᠤᠨ ᠲᠦᠷᠢᠮ ᠲᠤᠬᠳᠠᠴᠠ ᠶᠢ ᠲᠤᠳᠤᠷᠬᠠᠢᠢᠯᠠᠪᠠ᠃

  ᠦᠪᠦᠷ ᠮᠤᠩᠭᠤᠯ ᠪᠤᠯ ᠡᠬᠡ ᠤᠯᠤᠰ ᠤᠨ ᠤᠮᠠᠷᠠᠳᠤ ᠶᠢᠨ ᠲᠤᠮᠤ ᠬᠠᠭᠠᠯᠭ᠎ᠠ᠂ ᠨᠡᠶᠢᠰᠯᠡᠯ ᠤᠨ ᠬᠤᠳᠠ ᠬᠠᠮᠠᠭᠠᠯᠠᠬᠤ ᠭᠤᠤᠯ ᠪᠣᠯᠣᠨ᠎ᠠ᠂ ᠪᠡᠬᠡᠵᠢᠩ ᠦᠪᠦᠷ ᠮᠤᠩᠭᠤᠯ ᠬᠤᠶᠠᠷ ᠭᠠᠵᠠᠷ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠳᠤ ᠬᠤᠭᠤᠴᠠᠭᠠᠨ ᠤ ᠠᠵᠢᠯ ᠤᠨ ᠦᠢᠯᠡᠳᠦᠯᠬᠡ ᠲᠤᠮᠳᠠ ᠪᠠᠨ ᠢᠮᠠᠬᠳᠠ ᠨᠢᠬᠳᠠ ᠬᠠᠮᠳᠣᠷᠠᠨ ᠠᠵᠢᠯᠯᠠᠬᠤ ᠬᠠᠷᠢᠴᠠᠭ᠎ᠠ ᠪᠠᠨ ᠪᠠᠳᠤᠯᠠᠵᠤ᠂ ᠬᠦᠨ ᠵᠤᠵᠠᠭᠠᠨ ᠨᠦᠬᠦᠷᠯᠡᠯ ᠪᠠᠶᠢᠭᠤᠯᠵᠠᠢ᠃ ᠬᠠᠮᠳᠣᠷᠠᠯᠴᠠᠭ᠎ᠠ ᠪᠤᠯ ᠡᠬᠢ ᠪᠠᠶᠠᠯᠢᠬ᠂ ᠬᠠᠮᠳᠣᠷᠠᠯᠴᠠᠭ᠎ᠠ ᠪᠤᠯ ᠪᠠᠶᠢᠯᠳᠤᠬᠤ ᠬᠦᠴᠦᠨ ᠪᠤᠯᠤᠨ᠎ᠠ᠂ ᠪᠡᠬᠡᠵᠢᠩ ᠦᠪᠦᠷ ᠮᠤᠩᠭᠤᠯ ᠬᠤᠶᠠᠷ ᠭᠠᠵᠠᠷ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠶᠢᠩᠭᠤᠵᠢᠬᠰᠠᠨ᠂ ᠬᠤᠯᠪᠤᠭᠠᠯᠠᠨ ᠬᠦᠳᠡᠯᠦᠯᠴᠡᠬᠦ᠂ ᠬᠠᠮᠳᠤ ᠪᠠᠷ ᠢᠯᠠᠯᠳᠠ ᠣᠯᠬᠤ ᠤᠢᠢᠯᠠᠭᠠᠬᠳᠠᠬᠤᠨ᠎ ᠢ ᠯᠠᠪᠳᠠᠭᠤᠨ ᠪᠠᠳᠤᠳᠠᠢ ᠪᠣᠢ ᠪᠣᠯᠭᠠᠵᠣ᠂ ᠴᠠᠬᠳᠠᠭᠠᠨ ᠤ ᠶᠠᠪᠤᠳᠠᠯ ᠤᠨ ᠬᠠᠮᠳᠤᠷᠠᠯᠴᠠᠭ᠎ᠠ ᠶᠢᠨ ᠨᠢᠬᠡ ᠴᠤᠬᠴᠠᠵᠢᠬᠤ᠂ ᠪᠠᠶᠢᠩᠭᠤᠵᠢᠬᠤ᠂ ᠵᠢᠩᠬᠢᠨᠢ ᠪᠠᠶᠢᠯᠳᠤᠭᠠᠨᠵᠢᠬᠤ᠂ ᠮᠡᠳᠡᠭᠡ ᠵᠠᠩᠬᠢᠵᠢᠬᠤ᠂ ᠵᠢᠷᠤᠮᠵᠢᠬᠤ ᠴᠢᠭᠯᠡᠯ ᠢᠶᠠᠷ ᠬᠦᠭᠵᠢᠬᠦ ᠶᠢ ᠠᠬᠢᠭᠤᠯᠵᠤ᠂ ᠶᠡᠷᠦᠩᠬᠡᠢ ᠴᠤᠬᠴᠠ ᠶᠢᠨ ᠪᠠᠶᠢᠯᠳᠤᠭᠠᠨ ᠬᠢᠬᠦ ᠴᠢᠳᠠᠪᠤᠷᠢ ᠪᠤᠯᠤᠨ ᠲᠦᠪᠰᠢᠨ ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂ ᠨᠡᠩ ᠨᠡᠬᠡᠬᠡᠯᠳᠡ ᠲᠠᠢ ᠰᠡᠳᠬᠢᠴᠡ᠂ ᠨᠡᠩ ᠬᠦᠴᠦᠳᠡᠢ ᠠᠷᠭ᠎ᠠ ᠬᠡᠮᠵᠢᠶ᠎ᠠ᠂ ᠨᠡᠩ ᠲᠤᠪᠤᠶᠢᠮ᠎ᠠ ᠦᠷ᠎ᠡ ᠪᠦᠳᠦᠮᠵᠢ ᠪᠠᠷ ᠨᠡᠶᠢᠰᠯᠡᠯ ᠤᠨ ᠠᠮᠤᠷ ᠲᠦᠪᠰᠢᠨ ᠪᠤᠯᠤᠨ ᠭᠠᠵᠠᠷ ᠤᠷᠤᠨ ᠤ ᠠᠮᠤᠷ ᠲᠤᠬᠳᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ ᠪᠡᠬᠡᠵᠢᠩ ᠦᠪᠦᠷ ᠮᠤᠩᠭᠤᠯ ᠤᠨ ᠴᠠᠬᠳᠠᠭᠠᠨ ᠤ ᠶᠠᠪᠤᠳᠠᠯ ᠤᠨ ᠬᠠᠮᠳᠣᠷᠠᠯᠴᠠᠭ᠎ᠠ ᠶᠢᠨ ᠰᠢᠨ᠎ᠠ ᠪᠠᠶᠢᠳᠠᠯ ᠢ ᠨᠡᠭᠡᠭᠡᠬᠦ ᠪᠤᠯᠤᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com